ᠮᠠᠨ᠎ᠤ ᠤᠷᠤᠨ ᠭᠤᠷᠪᠠᠨ ᠵᠢᠯ᠎ᠳᠤ 63 ᠬᠠᠷ᠎ᠠ ᠪᠦᠯᠦᠭ᠌ᠳᠡᠨ᠎ᠤ ᠴᠢᠨᠠᠷᠲᠠᠢ ᠵᠤᠬᠢᠶᠠᠨ ᠪᠠᠢᠭᠤᠯᠤᠯᠳᠠ 1125 ᠬᠠᠷᠬᠢᠰ ᠬᠦᠴᠦᠨ᠎ᠤ ᠡᠪᠰᠡᠯ ᠪᠦᠯᠦᠭ᠎ᠢ ᠰᠦᠢᠷᠡᠭᠦᠯᠪᠡ
2021-01-20 17:26:39
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

2018 ᠤᠨ᠎ᠳᠤ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ ᠦᠷᠨᠢᠬᠦᠯᠦᠭ᠌ᠰᠡᠨ᠎ᠠᠴᠠ ᠨᠠᠭᠠᠰᠢ᠂ ᠮᠠᠨ᠎ᠤ ᠤᠷᠤᠨ ᠬᠠᠷ᠎ᠠ ᠪᠦᠯᠦᠭ᠌ᠳᠡᠨ ᠬᠠᠷᠬᠢᠰ ᠬᠦᠴᠦᠨ ᠪᠤᠯᠤᠨ ᠲᠡᠬᠦᠨ᠎ᠤ 《ᠬᠠᠮᠠᠭᠠᠯᠠᠬ᠍ᠴᠢ ᠱᠢᠬᠦᠷ》 ᠎ᠲᠤ ᠡᠷᠡᠰ ᠴᠤᠬᠢᠯᠳᠠ ᠦᠭ᠌ᠴᠦ᠂ ᠴᠢᠬᠤᠯᠠ ᠦᠷ᠎ᠠ ᠪᠦᠳᠦᠬᠡᠯ ᠤᠯᠵᠠᠢ᠃ ᠪᠦᠬᠦ᠌ ᠤᠷᠤᠨ᠎ᠢᠶᠠᠷ᠎ᠢᠶᠠᠨ 63 ᠬᠠᠷ᠎ᠠ ᠪᠦᠯᠦᠭ᠌ᠳᠡᠨ᠎ᠤ ᠴᠢᠨᠠᠷᠲᠠᠢ ᠵᠤᠬᠢᠶᠠᠨ ᠪᠠᠢᠭᠤᠯᠤᠯᠳᠠ᠂ 1125 ᠬᠠᠷᠬᠢᠰ ᠬᠦᠴᠦᠨ᠎ᠤ ᠡᠪᠰᠡᠯ ᠪᠦᠯᠦᠭ᠎ᠢ ᠰᠦᠢᠷᠡᠭᠦᠯᠵᠦ᠍᠂ ᠬᠠᠷ᠎ᠠ ᠪᠦᠯᠦᠭ᠌ᠳᠡᠨ ᠬᠠᠷᠬᠢᠰ ᠬᠦᠴᠦᠨ᠎ᠲᠠᠢ ᠬᠤᠯᠪᠤᠬ᠍ᠳᠠᠬ᠍ᠰᠠᠨ ᠶᠠᠯ᠎ᠠ᠎ᠶ᠋ᠢᠨ ᠰᠡᠵᠢᠭ᠌ᠳᠡᠨ 10996 ᠬᠦᠮᠦᠨ᠎ᠢ ᠪᠠᠷᠢᠪᠴᠢᠯᠠᠵᠤ᠂ ᠨᠡᠢᠬᠡᠮ᠎ᠤᠨ ᠠᠮᠢ ᠠᠬᠤᠢ᠂ ᠤᠯᠤᠰ ᠲᠦᠷᠦ᠎ᠶ᠋ᠢᠨ ᠠᠮᠢ ᠠᠬᠤᠢ ᠪᠤᠯᠤᠨ ᠠᠵᠤ ᠠᠬᠤᠢ᠎ᠶ᠋ᠢᠨ ᠠᠮᠢ ᠠᠬᠤᠢ᠎ᠶ᠋ᠢᠨ ᠪᠦᠬᠦ᠌ ᠲᠠᠯ᠎ᠠ᠎ᠪᠠᠷ ᠰᠠᠢᠵᠢᠷᠠᠬᠤ᠎ᠶ᠋ᠢ ᠬᠦᠴᠦᠳᠡᠢ ᠠᠬᠢᠭᠤᠯᠵᠤ᠂ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠳᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠶᠡᠭᠡ᠎ᠪᠠᠷ ᠴᠢᠩᠭᠠᠷᠠᠭᠤᠯᠪᠠ᠃

ᠨᠠᠮ᠎ᠤᠨ ᠲᠦᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ᠎ᠢ ᠪᠠᠢᠷᠢᠯᠠᠭᠤᠯᠣᠨ ᠡᠬᠢᠯᠡᠭᠦᠯᠦᠭ᠌ᠰᠡᠨ᠎ᠤ ᠲᠠᠷᠠᠭ᠎ᠠ᠂ ᠮᠠᠨ᠎ᠤ ᠤᠷᠤᠨ ᠳᠠᠷᠣᠢ ᠲᠦᠷᠬᠡᠨ 《ᠲᠠᠪᠤᠨ ᠱᠠᠳᠣᠨ᠎ᠤ ᠱᠦᠵᠢ ᠬᠠᠷ᠎ᠠ ᠪᠦᠯᠦᠭ᠌ᠳᠡᠨ᠎ᠢ ᠠᠷᠢᠯᠭᠠᠬᠤ ᠠᠵᠢᠯ᠎ᠢ ᠠᠳᠭᠤᠬᠤ》᠂ 《ᠴᠡᠭ᠎ᠲᠠᠢ ᠬᠠᠷᠢᠯᠴᠠᠨ ᠬᠡᠰᠡᠭ᠎ᠢ ᠲᠠᠭᠠᠭᠠᠴᠢᠯᠠᠬᠤ》 ᠵᠡᠷᠬᠡ ᠠᠵᠢᠯ᠎ᠤᠨ ᠲᠤᠬ᠍ᠳᠠᠴᠠ᠎ᠶ᠋ᠢ ᠪᠠᠢᠭᠤᠯᠵᠤ᠂ ᠭᠤᠤᠯ ᠬᠠᠷᠢᠭᠤᠴᠠᠯᠭᠠᠳᠠᠨ ᠨᠢᠬᠡᠳᠦᠬᠡᠷ ᠹᠷᠤᠨᠲ᠎ᠲᠤ ᠭᠦᠨᠵᠡᠭᠡᠢᠷᠡᠨ᠂ ᠪᠡᠶ᠎ᠡ᠎ᠪᠠᠷ᠎ᠢᠶᠠᠨ ᠲᠠᠭᠠᠭᠤᠯᠤᠨ ᠲᠤᠱᠢᠶᠠᠯ᠎ᠢᠶᠠᠨ ᠬᠦᠢᠴᠡᠳᠭᠡᠵᠡᠢ᠃ ᠦᠪᠡᠷᠳᠡᠭᠡᠨ ᠵᠠᠰᠠᠬᠤ ᠤᠷᠤᠨ᠂ ᠠᠢᠮᠠᠬ ᠬᠤᠳᠠ᠂ ᠬᠤᠱᠢᠭᠤ ᠱᠢᠶᠠᠨ ᠭᠤᠷᠪᠠᠨ ᠱᠠᠳᠤᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠭᠤᠤᠯᠳᠠᠯᠭ᠎ᠠ᠎ᠲᠠᠢ ᠭᠠᠵᠠᠷ ᠤᠷᠤᠨ᠎ᠢ ᠱᠢᠭᠤᠳ ᠲᠠᠭᠠᠭᠠᠴᠢᠯᠠᠵᠤ᠂ ᠫᠠᠢᠰᠠ ᠡᠯᠬᠦᠨ ᠱᠠᠯᠠᠪᠳᠠᠭᠤᠯᠣᠨ ᠱᠢᠢᠳᠪᠦᠷᠢᠯᠡᠬᠦᠯᠵᠦ᠍᠂ ᠴᠢᠬᠤᠯᠠ ᠰᠦᠪᠡᠭ᠌ᠴᠢ᠎ᠶ᠋ᠢ ᠡᠮᠬᠢᠯᠡᠵᠦ᠍᠂ ᠨᠢᠬᠡᠨᠳᠡ ᠫᠠᠢᠰᠠ ᠡᠯᠬᠦᠨ ᠱᠠᠯᠠᠪᠳᠠᠭᠤᠯᠤᠨ ᠱᠢᠢᠳᠪᠦᠷᠢᠯᠡᠭ᠌ᠰᠡᠨ ᠭᠤᠤᠯᠳᠠᠯᠭ᠎ᠠ᠎ᠲᠠᠢ ᠬᠡᠷᠡᠭ 147 ᠎ᠳᠤ ᠬᠦᠷᠴᠡᠢ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠤᠷᠢᠳ ᠬᠤᠵᠢᠳ 350 ᠭᠠᠷᠤᠢ ᠬᠦᠮᠦᠨ᠎ᠢ ᠱᠢᠯᠢᠨ ᠰᠤᠩᠭᠤᠵᠤ᠂ 22 ᠱᠠᠯᠠᠪᠳᠠᠭᠤᠯᠣᠨ ᠵᠢᠯᠤᠭᠤᠳᠭᠤ ᠲᠤᠭᠤᠢ᠍ᠢᠯᠠᠩ ᠪᠠᠢᠭᠤᠯᠵᠤ᠂ ᠭᠤᠷᠪᠠᠨ ᠡᠬᠡᠯᠵᠢ᠎ᠶ᠋ᠢᠨ ᠲᠤᠰᠭᠠᠢ ᠱᠠᠯᠠᠪᠳᠠᠭᠤᠯᠤᠨ ᠵᠢᠯᠤᠭᠤᠳᠭᠤ ᠠᠵᠢᠯ ᠦᠷᠨᠢᠬᠦᠯᠵᠦ᠍᠂ ᠴᠠᠬ᠎ᠲᠤᠨᠢ ᠲᠤᠬᠢᠷᠠᠭᠤᠯᠤᠨ 《ᠡᠷᠬᠢᠨ ᠬᠠᠷᠠᠵᠤ》᠂ ᠨᠢᠭᠡ ᠪᠦᠯᠦᠭ ᠴᠢᠬᠤᠯᠠ ᠶᠡᠭᠡ ᠬᠡᠷᠡᠭ᠎ᠢ ᠲᠠᠩᠨᠠᠨ ᠱᠢᠢᠳᠪᠦᠷᠢᠯᠡᠵᠦ᠍ ᠱᠢᠭᠦᠨ ᠲᠠᠰᠤᠯᠬᠤ᠎ᠶ᠋ᠢ ᠠᠬᠢᠭᠤᠯᠵᠠᠢ᠃

ᠭᠤᠷᠪᠠᠨ ᠵᠢᠯ᠎ᠤᠨ ᠲᠤᠷᠰᠢ᠂ ᠮᠠᠨ᠎ᠤ ᠤᠷᠤᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ ᠬᠠᠤᠯᠢ ᠶᠤᠰᠤᠭᠠᠷ ᠴᠢᠩᠭ᠎ᠠ ᠱᠢᠢᠳᠭᠡᠬᠦ᠌ ᠦᠨᠳᠦᠷ ᠲᠠᠷᠤᠯᠳᠠᠳᠣ ᠪᠠᠢᠳᠠᠯ᠎ᠢᠶᠠᠨ ᠪᠠᠳᠤᠯᠠᠵᠤ᠂ ᠪᠦᠬᠦ᠌ ᠤᠯᠤᠰ᠎ᠤᠨ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠠᠯᠪᠠᠨ ᠬᠡᠷ᠂ ᠲᠦᠪ᠎ᠤᠨ ᠱᠠᠯᠠᠪᠳᠠᠭᠤᠯᠤᠨ ᠵᠢᠯᠤᠭᠤᠳᠭᠤ ᠲᠤᠭᠤᠢ᠍ᠢᠯᠠᠩ᠎ᠤᠨ ᠫᠠᠢᠰᠠ ᠡᠯᠬᠦᠭ᠌ᠰᠡᠨ ᠬᠡᠷᠡᠭ᠎ᠢᠶᠠᠷ ᠱᠢᠪᠳᠤᠯᠤᠯᠳᠠ ᠪᠤᠯᠭᠠᠨ᠂ ᠲᠤᠮᠤ ᠬᠡᠷᠡᠭ ᠴᠢᠬᠤᠯᠠ ᠬᠡᠷᠡᠭ᠎ᠢ ᠪᠤᠭᠤᠮᠳᠠ ᠱᠢᠪᠳᠤᠯᠬᠤ᠎ᠶ᠋ᠢ ᠴᠢᠩᠭ᠎ᠠ ᠠᠳᠭᠤᠵᠠᠢ᠃ ᠪᠠᠷᠢᠪᠴᠢᠯᠠᠬᠤ ᠵᠠᠭᠠᠯᠳᠤᠬᠤ᠎ᠶ᠋ᠢ ᠨᠢᠬᠡ ᠴᠤᠬ᠍ᠴᠠᠵᠢᠭᠤᠯᠬᠤ᠂ ᠵᠠᠭᠠᠯᠳᠤᠬᠤ ᠱᠢᠢᠳᠭᠡᠬᠦ᠌᠎ᠶ᠋ᠢ ᠨᠢᠬᠡᠳᠦᠯᠳᠡᠢ ᠪᠠᠢᠯᠭᠠᠬᠤ ᠳᠡᠭᠡᠷ᠎ᠡ ᠬᠦᠴᠦᠨ᠎ᠢᠶᠠᠨ ᠲᠦᠪᠯᠡᠷᠡᠬᠦᠯᠵᠦ᠍᠂ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠬᠢᠭᠡᠳ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠵᠤᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠷᠠᠭᠤᠯᠵᠤ᠂ ᠴᠢᠬᠤᠯᠠ ᠶᠡᠭᠡ ᠬᠡᠷᠡᠭ ᠪᠦᠬᠦᠨ᠎ᠳᠤ 《ᠭᠤᠷᠪᠠᠨ ᠵᠡᠷᠬᠡ᠎ᠪᠠᠷ》 《ᠭᠤᠷᠪᠠᠨ ᠣᠷᠢᠳ᠎ᠢᠶᠠᠷ》 ᠪᠠᠢᠬᠤ ᠵᠠᠷᠴᠢᠮ᠎ᠢ ᠨᠠᠢᠳᠠᠪᠤᠷᠢᠵᠢᠭᠤᠯᠵᠤ᠂ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠪᠤᠯᠤᠨ 《ᠬᠠᠮᠠᠭᠠᠯᠠᠬ᠍ᠴᠢ ᠱᠢᠬᠦᠷ》 ᠎ᠲᠤᠨᠢ ᠴᠤᠬᠢᠯᠳᠠ ᠦᠭ᠌ᠬᠦ᠎ᠶ᠋ᠢ ᠬᠠᠷᠢᠯᠴᠠᠨ ᠲᠤᠯᠭᠠᠭᠤᠷᠢᠯᠠᠵᠤ᠂ ᠵᠤᠬᠢᠴᠠᠭᠤᠯᠤᠨ ᠠᠬᠢᠭᠤᠯᠵᠠᠢ᠃ ᠪᠤᠳᠠᠳᠠᠢ ᠠᠵᠢᠯ᠎ᠤᠨ ᠲᠤᠮᠳᠠ ᠡᠯ᠎ᠡ ᠬᠡᠱᠢᠬᠦᠨ ᠪᠠᠢᠭᠤᠯᠭ᠎ᠠ ᠨᠢᠬᠡᠴᠢ 《ᠨᠢᠬᠡ ᠬᠦᠯᠬᠡ ᠱᠢᠳᠠᠷ᠎ᠠ》 ᠎ᠶ᠋ᠢᠨ ᠦᠵᠡᠯ ᠰᠠᠨᠠᠭ᠎ᠠ᠎ᠶ᠋ᠢ ᠯᠠᠪᠳᠠᠭᠤᠨ ᠪᠠᠳᠤᠳᠠᠢ ᠱᠤᠭᠤᠵᠤ᠂ ᠢᠵᠢᠯ ᠴᠢᠭ᠌ᠯᠡᠯ᠎ᠢᠶᠠᠷ ᠬᠦᠴᠦᠯᠡᠨ᠂ ᠬᠡᠷᠡᠭ ᠱᠢᠢᠳᠪᠦᠷᠢᠯᠡᠬᠦ᠌ ᠴᠢᠨᠠᠷ ᠴᠢᠨᠰᠠᠭ᠎ᠠ ᠪᠤᠯᠤᠨ ᠦᠷ᠎ᠡ ᠪᠦᠳᠦᠮᠵᠢ᠎ᠶ᠋ᠢ ᠮᠡᠳᠡᠭ᠌ᠳᠡᠮ᠎ᠡ ᠲᠡᠭᠡᠭ᠌ᠰᠢᠯᠡᠭᠦᠯᠪᠡ᠃

