ᠱᠢᠨ᠎ᠡ᠎ᠶ᠋ᠢ ᠡᠭᠦᠳᠬᠦ᠌ ᠬᠦᠭ᠌ᠵᠢᠯᠳᠡ᠎ᠠᠴᠠ ᠠᠤᠭ᠎ᠠ ᠠᠮᠵᠢᠯᠲᠠ ᠵᠢᠷᠤᠬ᠍ᠯᠠᠬ᠍ᠲᠠᠯ᠎ᠠ
2021-01-18 10:21:54
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

ᠪᠦᠬᠦ᠌ ᠤᠯᠤᠰ᠎ᠤᠨ ᠠᠩᠬᠠᠨ᠎ᠤ 5G ᠵᠢᠯᠤᠭᠤᠴᠢ ᠦᠭᠡᠢ ᠠᠭᠤᠷᠬᠠᠢ᠎ᠶ᠋ᠢᠨ ᠲᠡᠷᠭᠡ ᠪᠠᠶᠬᠠᠤᠪᠤᠭ᠎ᠠ᠎ᠳᠤ ᠠᠱᠢᠬ᠍ᠯᠠᠯᠳᠠ᠎ᠳᠤ ᠤᠷᠤᠪᠠ

ᠦᠪᠡᠷᠳᠡᠭᠡᠨ ᠵᠠᠰᠠᠬᠤ ᠤᠷᠤᠨ᠎ᠤ ᠠᠩᠬᠠᠳᠠᠬ᠍ᠴᠢ ᠬᠡᠳᠦ ᠪᠤᠳᠤᠯᠳᠠ᠎ᠶ᠋ᠢᠨ ᠲᠦᠪ ᠬᠤᠷᠢᠨᠭᠡᠷ᠎ᠤᠨ ᠱᠢᠨ᠎ᠡ ᠲᠤᠭᠤᠷᠢᠭ᠎ᠲᠤ ᠪᠠᠢᠭᠤᠯᠤᠬ᠍ᠳᠠᠬ᠍ᠰᠠᠨ ᠁

《ᠠᠷᠪᠠᠨ ᠭᠤᠷᠪᠠᠳᠤᠭᠠᠷ ᠳᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠮᠵᠢᠯᠳᠠ ᠨᠢᠭᠡ ᠪᠦᠷᠢ᠎ᠨᠢ ᠮᠠᠨ᠎ᠤ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ ᠢᠳᠡᠭᠡᠯ ᠪᠤᠯᠤᠨ ᠱᠢᠢᠳᠪᠦᠷᠢ᠎ᠶ᠋ᠢ ᠬᠠᠷᠠᠭᠤᠯᠤᠭ᠍ᠰᠠᠨ ᠶᠤᠮ᠃ ᠱᠢᠨ᠎ᠡ᠎ᠶ᠋ᠢ ᠡᠭᠦᠳᠬᠦ᠌ ᠪᠤᠯ ᠦᠢᠯᠡᠳᠪᠦᠷᠢᠯᠡᠯ᠎ᠤᠨ ᠬᠦᠴᠦᠨ᠂ ᠠᠵᠤ ᠠᠬᠤᠢ᠍ᠢᠯᠠᠯ ᠡᠭᠦᠨ᠎ᠳᠤ ᠳᠦᠱᠢᠭ᠌ᠯᠡᠨ ᠪᠤᠵᠠᠭᠠᠢᠷᠠᠵᠤ᠂ ᠤᠯᠤᠰ ᠤᠷᠤᠨ ᠡᠭᠦᠨ᠎ᠳᠤ ᠳᠦᠱᠢᠭ᠌ᠯᠡᠨ ᠬᠦᠴᠦᠷᠭᠡᠭ᠌ᠵᠢᠨ᠎ᠡ᠃ 2019 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠲᠠᠢ ᠬᠠᠮᠲᠤ᠎ᠪᠠᠷ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠡᠬᠢᠯᠡᠭᠦᠯᠵᠤ᠂ ᠵᠡᠭᠦᠨ ᠪᠠᠷᠠᠭᠤᠨ ᠬᠡᠰᠡᠭ᠎ᠤᠨ ᠭᠠᠵᠠᠷ ᠤᠷᠤᠨ᠎ᠤ ᠬᠤᠯᠪᠤᠭᠠᠯᠠᠨ ᠬᠦᠳᠡᠯᠦᠯᠴᠡᠬᠦ᠌᠎ᠶ᠋ᠢ ᠴᠢᠩᠭᠠᠳᠭᠠᠵᠤ᠂ ᠤᠷᠤᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠠᠮᠳᠤᠷᠠᠯᠴᠠᠭ᠎ᠠ᠎ᠶ᠋ᠢ ᠡᠷᠴᠢᠮᠵᠢᠭᠦᠯᠵᠤ᠂ ᠮᠠᠨ᠎ᠤ ᠤᠷᠤᠨ᠎ᠤ ᠱᠢᠨ᠎ᠡ᠎ᠶ᠋ᠢ ᠡᠭᠦᠳᠬᠦ᠌ ᠬᠦᠴᠦᠨ ᠪᠤᠯᠤᠨ ᠠᠵᠤ ᠦᠢᠯᠡᠰ᠎ᠤᠨ ᠬᠦᠭ᠌ᠵᠢᠯᠳᠡ᠎ᠶ᠋ᠢᠨ ᠲᠤᠯᠭᠠᠭᠤᠷᠢᠯᠠᠬᠤ ᠬᠢᠷᠢ ᠲᠦᠪᠱᠢᠨ᠎ᠢ ᠮᠡᠳᠡᠭ᠌ᠳᠡᠮ᠎ᠠ ᠳᠡᠭᠡᠭ᠌ᠰᠢᠯᠡᠭᠦᠯᠵᠠᠢ᠃

