2020 ᠤᠨ᠎ᠳᠤ ᠮᠠᠨ᠎ᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢᠯᠡᠰ᠎ᠲᠤ ᠬᠢᠯᠠᠰ ᠴᠡᠭ ᠤᠯᠠᠨ ᠢᠯᠡᠷᠡᠵᠤ ᠦᠷᠨᠢᠨ ᠬᠦᠭ᠌ᠵᠢᠭ᠌ᠰᠡᠨ ᠰᠠᠢᠨ ᠪᠠᠢᠳᠠᠯ᠎ᠢ ᠡᠬᠦᠳᠴᠠᠢ᠃ ᠡᠬᠦᠨ᠎ᠳᠤ ᠥᠪᠥᠷ ᠮᠣᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠵᠣᠬᠢᠶᠠᠨ ᠪᠦᠲᠦᠭᠡᠭ᠌ᠰᠡᠨ ᠪᠥᠵᠢᠭ᠌ᠲᠦ ᠵᠦᠴᠦᠭᠡ 《ᠮᠣᠷᠢᠲᠤ ᠴᠡᠷᠢᠭ》 ᠳᠤᠮᠳᠠᠳᠤ ᠤᠯᠤᠰ᠎ᠤᠨ ᠪᠥᠵᠢᠭ᠎ᠤᠨ ᠤᠷᠠᠯᠢᠭ᠎ᠤᠨ 《ᠯᠢᠩᠬᠤ᠎ᠠ ᠱᠠᠩᠨᠠᠯ》 ᠤᠨ ᠪᠥᠵᠢᠭ᠌ᠲᠦ ᠵᠦᠴᠦᠭᠡ᠎ᠶ᠋ᠢᠨ ᠱᠠᠩᠨᠠᠯ᠎ᠢ ᠬᠦᠷᠲᠡᠪᠡ; ᠪᠦᠬᠦ᠌ ᠤᠷᠤᠨ᠎ᠤ ᠥᠷᠨᠢᠭᠦᠯᠦᠭ᠌ᠰᠡᠨ ᠲᠡᠦᠬᠡ᠎ᠶ᠋ᠢᠨ ᠳᠤᠷᠠᠰᠭᠠᠯᠲᠤ ᠵᠦᠶᠯᠡᠰ᠎ᠤᠨ ᠠᠮᠤᠷ ᠲᠦᠪᠱᠢᠨ᠎ᠤ ᠶᠡᠭᠡ ᠪᠠᠢᠴᠠᠭᠠᠯᠲᠠ᠎ᠶ᠋ᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠪᠥᠬᠦ᠌ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶᠯᠡᠰ᠎ᠤᠨ ᠬᠠᠳᠠᠭᠠᠯᠠᠯᠲᠠ᠎ᠶ᠋ᠢᠨ ᠣᠳᠣᠬᠢ ᠪᠠᠢᠳᠠᠯ᠂ ᠬᠠᠮᠢᠶᠠᠷᠤᠯᠲᠠ᠎ᠶ᠋ᠢᠨ ᠪᠠᠢᠳᠠᠯ ᠵᠢᠴᠢ ᠣᠷᠣᠱᠢᠵᠤ ᠪᠠᠢᠭ᠎ᠠ ᠡᠯ᠎ᠡ ᠲᠥᠷᠥᠯ᠎ᠤᠨ ᠠᠰᠠᠭᠤᠳᠠᠯ᠎ᠢ ᠲᠣᠳᠣᠷᠬᠠᠶ ᠪᠤᠯᠭᠠᠨ᠂ ᠲᠦᠷᠢᠮ᠎ᠢ ᠲᠡᠭᠦᠯᠳᠡᠷᠵᠢᠭᠦᠯᠬᠦ᠌ ᠪᠠ ᠠᠮᠤᠷ ᠲᠦᠪᠱᠢᠨ᠎ᠤ ᠠᠷᠭ᠎ᠠ ᠬᠡᠮᠵᠢᠶ᠎ᠡ᠎ᠶ᠋ᠢ ᠴᠢᠩᠭᠠᠳᠭᠠᠬᠤ᠎ᠪᠠᠷ ᠳᠡᠮᠵᠢᠨ ᠪᠥᠬᠦ᠌ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠪᠠ; ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠬᠤᠭᠤᠴᠠᠭᠠᠨ᠎ᠳᠤ ᠪᠦᠬᠦ᠌ ᠤᠷᠤᠨ᠎ᠤ ᠰᠦᠯᠵᠢᠶᠡᠨ ᠳᠡᠭᠡᠷᠡᠬᠢ ᠰᠣᠶᠣᠯ᠎ᠤᠨ ᠦᠢᠯᠡᠴᠢᠯᠡᠭᠡ ᠬᠦᠮᠦᠰ᠎ᠤᠨ ᠬᠦᠷᠢᠶᠡᠯᠡᠯ᠎ᠢ ᠤᠯᠵᠤ᠂ ᠥᠪᠥᠷ ᠮᠣᠩᠭᠤᠯ᠎ᠤᠨ ᠨᠣᠮ᠎ᠤᠨ ᠰᠠᠩ ᠨᠡᠢᠲᠡ 112 TB ᠬᠡᠮᠵᠢᠶᠡᠨ᠎ᠤ ᠲᠣᠭᠠᠴᠢᠯᠠᠭ᠍ᠰᠠᠨ ᠡᠬᠢ ᠪᠠᠶᠠᠯᠢᠭ ᠬᠠᠩᠭᠠᠨ᠂ ᠠᠯᠪᠠᠨ᠎ᠤ ᠵᠢᠷᠭᠢᠶ᠎ᠡ᠎ᠶ᠋ᠢᠨ ᠣᠯᠠᠨ ᠨᠡᠢᠲᠡ᠎ᠶ᠋ᠢᠨ ᠲᠠᠪᠴᠠᠩ᠎ᠤᠨ ᠨᠡᠢᠲᠡᠯᠡᠭ᠌ᠰᠡᠨ ᠮᠡᠳᠡᠭᠡ ᠵᠠᠩᠭᠢ᠎ᠶ᠋ᠢ ᠤᠩᠱᠢᠭ᠍ᠰᠠᠨ ᠬᠡᠮᠵᠢᠶ᠎ᠡ 28.5255 ᠲᠦᠮᠡᠨ ᠬᠥᠮᠦᠨ (ᠤᠳᠠᠭ᠎ᠠ) ᠳᠤ ᠬᠦᠷᠴᠦ᠍᠂ ᠡᠯ᠎ᠡ ᠲᠥᠷᠥᠯ᠎ᠤᠨ ᠠᠵᠢᠯᠯᠠᠭ᠎ᠠ᠎ᠳᠤ 20 ᠭᠠᠷᠤᠶ ᠲᠦᠮᠡᠨ ᠬᠥᠮᠦᠨ (ᠤᠳᠠᠭ᠎ᠠ) ᠤᠷᠤᠯᠴᠠᠵᠠᠢ ᠁
2020 ᠤᠨ᠎ᠤ ᠪᠥᠬᠦ᠌ ᠣᠷᠣᠨ᠎ᠤ ᠤᠯᠠᠭᠠᠨᠮᠥ᠋ᠴᠢᠷ᠎ᠤᠨ ᠰᠣᠯᠢᠯᠴᠠᠭ᠎ᠠ ᠬᠢᠵᠦ᠍ ᠲᠣᠭ᠍ᠯᠠᠯᠲᠠ ᠭᠠᠷᠭᠠᠬᠤ ᠱᠢᠷᠢᠰ ᠠᠵᠢᠯᠯᠠᠭ᠎ᠠ ᠡᠯ᠎ᠡ ᠡᠲᠡᠭᠡᠳ᠎ᠤᠨ᠎ᠬᠢᠨ᠎ᠤ ᠰᠠᠢᠨ ᠦᠨᠡᠯᠡᠯᠲᠡ᠎ᠶ᠋ᠢ ᠣᠯᠵᠤ᠂ 16 ᠰᠠᠯᠪᠤᠷᠢ ᠤᠯᠠᠭᠠᠨᠮᠥ᠋ᠴᠢᠷ᠎ᠤᠨ ᠭᠡᠱᠢᠭᠦᠳ ᠦᠷᠭᠡᠨ ᠤᠯᠠᠨ ᠮᠠᠯᠴᠢᠨ ᠲᠠᠷᠢᠶᠠᠴᠢᠨ᠎ᠳᠤ ᠨᠡᠢᠳᠡ 100 ᠭᠠᠷᠤᠶ ᠲᠠᠯᠠᠪᠠᠶ ᠲᠣᠭ᠍ᠯᠠᠯᠲᠠ ᠭᠠᠷᠭᠠᠵᠤ ᠦᠭ᠌ᠭᠦᠭ᠌ᠰᠡᠨ ᠪᠠᠢᠨ᠎ᠠ᠃ ᠮᠠᠨ᠎ᠤ ᠤᠷᠤᠨ ᠪᠠᠰᠠ ᠲᠠᠯ᠎ᠠ ᠨᠤᠲᠤᠭ᠎ᠤᠨ ᠵᠢᠭᠤᠯᠴᠢᠯᠠᠯ᠎ᠢ ᠡᠮᠬᠢ ᠵᠠᠮᠪᠠᠷᠠᠭ᠎ᠠ ᠥᠬᠡᠶ ᠨᠡᠭᠡᠭᠡᠨ ᠬᠦᠭ᠌ᠵᠢᠬᠦᠯᠵᠤ ᠲᠠᠯ᠎ᠠ ᠨᠤᠲᠤᠭ᠎ᠤᠨ ᠠᠮᠢ ᠠᠬᠤᠶ ᠣᠷᠴᠢᠨ ᠲᠣᠭᠤᠷᠢᠨ᠎ᠢ ᠡᠪᠳᠡᠭ᠌ᠰᠡᠨ ᠠᠰᠠᠭᠤᠳᠠᠯ᠎ᠢ ᠲᠤᠰᠭᠠᠢᠯᠠᠨ ᠴᠡᠭ᠌ᠴᠡᠯᠡᠨ ᠵᠠᠰᠠᠬᠤ ᠠᠵᠢᠯ᠎ᠢ ᠡᠷᠴᠢᠮᠳᠡᠢ ᠬᠢᠵᠤ᠂ ᠨᠢᠭᠡ ᠵᠢᠯ᠎ᠤᠨ ᠲᠤᠷᠰᠢ ᠲᠦᠷᠢᠮ ᠲᠣᠭ᠍ᠲᠠᠭᠠᠯ᠎ᠠᠴᠠ ᠵᠥᠷᠢᠴᠡᠨ ᠨᠤᠲᠤᠭ ᠪᠡᠯᠴᠢᠭᠡᠷ᠎ᠢ ᠡᠵᠡᠯᠡᠭ᠌ᠰᠡᠨ 943 ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ (ᠴᠡᠭ) ᠢ ᠪᠥᠬᠦ᠌ ᠲᠠᠯ᠎ᠠ᠎ᠪᠠᠷ ᠴᠡᠭ᠌ᠴᠡᠯᠡᠨ ᠵᠠᠰᠠᠪᠠ᠃ ᠤᠩᠭᠤᠨ ᠳᠠᠪᠠᠭᠠᠨ ᠤᠷᠤᠢ᠎ᠶ᠋ᠢᠨ ᠪᠠᠭᠤᠷᠢ᠎ᠶ᠋ᠢᠨ ᠬᠠᠭᠤᠴᠢ ᠰᠤᠳᠤᠯᠤᠯ᠎ᠤᠨ ᠠᠵᠢᠯ ᠴᠢᠬᠤᠯᠠ ᠶᠡᠭᠡ ᠱᠢᠪᠲᠤᠯᠤᠯᠲᠠ᠎ᠲᠠᠢ ᠪᠣᠯᠵᠤ᠂ ᠲᠤᠰ ᠪᠠᠭᠤᠷᠢ᠎ᠨᠢ ᠤᠮᠠᠷᠠᠲᠤ ᠸᠧᠶ ᠤᠯᠤᠰ᠎ᠤᠨ ᠬᠠᠭᠠᠨ᠎ᠤ ᠤᠭ᠍ᠰᠠᠭᠠᠨ᠎ᠤ ᠲᠩᠷᠢ ᠲᠠᠬᠢᠯᠭ᠎ᠠ᠎ᠶ᠋ᠢ ᠪᠠᠭᠤᠷᠢ ᠪᠤᠯᠬᠤ᠎ᠶ᠋ᠢ ᠨᠤᠳᠠᠯᠠᠨ᠂ ᠸᠧᠶ ᠤᠯᠤᠰ᠎ᠶ᠋ᠢᠨ ᠤᠯᠤᠰ ᠡᠮᠦᠨᠡᠲᠦ ᠤᠮᠠᠷᠠᠲᠤ ᠲᠥᠷᠥ᠎ᠶ᠋ᠢᠨ ᠦᠶ᠎ᠡ᠎ᠶ᠋ᠢᠨ ᠬᠠᠭᠠᠨ᠎ᠤ ᠤᠭ᠍ᠰᠠᠭᠠᠨ᠎ᠤ ᠲᠩᠷᠢ ᠲᠠᠬᠢᠯᠭ᠎ᠠ᠎ᠶ᠋ᠢᠨ ᠪᠠᠭᠤᠷᠢ᠎ᠶ᠋ᠢᠨ ᠬᠤᠭᠤᠰᠣᠨ᠎ᠢ ᠨᠥᠬᠦᠪᠥᠷᠢᠯᠡᠵᠦ᠍᠂ ᠡᠷᠲᠡᠨ᠎ᠤ ᠨᠡᠭᠦᠳᠡᠯ ᠰᠤᠶᠤᠯ ᠬᠢᠭᠡᠳ ᠲᠠᠷᠢᠶᠠᠯᠠᠬᠤ ᠰᠣᠶᠣᠯ᠎ᠤᠨ ᠰᠣᠯᠢᠯᠴᠠᠭ᠎ᠠ ᠬᠢᠵᠦ᠍ ᠠᠭᠤᠰᠤᠯᠴᠠᠭ᠍ᠰᠠᠨ ᠪᠣᠳᠠᠲᠤ ᠭᠡᠷᠡᠴᠢ᠎ᠶ᠋ᠢ ᠨᠤᠳᠠᠯᠠᠬ᠍ᠰᠠᠨ ᠪᠠᠢᠨ᠎ᠠ᠃ 《ᠦᠪᠦᠷ ᠮᠣᠩᠭᠤᠯ᠎ᠢᠶᠠᠷ ᠲᠠᠪᠠᠲᠠᠢ ᠵᠢᠭᠤᠯᠴᠢᠯᠠᠬᠤ》 ᠠᠵᠢᠯᠯᠠᠭ᠎ᠠ᠎ᠶ᠋ᠢ ᠪᠥᠬᠦ᠌ ᠤᠯᠤᠰ᠎ᠤᠨ 5 ᠮᠤᠵᠢ ᠬᠤᠲᠠ᠎ᠳᠤ ᠠᠮᠵᠢᠯᠲᠠ᠎ᠲᠠᠢ ᠡᠷᠭᠢᠯᠡᠵᠦ᠍᠂ ᠬᠥᠬᠡᠮᠥ᠋ᠷᠡᠨ᠎ᠤ ᠭᠤᠷᠪᠠᠯᠵᠢᠨ ᠬᠤᠢᠭ ᠪᠣᠯᠤᠨ ᠵᠦᠵᠢᠶᠠᠩ ᠮᠥᠷᠡᠨ᠎ᠤ ᠭᠤᠷᠪᠠᠯᠵᠢᠨ ᠬᠤᠢᠭ᠎ᠤᠨ ᠭᠠᠵᠠᠷ ᠣᠷᠣᠨ᠎ᠤ 360 ᠭᠠᠷᠤᠶ ᠰᠣᠶᠣᠯ ᠵᠢᠭᠤᠯᠴᠢᠯᠠᠯ᠎ᠤᠨ ᠠᠵᠤ ᠠᠬᠤᠢᠯᠠᠯ ᠪᠣᠯᠤᠨ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ ᠣᠷᠣᠯᠴᠠᠵᠤ᠂ ᠨᠡᠢᠲᠡ 34 ᠲᠤᠰᠭᠠᠶ ᠣᠷᠣᠨ᠎ᠤ ᠲᠡᠰ᠎ᠤᠨ ᠬᠤᠲᠠ᠎ᠶ᠋ᠢᠨ ᠰᠣᠶᠣᠯ ᠵᠢᠭᠤᠯᠴᠢᠯᠠᠯ᠎ᠤᠨ ᠠᠵᠤ ᠠᠬᠤᠢᠯᠠᠯ ᠲᠤᠬᠠᠶ᠎ᠶ᠋ᠢᠨ ᠲᠠᠯᠠᠪᠠᠶ᠎ᠳᠤ ᠲᠣᠰ ᠲᠣᠰ ᠵᠢᠭᠤᠯᠴᠢᠯᠠᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢ ᠭᠦᠨᠵᠡᠭᠡᠢᠷᠡᠭᠦᠯᠬᠦ᠌ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠤᠨ ᠲᠥᠷᠥᠯ ᠲᠡᠮᠳᠡᠭ᠎ᠢ ᠠᠮᠵᠢᠯᠳᠠ᠎ᠲᠠᠢ ᠤᠬᠠᠭᠤᠯᠵᠠᠢ᠃
ᠮᠠᠨ᠎ᠤ ᠤᠷᠤᠨ᠎ᠤ 2020 ᠣᠨ᠎ᠤ ᠤᠯᠠᠮᠵᠢᠯᠠᠯᠲᠤ ᠭᠠᠷ ᠤᠷᠠᠯᠠᠯ᠂ ᠰᠣᠶᠣᠯ᠎ᠤᠨ ᠡᠭᠦᠳᠦᠯᠲᠡ᠎ᠶ᠋ᠢᠨ ᠵᠢᠭᠤᠯᠴᠢᠯᠠᠯ᠎ᠤᠨ ᠰᠣᠳᠣᠨ ᠪᠦᠲᠦᠭᠡᠯ᠎ᠢ ᠳᠡᠯᠭᠡᠨ ᠦᠵᠡᠭᠦᠯᠬᠦ᠌ ᠠᠵᠢᠯᠯᠠᠭ᠎ᠠ ᠪᠤᠯᠤᠨ ᠰᠣᠳᠣᠨ ᠲᠣᠭ᠍ᠯᠠᠯᠲᠠ᠂ ᠰᠣᠶᠣᠯ᠎ᠤᠨ ᠡᠭᠦᠳᠦᠯᠲᠡ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ᠎ᠶ᠋ᠢᠨ ᠣᠷᠣᠨ᠎ᠳᠤ ᠬᠦᠷᠭᠡᠬᠦ᠌ ᠱᠢᠷᠢᠰ ᠠᠵᠢᠯᠯᠠᠭ᠎ᠠ᠎ᠶ᠋ᠢ ᠥᠷᠭᠡᠨ ᠳᠡᠯᠭᠡᠷ ᠦᠷᠨᠢᠬᠦᠯᠵᠠᠢ᠃ ᠪᠦᠬᠦ᠌ ᠤᠷᠣᠨ᠎ᠤ ᠡᠯ᠎ᠡ ᠤᠷᠠᠯᠢᠭ᠎ᠤᠨ ᠪᠦᠯᠬᠦᠮ᠂ ᠤᠯᠠᠭᠠᠨᠮᠥ᠋ᠴᠢᠷ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭ᠍ᠴᠢ᠂ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠤᠨ᠎ᠬᠢᠨ ᠦᠨᠳᠦᠰᠦᠨ ᠱᠠᠲᠤ ᠪᠠ ᠣᠯᠠᠨ ᠲᠦᠮᠡᠨ᠎ᠤ ᠳᠤᠮᠳᠠ ᠭᠦᠨᠵᠡᠭᠡᠢᠷᠡᠨ ᠨᠡᠢᠳᠡ 1067 ᠲᠠᠯᠠᠪᠠᠢ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠶᠠᠪᠤᠭᠤᠯᠵᠤ᠂ ᠰᠣᠶᠣᠯ᠎ᠤᠨ ᠡᠭᠦᠳᠦᠯᠲᠡ᠎ᠶ᠋ᠢᠨ ᠵᠢᠭᠤᠯᠴᠢᠯᠠᠯ᠎ᠤᠨ ᠲᠠᠸᠠᠷ᠎ᠢ 5000 ᠭᠠᠷᠤᠢ ᠬᠤᠪᠢ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠥᠷᠥᠯ ᠵᠦᠶᠯ᠎ᠢ 35 ᠴᠤᠭ᠍ᠯᠠᠭᠤᠯᠵᠤ᠂ ᠲᠣᠭᠤᠷᠢᠨ ᠦᠵᠡᠭ᠌ᠰᠡᠨ ᠬᠥᠮᠦᠨ 350 ᠲᠦᠮᠡ (ᠤᠳᠠᠭ᠎ᠠ) ᠶ᠋ᠢ ᠲᠠᠪᠠᠪᠠ; ᠪᠥᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠨᠢ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠥᠷᠭᠡᠳᠭᠡᠬᠦ᠌ ᠱᠢᠨ᠎ᠡ ᠬᠥᠳᠡᠯᠭᠡᠭᠦᠷ ᠪᠣᠯᠵᠣ᠂ ᠣᠷᠳᠣᠰ ᠬᠤᠲᠠ᠎ᠶ᠋ᠢᠨ ᠬᠢᠶ᠎ᠠ ᠪᠠᠭ᠍ᠰᠢ ᠲᠣᠭᠤᠷᠢᠭ ᠪᠤᠯᠤᠨ ᠱᠢᠯᠢ᠎ᠶ᠋ᠢᠨ ᠭᠤᠤᠯ ᠠᠢᠮᠠᠭ᠎ᠤᠨ ᠡᠷᠢᠶᠡᠨ ᠬᠤᠲᠠ ᠬᠤᠶᠠᠳᠤᠭᠠᠷ ᠪᠦᠯᠦᠭ᠎ᠤᠨ ᠤᠯᠤᠰ᠎ᠤᠨ ᠪᠥᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠤ ᠨᠡᠷᠡᠰ᠎ᠲᠤ ᠵᠢᠭ᠍ᠰᠠᠭᠠᠭ᠍ᠳᠠᠵᠤ᠂ ᠮᠠᠨ᠎ᠤ ᠤᠷᠤᠨ᠎ᠳᠤ ᠤᠯᠤᠰ᠎ᠤᠨ ᠪᠥᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ ᠨᠢᠬᠡᠨᠳᠡ 3 ᠪᠣᠯᠵᠣ ᠨᠡᠮᠡᠭ᠌ᠳᠡᠨ᠂ ᠪᠥᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠢ ᠡᠭᠦᠳᠦᠨ ᠪᠠᠢᠭᠤᠯᠬᠤ ᠠᠵᠢᠯ ᠱᠢᠨ᠎ᠡ ᠱᠢᠪᠲᠤᠯᠤᠯᠲᠠ᠎ᠲᠠᠢ ᠪᠤᠯᠵᠠᠢ᠃ ᠡᠬᠦᠨ᠎ᠠᠴᠠ ᠭᠠᠳᠠᠨ᠎ᠠ ᠣᠷᠳᠣᠰ ᠬᠤᠲᠠ ᠪᠤᠯᠤᠨ ᠬᠥᠬᠡᠬᠤᠲᠠ ᠪᠠᠰᠠ ᠲᠣᠰ ᠲᠣᠰ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡᠨ᠎ᠤ ᠵᠢᠱ᠌ᠢᠶ᠎ᠡ ᠦᠵᠡᠭᠦᠯᠬᠦ᠌ ᠬᠤᠲᠠ᠂ ᠲᠤᠷᠱᠢᠯᠲᠠ᠎ᠶ᠋ᠢᠨ ᠬᠤᠲᠠ᠎ᠶ᠋ᠢᠨ ᠨᠡᠷᠡᠰ᠎ᠲᠤ ᠰᠣᠩᠭᠤᠭ᠍ᠳᠠᠭ᠍ᠰᠠᠨ ᠪᠠᠢᠨ᠎ᠠ᠃