《ᠬᠠᠮᠠᠭᠠᠯᠠᠬ᠍ᠴᠢ ᠱᠢᠬᠦᠷ᠎ᠲᠤᠨᠢ ᠡᠷᠡᠰ ᠴᠤᠬᠢᠯᠳᠠ ᠦᠭ᠌ᠴᠦ ᠬᠠᠷᠢᠴᠠᠭᠠᠨ᠎ᠤ ᠲᠤᠤᠷ᠎ᠢ᠎ᠨᠢ ᠡᠷᠡᠰ ᠡᠪᠳᠡᠵᠦ᠍》᠂ ᠨᠢᠬᠡᠳᠦᠯᠳᠡᠢ ᠲᠦᠯᠦᠪᠵᠢᠭᠦᠯᠦᠨ ᠠᠬᠢᠭᠤᠯᠵᠤ᠂ ᠡᠬᠢ ᠦᠨᠳᠦᠰᠦ᠎ᠠᠴᠠ᠎ᠨᠢ ᠵᠠᠰᠠᠬᠤ᠎ᠶ᠋ᠢ ᠴᠢᠩᠭᠠᠷᠠᠭᠤᠯᠪᠠ᠃ ᠤᠳᠤᠬᠠᠨ ᠪᠤᠯᠳᠠᠯ᠎ᠠ᠂ ᠪᠦᠬᠦ᠌ ᠤᠷᠤᠨ᠎ᠢᠶᠠᠷ᠎ᠢᠶᠠᠨ ᠬᠠᠷ᠎ᠠ ᠪᠦᠯᠦᠭ᠌ᠳᠡᠨ ᠬᠠᠷᠬᠢᠰ ᠬᠦᠴᠦᠨ᠎ᠲᠠᠢ ᠬᠤᠯᠪᠤᠬ᠍ᠳᠠᠬ᠍ᠰᠠᠨ ᠢᠯᠵᠠᠷᠠᠯ ᠪᠤᠯᠤᠨ 《ᠬᠠᠮᠠᠭᠠᠯᠠᠬ᠍ᠴᠢ ᠱᠢᠬᠦᠷ》 ᠎ᠤᠨ 1594 ᠠᠰᠠᠭᠤᠳᠠᠯ᠎ᠢ ᠬᠡᠷᠡᠭ ᠪᠤᠯᠭᠠᠨ ᠲᠠᠩᠰᠠᠯᠠᠵᠤ ᠪᠠᠢᠴᠠᠭᠠᠵᠤ ᠱᠢᠢᠳᠪᠦᠷᠢᠯᠡᠵᠦ᠍᠂ 2450 ᠬᠦᠮᠦᠨ᠎ᠳᠤ ᠨᠠᠮ ᠵᠠᠰᠠᠭ᠎ᠤᠨ ᠰᠠᠬᠢᠯᠭ᠎ᠠ ᠪᠠᠳᠣ᠎ᠶ᠋ᠢᠨ ᠱᠢᠢᠳᠭᠡᠯ ᠦᠭ᠌ᠴᠦ᠂ 234 ᠬᠦᠮᠦᠨ᠎ᠢ ᠬᠠᠤᠯᠢ ᠴᠠᠭᠠᠵᠠ᠎ᠶ᠋ᠢᠨ ᠪᠠᠢᠭᠤᠯᠭ᠎ᠠ᠎ᠳᠤ ᠱᠢᠯᠵᠢᠬᠦᠯᠦᠨ ᠦᠭ᠌ᠴᠡᠢ᠃ ᠡᠬᠦᠨ᠎ᠠᠴᠠ ᠭᠠᠳᠠᠨ᠎ᠠ᠂ ᠲᠦᠪ᠎ᠠᠴᠠ 《ᠸᠠᠩ ᠶᠦᠨ ᠬᠤᠩ᠎ᠤᠨ ᠬᠡᠷᠡᠭ》 ᠎ᠢ ᠫᠠᠢᠰᠠ ᠡᠯᠬᠦᠨ ᠱᠠᠯᠠᠪᠳᠠᠭᠤᠯᠵᠤ ᠱᠢᠢᠳᠪᠦᠷᠢᠯᠡᠬᠡᠳ ᠯᠡᠪᠡᠷᠡᠭ᠌ᠰᠡᠨ ᠲᠤᠬ᠍ᠳᠠᠭᠠᠯ᠎ᠠᠴᠠ ᠵᠦᠷᠢᠴᠡᠨ ᠡᠷᠡᠬᠦᠦ ᠱᠢᠢᠳᠭᠡᠯ᠎ᠢ ᠬᠠᠰᠤᠨ ᠬᠡᠯᠳᠦᠷᠢᠭᠦᠯᠬᠦ᠂ ᠲᠡᠩᠰᠡᠨ᠎ᠠᠴᠠ ᠰᠤᠯᠠᠯᠠᠬᠤ᠂ ᠲᠦᠷ ᠴᠠᠬ ᠬᠢᠨᠳᠠᠨ᠎ᠤ ᠭᠠᠳᠠᠨ᠎ᠠ ᠡᠷᠡᠭᠦᠦ ᠭᠦᠢᠴᠡᠳᠭᠡᠬᠦ᠌ ᠠᠰᠠᠭᠤᠳᠠᠯ᠎ᠤᠨ ᠳᠣᠬᠠᠢ ᠪᠦᠬᠦ᠌ ᠤᠷᠤᠨ᠎ᠤ ᠬᠡᠪᠴᠢᠶᠡᠨ᠎ᠳᠤ ᠲᠤᠰᠭᠠᠢ ᠴᠡᠭ᠌ᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ᠎ᠶ᠋ᠢ ᠠᠷᠢᠭᠤᠳᠭᠠᠨ ᠴᠡᠪᠡᠷᠱᠢᠬᠦᠯᠵᠦ᠍᠂ ᠡᠷᠡᠬᠦᠦ ᠱᠢᠢᠳᠭᠡᠯ᠎ᠢ ᠭᠦᠢᠴᠡᠳᠭᠡᠬᠦ᠌ ᠨᠡᠢᠳᠡ᠎ᠶ᠋ᠢᠨ ᠢᠳᠡᠬᠡᠮᠵᠢ᠎ᠶ᠋ᠢᠨ ᠬᠦᠴᠦᠨ᠎ᠢ ᠦᠨᠡᠨ ᠬᠦ᠌ ᠲᠡᠭᠡᠭ᠌ᠰᠢᠯᠡᠬᠦᠯᠵᠡᠢ᠃

ᠪᠦᠬᠦ᠌ ᠤᠯᠤᠰ᠎ᠤᠨ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ᠎ᠤᠨ ᠤᠳᠤᠷᠢᠳᠭᠤ ᠲᠤᠭᠤᠢ᠍ᠢᠯᠠᠩ᠎ᠤᠨ ᠨᠢᠬᠡᠳᠦᠯᠳᠡᠢ ᠪᠠᠢᠷᠢᠯᠠᠭᠤᠯᠤᠯᠳᠠ ᠶᠤᠰᠤᠭᠠᠷ᠂ ᠮᠠᠨ᠎ᠤ ᠤᠷᠤᠨ 《ᠵᠢᠷᠭᠤᠭ᠎ᠠ᠎ᠶ᠋ᠢ ᠴᠡᠪᠡᠷᠯᠡᠨ ᠠᠷᠢᠯᠭᠠᠬᠤ》 ᠪᠤᠭᠤᠮᠳᠠ ᠱᠢᠪᠳᠤᠯᠬᠤ ᠠᠵᠢᠯᠯᠠᠭ᠎ᠠ ᠦᠷᠨᠢᠬᠦᠯᠦᠨ᠂ ᠰᠦᠪᠡᠭ᠌ᠴᠢ᠎ᠶ᠋ᠢ ᠠᠷᠢᠯᠭᠠᠨ ᠴᠡᠪᠡᠷᠯᠡᠬᠦ᠂ ᠤᠷᠭᠤᠲᠠᠭᠤᠯ ᠬᠡᠷᠡᠭ᠌ᠳᠡᠨ᠎ᠢ ᠠᠷᠢᠯᠭᠠᠬᠤ᠂ ᠬᠠᠷ᠎ᠠ ᠪᠦᠯᠦᠭ᠌ᠳᠡᠨ ᠬᠠᠷᠬᠢᠰ ᠬᠦᠴᠦᠨ᠎ᠤ ᠡᠳ᠋ ᠬᠦᠷᠦᠩᠬᠡ᠎ᠶ᠋ᠢ ᠴᠡᠪᠡᠷᠯᠡᠬᠦ᠂ 《ᠬᠠᠮᠠᠭᠠᠯᠠᠬ᠍ᠴᠢ ᠱᠢᠬᠦᠷ》᠂ 《ᠬᠠᠷᠢᠴᠠᠭᠠᠨ᠎ᠤ ᠲᠤᠤᠷ》 ᠎ᠢ ᠠᠷᠢᠯᠭᠠᠬᠤ᠂ ᠠᠵᠢᠯ ᠲᠦᠷᠦᠯ᠎ᠢ ᠴᠡᠪᠡᠷᠯᠡᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠵᠤ ᠮᠡᠳᠡᠭ᠌ᠳᠡᠮ᠎ᠡ ᠦᠷ᠎ᠡ ᠪᠦᠳᠦᠮᠵᠢ ᠤᠯᠵᠠᠢ᠃ ᠦᠪᠡᠷᠳᠡᠭᠡᠨ ᠵᠠᠰᠠᠬᠤ ᠤᠷᠤᠨ᠎ᠤ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠠᠯᠪᠠᠨ ᠬᠡᠷ ᠠᠵᠢᠯᠯᠠᠬᠤ ᠲᠤᠭᠤᠢ᠍ᠢᠯᠠᠩ ᠲᠤᠮᠢᠯᠠᠵᠤ ᠠᠢᠮᠠᠬ ᠬᠤᠳᠠ᠎ᠳᠤ ᠤᠴᠢᠭᠤᠯᠵᠤ᠂ ᠭᠤᠤᠯᠳᠠᠯᠭ᠎ᠠ᠎ᠲᠠᠢ ᠬᠡᠷᠡᠭ᠎ᠲᠤ ᠴᠢᠨᠠᠷ᠎ᠤᠨ ᠦᠨᠡᠯᠡᠯᠳᠡ ᠪᠠᠢᠴᠠᠭᠠᠯᠳᠠ ᠬᠢᠪᠠ᠃ ᠡᠨᠡ ᠬᠦ᠌ ᠠᠷᠭ᠎ᠠ᠎ᠶ᠋ᠢ ᠪᠦᠬᠦ᠌ ᠤᠯᠤᠰ᠎ᠤᠨ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠠᠯᠪᠠᠨ ᠬᠡᠷ ᠨᠡᠢᠳᠡᠯᠢᠭ ᠲᠤᠷᠱᠢᠯᠭ᠎ᠠ᠎ᠶ᠋ᠢᠨ ᠬᠤᠪᠢ᠎ᠪᠠᠷ ᠪᠦᠬᠦ᠌ ᠤᠯᠤᠰ᠎ᠲᠤ ᠲᠡᠯᠬᠡᠷᠡᠬᠦᠯᠪᠡ᠃

ᠤᠮᠠᠷᠠᠳᠤ ᠬᠢᠯᠢ᠎ᠶ᠋ᠢᠨ ᠠᠮᠤᠷ ᠲᠦᠪᠱᠢᠨ ᠲᠤᠬ᠍ᠳᠠᠭᠤᠨ᠎ᠤ ᠬᠠᠯᠬᠠᠪᠴᠢ ᠪᠤᠯᠤᠬ᠍ᠰᠠᠨ ᠦᠪᠦᠷ ᠮᠣᠩᠭᠤᠯ᠎ᠤᠨ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ ᠲᠠᠰᠤᠷᠠᠯᠳᠠ ᠦᠬᠡᠢ ᠱᠢᠨ᠎ᠠ ᠱᠢᠪᠳᠤᠯᠤᠯᠳᠠ᠎ᠲᠠᠢ ᠪᠤᠯᠵᠤ᠂ 2019 ᠤᠨ᠎ᠤ ᠪᠦᠬᠦ᠌ ᠤᠯᠤᠰ᠎ᠤᠨ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠲᠤᠰᠭᠠᠢ ᠲᠡᠮᠡᠴᠡᠯ᠎ᠤᠨ ᠲᠡᠷᠢᠬᠦᠨ᠎ᠤ ᠮᠤᠵᠢ ᠤᠷᠤᠨ᠎ᠢᠶᠠᠷ ᠦᠨᠡᠯᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号