《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ ᠠᠮᠵᠢᠯᠳᠠ ᠪᠦᠲᠦᠮᠵᠢ ᠦᠯᠡᠮᠵᠢ

2020 ᠣᠨ᠎ᠤ 10 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ 《〈ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ〉 ᠠᠵᠢᠯᠯᠠᠭ᠎ᠠ᠎ᠶ᠋ᠢ ᠲᠦᠷᠭᠡᠳᠭᠡᠨ ᠠᠬᠢᠭᠤᠯᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠲᠤᠬᠠᠶ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠨᠦᠭᠦᠳ》 ᠎ᠢ ᠳᠠᠷᠤᠮᠠᠯᠯᠠᠨ ᠲᠠᠷᠬᠠᠭᠠᠵᠤ᠂ ᠱᠢᠨ᠎ᠡ᠎ᠶ᠋ᠢ ᠡᠭᠦᠳᠬᠦ᠌ ᠴᠢᠨᠠᠷ᠂ ᠱᠢᠰᠲ᠋ᠧᠮᠲᠦ ᠴᠢᠨᠠᠷ᠂ ᠱᠢᠪᠲᠤᠯᠤᠯᠲᠠ᠎ᠶ᠋ᠢᠨ ᠴᠢᠨᠠᠷ ᠪᠦᠬᠦᠢ ᠣᠯᠠᠨ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠃ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠵᠠᠷᠴᠢᠮ ᠶᠣᠰᠣᠭᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠬᠤ᠂ ᠪᠥᠬᠦ᠌ ᠲᠠᠯ᠎ᠠ᠎ᠪᠠᠷ ᠨᠡᠭᠡᠭᠡᠯᠲᠡ ᠬᠢᠵᠦ᠍ ᠬᠠᠮᠲᠤᠷᠠᠯᠴᠠᠨ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢ ᠪᠠᠢᠭᠤᠯᠬᠤ᠂ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠣᠷᠴᠢᠨ ᠨᠥᠬᠦᠴᠡᠯ᠎ᠢ ᠪᠣᠶ ᠪᠣᠯᠭᠠᠬᠤ᠎ᠪᠠᠷ ᠱᠢᠪᠲᠤᠯᠤᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠤᠷᠢᠨ᠎ᠳᠤ᠂ ᠣᠷᠣᠨ᠎ᠤ ᠭᠠᠳᠠᠨᠠᠬᠢ 《4+8+N》 ᠬᠠᠮᠲᠤ᠎ᠶ᠋ᠢᠨ ᠠᠵᠢᠯᠯᠠᠭᠠᠨ᠎ᠤ ᠭᠤᠤᠯ ᠴᠣᠭ᠍ᠴᠠ᠎ᠯᠤᠭ᠎ᠠ᠎ᠶ᠋ᠢᠨ ᠱᠢᠨ᠎ᠡ᠎ᠶ᠋ᠢ ᠡᠭᠦᠳᠬᠦ᠌ ᠬᠠᠮᠲᠤ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠣᠷᠣᠨ᠎ᠤ ᠭᠠᠳᠠᠨᠠᠬᠢ ᠴᠢᠨᠠᠷ ᠰᠠᠢᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠢ ᠠᠱᠢᠬ᠍ᠯᠠᠵᠤ ᠬᠠᠮᠵᠢᠯᠴᠠᠨ ᠱᠢᠨ᠎ᠡ᠎ᠶ᠋ᠢ ᠡᠭᠦᠳᠬᠦ᠌ ᠠᠵᠢᠯᠯᠠᠭ᠎ᠠ ᠥᠷᠨᠢᠭᠦᠯᠵᠦ᠍᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠣᠷᠣᠨ ᠪᠦᠰᠡ ᠠᠯᠤᠰᠯᠠᠨ ᠬᠤᠤᠰ ᠴᠢᠭ᠌ᠯᠡᠯ᠎ᠢᠶᠠᠷ ᠱᠢᠯᠵᠢᠬᠦ᠌᠎ᠶ᠋ᠢ ᠠᠬᠢᠭᠤᠯᠵᠤ᠂ ᠬᠠᠷᠢᠯᠴᠠᠨ ᠬᠠᠷᠠᠭᠠᠯᠵᠠᠯ ᠬᠦᠷᠲᠡᠭᠡᠨ ᠬᠠᠷᠢᠯᠴᠠᠨ ᠠᠱᠢᠭ᠍ᠲᠠᠶ ᠪᠠᠢᠬᠤ᠂ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ᠎ᠪᠠᠷ ᠠᠱᠢᠭ ᠬᠦᠷᠳᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠪᠠᠷ ᠵᠤᠷᠢᠵᠤ ᠢᠷᠡᠪᠡ᠃ ᠣᠳᠣᠬᠠᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠭᠡᠭᠡᠯᠲᠡ᠎ᠶ᠋ᠢᠨ ᠬᠠᠮᠵᠢᠯᠴᠠᠭᠠᠨ᠎ᠤ 《4+8+N》 ᠱᠢᠨ᠎ᠡ᠎ᠶ᠋ᠢ ᠡᠭᠦᠳᠬᠦ᠌ ᠬᠠᠮᠵᠢᠯᠴᠠᠭᠠᠨ᠎ᠤ ᠲᠣᠭ᠍ᠲᠠᠴᠠ ᠨᠢᠭᠡᠨᠲᠡ ᠠᠩᠬ᠎ᠠ ᠠᠯᠬᠤᠮ ᠪᠠᠢᠭᠤᠯᠤᠭ᠍ᠳᠠᠪᠠ᠃

ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠪᠤᠭᠤᠲᠤ᠎ᠶ᠋ᠢᠨ ᠬᠤᠪᠣᠷ ᠱᠢᠷᠣᠶ᠎ᠶ᠋ᠢᠨ ᠰᠤᠳᠤᠯᠤᠨ ᠨᠡᠭᠡᠭᠡᠬᠦ᠌ ᠲᠥᠪ᠂ ᠱᠠᠩᠬᠠᠶ᠎ᠶ᠋ᠢᠨ ᠵᠠᠮ ᠬᠠᠷᠢᠯᠴᠠᠭᠠᠨ᠎ᠤ ᠶᠡᠭᠡ ᠰᠤᠷᠭᠠᠭᠤᠯᠢ᠎ᠶ᠋ᠢᠨ ᠥᠪᠥᠷ ᠮᠣᠩᠭᠤᠯ᠎ᠤᠨ ᠰᠤᠳᠤᠯᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠥᠪᠥᠷ ᠮᠣᠩᠭᠤᠯ᠎ᠤᠨ ᠡᠪᠡᠰᠦᠨ᠎ᠤ ᠦᠶᠯᠡᠰ ᠬᠢᠭᠡᠳ ᠨᠤᠲᠤᠭ ᠪᠡᠯᠴᠢᠭᠡᠷ᠎ᠤᠨ ᠰᠤᠳᠤᠯᠭᠠᠨ᠎ᠤ ᠬᠦᠷᠢᠶᠡᠯᠡᠩ ᠵᠡᠷᠭᠡ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠤᠷᠢᠳ᠎ᠢᠶᠠᠷ ᠪᠠᠢᠭᠤᠯᠤᠨ ᠠᠵᠢᠯᠯᠠᠭᠤᠯᠪᠠ᠃ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠭᠤᠤᠯᠳᠠᠯᠭ᠎ᠠ᠎ᠲᠠᠢ ᠲᠤᠰᠭᠠᠶ ᠲᠦᠷᠦᠯ  ᠵᠦᠢᠯ᠎ᠢ ᠡᠬᠢᠯᠡᠨ ᠬᠡᠷᠡᠭ᠌ᠵᠢᠭᠦᠯᠵᠦ᠍᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢ ᠪᠠᠢᠭᠤᠯᠬᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠣᠭᠤᠮᠲᠠ ᠱᠢᠪᠲᠤᠯᠤᠯᠲᠠ ᠬᠢᠭᠡᠳ ᠦᠷ᠎ᠡ ᠪᠦᠲᠦᠭᠡᠯ᠎ᠢ ᠤᠨᠳᠤᠤᠱᠢᠭᠤᠯᠤᠨ ᠬᠡᠷᠡᠭ᠌ᠯᠡᠬᠦ᠌ ᠵᠡᠷᠭᠡ ᠲᠠᠯ᠎ᠠ᠎ᠪᠠᠷ ᠪᠣᠳᠠᠲᠠᠶ᠎ᠶ᠋ᠢ ᠡᠷᠬᠢᠮᠯᠡᠨ ᠥᠨᠳᠥᠷ ᠦᠷ᠎ᠡ ᠪᠦᠲᠦᠮᠵᠢᠲᠡᠶ ᠪᠠᠢᠬᠤ ᠬᠠᠮᠲᠤᠷᠠᠯᠴᠠᠭ᠎ᠠ᠎ᠶ᠋ᠢ ᠦᠷᠭᠦᠯᠵᠢᠯᠡᠨ ᠥᠷᠨᠢᠭᠦᠯᠵᠦ᠍ ᠪᠤᠢ᠃

ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠤ ᠡᠩᠨᠡᠭᠡ ᠬᠥᠭ᠌ᠵᠢᠨ ᠪᠤᠵᠠᠭᠠᠢᠷᠠᠪᠠ

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ 《ᠳᠡᠭᠡᠳᠦ ᠲᠠᠰ᠎ᠤᠨ ᠴᠢᠳᠠᠪᠤᠷᠢᠲᠠᠨ᠎ᠢ ᠳᠡᠮᠵᠢᠬᠦ᠌ ᠲᠥᠯᠥᠪᠯᠡᠭᠡ》 ᠎ᠪᠠᠷ ᠨᠡᠢᠲᠡ 38 ᠬᠥᠮᠦᠨ᠎ᠢ ᠪᠠᠲᠤᠯᠠᠨ ᠲᠠᠨᠢᠯᠴᠠᠭᠤᠯᠵᠤ᠂ 4 ᠱᠢᠨ᠎ᠡ᠎ᠶ᠋ᠢ ᠡᠭᠦᠳᠬᠦ᠌ ᠪᠦᠯᠬᠦᠮ ᠨᠡᠢᠲᠡ᠂ 1 ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠠᠢᠭᠤᠯᠤᠭᠠᠳ ᠪᠣᠶ᠃ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠴᠢᠳᠠᠪᠤᠷᠢᠲᠠᠨ》 ᠎ᠤ ᠢᠨᠵᠧᠨᠧᠷᠢᠩ᠎ᠳᠤ ᠲᠠᠨᠢᠯᠴᠠᠭᠤᠯᠤᠭᠠᠳ 163 ᠬᠦᠮᠦᠨ ᠰᠣᠩᠭᠤᠭ᠍ᠳᠠᠵᠤ᠂ 77 ᠱᠢᠨ᠎ᠡ᠎ᠶ᠋ᠢ ᠡᠭᠦᠳᠦᠨ ᠦᠢᠯᠡᠰ ᠪᠤᠰᠭᠠᠬᠤ ᠪᠦᠯᠬᠦᠮ ᠨᠡᠢᠲᠡ᠂ 7 ᠱᠢᠨ᠎ᠡ᠎ᠶ᠋ᠢ ᠡᠭᠦᠳᠦᠨ ᠦᠢᠯᠡᠰ ᠪᠤᠰᠭᠠᠬᠤ ᠰᠠᠭᠤᠷᠢᠨ᠎ᠢ ᠪᠤᠢᠵᠢᠭᠤᠯᠪᠠ᠃ ᠠᠺᠠᠳᠧᠮᠢᠴᠢ᠎ᠶ᠋ᠢᠨ ᠲᠤᠰᠭᠠᠶ ᠮᠡᠷᠭᠡᠵᠢᠯᠲᠡᠨ᠎ᠤ ᠠᠵᠢᠯ᠎ᠤᠨ ᠥᠷᠲᠡᠭᠡᠨ᠎ᠤ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠶ᠎ᠪᠠᠷ ᠠᠬᠢᠭᠤᠯᠵᠤ᠂ ᠠᠺᠠᠳᠧᠮᠢᠴᠢ᠎ᠶ᠋ᠢ 208 ᠬᠥᠮᠦᠨ ᠤᠳᠠᠭ᠎ᠠ ᠣᠷᠣᠭᠤᠯᠤᠨ ᠠᠪᠴᠢᠷᠠᠵᠤ᠂ ᠨᠡᠢᠲᠡ 474 ᠲᠥᠷᠥᠯ ᠵᠦᠢᠯ᠎ᠢ ᠬᠠᠮᠲᠤᠷᠠᠨ ᠬᠡᠷᠡᠭ᠌ᠵᠢᠭᠦᠯᠵᠦ᠍᠂ 290 ᠵᠦᠢᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠱᠢᠯᠵᠢᠭᠦᠯᠦᠨ ᠤᠨᠳᠤᠤᠱᠢᠭᠤᠯᠵᠤ᠂ 337 ᠵᠦᠢᠯ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠪᠡ᠃

《ᠭᠤᠷᠪᠠᠨ ᠣᠷᠣᠨ》 ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠨ᠎ᠤ ᠲᠤᠰᠭᠠᠶ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠲᠠᠷᠢᠵᠤ ᠲᠡᠵᠢᠭᠡᠨ ᠦᠷᠡᠵᠢᠭᠦᠯᠬᠦ᠌ ᠬᠤᠷᠱᠢᠶ᠎ᠠ ᠵᠡᠷᠭᠡ ᠨᠡᠢᠳᠡ 400 ᠭᠠᠷᠤᠶ ᠪᠠᠢᠭᠤᠯᠤᠮᠵᠢ᠎ᠳᠤ ᠦᠢᠯᠡᠴᠢᠯᠡᠵᠤ᠂ ᠱᠢᠨ᠎ᠠ ᠡᠭᠦᠯᠳᠡᠷ᠂ ᠱᠢᠨ᠎ᠡ ᠮᠡᠷᠭᠡᠵᠢᠯ᠎ᠢ 700 ᠭᠠᠷᠤᠶ  ᠵᠦᠢᠯ ᠣᠷᠣᠭᠤᠯᠤᠨ ᠠᠪᠴᠢᠷᠠᠵᠤ ᠳᠡᠯᠭᠡᠷᠡᠭᠦᠯᠪᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠴᠢ᠎ᠶ᠋ᠢᠨ ᠳᠦᠷᠢᠮ᠎ᠢ ᠳᠡᠯᠭᠡᠷᠡᠭᠦᠯᠦᠨ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠴᠢ᠎ᠶ᠋ᠢ 4000 ᠭᠠᠷᠤᠶ ᠰᠣᠩᠭᠤᠨ ᠤᠷᠢᠵᠤ᠂ ᠨᠡᠢᠲᠡ 1000 ᠭᠠᠷᠤᠶ ᠱᠢᠨ᠎ᠡ ᠮᠡᠷᠭᠡᠵᠢᠯ᠎ᠢ ᠳᠡᠯᠭᠡᠷᠡᠭᠦᠯᠵᠦ᠍᠂ 3000 ᠭᠠᠷᠤᠶ ᠶᠠᠳᠠᠭᠤ ᠬᠦᠴᠢᠷᠳᠡᠯᠲᠡᠶ ᠲᠣᠰᠭᠤᠨ᠎ᠳᠤ  ᠦᠢᠯᠡᠴᠢᠯᠡᠪᠡ᠃

ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ ᠲᠦᠷᠢᠮ᠎ᠤᠨ ᠱᠢᠰᠲ᠋ᠧᠮ ᠨᠡᠩ ᠲᠡᠭᠦᠯᠳᠡᠷᠵᠢᠪᠡ

ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ᠎ᠢ ᠭᠦᠢᠴᠡᠳ ᠪᠠᠳᠠᠷᠠᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ  ᠦᠢᠯᠡᠳᠪᠦᠷᠢᠯᠡᠯ᠎ᠤᠨ ᠬᠦᠴᠦᠨ ᠪᠣᠯᠭᠠᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠬᠤ᠎ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠣᠢᠷ᠎ᠠ᠎ᠶ᠋ᠢᠨ ᠵᠢᠯ᠎ᠤᠳ᠎ᠲᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠨᠳᠤᠤᠱᠢᠭᠤᠯᠤᠯᠳᠠ᠎ᠶ᠋ᠢ ᠠᠬᠢᠭᠤᠯᠬᠤ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠱᠢᠯᠵᠢᠭᠦᠯᠦᠨ ᠤᠨᠳᠤᠤᠱᠢᠭᠤᠯᠬᠤ᠎ᠶ᠋ᠢ ᠠᠬᠢᠭᠤᠯᠬᠤ ᠨᠠᠶᠮᠠᠨ ᠵᠦᠢᠯ᠎ᠤᠨ ᠠᠷᠭ᠎ᠠ ᠬᠡᠮᠵᠢᠶ᠎ᠡ》᠂ 《ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠱᠢᠯᠵᠢᠭᠦᠯᠬᠦ᠌ ᠱᠢᠰᠲ᠋ᠧᠮ᠎ᠤᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠥᠰᠦᠯ》᠂ 《ᠮᠡᠳᠡᠯᠭᠡ᠎ᠶ᠋ᠢᠨ ᠦᠨ᠎ᠡ ᠥᠷᠲᠡᠭ᠎ᠢ ᠨᠡᠮᠡᠭ᠌ᠳᠡᠭᠦᠯᠬᠦ᠌᠎ᠪᠠᠷ ᠤᠳᠤᠷᠢᠳᠤᠮᠵᠢ ᠪᠣᠯᠭᠠᠨ ᠬᠤᠪᠢᠶᠠᠷᠢᠯᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠤᠬᠠᠶ ᠰᠠᠨᠠᠯ》 ᠵᠡᠷᠭᠡ ᠱᠢᠷᠢᠰ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠳᠤᠭ᠍ᠲᠠᠭᠠᠨ ᠬᠡᠷᠡᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ ᠱᠢᠰᠲ᠋ᠧᠮ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠍᠂ ᠱᠢᠨ᠎ᠡ᠎ᠶ᠋ᠢ ᠡᠭᠦᠳᠬᠦ᠌ ᠣᠷᠴᠢᠨ ᠲᠣᠭᠤᠷᠢᠨ᠎ᠢ ᠨᠠᠩ ᠱᠢᠯᠢᠳᠡᠭ᠌ᠵᠢᠭᠦᠯᠵᠡᠢ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠠᠷᠠᠯᠵᠢᠶᠠᠨ᠎ᠤ ᠲᠠᠪᠴᠠᠩ᠎ᠢ ᠠᠵᠢᠯᠯᠠᠭᠤᠯᠵᠤ᠂ 2017 ᠣᠨ᠎ᠠᠴᠠ ᠨᠠᠭᠠᠰᠢ ᠨᠡᠢᠲᠡ 4000 ᠭᠠᠷᠤᠶ ᠡᠯ᠎ᠡ ᠲᠥᠷᠥᠯ᠎ᠤᠨ ᠲᠥᠷᠥᠯ  ᠵᠦᠢᠯ᠎ᠢ ᠴᠤᠭ᠍ᠯᠠᠭᠤᠯᠵᠤ᠂ ᠡᠯᠰᠡᠬᠦ᠌ ᠮᠡᠷᠭᠡᠵᠢᠯ᠎ᠤᠨ ᠬᠡᠷᠡᠭ᠌ᠴᠡᠭᠡ 2000 ᠭᠠᠷᠤᠶ ᠵᠦᠢᠯ ᠪᠠᠢᠵᠤ᠂ 689 ᠲᠥᠷᠥᠯ  ᠵᠦᠢᠯ᠎ᠢ ᠪᠦᠲᠦᠭᠡᠵᠦ᠍᠂ 20 ᠭᠠᠷᠤᠶ ᠳ᠋ᠦᠩᠱᠢᠭᠤᠷ ᠲᠥᠭᠦᠷᠢᠭ᠎ᠤᠨ ᠶᠡᠷᠦᠩᠬᠡᠶ ᠠᠷᠠᠯᠵᠢᠶᠠᠨ᠎ᠤ ᠦᠷᠳᠡᠭ᠎ᠢ ᠪᠤᠢ ᠪᠤᠯᠭᠠᠪᠠ᠃ ᠪᠥᠬᠦ᠌ ᠣᠷᠣᠨ᠎ᠤ ᠮᠡᠷᠭᠡᠵᠢᠯ᠎ᠤᠨ ᠭᠡᠷ᠎ᠡ᠎ᠶ᠋ᠢ ᠮᠠᠭᠠᠳᠯᠠᠨ ᠲᠣᠭ᠍ᠲᠠᠭᠠᠵᠤ ᠳᠠᠩᠰᠠᠯᠠᠬᠤ ᠪᠠᠢᠭᠤᠯᠤᠮᠵᠢ᠎ᠶ᠋ᠢ 27 ᠪᠣᠯᠭᠠᠵᠤ᠂ ᠠᠢᠮᠠᠭ ᠬᠤᠲᠠ ᠪᠦᠬᠦᠨ᠎ᠳᠤ ᠪᠦᠷᠬᠦᠭᠦᠯᠪᠠ᠃ ᠥᠪᠡᠷᠲᠡᠭᠡᠨ ᠵᠠᠰᠠᠬᠤ ᠣᠷᠣᠨ ᠵᠢᠯ ᠪᠦᠷᠢ 5 ᠳ᠋ᠦᠩᠱᠢᠭᠤᠷ ᠲᠥᠭᠦᠷᠢᠭ᠎ᠤᠨ ᠲᠤᠰᠭᠠᠶ ᠪᠡᠯᠡ ᠮᠥᠩᠭᠦ᠌ ᠲᠣᠬᠢᠷᠠᠭᠤᠯᠵᠤ᠂ ᠦᠷ᠎ᠡ ᠪᠦᠲᠦᠭᠡᠯ᠎ᠢ ᠤᠨᠳᠤᠤᠱᠢᠭᠤᠯᠬᠤ ᠲᠥᠷᠥᠯ ᠵᠦᠶᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠂ ᠮᠡᠷᠭᠡᠵᠢᠯ᠎ᠤᠨ ᠦᠷ᠎ᠡ ᠪᠦᠲᠦᠭᠡᠯ᠎ᠢ ᠠᠷᠠᠯᠵᠢᠶᠠᠯᠠᠭ᠍ᠰᠠᠨ᠎ᠤ ᠳᠠᠷᠠᠭᠠᠬᠢ ᠨᠥᠬᠦᠪᠥᠷᠢ ᠥᠭ᠌ᠬᠦ᠂  ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠬᠦ᠌ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠨᠢᠭᠡ ᠪᠦᠯᠦᠭ ᠲᠡᠷᠢᠭᠦᠨ᠎ᠤ ᠦᠷ᠎ᠡ ᠪᠦᠲᠦᠭᠡᠯ᠎ᠢ ᠮᠠᠨ᠎ᠤ ᠣᠷᠣᠨ᠎ᠳᠤ ᠪᠣᠳᠠᠲᠠᠢᠵᠢᠭᠤᠯᠤᠨ ᠤᠨᠳᠤᠤᠱᠢᠭᠤᠯᠬᠤ᠎ᠶ᠋ᠢ ᠠᠬᠢᠭᠤᠯᠵᠠᠢ᠃ ᠮᠡᠷᠭᠡᠵᠢᠯ᠎ᠤᠨ ᠠᠷᠠᠯᠵᠢᠶᠠᠨ᠎ᠤ ᠦᠢᠯᠡᠴᠢᠯᠡᠭᠡᠨ᠎ᠤ ᠱᠢᠰᠲ᠋ᠧᠮ᠎ᠢ ᠤᠯᠠᠮ ᠲᠡᠭᠦᠯᠳᠡᠷᠵᠢᠭᠦᠯᠵᠦ᠍᠂ ᠪᠥᠬᠦ᠌ ᠣᠷᠣᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ 54 ᠠᠵᠤ ᠠᠬᠤᠢᠯᠠᠯ᠎ᠤᠨ ᠨᠡᠪᠴᠢᠭᠦᠯᠦᠭᠦᠷ᠎ᠢ ᠬᠠᠮᠲᠤ᠎ᠪᠠᠷ ᠪᠠᠢᠭᠤᠯᠵᠤ᠂ ᠪᠤᠢᠵᠢᠭᠤᠯᠵᠤ ᠪᠠᠢᠭ᠎ᠠ ᠠᠵᠤ ᠠᠬᠤᠢᠯᠠᠯ 1845 ᠪᠠᠢᠵᠤ᠂ ᠣᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌ ᠣᠷᠣᠨ ᠵᠠᠶ᠎ᠶ᠋ᠢ 199 ᠪᠤᠢᠵᠢᠭᠤᠯᠵᠤ᠂ ᠡᠭᠦᠨ᠎ᠳᠤ 58 ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠳᠤ ᠤᠯᠤᠰ᠎ᠤᠨ ᠲᠠᠰ᠎ᠤᠨ ᠣᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌ ᠣᠷᠣᠨ ᠵᠠᠶ᠎ᠪᠠᠷ ᠵᠢᠭ᠍ᠰᠠᠭᠠᠭ᠍ᠳᠠᠪᠠ᠃

ᠡᠭᠦᠨ᠎ᠠᠴᠠ ᠭᠠᠳᠠᠨ᠎ᠠ᠂ ᠮᠠᠨ᠎ᠤ ᠤᠷᠤᠨ ᠪᠠᠰᠠ 《ᠠᠷᠪᠠᠨ ᠭᠤᠷᠪᠠᠳᠤᠭᠠᠷ ᠳᠠᠪᠤᠨ ᠵᠢᠯ》 ᠎ᠤᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠤᠤᠯᠳᠠᠯᠭ᠎ᠠ᠎ᠲᠠᠢ ᠰᠤᠳᠤᠯᠤᠨ ᠨᠡᠭᠡᠭᠡᠬᠦ᠌ ᠲᠥᠯᠥᠪᠯᠡᠭᠡ᠎ᠶ᠋ᠢᠨ ᠲᠥᠷᠥᠯ  ᠵᠦᠢᠯ᠎ᠢ ᠡᠭᠦᠷᠭᠡᠯᠡᠨ ᠠᠮᠵᠢᠯᠲᠠ ᠣᠯᠤᠬ᠍ᠰᠠᠨ᠂ ᠨᠡᠭᠦᠷᠡᠰᠦᠨ᠎ᠤ ᠭᠠᠵᠠᠷ ᠳᠣᠤᠷᠠᠬᠢ ᠬᠡᠢᠵᠢᠭᠦᠯᠬᠦ᠌ ᠮᠡᠷᠭᠡᠵᠢᠯ᠎ᠤᠨ ᠠᠵᠤ ᠦᠢᠯᠡᠰᠵᠢᠯᠲᠡ᠎ᠶ᠋ᠢᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ  ᠵᠦᠢᠯ᠎ᠢ ᠲᠣᠭ᠍ᠲᠠᠭᠤᠨ ᠠᠮᠤᠷ ᠲᠦᠪᠱᠢᠨ ᠥᠨᠳᠥᠷ ᠦᠷ᠎ᠠ ᠪᠦᠲᠦᠮᠵᠢᠲᠡᠶ ᠠᠵᠢᠯᠯᠠᠭᠤᠯᠤᠬ᠍ᠰᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠴᠢ᠎ᠶ᠋ᠢᠨ ᠠᠵᠢᠯ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠤ ᠰᠠᠢᠱᠢᠶᠠᠯ᠎ᠢ ᠤᠯᠤᠬ᠍ᠰᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ᠎ᠤ ᠳᠠᠷᠠᠭᠠᠬᠢ ᠨᠥᠬᠦᠪᠥᠷᠢ ᠣᠯᠭᠤᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠱᠢᠯᠵᠢᠭᠦᠯᠦᠨ ᠤᠨᠳᠤᠤᠱᠢᠭᠤᠯᠬᠤ᠎ᠶ᠋ᠢ ᠲᠦᠷᠭᠡᠳᠭᠡᠭ᠌ᠰᠡᠨ᠂ ᠣᠷᠳᠣᠰ᠎ᠤᠨ ᠤᠯᠤᠰ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠤᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠤ ᠪᠠᠢᠭᠤᠯᠤᠯᠲᠠ ᠱᠢᠨ᠎ᠡ ᠠᠬᠢᠴᠠ᠎ᠲᠠᠢ ᠪᠣᠯᠤᠬ᠍ᠰᠠᠨ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠤᠯᠤᠰ᠎ᠤᠨ ᠲᠠᠰ᠎ᠤᠨ 《ᠨᠢᠭᠡ ᠪᠦᠰᠡ ᠨᠢᠭᠡ ᠵᠠᠮ》 ᠎ᠤᠨ ᠬᠠᠮᠲᠤᠷᠠᠭ᠍ᠰᠠᠨ ᠲᠤᠷᠱᠢᠯᠲᠠ᠎ᠶ᠋ᠢᠨ ᠲᠠᠰᠤᠭ ᠮᠣᠩᠭᠤᠯ ᠤᠯᠤᠰ᠎ᠲᠤ ᠪᠠᠢᠭᠤᠯᠤᠭ᠍ᠳᠠᠨ ᠠᠵᠢᠯᠯᠠᠬ᠍ᠰᠠᠨ ᠵᠡᠷᠭᠡ ᠠᠯᠢ ᠤᠯᠠᠨ ᠠᠮᠵᠢᠯᠳᠠ᠎ᠶ᠋ᠢᠨ ᠠᠯᠳᠠᠨ ᠬᠠᠭᠤᠳᠠᠰᠤ᠎ᠶ᠋ᠢ ᠪᠢᠴᠢᠭ᠌ᠯᠡᠭ᠌ᠰᠡᠨ ᠶᠤᠮ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号