ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ ᠡᠯ᠎ᠡ ᠠᠵᠢᠯ᠎ᠢᠶᠠᠨ ᠨᠠᠩ ᠢᠳᠡᠪᠬᠢᠲᠡᠶ ᠰᠠᠨᠠᠭᠠᠴᠢᠯᠠᠭ᠎ᠠ᠎ᠲᠠᠢ᠎ᠪᠠᠷ ᠴᠢᠷᠮᠠᠢᠨ ᠬᠢᠵᠦ᠍ ᠠᠮᠵᠢᠯᠲᠠ ᠪᠦᠲᠦᠮᠵᠢ ᠭᠠᠷᠭᠠᠨ᠎ᠠ — ᠠᠯᠠᠱᠠ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠸᠠᠨ ᠴᠤᠤ ᠴᠢ᠎ᠶ᠋ᠢ ᠰᠤᠷᠪᠤᠯᠵᠢᠯᠠᠭ᠍ᠰᠠᠨ᠎ᠨᠢ
2021-01-25 11:18:58
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ᠂ ᠠᠯᠠᠱᠠ ᠠᠢᠮᠠᠭ ᠬᠡᠷᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠰᠠᠢᠲᠦᠷ ᠡᠬᠢᠯᠡᠭᠦᠯᠦᠨ᠂ ᠰᠠᠢᠲᠦᠷ ᠠᠯᠬᠤᠬᠤ ᠪᠤᠢ? ᠣᠢᠷ᠎ᠠ᠎ᠳᠤ᠂ ᠰᠤᠷᠪᠤᠯᠵᠢᠯᠠᠭ᠍ᠴᠢ ᠠᠯᠠᠱᠠ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠸᠠᠨ ᠴᠤᠤ ᠴᠢ᠎ᠶ᠋ᠢ ᠰᠤᠷᠪᠤᠯᠵᠢᠯᠠᠪᠠ᠃

ᠸᠠᠨ ᠴᠤᠤ ᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠨᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ ᠪᠣᠯᠤᠨ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠲᠤᠯᠭᠠᠷᠠᠵᠤ ᠪᠠᠢᠭ᠎ᠠ ᠱᠢᠨ᠎ᠡ ᠠᠵᠠ ᠲᠣᠬᠢᠶᠠᠯ ᠱᠢᠨ᠎ᠡ ᠥᠷᠢᠰᠥᠯᠳᠦᠭᠡᠨ᠎ᠢ ᠭᠦᠨᠵᠡᠭᠡᠶ ᠵᠠᠳᠠᠯᠵᠤ᠂ ᠪᠥᠬᠦ᠌ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭ᠎ᠠ ᠪᠣᠯᠤᠨ 2021 ᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠠᠵᠢᠯ᠎ᠢ ᠱᠢᠰᠲ᠋ᠧᠮ᠎ᠲᠠᠢ ᠲᠥᠯᠥᠪᠵᠢᠭᠦᠯᠪᠡ᠂ ