《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ ᠳ᠋ᠤ ᠮᠠᠨ᠎ᠤ ᠤᠷᠤᠨ ᠤᠯᠠᠨ ᠨᠡᠢᠲᠡ᠎ᠶ᠋ᠢᠨ ᠰᠤᠶᠤᠯ᠎ᠤᠨ ᠬᠦᠭ᠌ᠵᠢᠯᠲᠡ᠎ᠶ᠋ᠢ ᠲᠠᠰᠤᠷᠠᠯᠲᠠ ᠦᠭᠡᠢ ᠠᠬᠢᠭᠤᠯᠵᠤ᠂ ᠪᠦᠬᠦ᠌ ᠤᠷᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠤᠶᠤᠯ᠎ᠤᠨ ᠬᠦᠷᠲᠡᠮᠵᠢ᠎ᠶ᠋ᠢᠨ ᠲᠦᠷᠦᠭ᠌ᠳᠡᠯ᠎ᠢ ᠦᠷᠬᠦᠯᠵᠢᠯᠠᠨ ᠳᠡᠭᠡᠭ᠌ᠰᠢᠯᠡᠭᠦᠯᠵᠤ ᠰᠤᠶᠤᠯ᠎ᠤᠨ ᠬᠦᠴᠦᠷᠭᠡᠭ ᠤᠷᠤᠨ᠂ ᠪᠤᠯᠪᠠᠰᠤᠨ ᠦᠪᠦᠷ ᠮᠤᠩᠭᠤᠯ᠎ᠤᠨ ᠪᠦᠲᠦᠭᠡᠨ ᠪᠠᠢᠭᠤᠯᠤᠯᠳᠠ᠎ᠶ᠋ᠢ ᠬᠦᠴᠦᠳᠡᠢ ᠠᠬᠢᠭᠤᠯᠵᠤ ᠪᠠᠢᠨ᠎ᠠ᠃
ᠲᠠᠪᠤᠨ ᠵᠢᠯ᠎ᠤᠨ ᠲᠤᠷᠰᠢ᠂ ᠪᠦᠬᠦ᠌ ᠤᠷᠤᠨ 《ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠢ ᠤᠭ᠍ᠲᠤᠬᠤ》᠂ 《ᠦᠭᠡᠷᠡᠴᠢᠯᠡᠯᠲᠡ ᠨᠡᠭᠡᠭᠡᠯᠲᠡ ᠬᠢᠭ᠌ᠰᠡᠨ 40 ᠵᠢᠯ᠎ᠤᠨ ᠤᠢ᠎ᠶ᠋ᠢ ᠪᠡᠯᠭᠡᠯᠡᠬᠦ᠌》᠂ 《ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠬᠦ᠌》 ᠵᠡᠷᠭᠡ ᠴᠢᠬᠤᠯᠠ ᠶᠡᠭᠡ ᠭᠤᠣᠯ ᠰᠡᠳᠦᠪᠲᠦ᠍᠂ ᠲᠤᠰᠭᠠᠢ ᠰᠡᠳᠦᠪᠲᠦ ᠤᠬᠠᠭᠤᠯᠭ᠎ᠠ᠎ᠶ᠋ᠢᠨ 320 ᠵᠦᠢᠯ᠎ᠤᠨ ᠠᠵᠢᠯᠯᠠᠭ᠎ᠠ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠠᠭᠤᠤ ᠨᠠᠮ᠂ ᠡᠬᠡ ᠤᠯᠤᠰ᠂ ᠠᠷᠠᠳ ᠲᠦᠮᠡᠨ᠎ᠢᠶᠠᠨ ᠮᠠᠭ᠍ᠲᠠᠨ ᠳᠠᠭᠤᠯᠠᠭ᠍ᠰᠠᠨ ᠠᠯᠢ ᠤᠯᠠᠨ ᠤᠬᠠᠭᠤᠯᠤᠨ ᠮᠡᠳᠡᠭᠡᠯᠡᠬᠦ᠂ ᠦᠵᠡᠰᠭᠦᠯᠡᠩ ᠳᠡᠯᠭᠡᠨ ᠦᠵᠡᠭᠦᠯᠭᠡ ᠪᠠ ᠤᠷᠠᠨ ᠰᠠᠢᠬᠠᠨ᠎ᠤ ᠲᠤᠭ᠍ᠯᠠᠯᠲᠠ ᠵᠡᠷᠭᠡ᠎ᠶ᠋ᠢ ᠡᠷᠬᠢᠯᠡᠪᠡ᠃ ᠮᠦᠽᠧᠶ᠂ ᠦᠵᠡᠰᠭᠦᠯᠡᠩ᠎ᠤᠨ ᠣᠷᠳᠣᠨ᠂ ᠳᠤᠷᠠᠰᠭᠠᠯ᠎ᠤᠨ ᠣᠷᠳᠣᠨ᠂ ᠬᠤᠪᠢᠰᠭᠠᠯ᠎ᠤᠨ ᠦᠵᠡᠮᠵᠢ᠎ᠶ᠋ᠢᠨ ᠣᠷᠣᠨ ᠵᠡᠷᠭᠡ᠎ᠳᠤ ᠵᠢᠯ ᠪᠦᠷᠢ ᠳᠤᠮᠳᠠᠴᠢ᠎ᠪᠠᠷ ᠨᠡᠢᠭᠡᠮ᠎ᠤᠨ ᠰᠤᠷᠭᠠᠨ ᠬᠥᠮᠦᠵᠢᠯ᠎ᠤᠨ ᠠᠵᠢᠯᠯᠠᠭ᠎ᠠ᠎ᠶ᠋ᠢ 2000 ᠭᠠᠷᠤᠶ ᠲᠠᠯᠠᠪᠤᠷ ᠤᠳᠠᠭ᠎ᠠ ᠶᠠᠪᠤᠭ᠍ᠳᠠᠭᠤᠯᠪᠠ᠃ 《ᠭᠤᠷᠪᠠᠨ ᠣᠷᠳᠣᠨ ᠨᠢᠭᠡ ᠥᠷᠲᠡᠭᠡ》 ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠪᠦᠬᠦ᠌ ᠣᠷᠣᠨ᠎ᠳᠤ 117 ᠣᠯᠠᠨ ᠨᠡᠢᠲᠡ᠎ᠶ᠋ᠢᠨ ᠨᠣᠮ᠎ᠤᠨ ᠰᠠᠩ᠂ 120 ᠰᠣᠶᠣᠯ᠎ᠤᠨ ᠣᠷᠳᠣᠨ᠂ 178 ᠮᠦᠽᠧᠶ᠂ 25 ᠤᠷᠠᠨ ᠵᠢᠷᠤᠭ᠎ᠤᠨ ᠣᠷᠳᠣᠨ᠂ 1086 ᠰᠤᠮᠤ ᠱᠢᠶᠠᠩ ᠪᠠᠯᠭᠠᠰᠤ (ᠵᠡᠭᠡᠯᠢ) ᠶ᠋ᠢᠨ ᠶᠡᠷᠦᠩᠬᠡᠢᠯᠡᠭ᠌ᠰᠡᠨ ᠰᠣᠶᠣᠯ᠎ᠤᠨ ᠥᠷᠲᠡᠭᠡ ᠪᠠ 12522 ᠭᠠᠴᠠᠭ᠎ᠠ ᠲᠣᠰᠭᠤᠨ (ᠨᠡᠢᠭᠡᠮ ᠲᠣᠭᠤᠷᠢᠭ) ᠤ ᠶᠡᠷᠦᠩᠬᠡᠢᠯᠡᠭ᠌ᠰᠡᠨ ᠰᠣᠶᠣᠯ᠎ᠤᠨ ᠠᠵᠢᠯᠯᠠᠭᠠᠨ᠎ᠤ ᠲᠥᠪ ᠪᠠᠢᠭᠤᠯᠪᠠ᠃ 《ᠤᠶᠤᠨᠲᠤ ᠷᠠᠳᠢᠣ᠋ ᠲᠧᠯᠸᠢᠰ》 ᠤᠨ ᠪᠠᠢᠭᠤᠯᠤᠯᠲᠠ᠎ᠶ᠋ᠢ ᠠᠬᠢᠭᠤᠯᠵᠤ᠂ ᠨᠡᠢᠲᠡ 