ᠠᠮᠤ ᠪᠤᠳᠠᠭ᠎ᠠ᠎ᠶ᠋ᠢᠨ ᠲᠠᠷᠢᠮᠠᠯ᠎ᠤᠨ ᠲᠠᠯᠠᠪᠠᠶ 398.6 ᠲᠦᠮᠡᠨ ᠮᠥ᠎ᠳᠤ ᠬᠦᠷᠴᠦ᠍᠂ 2019 ᠤᠨ᠎ᠤ᠎ᠬᠢ᠎ᠠᠴᠠ 1.5% ᠪᠠᠷ ᠨᠡᠮᠡᠭ᠌ᠳᠡᠪᠡ; ᠠᠮᠤ ᠪᠤᠳᠠᠭ᠎ᠠ᠎ᠶ᠋ᠢᠨ ᠶᠠᠷᠤᠩᠬᠡᠢ ᠤᠨᠠᠯᠲᠠ 22.2 ᠳ᠋ᠦᠩᠱᠢᠭᠤᠷ ᠺᠢᠯᠣᠭ᠌ᠷᠠᠮ᠎ᠳᠤ ᠬᠦᠷᠴᠦ᠍᠂ 2019 ᠤᠨ᠎ᠤ᠎ᠬᠢ᠎ᠠᠴᠠ 1.6% ᠪᠠᠷ ᠨᠡᠮᠡᠭ᠌ᠳᠡᠪᠡ᠃ 2020 ᠤᠨ᠎ᠳᠤ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤ ᠠᠮᠤ ᠪᠤᠳᠠᠭᠠᠨ᠎ᠤ ᠦᠢᠯᠡᠳᠪᠤᠷᠢᠯᠡᠯ᠎ᠳᠡᠭᠡᠨ ᠡᠢᠨ ᠬᠦ᠌ ᠬᠢᠯᠠᠯᠵᠠᠭ᠍ᠰᠠᠨ ᠠᠮᠵᠢᠯᠳᠠ ᠤᠯᠵᠤ᠂ ᠠᠮᠤ ᠪᠤᠳᠠᠭ᠎ᠠ᠎ᠶ᠋ᠢᠨ ᠶᠠᠷᠦᠩᠬᠡᠢ ᠤᠨᠠᠯᠳᠠ᠎ᠪᠠᠷ 18 ᠵᠢᠯ ᠳᠠᠷᠠᠭᠠᠯᠠᠨ ᠪᠦᠬᠦ᠌ ᠤᠷᠤᠨ᠎ᠤ ᠬᠤᠱᠢᠭᠤ ᠱᠢᠶᠠᠨ (ᠬᠤᠳᠠ᠂ ᠲᠤᠭᠤᠷᠢᠭ) ᠤ ᠲᠤᠳᠤᠷ᠎ᠠ ᠲᠦᠷᠦᠬᠦᠯᠡᠭ᠌ᠰᠡᠨ ᠪᠠᠢᠨ᠎ᠠ᠃
ᠳᠤᠮᠳᠠᠳᠤ ᠤᠯᠤᠰ᠎ᠤᠨ ᠡᠷᠳᠡᠨᠢ ᠱᠢᠰᠢ᠎ᠶ᠋ᠢᠨ ᠱᠢᠵᠢᠷ ᠠᠯᠲᠠᠨ ᠪᠦᠰᠡᠨ᠎ᠳᠤ ᠪᠠᠢᠷᠢᠱᠢᠭᠠ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤ ᠪᠣᠯ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ᠎ᠶ᠋ᠢᠨ ᠥᠢᠯᠡᠳᠪᠥᠷᠢᠯᠡᠯ᠎ᠤᠨ ᠴᠢᠬᠤᠯᠠ ᠰᠠᠭᠤᠷᠢᠨ ᠪᠤᠯᠬᠤ᠎ᠪᠠᠷ ᠪᠠᠷᠠᠬᠤ ᠦᠭᠡᠶ ᠪᠠᠰᠠ ᠴᠤ᠌ ᠪᠦᠬᠦ᠌ ᠤᠯᠤᠰ᠎ᠤᠨ ᠲᠠᠸᠠᠷ᠎ᠤᠨ ᠠᠮᠤ ᠪᠤᠳᠠᠭ᠎ᠠ᠎ᠶ᠋ᠢᠨ ᠦᠢᠯᠡᠳᠪᠦᠷᠢᠯᠡᠯ᠎ᠤᠨ ᠭᠤᠣᠯᠳᠠᠯᠭ᠎ᠠ᠎ᠲᠠᠢ ᠰᠠᠭᠤᠷᠢᠨ ᠪᠤᠯᠬᠤ ᠶᠤᠮ᠃ ᠣᠢᠷ᠎ᠠ᠎ᠶ᠋ᠢᠨ ᠵᠢᠯ᠎ᠠᠴᠠ ᠨᠠᠭᠠᠰᠢ᠂ ᠲᠣᠰ ᠬᠤᠱᠢᠭᠤ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠶ᠋ᠢ ᠴᠢᠬᠤᠯᠠ ᠶᠡᠭᠡ ᠤᠯᠤᠰ ᠲᠥᠷᠥ᠎ᠶ᠋ᠢᠨ ᠡᠬᠦᠷᠭᠡ᠎ᠪᠠᠨ ᠪᠣᠯᠭᠠᠵᠤ᠂ ᠲᠠᠷᠢᠶᠠᠯᠠᠩ᠎ᠤᠨ ᠰᠠᠭᠤᠷᠢ ᠪᠦᠳᠦᠬᠡᠨ ᠪᠠᠢᠭᠤᠯᠤᠯᠳᠠ᠎ᠶ᠋ᠢ ᠴᠢᠩᠭᠠᠳᠭᠠᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠤᠡᠬᠦ᠌ᠶ᠋ᠢ ᠢᠳᠡᠪᠬᠢᠲᠡᠶ ᠠᠬᠢᠭᠤᠯᠵᠤ᠂ ᠲᠠᠷᠢᠶᠠᠯᠠᠩ ᠦᠢᠯᠡᠳᠪᠦᠷᠢᠯᠡᠯ᠎ᠤᠨ ᠨᠥᠬᠦᠴᠡᠯ᠎ᠢ ᠶᠡᠭᠡ᠎ᠪᠠᠷ ᠰᠠᠢᠵᠢᠷᠠᠭᠤᠯᠤᠨ ᠠᠮᠤ ᠪᠤᠳᠠᠭᠠᠨ᠎ᠤ ᠶᠡᠷᠦᠩᠬᠡᠶ ᠦᠢᠯᠡᠳᠪᠦᠷᠢᠯᠡᠯ᠎ᠤᠨ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠠᠢ᠃ ᠢᠯᠡᠩᠭᠤᠶ᠎ᠡ 2020 ᠣᠨ᠎ᠳᠤ᠂ ᠲᠣᠰ ᠬᠤᠱᠢᠭᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠨᠥᠯᠥᠭᠡ ᠵᠢᠴᠢ ᠬᠠᠪᠤᠷ᠎ᠤᠨ ᠤᠯᠠᠷᠢᠯ᠎ᠳᠤ ᠠᠭᠠᠷ᠎ᠤᠨ ᠳᠤᠯᠠᠭᠠᠨ ᠲᠣᠭ᠍ᠲᠠᠭᠤᠨ ᠪᠤᠰᠤ᠂ ᠵᠣᠨ᠎ᠤ ᠤᠯᠠᠷᠢᠯ᠎ᠳᠤ ᠭᠠᠩ ᠬᠠᠭ᠍ᠰᠠᠷᠠᠭᠠᠨ ᠰᠠᠯᠬᠢ ᠮᠥᠨᠳᠥᠷ᠎ᠲᠤ ᠳᠠᠭᠠᠷᠢᠭ᠍ᠳᠠᠬ᠍ᠰᠠᠨ ᠵᠡᠷᠭᠡ ᠠᠱᠢᠭ ᠥᠬᠡᠶ ᠬᠦᠴᠦᠨ ᠵᠦᠢᠯ᠎ᠢ ᠴᠢᠷᠮᠠᠢᠨ ᠢᠯᠡᠨ ᠳᠠᠪᠠᠵᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠪᠠ ᠮᠡᠷᠭᠡᠵᠢᠯ᠎ᠤᠨ ᠦᠢᠯᠡᠴᠢᠯᠡᠭᠡ᠎ᠪᠠᠨ ᠴᠢᠩᠭᠠᠳᠭᠠᠨ᠂ ᠠᠮᠤ ᠪᠤᠳᠠᠭᠠᠨ᠎ᠤ ᠲᠤᠭ᠍ᠳᠠᠭᠤᠨ ᠤᠨᠠᠯᠲᠠ᠎ᠶ᠋ᠢ ᠦᠷᠬᠦᠯᠵᠢᠯᠡᠨ ᠪᠠᠲᠤᠯᠠᠪᠠ᠃
ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ ᠲᠠᠷᠢᠶᠠᠯᠠᠩ᠎ᠤᠨ ᠰᠠᠭᠤᠷᠢ᠎ᠶ᠋ᠢ ᠪᠠᠬᠢᠵᠢᠭᠦᠯᠪᠡ᠃ ᠭᠠᠩ ᠬᠠᠭ᠍ᠰᠠᠷᠠᠭᠠᠨ ᠦᠶᠡᠷ ᠤᠰᠤᠲᠤᠯ᠎ᠳᠤ ᠲᠠᠭᠠᠷᠢᠭ᠍ᠳᠠᠭ᠍ᠰᠠᠨ ᠴᠦ᠍ ᠬᠤᠷᠢᠶᠠᠯᠲᠠ᠎ᠶ᠋ᠢ ᠪᠠᠲᠤᠯᠠᠬᠤ᠂ ᠲᠡᠷᠡ ᠮᠦᠷᠳᠡᠭᠡᠨ ᠥᠨᠳᠥᠷ ᠤᠨᠠᠯᠲᠠ᠎ᠶ᠋ᠢ ᠪᠠᠳᠤᠯᠠᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤ ᠥᠨᠳᠥᠷ ᠥᠷ᠎ᠡ ᠠᠱᠢᠬ᠍ᠳᠤ ᠠᠷᠪᠢᠳᠠᠢ ᠤᠰᠤᠯᠠᠯᠳᠠ᠎ᠶ᠋ᠢᠨ ᠠᠮᠤ ᠪᠤᠳᠠᠭᠠᠨ᠎ᠤ ᠴᠢᠳᠠᠪᠬᠢᠳᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠴᠢᠬᠤᠯᠠ ᠪᠠᠢᠷᠢᠨ᠎ᠳᠤ ᠲᠠᠯᠪᠢᠵᠥ᠍᠂ 370 ᠭᠠᠷᠤᠶ ᠲᠦᠮᠡᠨ ᠮᠥ᠎ᠶ᠋ᠢᠨ ᠥᠨᠳᠥᠷ ᠥᠷ᠎ᠡ ᠠᠱᠢᠬ᠍ᠳᠤ ᠠᠷᠪᠢᠳᠠᠢ ᠤᠰᠤᠯᠠᠯᠳᠠ᠎ᠶ᠋ᠢᠨ ᠲᠠᠷᠢᠶᠠᠨ ᠭᠠᠵᠠᠷ᠎ᠢ ᠪᠦᠳᠦᠬᠡᠨ ᠪᠠᠢᠭᠤᠯᠪᠠ᠃ ᠡᠭᠦᠨ᠎ᠳᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠥᠨᠳᠥᠷ ᠥᠷ᠎ᠡ ᠠᠱᠢᠬ᠍ᠳᠤ ᠠᠷᠪᠢᠳᠠᠢ ᠤᠰᠤᠯᠠᠯᠳᠠ᠎ᠶ᠋ᠢᠨ ᠲᠠᠷᠢᠶᠠᠨ ᠭᠠᠵᠠᠷ 204 ᠲᠦᠮᠡᠨ ᠮᠦ᠍᠎ᠳᠤ ᠬᠦᠷᠴᠥ᠍᠂ 20 ᠰᠤᠮᠤ ᠱᠢᠶᠠᠩ ᠪᠠᠯᠭᠠᠰᠤ (ᠲᠠᠯᠠᠪᠠᠶ)᠂ 329 ᠭᠠᠴᠠᠭ᠎ᠠ ᠲᠣᠰᠭᠤᠨ (ᠬᠤᠪᠢᠶᠠᠷᠢ ᠲᠠᠯᠠᠪᠠᠶ)᠂ 26 ᠲᠦᠮᠡᠨ ᠮᠠᠯᠴᠢᠨ ᠲᠠᠷᠢᠶᠠᠴᠢᠨ᠎ᠢ ᠬᠠᠮᠤᠷᠴᠠᠢ; ᠲᠤᠮᠳᠠᠴᠢ᠎ᠪᠠᠷ ᠵᠢᠯ ᠪᠦᠷᠢ 2 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠨ᠂ ᠮᠦ᠍ ᠳᠤᠮᠳᠠᠴᠢ᠎ᠶ᠋ᠢᠨ ᠠᠮᠤ ᠪᠤᠳᠠᠭᠠᠨ᠎ᠤ ᠤᠨᠠᠯᠲᠠ᠎ᠶ᠋ᠢ 150 ᠺᠢᠯᠣᠭ᠌ᠷᠠᠮ ᠨᠡᠮᠡᠭ᠌ᠳᠡᠬᠦᠯᠵᠤ᠂ ᠪᠥᠬᠦ᠌ ᠣᠷᠣᠨ ᠴᠢᠨᠠᠭ᠍ᠰᠢᠯᠠᠪᠠᠯ ᠪᠥᠬᠦ᠌ ᠤᠯᠤᠰ᠎ᠲᠠᠬᠢ ᠳᠡᠷᠢᠭᠦᠨᠤ ᠥᠨᠳᠥᠷ ᠥᠷ᠎ᠡ ᠠᠱᠢᠬ᠍ᠳᠤ ᠠᠷᠪᠢᠳᠠᠢ ᠤᠰᠤᠯᠠᠯᠳᠠ᠎ᠶ᠋ᠢᠨ ᠠᠮᠢ ᠠᠬᠤᠶ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠪᠦᠳᠦᠬᠡᠨ ᠪᠠᠢᠭᠤᠯᠤᠬ᠍ᠰᠠᠨ ᠪᠠᠢᠨ᠎ᠠ᠃
ᠪᠥᠬᠦ᠌ ᠬᠤᠱᠢᠭᠤᠨ᠎ᠤ ᠬᠤᠵᠢᠷᠯᠢᠭ ᠭᠠᠵᠠᠷ ᠨᠡᠯᠢᠶᠡᠳ ᠣᠯᠠᠨ ᠪᠠᠢᠬᠤ ᠪᠣᠳᠠᠲᠤ ᠪᠠᠢᠳᠠᠯ᠎ᠠᠴᠠ ᠭᠠᠷᠳᠠᠨ ᠲᠦᠪᠱᠢᠨ ᠰᠤᠮᠤ ᠪᠣᠯᠤᠨ ᠬᠤᠸᠠᠲᠤᠭᠤᠯ ᠪᠠᠯᠭᠠᠰᠤᠨ᠎ᠳᠤ ᠡᠩ ᠲᠡᠷᠢᠭᠦᠨ᠎ᠳᠤ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠬᠤ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ ᠬᠡᠷᠡᠭ᠌ᠵᠢᠭᠦᠯᠵᠦ᠍᠂ ᠪᠥᠲᠥᠭᠡᠨ ᠪᠠᠢᠭᠤᠯᠤᠯᠲᠠ᠎ᠶ᠋ᠢᠨ ᠬᠡᠪᠴᠢᠶ᠎ᠡ᠎ᠨᠢ 2 ᠲᠦᠮᠡᠨ ᠮᠥ᠎ᠳᠤ ᠬᠦᠷᠴᠠᠢ᠃ 《ᠭᠤᠷᠪᠠ᠎ᠶ᠋ᠢ ᠨᠢᠭᠡ ᠴᠣᠭ᠍ᠴᠠᠵᠢᠭᠤᠯᠬᠤ》᠂ 《ᠳᠥᠷᠪᠡ᠎ᠶ᠋ᠢ ᠨᠢᠭᠡ ᠴᠣᠭ᠍ᠴᠠᠵᠢᠭᠤᠯᠬᠤ》 ᠵᠡᠷᠭᠡ ᠳᠠᠷᠢᠶᠠᠨ ᠭᠠᠵᠠᠷ᠎ᠢ ᠰᠠᠢᠵᠢᠷᠠᠭᠤᠯᠬᠤ ᠤᠯᠠᠨ ᠠᠷᠭ᠎ᠠ ᠬᠡᠮᠵᠢᠶ᠎ᠡ᠎ᠪᠠᠷ ᠲᠠᠮᠵᠢᠨ ᠬᠤᠵᠢᠷᠯᠢᠭ ᠭᠠᠵᠠᠷ᠎ᠤᠨ PH ᠬᠡᠮᠵᠢᠭ᠌ᠳᠡᠯ᠎ᠢ ᠳᠤᠮᠳᠠᠴᠢ᠎ᠪᠠᠷ 0.3 — 0.8 ᠣᠷᠴᠢᠮ ᠪᠠᠭᠤᠷᠠᠭᠤᠯᠵᠤ᠂ ᠴᠢᠬᠢ ᠪᠠᠷᠢᠬᠤ ᠨᠣᠷᠮ᠎ᠠ᠎ᠶ᠋ᠢ 90 — 95% ᠣᠷᠴᠢᠮ᠎ᠳᠤ ᠬᠦᠷᠭᠡᠨ ᠠᠮᠤ ᠪᠤᠳᠠᠭᠠᠨ᠎ᠤ ᠮᠦ᠍ ᠲᠤᠮᠳᠠᠴᠢ᠎ᠶ᠋ᠢᠨ ᠤᠨᠠᠯᠲᠠ᠎ᠶ᠋ᠢ 20% ᠭᠠᠷᠤᠢ ᠳᠡᠭᠡᠭ᠌ᠰᠢᠯᠡᠭᠦᠯᠵᠤ᠂ ᠪᠠᠷᠠᠭᠤᠨ ᠯᠢᠶᠣᠤ ᠾᠧ ᠭᠤᠤᠯ᠎ᠤᠨ ᠲᠠᠯ᠎ᠠ ᠭᠠᠵᠠᠷ᠎ᠲᠤ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠬᠤ ᠢᠨᠵᠧᠨᠧᠷᠢᠩ᠎ᠢ ᠶᠡᠭᠡ ᠬᠡᠪᠴᠢᠶ᠎ᠡ᠎ᠪᠠᠷ ᠬᠡᠷᠡᠭ᠌ᠵᠢᠭᠦᠯᠬᠦ᠌᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ᠂ ᠥᠯᠢᠭᠡᠷ ᠵᠢᠱ᠌ᠢᠶ᠎ᠡ ᠪᠠ ᠮᠡᠷᠭᠡᠵᠢᠯ᠎ᠤᠨ ᠳᠤᠯᠭᠠᠭᠤᠷᠢᠯᠠᠯ ᠬᠠᠩᠭᠠᠪᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ᠎ᠢ ᠴᠢᠩᠭᠠᠳᠭᠠᠵᠤ᠂ ᠳᠠᠷᠢᠶᠠᠯᠠᠩ᠎ᠤᠨ ᠬᠥᠭ᠌ᠵᠢᠯᠲᠠ᠎ᠶ᠋ᠢ ᠨᠡᠩ ᠡᠷᠴᠢᠮᠵᠢᠭᠦᠯᠪᠡ᠃ ᠣᠢᠷ᠎ᠠ᠎ᠶ᠋ᠢᠨ ᠵᠢᠯ᠎ᠳᠤ ᠲᠣᠰ ᠬᠤᠱᠢᠭᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠬᠡᠵᠢᠯ᠎ᠲᠠᠢ ᠤᠶᠠᠯᠳᠤᠭᠤᠯᠤᠨ 《ᠤᠰᠤ᠎ᠪᠠᠷ ᠪᠣᠷᠲᠣᠭᠤᠷ᠎ᠢ ᠳᠠᠢᠴᠢᠯᠠᠬᠤ᠂ ᠪᠣᠷᠲᠣᠭᠤᠷ᠎ᠢᠶᠠᠷ ᠤᠰᠤ᠎ᠶ᠋ᠢ ᠠᠬᠢᠭᠤᠯᠬᠤ᠂ ᠤᠰᠤ᠎ᠶ᠋ᠢ ᠥᠨᠳᠥᠰᠥᠯᠡᠨ ᠪᠣᠷᠲᠣᠭᠤᠷ ᠣᠷᠣᠭᠤᠯᠬᠤ᠂ ᠤᠰᠤ ᠪᠣᠷᠲᠣᠭᠤᠷ᠎ᠢ ᠤᠶᠠᠯᠳᠤᠭᠤᠯᠬᠤ》 ᠠᠷᠭ᠎ᠠ᠎ᠪᠠᠷ ᠤᠰᠤ ᠪᠣᠷᠲᠣᠭᠤᠷ᠎ᠢ ᠨᠢᠭᠡ ᠴᠣᠭ᠍ᠴᠠᠵᠢᠭᠤᠯᠬᠤ ᠮᠡᠷᠭᠡᠵᠢᠯ᠎ᠢ ᠶᠡᠭᠡ᠎ᠪᠠᠷ ᠳᠡᠯᠭᠡᠷᠡᠭᠦᠯᠵᠦ᠍᠂ ᠭᠦᠢᠬᠡᠨ ᠪᠤᠯᠠᠵᠤ ᠳᠤᠰᠤᠯᠭᠠᠨ ᠤᠰᠤᠯᠠᠬᠤ ᠲᠥᠷᠥᠯ ᠵᠦᠢᠯ᠎ᠤᠨ ᠣᠷᠣᠨ᠎ᠳᠤ ᠡᠨᠡ ᠬᠦ᠌ ᠮᠡᠷᠬᠡᠵᠢᠯ᠎ᠢ ᠲᠦᠬᠡᠮᠡᠯᠵᠢᠬᠦᠯᠦᠭ᠌ᠰᠡᠨ ᠪᠠᠢᠨ᠎ᠠ᠃ ᠵᠤᠷᠬᠠᠯᠠᠨ ᠤᠰᠤᠯᠠᠬᠤ ᠤᠯᠠᠮᠵᠢᠯᠠᠯᠲᠤ ᠠᠷᠭ᠎ᠠ᠎ᠲᠠᠢ ᠬᠠᠷᠢᠴᠠᠭᠤᠯᠪᠠᠯ᠂ ᠤᠰᠤ ᠪᠣᠷᠲᠣᠭᠤᠷ᠎ᠢ ᠨᠢᠭᠡ ᠴᠣᠭ᠍ᠴᠠᠵᠢᠭᠤᠯᠬᠤ ᠮᠡᠷᠭᠡᠵᠢᠯ᠎ᠢ ᠬᠡᠷᠡᠭ᠌ᠯᠡᠭ᠌ᠰᠡᠨ᠎ᠠᠴᠠ ᠮᠥ᠍ ᠪᠦᠷᠢ᠎ᠳᠤ 120 — 160 ᠪᠤᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠪᠤᠯᠵᠤ᠂ ᠬᠢᠮᠢ᠎ᠶ᠋ᠢᠨ ᠪᠤᠷᠳᠤᠭᠤᠷ᠎ᠢ 20% ᠭᠠᠷᠤᠢ ᠠᠷᠪᠢᠯᠠᠵᠤ ᠬᠦᠳᠡᠯᠮᠤᠷᠢ ᠬᠦᠴᠦ᠎ᠶ᠋ᠢ 70% ᠱᠢᠬᠠᠮ ᠠᠷᠪᠢᠯᠠᠬᠤ ᠪᠤᠯᠵᠠᠢ᠃ ᠡᠬᠦᠨ᠎ᠠᠴᠠ ᠭᠠᠳᠠᠨ᠎ᠠ ᠲᠤᠰ ᠬᠤᠱᠢᠭᠤ ᠲᠣᠮᠣ ᠳᠤᠮᠳᠠ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ ᠲᠦᠬᠦᠬᠡᠷᠦᠮᠵᠢ ᠬᠤᠳᠠᠯᠳᠤᠨ ᠣᠷᠣᠭᠤᠯᠬᠤ ᠳᠡᠮᠵᠢᠯᠭᠡ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠨᠡᠢᠲᠡ 1300 ᠭᠠᠷᠤᠶ ᠢᠵᠢ ᠲᠣᠮᠣ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ ᠲᠦᠬᠦᠬᠡᠷᠦᠮᠵᠢ ᠪᠤᠯᠤᠨ 9100 ᠭᠠᠷᠤᠶ ᠢᠵᠢ ᠳᠤᠮᠳᠠ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ ᠲᠦᠬᠦᠬᠡᠷᠦᠮᠵᠢ᠎ᠶ᠋ᠢ ᠠᠱᠢᠬ᠍ᠯᠠᠯᠲᠠ᠎ᠳᠤ ᠤᠷᠤᠭᠤᠯᠵᠤ᠂ ᠲᠠᠷᠢᠶᠠᠨ ᠭᠠᠵᠠᠷ᠎ᠢ ᠬᠠᠭᠠᠯᠪᠤᠷᠢᠯᠡᠵᠤ ᠲᠡᠭ᠌ᠰᠢᠯᠡᠬᠦ᠌᠎ᠠᠴᠠ ᠲᠠᠷᠢᠵᠤ ᠬᠤᠷᠢᠶᠠᠬᠤ ᠬᠦᠷᠳᠡᠯᠡᠬᠢ ᠪᠦᠬᠦ᠌ ᠶᠠᠪᠤᠴᠠ᠎ᠶ᠋ᠢᠨ ᠶᠡᠷᠥᠩᠬᠡᠢᠯᠡᠭ᠌ᠰᠡᠨ ᠮᠠᠱᠢᠨᠴᠢᠯᠡᠯᠲᠠᠶ᠋ᠢᠨ ᠨᠤᠷᠮ᠎ᠠ᠎ᠶ᠋ᠢ 89.02% ᠲᠤ ᠬᠦᠷᠬᠡᠭ᠌ᠰᠡᠨ ᠪᠠᠢᠨ᠎ᠠ᠃