ᠦᠪᠦᠷ ᠮᠤᠩᠭᠤᠯ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ ᠤᠢ᠍ᠢᠷ᠎ᠠ᠎ᠳᠤ ᠤᠨᠤᠯ ᠰᠤᠷᠤᠯᠴᠠᠬᠤ ᠭᠤᠤᠯ ᠲᠤᠭᠤᠢ᠍ᠢᠯᠠᠩ᠎ᠤᠨ ᠦᠷᠬᠡᠳᠭᠡᠭ᠌ᠰᠡᠨ ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠳᠠᠪᠤᠳᠤᠭᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠨᠡᠢᠳᠠᠪᠤᠷᠢᠵᠢᠭᠤᠯᠪᠠ᠃
ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠳᠠᠪᠤᠳᠤᠭᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢᠨ ᠰᠤᠷᠤᠯᠴᠠᠯᠭ᠎ᠠ᠎ᠶ᠋ᠢ ᠬᠤᠢᠱᠢᠳᠡ᠎ᠶ᠋ᠢᠨ ᠨᠢᠭᠡ ᠬᠡᠰᠡᠭ ᠬᠤᠭᠤᠴᠠᠭ᠎ᠠ᠎ᠶ᠋ᠢᠨ ᠤᠯᠤᠰ ᠲᠦᠷᠦ᠎ᠶ᠋ᠢᠨ ᠴᠢᠬᠤᠯᠠ ᠡᠭᠦᠷᠭᠡ ᠪᠤᠯᠭᠠᠵᠤ᠂ ᠱᠢᠨ᠎ᠡ ᠴᠠᠭ ᠦᠶ᠎ᠡ᠎ᠶ᠋ᠢᠨ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠢᠳᠡᠪᠬᠢᠳᠠᠢ ᠡᠭᠦᠷᠭᠡᠯᠡᠨ ᠨᠡᠢᠬᠡᠮ ᠵᠢᠷᠤᠮ᠎ᠤᠨ ᠤᠳᠭ᠎ᠠ ᠤᠷᠠᠯᠢᠭ᠎ᠤᠨ ᠬᠡᠪ ᠴᠢᠨᠠᠷ᠎ᠢ ᠢᠯᠡᠷᠡᠭᠦᠯᠬᠦ᠌ ᠬᠡᠷᠡᠭ᠌ᠳᠠᠢ᠃ ᠰᠤᠶᠤᠯ᠎ᠤᠨ ᠢᠳᠡᠭᠡᠯ᠎ᠢᠶᠠᠨ ᠪᠠᠳᠤᠳᠭᠠᠵᠤ᠂ ᠦᠨᠳᠦᠰᠦᠳᠡᠨ᠎ᠨᠦᠭᠦᠳ᠎ᠤᠨ ᠤᠷᠠᠯᠢᠭ᠍ᠴᠢᠳ᠎ᠤᠨ ᠬᠠᠷᠢᠯᠴᠠᠨ ᠰᠠᠨᠠᠯ ᠪᠤᠳᠤᠯ᠎ᠢᠶᠠᠨ ᠰᠤᠯᠢᠯᠴᠠᠵᠤ᠂ ᠬᠠᠷᠢᠯᠴᠠᠨ ᠠᠭᠤᠰᠤᠯᠴᠠᠵᠤ᠂ ᠤᠶᠤᠨ ᠰᠠᠨᠠᠭᠠᠨ᠎ᠤ ᠬᠠᠮᠳᠤ᠎ᠶ᠋ᠢᠨ ᠬᠡᠷ ᠤᠷᠤᠨ᠎ᠢ ᠴᠤᠬ᠍ᠴᠠᠯᠠᠨ᠂ 《ᠲᠦᠷᠪᠡᠨ ᠤᠬᠠᠮᠰᠠᠷ》 ᠢᠶᠠᠨ ᠴᠢᠩᠭᠠᠳᠭᠠᠨ᠂ 《ᠲᠦᠷᠪᠡᠨ ᠢᠳᠡᠭᠡᠯ》 ᠢᠶᠠᠨ ᠪᠠᠳᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠬᠦᠯᠵᠤ᠂ ᠦᠪᠦᠷ ᠮᠤᠩᠭᠤᠯ᠎ᠤᠨ ᠤᠳᠭ᠎ᠠ ᠤᠷᠠᠯᠢᠭ᠎ᠤᠨ ᠱᠢᠨ᠎ᠡ ᠤᠷᠬᠢᠯ᠎ᠳᠤ ᠬᠦᠷᠬᠦ᠌᠎ᠪᠠᠷ ᠴᠢᠷᠮᠠᠢᠬᠤ ᠬᠡᠷᠡᠭ᠌ᠳᠠᠢ᠃ ᠭᠤᠤᠯ ᠶᠡᠭᠡ ᠰᠡᠳᠦᠪ᠎ᠲᠤ ᠠᠩᠬᠠᠷᠤᠯ᠎ᠢᠶᠠᠨ ᠲᠦᠪᠯᠡᠷᠡᠭᠦᠯᠦᠨ ᠰᠤᠳᠤᠨ ᠪᠦᠳᠦᠭᠡᠯ ᠭᠠᠷᠭᠠᠬᠤ ᠤᠬᠠᠮᠰᠠᠷ᠎ᠢᠶᠠᠨ ᠴᠢᠩᠭᠠᠳᠭᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠳᠠᠪᠤᠳᠤᠭᠠᠷ ᠪᠦᠬᠦᠳᠡ ᠬᠤᠷᠠᠯ᠎ᠠᠴᠠ ᠳᠤᠷᠠᠳᠤᠭ᠍ᠰᠠᠨ ᠤᠳᠭ᠎ᠠ ᠤᠷᠠᠯᠢᠭ᠎ᠤᠨ ᠪᠦᠳᠦᠭᠡᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠳᠤᠬᠠᠢ ᠵᠤᠷᠢᠬ ᠰᠠᠨᠠᠭ᠎ᠠ᠎ᠶ᠋ᠢ ᠪᠤᠳᠠᠳᠠᠢ᠎ᠳᠤ ᠨᠠᠢᠳᠠᠪᠤᠷᠢᠵᠢᠭᠤᠯᠤᠨ ᠠᠷᠠᠳ ᠲᠦᠮᠡᠨ᠎ᠢᠶᠠᠷ ᠭᠤᠤᠯ ᠪᠤᠯᠭᠠᠬᠤ ᠵᠤᠬᠢᠶᠠᠨ ᠪᠦᠳᠦᠭᠡᠬᠦ᠌ ᠦᠵᠡᠯ ᠰᠠᠨᠠᠭ᠎ᠠ᠎ᠶ᠋ᠢ ᠪᠠᠷᠢᠮᠳᠠᠯᠠᠨ᠂ ᠪᠦᠬᠦ᠌ ᠤᠷᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠨᠢᠭᠡᠳᠦᠨ ᠡᠷᠡᠮᠡᠭᠡᠢᠯᠡᠨ ᠴᠢᠷᠮᠠᠢᠵᠤ ᠪᠠᠢᠭ᠎ᠠ ᠴᠤᠭ ᠵᠢᠪᠬᠤᠭ᠎ᠠ᠎ᠶ᠋ᠢ ᠮᠠᠭ᠍ᠳᠠᠨ ᠳᠠᠭᠤᠯᠠᠵᠤ᠂ ᠱᠢᠯᠢᠳᠡᠭ ᠤᠳᠭ᠎ᠠ ᠤᠷᠠᠯᠢᠭ᠎ᠤᠨ ᠪᠦᠳᠦᠭᠡᠯ᠎ᠢᠶᠠᠷ ᠳᠤᠮᠳᠠᠳᠤ᠎ᠶ᠋ᠢᠨ ᠦᠨᠳᠦᠰᠦᠳᠡᠨ᠎ᠤ ᠬᠠᠮᠳᠤ ᠴᠤᠭ᠍ᠴᠠ᠎ᠶ᠋ᠢᠨ ᠤᠬᠠᠮᠰᠠᠷ᠎ᠢ ᠪᠠᠳᠤ ᠴᠤᠭ᠍ᠴᠠᠯᠠᠬᠤ᠎ᠳᠤ ᠬᠦᠴᠦᠨ ᠨᠡᠮᠡᠷᠢᠯᠡᠬᠦ᠌ ᠬᠡᠷᠡᠭ᠌ᠳᠠᠢ ᠬᠡᠵᠤ ᠱᠠᠭᠠᠷᠳᠠᠪᠡ᠃
ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠳᠠᠪᠤᠳᠤᠭᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠤᠳᠭ᠎ᠠ ᠤᠷᠠᠯᠢᠭ᠎ᠤᠨ ᠵᠤᠬᠢᠶᠠᠨ ᠪᠦᠳᠦᠭᠡᠯᠭᠡ᠂ ᠤᠳᠭ᠎ᠠ ᠤᠷᠠᠯᠢᠭ᠎ᠤᠨ ᠤᠨᠤᠯ ᠱᠢᠬᠦᠮᠵᠢ᠂ ᠤᠳᠭ᠎ᠠ ᠤᠷᠠᠯᠢᠭ᠎ᠤᠨ ᠱᠠᠩᠨᠠᠯ᠎ᠢ ᠬᠢᠨᠠᠨ ᠱᠢᠯᠭᠠᠷᠠᠭᠤᠯᠬᠤ᠂ ᠤᠷᠠᠯᠢᠬ᠎ᠤᠨ ᠬᠦᠮᠦᠵᠢᠯ ᠪᠤᠯᠪᠠᠰᠤᠷᠠᠯ᠂ ᠰᠠᠢᠨ ᠳᠤᠷᠠᠴᠤᠳ᠎ᠤᠨ ᠦᠢᠯᠡᠴᠢᠯᠡᠭᠡ᠂ ᠵᠢᠱ᠌ᠢᠶᠡᠴᠢ ᠦᠢᠯᠡ ᠠᠵᠢᠯᠯᠠᠭ᠎ᠠ᠎ᠶ᠋ᠢᠨ ᠤᠬᠠᠭᠤᠯᠭ᠎ᠠ ᠵᠡᠷᠭᠡ ᠤᠳᠭ᠎ᠠ ᠤᠷᠠᠯᠢᠭ᠎ᠤᠨ ᠡᠯ᠎ᠡ ᠠᠵᠢᠯ ᠲᠦᠷᠦᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ᠎ᠤ ᠤᠳᠭ᠎ᠠ ᠤᠷᠠᠯᠢᠭ᠎ᠤᠨ ᠵᠤᠬᠢᠶᠠᠨ ᠪᠦᠳᠦᠭᠡᠯᠭᠡ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢ ᠬᠦᠴᠦᠳᠡᠢ ᠠᠬᠢᠭᠤᠯᠵᠤ᠂ ᠠᠷᠠᠳ ᠲᠦᠮᠡᠨ᠎ᠤ ᠤᠶᠤᠨ ᠰᠠᠨᠠᠭ᠎ᠠ ᠰᠤᠶᠤᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠰᠠᠢᠳᠤᠷ ᠬᠠᠩᠭᠠᠬᠤ ᠬᠡᠷᠡᠭ᠌ᠳᠠᠢ ᠬᠡᠵᠤ ᠴᠢᠬᠤᠯᠠᠴᠢᠯᠠᠬ᠍ᠰᠠᠨ ᠪᠠᠢᠨ᠎ᠠ᠃