68 ᠲᠦᠮᠡᠨ ᠡᠷᠦᠬᠡ᠎ᠳᠤ ᠷᠠᠳᠢᠣ᠋ ᠲᠧᠯᠸᠢᠰ ᠨᠡᠪᠲᠡᠷᠡᠭᠦᠯᠵᠦ᠍᠂ 217 ᠲᠦᠮᠡᠨ ᠡᠷᠦᠬᠡ᠎ᠳᠤ ᠳᠠᠭᠠᠭᠤᠯᠢ ᠣᠳᠣᠨ᠎ᠤ ᠱᠢᠭᠤᠳ ᠨᠡᠪᠲᠡᠷᠡᠭᠦᠯᠭᠡ᠎ᠶ᠋ᠢ ᠳᠠᠮᠵᠢᠭᠤᠯᠪᠠ᠃ ᠪᠦᠬᠦ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠤᠨ ᠶᠡᠷᠦᠩᠬᠡᠶ ᠲᠤᠭ᠎ᠠ 5.76 ᠲᠦᠮᠡ᠎ᠳᠤ ᠬᠦᠷᠴᠦ᠍᠂ ᠬᠥᠮᠦᠨ ᠪᠦᠷᠢ᠎ᠳᠤ ᠨᠤᠭ᠍ᠳᠠᠬᠤ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠤᠨ ᠲᠠᠯᠠᠪᠠᠢ 2.1 ᠲᠡᠭ᠌ᠰᠢ ᠳᠥᠷᠪᠡᠯᠵᠢᠨ ᠮᠧᠳ᠋ᠷ᠎ᠲᠤ ᠬᠦᠷᠴᠦ᠍᠂ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃
ᠮᠠᠨ᠎ᠤ ᠤᠷᠤᠨ ᠪᠠᠰᠠ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠷᠠᠳ᠎ᠲᠤ ᠠᠱᠢᠭ ᠬᠦᠷᠲᠡᠭᠡᠨ᠂ ᠦᠢᠯᠡᠴᠢᠯᠡᠭᠡᠨ᠎ᠤ ᠴᠢᠳᠡᠪᠤᠷᠢ ᠪᠠ ᠬᠢᠷᠢ ᠲᠦᠪᠱᠢᠨ᠎ᠢᠶᠠᠨ ᠢᠯᠡᠷᠬᠡᠢ ᠳᠡᠭᠡᠭ᠌ᠰᠢᠯᠡᠭᠦᠯᠪᠠ᠃ ᠪᠦᠬᠦ᠌ ᠣᠷᠣᠨ᠎ᠤ ᠣᠯᠠᠨ ᠨᠡᠢᠲᠡ᠎ᠶ᠋ᠢᠨ ᠨᠣᠮ᠎ᠤᠨ ᠰᠠᠩ᠎ᠤᠨ ᠨᠣᠮ᠎ᠤᠨ ᠬᠠᠳᠠᠭᠠᠯᠠᠭ᠍ᠳᠠᠴᠠ 1995.96 ᠲᠦᠮᠡᠨ ᠳᠡᠪᠲᠡᠷ᠎ᠲᠤ ᠬᠦᠷᠴᠦ᠍᠂ 2015 ᠤᠨ᠎ᠤ᠎ᠬᠢ᠎ᠠᠴᠠ 24.18% ᠪᠠᠷ ᠨᠡᠮᠡᠭ᠌ᠳᠡᠪᠡ᠃ ᠡᠯ᠎ᠡ ᠱᠠᠲᠤᠨ᠎ᠤ ᠰᠣᠶᠣᠯ᠎ᠤᠨ ᠣᠷᠳᠣᠨ ᠥᠷᠲᠡᠭᠡ ᠡᠯᠪᠡᠭ ᠪᠠᠶᠠᠯᠢᠬ ᠰᠣᠶᠣᠯ᠎ᠤᠨ ᠠᠵᠢᠯᠯᠠᠭ᠎ᠠ᠎ᠶ᠋ᠢ ᠨᠡᠢᠲᠡ 14.92 ᠲᠦᠮᠡᠨ ᠲᠠᠯᠠᠪᠠᠢ ᠤᠳᠠᠭ᠎ᠠ ᠥᠷᠨᠢᠭᠦᠯᠵᠦ᠍᠂ ᠡᠯ᠎ᠡ ᠲᠥᠷᠥᠯ᠎ᠤᠨ ᠦᠵᠡᠰᠭᠦᠯᠡᠩ᠎ᠢ ᠨᠡᠢᠲᠡ 12000 ᠭᠠᠷᠤᠶ ᠤᠳᠠᠭ᠎ᠠ ᠡᠷᠬᠢᠯᠡᠵᠦ᠍᠂ ᠦᠵᠡᠭ᠌ᠴᠢᠳ 750 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠴᠠᠢ᠃ ᠪᠥᠬᠦ᠌ ᠣᠷᠣᠨ᠎ᠤ ᠡᠯ᠎ᠡ ᠭᠠᠵᠠᠷ᠎ᠤᠨ᠎ᠬᠢᠨ ᠨᠡᠢᠲᠡ 1000 ᠭᠠᠷᠤᠢ ᠲᠦᠷᠦᠯ᠎ᠤᠨ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠦᠷᠨᠢᠭᠦᠯᠵᠦ᠍᠂ ᠦᠪᠦᠷ ᠮᠤᠩᠭᠤᠯ᠎ᠤᠨ ᠲᠠᠯ᠎ᠠ ᠨᠤᠲᠤᠭ᠎ᠤᠨ ᠰᠤᠶᠤᠯ᠎ᠤᠨ ᠨᠠᠢᠷ᠂ ᠲᠠᠯ᠎ᠠ ᠨᠤᠲᠤᠭ᠎ᠤᠨ ᠳᠠᠭᠤᠤ ᠬᠦᠭ᠌ᠵᠢᠮ᠎ᠤᠨ ᠨᠠᠢᠷ ᠵᠡᠷᠭᠡ ᠤᠯᠠᠨ ᠨᠡᠢᠲᠡ᠎ᠶ᠋ᠢᠨ ᠰᠤᠶᠤᠯ᠎ᠤᠨ ᠠᠵᠢᠯᠯᠠᠭ᠎ᠠ᠎ᠶ᠋ᠢᠨ ᠠᠯᠳᠠᠷᠱᠢᠯ᠂ ᠲᠠᠲᠠᠬᠤ ᠬᠦᠴᠦᠨ ᠲᠠᠰᠤᠷᠠᠯᠲᠠ ᠦᠭᠡᠢ ᠲᠡᠭᠡᠭ᠌ᠰᠢᠯᠡᠪᠡ᠃ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠤ ᠠᠵᠢᠯᠯᠠᠭ᠎ᠠ᠎ᠶ᠋ᠢ ᠵᠢᠯ ᠳᠤᠮᠳᠠᠴᠢ᠎ᠪᠠᠷ 2200 ᠭᠠᠷᠤᠢ ᠤᠳᠠᠭ᠎ᠠ ᠡᠷᠬᠢᠯᠡᠵᠦ᠍᠂ ᠣᠷᠣᠯᠴᠠᠭ᠍ᠰᠠᠨ ᠬᠥᠮᠦᠨ᠎ᠤ ᠲᠤᠭ᠎ᠠ ᠨᠡᠢᠲᠡ 900 ᠲᠦᠮᠡ᠎ᠶ᠋ᠢ ᠳᠠᠪᠠᠵᠤ᠂ ᠤᠯᠠᠨ ᠲᠦᠮᠡᠨᠴᠢ ᠰᠤᠶᠤᠯ ᠲᠠᠮᠢᠷ᠎ᠤᠨ ᠠᠵᠢᠯᠯᠠᠭ᠎ᠠ ᠬᠦᠭ᠌ᠵᠢᠭᠡᠡᠲᠠᠢ ᠶᠠᠪᠤᠭ᠍ᠳᠠᠵᠦ᠍ ᠪᠠᠢᠨ᠎ᠠ᠃
ᠪᠦᠬᠦ᠌ ᠣᠷᠣᠨ᠎ᠤ ᠤᠯᠠᠭᠠᠨᠮᠥ᠋ᠴᠢᠷ᠎ᠤᠨ᠎ᠬᠢᠨ ᠦᠨᠳᠦᠰᠦᠨ ᠱᠠᠲᠤᠨ᠎ᠳᠤ ᠭᠦᠨᠵᠡᠭᠡᠢᠷᠡᠨ᠂ ᠤᠯᠠᠨ ᠲᠦᠮᠡᠨ᠎ᠳᠤ ᠦᠢᠯᠡᠴᠢᠯᠡᠵᠦ᠍᠂ ᠵᠢᠯ ᠪᠦᠷᠢ 7000 ᠭᠠᠷᠤᠶ ᠲᠠᠯᠠᠪᠠᠶ ᠲᠣᠭ᠍ᠯᠠᠯᠲᠠ ᠭᠠᠷᠭᠠᠵᠤ ᠪᠠᠢᠨ᠎ᠠ᠃ 《ᠵᠠᠩᠭᠠᠷ》 ᠵᠡᠷᠭᠡ 7 ᠪᠦᠲᠦᠭᠡᠯ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠲᠠᠢᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠧᠨᠧᠷᠢᠩ᠎ᠳᠤ ᠰᠤᠩᠭᠤᠭ᠍ᠳᠠᠵᠤ᠂ ᠪᠥᠵᠢᠭ᠌ᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ》 ᠰᠤᠶᠤᠯ᠎ᠤᠨ ᠶᠠᠮᠤᠨ᠎ᠤ 《ᠸᠧᠨ ᠬᠤᠸᠠ ᠱᠠᠩᠨᠠᠯ》 ᠢ ᠬᠦᠷᠲᠡᠵᠦ᠍᠂ ᠪᠥᠵᠢᠭ᠌ᠲᠦ ᠵᠦᠴᠦᠭᠡ 《ᠮᠣᠷᠢᠲᠤ ᠴᠡᠷᠢᠭ》 ᠳᠤᠮᠳᠠᠳᠤ ᠤᠯᠤᠰ᠎ᠤᠨ ᠪᠥᠵᠢᠭ᠎ᠤᠨ 《ᠯᠢᠩᠬ᠊ ᠤᠠ᠋ ᠱᠠᠩᠨᠠᠯ》 ᠢ ᠬᠦᠷᠲᠡᠪᠠ᠃ ᠦᠪᠦᠷ ᠮᠤᠩᠭᠤᠯ᠎ᠤᠨ ᠮᠦᠽᠸᠢ᠎ᠶ᠋ᠢᠨ 《ᠶᠡᠭᠡ ᠯᠢᠶᠣᠤ ᠤᠯᠤᠰ ᠬᠢᠳᠠᠨ》᠂ 《ᠲᠩᠷᠢᠯᠢᠭ ᠮᠤᠩᠭᠤᠯ》 ᠵᠡᠷᠭᠡ ᠦᠵᠡᠰᠭᠦᠯᠡᠩ ᠲᠤᠰ ᠲᠤᠰ 2017 ᠣᠨ᠂ 2018 ᠣᠨ᠎ᠤ 《ᠪᠦᠬᠦ᠌ ᠤᠯᠤᠰ᠎ᠤᠨ ᠮᠦᠽᠧᠶ᠎ᠶ᠋ᠢᠨ ᠠᠷᠪᠠᠨ ᠶᠡᠭᠡ ᠦᠵᠡᠭᠦᠯᠭᠡ᠎ᠶ᠋ᠢᠨ ᠰᠣᠳᠣᠨ ᠪᠦᠲᠦᠭᠡᠯ᠎ᠤᠨ ᠱᠠᠩᠨᠠᠯ》 ᠢ ᠬᠦᠷᠲᠡᠪᠡ᠃ ᠭᠠᠳᠠᠭᠠᠳᠤ᠎ᠯᠤᠭ᠎ᠠ᠎ᠶ᠋ᠢᠨ ᠰᠣᠶᠣᠯ᠎ᠤᠨ ᠰᠣᠯᠢᠯᠴᠠᠭ᠎ᠠ ᠲᠠᠰᠤᠷᠠᠯᠲᠠ ᠦᠭᠡᠢ ᠴᠢᠩᠭᠠᠷᠠᠵᠤ᠂ 《ᠨᠢᠭᠡ ᠪᠦᠰᠡ ᠨᠢᠭᠡ ᠵᠠᠮ》 ᠤᠨ ᠪᠠᠢᠯᠳᠤᠬᠤ ᠪᠤᠳᠤᠯᠭ᠎ᠠ᠎ᠯᠤᠭ᠎ᠠ ᠭᠦᠨᠵᠡᠭᠡᠢ ᠠᠭᠤᠰᠤᠯᠴᠠᠨ᠂ ᠪᠦᠬᠦ᠌ ᠤᠷᠤᠨ ᠨᠡᠢᠲᠡ 111 ᠪᠦᠯᠬᠦᠮ ᠳᠤᠭᠤᠢᠯᠠᠩ ᠲᠣᠮᠢᠯᠠᠨ᠂ 60 ᠭᠠᠷᠤᠶ ᠤᠯᠤᠰ᠎ᠲᠤ ᠬᠦᠷᠴᠦ᠍ ᠲᠣᠭ᠍ᠯᠠᠯᠲᠠ᠎ᠶ᠋ᠢᠨ ᠠᠵᠢᠯᠯᠠᠭ᠎ᠠ ᠦᠷᠨᠢᠭᠦᠯᠵᠦ᠍᠂ ᠳᠤᠮᠳᠠᠳᠤ᠎ᠶ᠋ᠢᠨ ᠱᠢᠯᠢᠳᠡᠭ ᠰᠣᠶᠣᠯ᠎ᠢ ᠳᠡᠯᠡᠬᠡᠶ ᠳ᠋ᠠᠬᠢᠨ᠎ᠳᠤ ᠤᠯᠠᠮᠵᠢᠯᠠᠭ᠍ᠰᠠᠨ ᠪᠠᠢᠨ᠎ᠠ᠃
ᠰᠤᠶᠤᠯ ᠵᠢᠭᠤᠯᠴᠢᠯᠠᠯ᠎ᠢ ᠠᠭᠤᠰᠤᠯᠴᠠᠭᠤᠯᠤᠨ ᠴᠢᠨᠠᠷ ᠰᠠᠢᠲᠠᠢ ᠬᠦᠭ᠌ᠵᠢᠬᠦᠯᠬᠦ᠌᠎ᠶ᠋ᠢ ᠠᠬᠢᠭᠤᠯᠵᠤ᠂ ᠠᠵᠤ ᠠᠬᠤᠢᠯᠠᠯ᠎ᠳᠤ ᠠᠱᠢᠭ ᠬᠦᠷᠲᠡᠭᠡᠵᠦ᠍ ᠠᠷᠠᠳ᠎ᠲᠤ ᠠᠱᠢᠭ ᠬᠦᠷᠲᠡᠭᠡᠬᠦ᠌ ᠡᠷᠴᠢᠮ᠎ᠢ ᠴᠢᠩᠭᠠᠷᠠᠭᠤᠯᠬᠤ᠂ ᠡᠭᠦᠳᠡᠨ ᠪᠢᠯᠧᠲ᠎ᠢ ᠬᠠᠰᠤᠵᠤ ᠬᠡᠯᠲᠦᠷᠢᠭᠦᠯᠬᠦ᠂ ᠨᠡᠢᠭᠡᠮ᠎ᠤᠨ ᠳᠠᠭᠠᠳᠭᠠᠯ᠎ᠤᠨ ᠮᠥᠩᠭᠦ᠎ᠶ᠋ᠢ ᠬᠤᠢᠱᠢᠯᠠᠭᠤᠯᠤᠨ ᠲᠤᠱᠢᠶᠠᠬᠤ ᠵᠡᠷᠭᠡ ᠠᠯᠢ ᠤᠯᠠᠨ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ ᠬᠡᠷᠡᠭ᠌ᠵᠢᠬᠦᠯᠬᠦ᠌᠎ᠶ᠋ᠢᠨ ᠬᠠᠮᠲᠤ᠌᠂ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠢ ᠶᠡᠭᠡ᠎ᠪᠠᠷ ᠬᠦᠭ᠌ᠵᠢᠭᠦᠯᠵᠦ᠍᠂ ᠮᠠᠨᠵᠤᠤᠷ ᠬᠤᠲᠠ᠂ ᠤᠷᠳᠤᠰ ᠬᠤᠲᠠ᠎ᠶ᠋ᠢᠨ ᠬᠢᠶ᠎ᠠ ᠪᠠᠭ᠍ᠰᠢ ᠲᠣᠭᠤᠷᠢᠭ᠂ ᠡᠷᠢᠶᠡᠨ ᠬᠤᠲᠠ ᠵᠡᠷᠭᠡ ᠤᠯᠤᠰ᠎ᠤᠨ ᠲᠡᠰ᠎ᠤᠨ ᠪᠥᠬᠦ᠌ ᠤᠷᠤᠨ ᠪᠦᠰᠡ᠎ᠶ᠋ᠢᠨ ᠵᠢᠭᠤᠯᠴᠢᠯᠠᠯ᠎ᠤᠨ 3 ᠵᠢᠱ᠌ᠢᠶ᠎ᠡ ᠦᠵᠡᠭᠦᠯᠬᠦ᠌ ᠣᠷᠣᠨ ᠪᠠ ᠬᠡᠱᠢᠭ᠌ᠲᠡᠨ ᠬᠤᠱᠢᠭᠤ᠂ ᠷᠠᠱᠢᠶᠠᠨ ᠬᠤᠲᠠ ᠵᠡᠷᠭᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠥᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ 15 ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠵᠤ᠂ 3A ᠳᠡᠰ᠎ᠠᠴᠠ ᠳᠡᠭᠡᠭ᠌ᠰᠢᠬᠢ ᠦᠵᠡᠮᠵᠢ᠎ᠶ᠋ᠢᠨ ᠣᠷᠣᠨ᠎ᠢ 113 ᠪᠠᠢᠭᠤᠯᠵᠤ᠂ ᠡᠭᠦᠨ᠎ᠳᠤ 5A ᠳᠡᠰ᠎ᠤᠨ ᠦᠵᠡᠮᠵᠢ᠎ᠶ᠋ᠢᠨ ᠣᠷᠣᠨ 6 ᠪᠤᠢ᠃ 116 ᠵᠤᠷᠪᠤᠰ ᠵᠢᠭᠤᠯᠴᠢᠯᠠᠯ᠎ᠤᠨ ᠰᠤᠳᠤᠨ ᠵᠠᠮ ᠱᠤᠭᠤᠮ᠎ᠢ ᠴᠤᠭ᠍ᠴᠠᠯᠠᠵᠤ᠂ ᠵᠢᠭᠤᠯᠴᠢᠯᠠᠯ᠎ᠤᠨ ᠤᠨᠴᠠᠯᠢᠭ᠍ᠲᠤ ᠵᠢᠵᠢᠭ ᠪᠠᠯᠭᠠᠰᠤ᠎ᠶ᠋ᠢ 105 ᠪᠠᠢᠭᠤᠯᠵᠤ᠂ ᠳᠦᠷᠪᠡᠨ ᠤᠯᠠᠷᠢᠯ᠎ᠤᠨ ᠵᠢᠭᠤᠯᠴᠢᠯᠠᠯ᠎ᠢ ᠬᠦᠭ᠌ᠵᠢᠭᠦᠯᠦᠨ᠂ ᠵᠦᠪᠬᠡᠨ 2019 ᠤᠨ᠎ᠤ ᠡᠪᠦᠯ᠎ᠤᠨ ᠤᠯᠠᠷᠢᠯ᠎ᠳᠤ᠂ ᠪᠦᠬᠦ᠌ ᠤᠷᠤᠨ ᠤᠯᠤᠰ᠎ᠤᠨ ᠳᠤᠲᠤᠭᠠᠳᠤ ᠭᠠᠳᠠᠭᠠᠳᠤ᠎ᠶ᠋ᠢᠨ ᠵᠢᠭᠤᠯᠴᠢᠯᠠᠭ᠍ᠴᠢᠳ᠎ᠢ 4740 ᠲᠦᠮᠡᠨ ᠬᠦᠮᠦᠨ ᠤᠳᠠᠭ᠎ᠠ ᠬᠦᠯᠢᠶᠡᠨ ᠠᠪᠤᠭ᠍ᠰᠠᠨ ᠪᠠᠢᠨ᠎ᠠ᠃