ᠥᠷᠯᠥᠭᠡ ᠦᠳᠡᠰᠢ᠎ᠶ᠋ᠢ ᠲᠡᠮᠡᠴᠡᠨ ᠬᠥᠭ᠌ᠵᠢᠯᠲᠡ᠎ᠶ᠋ᠢ ᠠᠳᠭᠤᠵᠤ ᠪᠣᠳᠠᠲᠠᠢ ᠴᠢᠷᠮᠠᠢᠯᠭ᠎ᠠ᠎ᠪᠠᠷ ᠨᠡᠢᠭᠡᠮ ᠵᠢᠷᠤᠮᠲᠦ ᠣᠳᠣᠬᠢᠴᠢᠯᠠᠬ᠍ᠰᠠᠨ ᠦᠬᠠᠢ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠬᠦᠯᠦᠨ᠎ᠡ
2021-01-21 09:49:46
ᠵᠣᠬᠢᠶᠠᠭ᠍ᠴᠢ᠄
ᠢᠦᠢ ᠬᠠᠶ ᠳ᠋ᠦᠩ
ᠣᠩᠱᠢᠭ᠍ᠰᠠᠨ ᠣᠳᠠᠭ᠎ᠠ᠄
★★★☆☆

   — ᠦᠬᠠᠢ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠱ᠌ᠢ ᠸᠠᠨ ᠵᠢᠶᠦ᠋ᠨ᠎ᠢ ᠰᠤᠷᠪᠤᠯᠵᠢᠯᠠᠭ᠍ᠰᠠᠨ᠎ᠨᠢ  

ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠴᠢᠬᠤᠯᠠ ᠠᠵᠤ ᠦᠢᠯᠡᠳᠪᠦᠷᠢ᠎ᠶ᠋ᠢᠨ ᠬᠤᠳᠠ ᠪᠣᠯᠬᠤ ᠦᠬᠠᠢ ᠬᠤᠳᠠ ᠲᠡᠦᠬᠡ᠎ᠶ᠋ᠢᠨ ᠱᠢᠨ᠎ᠠ ᠡᠬᠢᠯᠡᠯᠲᠡ ᠳᠡᠭᠡᠷ᠎ᠡ᠎ᠠᠴᠠ ᠭᠠᠷᠳᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠦᠬᠠᠢ᠎ᠶ᠋ᠢ ᠬᠡᠷᠬᠢᠨ ᠰᠠᠢᠲᠤᠷ ᠪᠦᠳᠦᠭᠡᠨ ᠪᠠᠢᠭᠤᠯᠬᠤ ᠪᠤᠢ? ᠡᠳᠡᠭᠡᠷ ᠠᠰᠠᠭᠤᠯᠳᠠ᠎ᠶ᠋ᠢᠨ ᠲᠤᠭᠤᠷᠢᠨ᠎ᠳᠤ ᠦᠬᠠᠢ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠱ᠌ᠢ ᠸᠠᠨ ᠵᠢᠶᠦ᠋ᠨ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠪᠡ᠃

ᠱ᠌ᠢ ᠸᠠᠨ ᠵᠢᠶᠦ᠋ᠨ᠂ ᠦᠬᠠᠢ ᠬᠤᠲᠠ ᠲᠤᠰ ᠤᠳᠠᠭᠠᠨ᠎ᠤ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠡᠰᠡᠭ ᠬᠤᠭᠤᠴᠠᠭᠠᠨ᠎ᠤ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠬᠤᠳᠠ᠎ᠶ᠋ᠢᠨ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠬᠤᠷᠢᠶ᠎ᠠ (ᠥᠷᠭᠡᠳᠭᠡᠭ᠌ᠰᠡᠨ) ᠎ᠶ᠋ᠢᠨ ᠬᠤᠷᠠᠯ᠂ ᠬᠤᠳᠠ᠎ᠶ᠋ᠢᠨ ᠨᠠᠮ᠎ᠤᠨ ᠬᠤᠷᠢᠶᠠᠨ᠎ᠤ ᠳᠣᠯᠣᠳᠤᠭᠠᠷ ᠬᠤᠭᠤᠴᠠᠭᠠᠨ᠎ᠤ ᠠᠷᠪᠠᠳᠤᠭᠠᠷ ᠪᠦᠬᠦᠳᠠ ᠬᠤᠷᠠᠯ ᠵᠢᠴᠢ ᠪᠦᠬᠦ᠌ ᠬᠤᠳᠠ᠎ᠶ᠋ᠢᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠢ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ᠎ᠪᠠᠷ ᠱᠢᠰᠲ᠋ᠧᠮ᠎ᠲᠠᠢ ᠰᠤᠳᠤᠯᠤᠨ ᠪᠠᠢᠷᠢᠯᠠᠭᠤᠯᠬᠤ᠎ᠶ᠋ᠢᠨ ᠬᠠᠮᠲᠤ ᠳᠣᠣᠷᠠᠬᠢ ᠲᠠᠪᠤᠨ ᠲᠠᠯ᠎ᠠ᠎ᠪᠠᠷ ᠪᠦᠬᠦ᠌ ᠲᠠᠯ᠎ᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ ᠦᠬᠠᠢ᠎ᠳᠤ ᠦᠨᠳᠦᠰᠦᠯᠡᠨ ᠪᠠᠳᠮᠠᠯᠠᠬᠤ᠎ᠶ᠋ᠢ ᠪᠠᠲᠤᠯᠠᠨ᠎ᠠ ᠭᠡᠵᠦ᠍ ᠢᠯᠡᠷᠭᠡᠢᠯᠡᠪᠡ᠃

ᠨᠢᠭᠡ᠎ᠳᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠤᠯᠭᠠᠬᠤ᠎ᠶ᠋ᠢ ᠴᠢᠬᠤᠯᠠᠴᠢᠯᠠᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ ᠪᠦᠲᠦᠭᠡᠨ ᠪᠠᠢᠭᠤᠯᠤᠯᠲᠠ᠎ᠶ᠋ᠢ ᠬᠦᠴᠦᠯᠡᠨ ᠠᠳᠭᠤᠨ᠎ᠠ᠃ 2020 ᠣᠨ᠎ᠤ 5 ᠰᠠᠷ᠎ᠠ᠎ᠶ᠋ᠢᠨ 22 ᠎ᠤᠨ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠥᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ 《ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠬᠦᠴᠦᠯᠡᠨ ᠰᠠᠢᠲᠤᠷ ᠠᠳᠭᠤᠬᠤ ᠬᠡᠷᠡᠭ᠌ᠲᠡᠢ》 ᠭᠡᠵᠦ᠍ ᠲᠣᠳᠣᠷᠬᠠᠢ ᠵᠢᠭᠠᠵᠤ ᠭᠠᠷᠭᠠᠪᠠ᠃ ᠡᠨᠡ ᠪᠣᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠮᠠᠨ᠎ᠳᠤ ᠳᠠᠭᠠᠭᠠᠯᠭᠠᠭ᠍ᠰᠠᠨ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠮᠥᠨ᠃ ᠦᠬᠠᠢ ᠬᠤᠲᠠ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠠᠬᠢ ᠪᠤᠢ ᠪᠣᠯᠭᠠᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ᠎ᠤ ᠥᠨᠳᠥᠷ ᠲᠦᠪᠱᠢᠨ ᠪᠦ᠍ᠬᠦᠢ ᠬᠠᠮᠠᠭᠠᠯᠠᠯᠲᠠ᠎ᠶ᠋ᠢ ᠬᠠᠮᠵᠢᠯᠴᠠᠨ ᠠᠬᠢᠭᠤᠯᠤᠨ᠎ᠠ᠃ ᠤᠰᠤ ᠱᠢᠷᠣᠶ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠂ ᠦᠬᠠᠶ ᠨᠠᠭᠤᠷ᠎ᠤᠨ ᠯᠠᠬ ᠱᠢᠪᠠᠷ᠎ᠢ ᠠᠷᠢᠯᠭᠠᠬᠤ᠎ᠶ᠋ᠢ ᠠᠬᠢᠭᠤᠯᠵᠦ᠍᠂ ᠬᠠᠲᠤᠨ ᠭᠤᠣᠯ᠎ᠤᠨ ᠦᠬᠠᠶ᠎ᠶ᠋ᠢᠨ ᠬᠡᠰᠡᠭ᠎ᠲᠠᠬᠢ ᠠᠮᠢ ᠠᠬᠤᠶ᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠠᠷ᠎ᠢᠶᠠᠨ ᠪᠠᠲᠤᠯᠠᠨ᠎ᠠ᠃ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠵᠣᠬᠢᠶᠠᠨ ᠪᠠᠢᠭᠤᠯᠤᠯᠲᠠ ᠥᠭᠡᠢ ᠭᠠᠳᠠᠭ᠍ᠰᠢᠯᠠᠭᠤᠯᠬᠤ᠎ᠶ᠋ᠢ ᠵᠠᠰᠠᠬᠤ᠂ ᠪᠤᠯᠤᠳ ᠳᠡᠮᠤᠷ᠎ᠤᠨ ᠠᠵᠢᠯ ᠲᠥᠷᠥᠯ᠎ᠤᠨ ᠬᠡᠳᠤ ᠳᠣᠣᠷ᠎ᠠ ᠭᠠᠳᠠᠭ᠍ᠰᠢᠯᠠᠭᠤᠯᠤᠯᠲᠠ᠎ᠶ᠋ᠢ ᠰᠠᠢᠵᠢᠷᠠᠭᠤᠯᠬᠤ᠂ ᠴᠥᠭᠦᠷᠥᠮ᠎ᠤᠨ ᠣᠷᠣᠨ᠎ᠤ ᠲᠣᠭᠤᠰᠣ ᠱᠢᠷᠣᠶ ᠲᠡᠭ᠌ᠳᠡᠬᠦ᠌ ᠪᠣᠬᠢᠷᠲᠤᠯ᠎ᠢ ᠴᠡᠭ᠌ᠴᠡᠯᠡᠨ ᠵᠠᠰᠠᠬᠤ ᠵᠡᠷᠭᠡ ᠲᠤᠰᠭᠠᠶ ᠵᠦᠢᠯ᠎ᠢᠶᠠᠷ ᠵᠠᠰᠠᠬᠤ᠎ᠶ᠋ᠢ ᠲᠤᠪᠤᠢᠮ᠎ᠠ ᠰᠠᠢᠲᠤᠷ ᠠᠳᠭᠤᠵᠤ᠂ ᠠᠭᠤᠷᠬᠠᠶ᠎ᠶ᠋ᠢᠨ ᠣᠷᠣᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠪᠥᠬᠦ᠌ ᠬᠦᠴᠦᠨ᠎ᠢᠶᠠᠷ ᠲᠥᠯᠬᠢᠨ ᠠᠬᠢᠭᠤᠯᠵᠤ᠂ ᠪᠣᠬᠢᠷᠲᠤᠯ ᠥᠭᠡᠢ ᠠᠭᠤᠷᠬᠠᠶ᠎ᠶ᠋ᠢᠨ ᠪᠥᠳᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠶᠡᠭᠡ᠎ᠪᠠᠷ ᠥᠷᠨᠢᠭᠦᠯᠵᠦ᠍᠂ ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠵᠦ᠍ ᠬᠠᠮᠲᠤᠷᠠᠨ ᠵᠠᠰᠠᠬᠤ᠎ᠶ᠋ᠢ ᠭᠦᠨᠵᠡᠭᠡᠶ ᠲᠥᠯᠬᠢᠨ ᠠᠬᠢᠭᠤᠯᠵᠤ᠂ ᠣᠷᠣᠨ ᠪᠦᠰᠡ᠎ᠶ᠋ᠢᠨ ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠶᠠᠰᠤ ᠴᠢᠨᠠᠷ᠎ᠢ ᠲᠠᠰᠤᠷᠠᠯᠳᠠ ᠥᠭᠡᠢ ᠰᠠᠢᠵᠢᠷᠠᠭᠤᠯᠤᠨ᠎ᠠ᠃ ᠠᠮᠢ ᠠᠬᠤᠶ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠲᠦᠷᠢᠮ ᠪᠠ ᠵᠠᠰᠠᠯᠲᠠ᠎ᠶ᠋ᠢᠨ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠦᠷᠢᠮ᠎ᠢᠶᠠᠷ ᠠᠮᠢ ᠠᠬᠤᠶ ᠣᠷᠴᠢᠨ ᠲᠤᠭᠤᠷᠢᠨ᠎ᠢ ᠬᠠᠮᠠᠭᠠᠯᠠᠵᠤ᠂ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠪᠠᠲᠤᠯᠠᠨ᠎ᠠ᠃

ᠬᠤᠶᠠᠷ᠎ᠲᠤ᠌᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠤᠨ ᠪᠣᠳᠠᠲᠤ ᠲᠤᠯᠭᠠᠭᠤᠷᠢᠯᠠᠯ᠎ᠳᠤ ᠠᠭᠤᠰᠤᠯᠴᠠᠬᠤ᠎ᠶ᠋ᠢ ᠴᠢᠩᠭᠠᠳᠭᠠᠨ᠂ ᠵᠦᠢ ᠵᠣᠬᠢᠰᠲᠠᠢ ᠠᠵᠤ ᠠᠬᠤᠢ᠎ᠶ᠋ᠢᠨ ᠨᠡᠮᠡᠭ᠌ᠳᠡᠯ᠎ᠢ ᠬᠦᠴᠦᠯᠡᠨ ᠪᠠᠲᠤᠯᠠᠨ᠎ᠠ᠃ ᠠᠵᠤ ᠠᠬᠤᠢ᠎ᠶ᠋ᠢᠨ ᠠᠵᠢᠯᠯᠠᠭᠠᠨ᠎ᠢ ᠵᠦᠢ ᠵᠣᠬᠢᠰᠲᠠᠢ ᠣᠷᠣᠨ ᠵᠠᠢ᠎ᠳᠤ ᠪᠠᠢᠯᠭᠠᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠃ ᠦᠬᠠᠢ ᠬᠤᠲᠠ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠬᠤ ᠦᠢᠯᠡᠴᠢᠯᠡᠭᠡᠨ᠎ᠤ ᠲᠤᠭᠤᠷᠢᠨ᠎ᠳᠤ ᠪᠡᠯᠡ ᠣᠷᠣᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠴᠢᠨᠠᠷᠲᠠᠢ ᠦᠢᠯᠡᠳᠦᠯ᠂ ᠬᠡᠷᠡᠭ᠌ᠯᠡᠭᠡᠨ᠎ᠤ ᠰᠠᠭᠤᠷᠢ ᠴᠢᠨᠠᠷᠲᠠᠢ ᠦᠢᠯᠡᠳᠦᠯ᠎ᠢ ᠲᠠᠰᠤᠷᠠᠯᠲᠠ ᠦᠭᠡᠢ ᠴᠢᠩᠭᠠᠳᠭᠠᠵᠤ᠂ ᠴᠢᠨᠠᠷ ᠰᠠᠢᠲᠠᠢ ᠲᠦᠷᠦᠯ ᠵᠦᠢᠯ᠎ᠤᠨ ᠲᠤᠯᠭᠠᠭᠤᠷᠢᠯᠠᠯ᠂ ᠰᠠᠭᠤᠷᠢ ᠲᠥᠬᠦᠭᠡᠷᠦᠮᠵᠢ᠎ᠶ᠋ᠢᠨ ᠪᠠᠲᠤᠯᠠᠭ᠎ᠠ᠎ᠶ᠋ᠢᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠵᠤ᠂ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠢᠳᠡᠪᠬᠢᠲᠡᠢ ᠰᠡᠷᠭᠡᠢᠯᠡᠨ ᠠᠷᠢᠯᠭᠠᠵᠤ᠂ ᠠᠵᠤ ᠠᠬᠤᠢ᠎ᠶ᠋ᠢᠨ ᠦᠷᠭᠦᠯᠵᠢᠯᠡᠨ ᠰᠠᠢᠵᠢᠷᠠᠬᠤ ᠪᠠᠢᠳᠠᠯ᠎ᠢ ᠪᠠᠬᠢᠵᠢᠭᠦᠯᠦᠨ᠎ᠡ᠃ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠪᠠᠷ ᠪᠠᠯᠠ ᠣᠷᠣᠭᠤᠯᠤᠯᠲᠠ᠎ᠶ᠋ᠢᠨ ᠣᠷᠣᠨ ᠵᠠᠶ᠎ᠶ᠋ᠢ ᠣᠨᠣᠪᠴᠢᠲᠠᠶ ᠡᠷᠢᠵᠦ᠍᠂ ᠪᠠᠯᠠ ᠣᠷᠣᠭᠤᠯᠤᠯᠲᠠ᠎ᠶ᠋ᠢᠨ ᠲᠥᠷᠥᠯ  ᠵᠦᠢᠯ᠎ᠢ ᠣᠨᠣᠪᠴᠢᠲᠠᠶ ᠰᠣᠩᠭᠤᠵᠤ᠂ ᠪᠠᠯᠠ ᠣᠷᠣᠭᠤᠯᠤᠯᠲᠠ᠎ᠶ᠋ᠢᠨ ᠪᠦᠲᠦᠴᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠂ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠦᠢᠯᠡᠳᠬᠦᠨ᠎ᠤ ᠱᠢᠨ᠎ᠡ᠎ᠶ᠋ᠢ ᠡᠭᠦᠳᠬᠦ᠌ ᠪᠠ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠴᠢᠩᠭᠠᠳᠭᠠᠵᠤ᠂ ᠰᠦᠯᠵᠢᠶᠡᠨ ᠳᠡᠭᠡᠷᠡᠬᠢ ᠪᠠ ᠪᠤᠳᠠᠳᠦ ᠴᠤᠬ᠍ᠴᠠ᠎ᠶ᠋ᠢᠨ ᠬᠡᠷᠡᠭ᠌ᠯᠡᠭᠡᠨ᠎ᠤ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠡ᠃ ᠠᠵᠤ  ᠦᠢᠯᠡᠰ᠎ᠤᠨ ᠰᠠᠭᠤᠷᠢ᠎ᠶ᠋ᠢ ᠳᠡᠭᠡᠳᠦ ᠲᠠᠰ᠎ᠤᠨ ᠪᠣᠯᠭᠠᠵᠤ᠂ ᠠᠵᠤ ᠦᠢᠯᠡᠰ᠎ᠤᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠦᠷᠢᠶᠡᠯᠡᠩ ᠲᠣᠭᠤᠷᠢᠭ᠎ᠤᠨ  ᠦᠢᠯᠡᠴᠢᠯᠡᠭᠡᠨ᠎ᠤ ᠬᠤᠷᠠᠮᠳᠤᠯ᠂ ᠠᠵᠤ  ᠦᠢᠯᠡᠰ᠎ᠤᠨ ᠲᠥᠪᠯᠡᠷᠡᠯ᠂ ᠬᠥᠭ᠌ᠵᠢᠯᠲᠡ᠎ᠶ᠋ᠢᠨ ᠡᠷᠴᠢᠮᠵᠢᠯ᠎ᠢ ᠠᠬᠢᠭᠤᠯᠤᠨ᠎ᠠ᠃ ᠠᠵᠤ ᠠᠬᠤᠶ᠎ᠶ᠋ᠢᠨ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠢᠯᠡᠨ ᠡᠵᠡᠮᠳᠡᠬᠦ᠌ ᠲᠣᠭ᠍ᠲᠠᠴᠠ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠣᠷᠤᠨ ᠨᠤᠲᠤᠭ᠎ᠤᠨ ᠵᠠᠰᠠᠭ᠎ᠤᠨ ᠣᠷᠳᠤᠨ᠎ᠤ ᠨᠢᠭᠤᠴᠠᠭᠠᠢ ᠥᠭ᠌ᠴᠡᠭᠡ ᠪᠠ ᠬᠠᠤᠯᠢ ᠶᠤᠰᠤᠨ᠎ᠤ ᠦᠭ᠌ᠴᠡᠭᠡ᠎ᠶ᠋ᠢ ᠢᠳᠡᠪᠬᠢᠲᠡᠶ ᠠᠷᠢᠯᠭᠠᠵᠤ᠂ ᠮᠥᠩᠭᠦᠨ ᠭᠦᠢᠯᠭᠡᠭᠡᠨ᠎ᠤ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠨ ᠡᠵᠡᠮᠳᠡᠵᠦ᠍᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠬᠢᠷᠢ ᠲᠦᠪᠱᠢᠨ ᠪᠦᠬᠦᠢ ᠠᠮᠤᠷ ᠲᠦᠪᠱᠢᠨ᠎ᠤ ᠰᠠᠢᠨ ᠤᠷᠴᠢᠯ᠎ᠢ ᠴᠢᠷᠮᠠᠢᠨ ᠪᠡᠶᠡᠯᠡᠭᠦᠯᠤᠨ᠎ᠡ᠃

ᠭᠤᠷᠪᠠ᠎ᠳᠤ᠂ ᠤᠳᠤ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠬᠥᠭ᠌ᠵᠢᠭᠦᠯᠬᠦ᠌᠎ᠶ᠋ᠢ ᠴᠢᠬᠤᠯᠠᠴᠢᠯᠠᠵᠤ᠂ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠠᠯᠬᠤᠴᠠ᠎ᠶ᠋ᠢ ᠬᠦᠴᠦᠯᠡᠨ ᠲᠦᠷᠭᠡᠳᠭᠡᠨ᠎ᠡ᠃ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠲᠦᠯᠬᠢᠨ ᠠᠬᠢᠭᠤᠯᠬᠤ ᠪᠣᠯ ᠡᠬᠢ ᠪᠠᠶᠠᠯᠢᠭ᠎ᠢ ᠭᠡᠳᠤᠷᠠᠳᠠᠯ᠎ᠠ ᠠᠭᠤᠳᠠᠯᠤᠭ᠍ᠰᠠᠨ ᠭᠡᠯᠪᠡᠷᠢᠳᠤ ᠬᠤᠳᠠ᠎ᠠᠴᠠ᠎ᠪᠠᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌᠎ᠶ᠋ᠢᠨ ᠵᠠᠢᠯᠠᠰᠢ ᠦᠭᠡᠢ ᠰᠣᠩᠭᠤᠯᠲᠠ ᠮᠥᠨ᠃ ᠦᠬᠠᠢ ᠬᠤᠲᠠ ᠡᠨᠧᠷᠭᠢ ᠠᠷᠪᠢᠯᠠᠵᠤ ᠪᠣᠬᠢᠷᠲᠤᠯ ᠭᠠᠳᠠᠭ᠍ᠰᠢᠯᠠᠭᠤᠯᠬᠤ᠎ᠶ᠋ᠢ ᠪᠠᠭᠠᠰᠭᠠᠬᠤ ᠬᠤᠷᠣᠭ᠍ᠳᠠᠯ᠎ᠢ ᠪᠠᠭᠠᠰᠭᠠᠬᠤ᠎ᠪᠠᠷ ᠴᠢᠩᠭ᠎ᠠ ᠬᠢᠵᠠᠭᠠᠷᠯᠠᠯ ᠪᠣᠯᠭᠠᠵᠤ᠂ ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠲᠦᠷᠭᠡᠳᠭᠡᠵᠦ᠍᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠤᠯᠠᠨ ᠡᠱᠢᠴᠢᠯᠡᠨ ᠬᠥᠭ᠌ᠵᠢᠭ᠌ᠰᠡᠨ᠂ ᠤᠯᠠᠨ ᠲᠦᠢᠯ᠎ᠢᠶᠠᠷ ᠲᠤᠯᠭᠠᠭᠤᠷᠢᠯᠠᠭ᠍ᠰᠠᠨ ᠤᠳᠤ ᠦᠶ᠎ᠡ᠎ᠶ᠋ᠢᠨ ᠠᠵᠤ ᠦᠢᠯᠡᠰ᠎ᠤᠨ ᠱᠢᠨ᠎ᠡ ᠱᠢᠰᠲ᠋ᠧᠮ᠎ᠢ ᠢᠳᠡᠪᠬᠢᠲᠡᠶ ᠪᠠᠢᠭᠤᠯᠤᠨ᠎ᠡ᠃ ᠤᠯᠠᠮᠵᠢᠯᠠᠯᠲᠤ ᠳᠠᠪᠠᠭᠤᠯᠢᠭ ᠠᠵᠤ  ᠦᠢᠯᠡᠰ᠎ᠲᠤ ᠰᠠᠭᠤᠷᠢᠯᠠᠨ᠂ ᠤᠯᠠᠮᠵᠢᠯᠠᠯᠲᠤ ᠠᠵᠤ  ᠦᠢᠯᠡᠰ᠎ᠤᠨ ᠪᠣᠬᠢᠷᠲᠤᠯ ᠥᠬᠡᠶ᠂ ᠳᠡᠭᠡᠳᠦ ᠲᠡᠰ᠎ᠤᠨ᠂ ᠤᠶᠤᠨᠴᠢᠯᠠᠬᠤ᠎ᠶ᠋ᠢ ᠠᠬᠢᠭᠤᠯᠤᠨ᠎ᠠ᠃ ᠱᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠠᠬᠤᠶ᠎ᠶ᠋ᠢ ᠬᠠᠮᠠᠭᠠᠯᠠᠬᠤ᠂ ᠠᠮᠢᠳᠤ ᠪᠣᠳᠠᠰ᠎ᠤᠨ ᠡᠮ ᠡᠮᠨᠡᠯᠭᠡ᠂ ᠲᠣᠨᠣᠭ᠍ᠯᠠᠯ ᠦᠢᠯᠡᠳᠬᠦ᠌ ᠵᠡᠷᠭᠡ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠱᠢᠨ᠎ᠡ ᠬᠥᠳᠡᠯᠭᠡᠭ᠌ᠴᠢ ᠡᠨᠧᠷᠭᠢ᠂ ᠱᠢᠨ᠎ᠡ ᠨᠡᠮᠡᠭ᠌ᠳᠡᠯ᠎ᠤᠨ ᠲᠦᠢᠯ᠎ᠢ ᠢᠳᠡᠪᠬᠢᠲᠡᠶ᠎ᠪᠠᠷ ᠪᠤᠢᠵᠢᠭᠤᠯᠤᠨ᠎ᠠ᠃ ᠵᠢᠭᠤᠯᠴᠢᠯᠠᠯ᠎ᠤᠨ ᠠᠵᠤ  ᠦᠢᠯᠡᠰ᠎ᠢ ᠥᠨᠳᠦᠷ ᠡᠬᠢᠯᠡᠯᠲᠡ᠎ᠲᠠᠢ᠎ᠪᠠᠷ ᠨᠠᠷᠢᠯᠢᠬ᠍ᠵᠢᠭᠤᠯᠤᠨ ᠬᠥᠭ᠌ᠵᠢᠭᠦᠯᠵᠦ᠍᠂ ᠦᠢᠯᠡᠳᠪᠦᠷᠢᠯᠡᠯ᠎ᠤᠨ ᠴᠢᠨᠠᠷᠲᠠᠶ ᠦᠶᠯᠡᠴᠢᠯᠡᠭᠡᠨ᠎ᠤ  ᠦᠢᠯᠡᠰ᠎ᠢ ᠲᠤᠰᠭᠠᠢᠵᠢᠬ᠍ᠰᠡᠨ᠂ ᠥᠷᠲᠡᠭ᠎ᠤᠨ ᠬᠡᠯᠬᠢᠶ᠎ᠡ᠎ᠶ᠋ᠢ ᠳᠡᠭᠡᠳᠦ ᠲᠡᠰᠵᠢᠭ᠌ᠰᠡᠨ ᠳᠠᠢᠰᠢ ᠤᠷᠲᠤᠳᠭᠠᠬᠤ᠎ᠶ᠋ᠢ ᠠᠬᠢᠭᠤᠯᠵᠤ᠂ ᠠᠮᠢᠳᠤᠷᠠᠯ᠎ᠤᠨ ᠴᠢᠨᠠᠷᠲᠠᠶ  ᠦᠢᠯᠡᠴᠢᠯᠡᠭᠡᠨ᠎ᠤ  ᠦᠢᠯᠡᠰ᠎ᠤᠨ ᠴᠢᠨᠠᠷ ᠰᠠᠢᠲᠠᠶ᠂ ᠣᠯᠠᠨ ᠬᠡᠯᠪᠡᠷᠢᠵᠢᠭ᠌ᠰᠡᠨ ᠲᠠᠢᠰᠢ ᠲᠠᠰ ᠳᠡᠪᠱᠢᠬᠦ᠌᠎ᠶ᠋ᠢ ᠠᠬᠢᠭᠤᠯᠤᠨ᠎ᠠ᠃ ᠲᠦᠮᠡᠨ ᠮᠦ᠍᠎ᠶ᠋ᠢᠨ ᠲᠦᠬᠦᠭᠡᠷᠦᠮᠵᠢᠲᠦ ᠲᠠᠷᠢᠶᠠᠯᠠᠩ᠎ᠤᠨ ᠰᠠᠭᠤᠷᠢᠨ᠎ᠤ ᠲᠥᠷᠥᠯ ᠵᠦᠢᠯ᠎ᠢ ᠬᠡᠷᠡᠭ᠌ᠵᠢᠭᠦᠯᠵᠦ᠍᠂ ᠤᠳᠤ ᠦᠶ᠎ᠡ᠎ᠶ᠋ᠢᠨ ᠲᠦᠬᠦᠭᠡᠷᠦᠮᠵᠢᠲᠦ ᠦᠵᠦᠮ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠯᠡᠩ ᠲᠣᠭᠤᠷᠢᠭ᠎ᠤᠨ ᠪᠥᠳᠥᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠦᠵᠦᠮ᠎ᠤᠨ ᠤᠷᠲᠤᠳᠭᠠᠭ᠍ᠰᠠᠨ ᠠᠵᠤ ᠦᠢᠯᠡᠰ᠎ᠢ ᠬᠦᠭ᠌ᠵᠢᠭᠦᠯᠦᠨ ᠪᠤᠵᠠᠭᠠᠢᠷᠠᠭᠤᠯᠵᠤ᠂ ᠲᠠᠷᠢᠶᠠᠯᠠᠩ᠎ᠤᠨ ᠴᠢᠨᠠᠷ ᠰᠠᠢᠲᠠᠶ ᠪᠥᠭᠡᠳ ᠥᠨᠳᠥᠷ ᠦᠷ᠎ᠡ ᠦᠷ᠎ᠡ ᠠᠱᠢᠭ᠍ᠳᠠᠢ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠲᠥᠯᠬᠢᠨ ᠠᠬᠢᠭᠤᠯᠤᠨ᠎ᠠ᠃ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌᠎ᠶ᠋ᠢ ᠦᠷᠭᠦᠯᠵᠢᠯᠡᠨ ᠰᠠᠢᠲᠤᠷ ᠠᠳᠭᠤᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠳᠠᠰᠤᠷᠠᠯᠳᠠ ᠦᠬᠡᠢ ᠪᠠᠬᠢᠵᠢᠭᠦᠯᠦᠨ ᠥᠷᠭᠡᠳᠭᠡᠵᠦ᠍᠂ ᠬᠦᠳᠡᠭᠡ ᠲᠤᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠰᠠᠢᠲᠤᠷ ᠬᠢᠨ᠎ᠡ᠃

ᠲᠦᠷᠪᠡ᠎ᠳᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠭᠢ᠎ᠶ᠋ᠢ ᠬᠤᠪᠢᠷᠠᠭᠤᠯᠬᠤ᠎ᠶ᠋ᠢ ᠴᠢᠬᠤᠯᠠᠴᠢᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠪᠣᠯᠤᠨ ᠥᠭᠡᠷᠡᠴᠢᠯᠡᠯᠲᠡ ᠨᠡᠭᠡᠭᠡᠯᠳᠡ᠎ᠶ᠋ᠢ ᠬᠦᠴᠦᠯᠡᠨ ᠰᠠᠢᠲᠤᠷ ᠠᠳᠭᠤᠨ᠎ᠠ᠃ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠎ᠶ᠋ᠢᠨ ᠵᠠᠩᠭᠢᠯᠠᠭ᠎ᠠ ᠪᠣᠯ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠬᠤᠪᠢᠷᠠᠭᠤᠯᠬᠤ ᠶᠠᠪᠤᠳᠠᠯ ᠪᠣᠯᠤᠨ᠎ᠠ᠃ ᠦᠬᠠᠢ ᠬᠤᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌᠎ᠪᠠᠷ ᠭᠤᠣᠯᠳᠠᠯᠭ᠎ᠠ ᠪᠣᠯᠭᠠᠵᠤ᠂ ᠬᠤᠳᠠᠯᠳᠤᠭ᠎ᠠ ᠡᠵᠡᠩᠨᠡᠬᠦ᠌ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌᠎ᠪᠠᠷ ᠰᠠᠭᠤᠷᠢ ᠪᠣᠯᠭᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠭᠠᠳᠠᠭᠠᠳᠤ ᠨᠡᠭᠡᠭᠡᠯᠳᠡ᠎ᠶ᠋ᠢ ᠥᠷᠭᠡᠳᠭᠡᠵᠦ᠍᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠤ ᠠᠮᠢᠵᠢᠷᠠᠯ᠎ᠤᠨ ᠬᠦᠴᠦᠨ᠎ᠢ ᠲᠠᠰᠤᠷᠠᠯᠳᠡ ᠦᠭᠡᠢ ᠨᠡᠮᠡᠭ᠌ᠳᠡᠭᠦᠯᠦᠨ᠎ᠡ᠃ ᠤᠨᠴᠠᠯᠢᠭ᠍ᠳᠤ ᠳᠠᠪᠠᠭᠤᠯᠢᠭ ᠠᠵᠤ  ᠦᠢᠯᠡᠰ᠎ᠤᠨ ᠲᠣᠭᠤᠷᠢᠨ᠎ᠳᠤ᠂ ᠮᠡᠷᠭᠡᠵᠢᠯ᠎ᠤᠨ ᠪᠤᠭᠤᠮᠳᠠ ᠱᠢᠪᠲᠤᠯᠤᠯᠲᠠ᠎ᠶ᠋ᠢ ᠥᠷᠨᠢᠭᠦᠯᠵᠦ᠍᠂ ᠠᠵᠤ  ᠦᠢᠯᠡᠰ᠎ᠤᠨ ᠬᠡᠯᠬᠢᠶ᠎ᠡ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠠᠭᠤᠰᠤᠯᠴᠠᠯ᠎ᠤᠨ ᠱᠢᠨ᠎ᠡ ᠲᠤᠯᠬᠤ ᠴᠡᠭ᠎ᠢ ᠬᠦᠴᠦᠯᠡᠨ ᠪᠣᠶ ᠪᠣᠯᠭᠠᠨ᠎ᠠ᠃ ᠨᠠᠮ᠎ᠤᠨ ᠲᠥᠪ ᠬᠤᠷᠢᠶ᠎ᠠ᠎ᠶ᠋ᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠪᠠᠷᠢᠮᠵᠢᠶᠠᠯᠠᠨ ᠬᠠᠷᠭᠤᠭᠤᠯᠵᠦ᠍᠂ ᠨᠡᠩ ᠤᠯᠠᠨ ᠵᠦᠷᠢᠶᠡᠴᠢᠯᠡᠭ᠌ᠰᠡᠨ᠂ ᠤᠤᠭᠠᠯ ᠪᠦᠳᠦᠭᠡᠯ᠎ᠤᠨ ᠴᠢᠨᠠᠷᠲᠠᠢ ᠪᠠ ᠬᠡᠷᠴᠢᠶᠡᠰᠤ᠎ᠪᠠᠷ ᠪᠠᠭ᠎ᠠ᠂ ᠦᠷ᠎ᠡ ᠠᠱᠢᠭ ᠤᠯᠬᠤ᠎ᠳᠤ ᠲᠦᠷᠭᠡᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠦᠨ᠎ᠡ᠃ ᠬᠠᠲᠤᠨ ᠭᠤᠤᠯ ᠳᠠᠭᠠᠤ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠪᠣᠭᠤᠮᠲᠠ᠎ᠨᠤᠭᠤᠳ᠎ᠤᠨ ᠪᠠᠷᠠᠭᠤᠨ ᠬᠡᠰᠡᠭ᠎ᠤᠨ ᠭᠠᠵᠠᠷ ᠣᠷᠤᠨ᠎ᠤ ᠪᠦᠯᠬᠦᠮ ᠪᠠᠢᠭᠤᠯᠤᠨ ᠬᠥᠭ᠌ᠵᠢᠭᠦᠯᠬᠦ᠌᠎ᠳᠤ ᠢᠳᠡᠪᠬᠢᠲᠡᠶ᠎ᠪᠠᠷ ᠠᠭᠤᠰᠤᠯᠴᠠᠨ᠂ ᠣᠷᠣᠨ ᠪᠦᠰᠡ᠎ᠶ᠋ᠢᠨ ᠬᠠᠮᠲᠤᠷᠠᠨ ᠠᠵᠢᠯᠯᠠᠬᠤ ᠬᠠᠮᠵᠢᠯᠴᠠᠬᠤ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠦᠬᠦ᠌ ᠲᠡᠯ᠎ᠠ᠎ᠪᠠᠷ ᠭᠠᠳᠠᠭ᠍ᠰᠢ ᠨᠡᠭᠡᠬᠡᠯᠳᠡ ᠬᠢᠬᠦ᠌ ᠪᠠᠢᠷᠢᠱᠢᠯ᠎ᠢ ᠬᠦᠴᠦᠯᠡᠨ ᠪᠠᠢᠭᠤᠯᠤᠨ᠎ᠠ᠃ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ 《ᠵᠠᠰᠠᠭ᠎ᠢ ᠴᠤᠮᠬᠠᠳᠭᠠᠨ ᠡᠷᠭᠡ᠎ᠶ᠋ᠢ ᠲᠠᠯᠪᠢᠬᠤ᠂ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠲᠡᠭ᠌ᠵᠢᠬᠦᠯᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠵᠤ ᠠᠬᠤᠢᠯᠠᠯ᠎ᠢ ᠳᠡᠮᠵᠢᠨ ᠠᠵᠤ ᠠᠬᠤᠢᠯᠠᠯ᠎ᠳᠤ ᠠᠱᠢᠭ ᠬᠦᠷᠲᠡᠭᠡᠬᠦ᠂ ᠭᠠᠢᠯᠢ᠎ᠶ᠋ᠢ ᠬᠥᠩᠭᠡᠯᠡᠵᠦ᠍  ᠰᠦᠢᠳᠭᠡᠯ᠎ᠢ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠭᠠᠵᠠᠷ ᠣᠷᠣᠨ᠎ᠤ ᠬᠥᠭ᠌ᠵᠢᠯᠲᠡ᠎ᠶ᠋ᠢᠨ ᠣᠷᠴᠢᠨ ᠲᠣᠭᠤᠷᠢᠨ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠎ᠡ᠃

ᠲᠠᠪᠤ᠎ᠳᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠬᠦ᠌᠎ᠶ᠋ᠢ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠵᠤ ᠰᠠᠢᠵᠢᠷᠠᠭᠤᠯᠤᠨ᠎ᠠ᠃ ᠦᠬᠠᠢ ᠬᠤᠲᠠ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠶ᠋ᠢ ᠡᠩ ᠲᠡᠷᠢᠭᠦᠨ᠎ᠳᠤ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠨᠡᠢᠭᠡᠮ᠎ᠤᠨ ᠦᠢᠯᠡᠰ᠎ᠤᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠢ ᠲᠦᠱᠢᠭ᠌ᠯᠡᠬᠦ᠂ ᠠᠷᠠᠳ ᠲᠦᠮᠡᠨ᠎ᠳᠤ ᠪᠤᠶᠠᠨ ᠦᠢᠯᠡᠳᠬᠦ᠂ ᠠᠷᠠᠳ ᠲᠦᠮᠡᠨ᠎ᠤ ᠳᠤᠮᠳᠠ ᠦᠨᠳᠦᠰᠦᠯᠡᠬᠦ᠌ ᠴᠢᠬᠤᠯᠠ ᠱᠠᠭᠠᠷᠳᠠᠯᠭ᠎ᠠ᠎ᠶ᠋ᠢ ᠦᠨᠡᠨ ᠬᠦ᠌ ᠪᠣᠳᠠᠲᠠᠢ᠎ᠳᠤ ᠨᠠᠢᠳᠠᠪᠤᠷᠢᠵᠢᠭᠤᠯᠤᠨ᠎ᠠ᠃ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠱᠢᠷᠢᠰ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠵᠤ᠂ ᠭᠤᠤᠯ ᠬᠦᠭ ᠠᠶᠠᠰ᠎ᠢ ᠴᠢᠪᠬᠠᠳᠡᠵᠦ᠍᠂ ᠢᠳᠡᠪᠬᠢ ᠬᠦᠴᠦᠨ᠎ᠢ ᠨᠢᠭ᠍ᠲᠠᠷᠠᠭᠤᠯᠤᠨ᠎ᠠ᠃ ᠪᠢᠨ ᠾᠧ ᠲᠤᠭᠤᠷᠢᠭ᠎ᠤᠨ ᠬᠤᠶᠠᠳᠤᠭᠠᠷ ᠬᠤᠭᠤᠴᠠᠭᠠᠨ᠎ᠤ ᠨᠡᠭᠡᠭᠡᠨ ᠬᠥᠭ᠌ᠵᠢᠭᠦᠯᠦᠯᠲᠡ᠎ᠶ᠋ᠢᠨ ᠪᠦᠳᠦᠭᠡᠨ ᠪᠠᠢᠭᠤᠯᠤᠯᠲᠠ᠎ᠶ᠋ᠢ ᠥᠨᠳᠥᠷ ᠪᠠᠷᠢᠮᠵᠢᠶ᠎ᠠ᠎ᠪᠠᠷ ᠡᠬᠢᠯᠡᠭᠦᠯᠵᠦ᠍᠂ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠬᠤᠳᠠ᠎ᠶ᠋ᠢᠨ ᠴᠢᠳᠠᠮᠵᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠬᠦᠳᠡᠭᠡ ᠲᠤᠰᠭᠤᠨ᠎ᠤ ᠪᠥᠳᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ ᠠᠢᠯ ᠲᠣᠰᠭᠤᠨ᠎ᠢ ᠠᠷᠢᠭᠤᠨ ᠴᠡᠪᠡᠷ ᠪᠠᠢᠯᠭᠠᠬᠤ ᠠᠵᠢᠯᠯᠠᠭ᠎ᠠ᠎ᠶ᠋ᠢ ᠪᠠᠢᠩᠭᠤᠵᠢᠭᠤᠯᠬᠤ ᠪᠠ ᠳᠦᠷᠢᠮᠵᠢᠭᠦᠯᠬᠦ᠌᠎ᠶ᠋ᠢ ᠲᠥᠯᠬᠢᠨ ᠠᠬᠢᠭᠤᠯᠤᠨ᠎ᠠ᠃ ᠲᠥᠪ᠎ᠤᠨ ᠲᠣᠭᠤᠷᠢᠨ ᠪᠠᠢᠴᠠᠭᠠᠬᠤ ᠳᠤᠭᠤᠢᠯᠠᠩ᠎ᠤᠨ ᠲᠤᠱᠢᠶᠠᠨ ᠥᠭ᠌ᠴᠦ  ᠱᠢᠢᠳᠪᠦᠷᠢᠯᠡᠭᠦᠯᠬᠦ᠌᠎ᠪᠠᠷ ᠪᠠᠢᠭ᠎ᠠ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠱᠢᠢᠳᠪᠦᠷᠢᠯᠡᠬᠦ᠌ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠵᠤ᠂ ᠳᠠᠪᠬᠤᠷᠳᠠᠭ᠍ᠰᠠᠨ ᠵᠠᠬᠢᠳᠠᠯ ᠰᠤᠷᠪᠤᠯᠵᠢᠯᠠᠯ᠎ᠤᠨ ᠬᠡᠷᠡᠭ ᠪᠠ ᠲᠠᠷᠤᠭ᠍ᠳᠠᠮᠠᠯ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠲᠥᠪᠯᠡᠷᠡᠭᠦᠯᠦᠨ ᠱᠢᠢᠳᠪᠦᠷᠢᠯᠡᠨ᠎ᠡ᠃ ᠪᠥᠬᠦ᠌ ᠤᠯᠤᠰ᠎ᠤᠨ ᠬᠤᠲᠠ᠎ᠶ᠋ᠢᠨ ᠬᠡᠪᠴᠢᠶᠡᠨ᠎ᠳᠠᠬᠢ ᠨᠡᠢᠭᠡᠮ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠠᠵᠢᠯ᠎ᠢ ᠰᠠᠢᠲᠤᠷ ᠬᠢᠵᠦ᠍᠂ ᠥᠨᠳᠥᠷ ᠦᠷ᠎ᠡ ᠪᠦᠲᠦᠮᠵᠢᠲᠡᠶ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠦᠨᠳᠦᠰᠦᠳᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠤᠨ᠎ᠠ᠃ ᠬᠢᠵᠢᠭ᠎ᠢ ᠰᠡᠷᠭᠡᠢᠯᠡᠨ ᠡᠵᠡᠮᠳᠡᠬᠦ᠌ ᠪᠠᠢᠩᠭᠤ᠎ᠶ᠋ᠢᠨ ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠬᠢᠵᠢᠭ᠎ᠢ ᠰᠡᠷᠭᠡᠢᠯᠡᠨ ᠡᠵᠡᠮᠳᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠪᠦᠬᠦ᠌ ᠲᠠᠯ᠎ᠠ᠎ᠪᠠᠷ ᠪᠠᠬᠢᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号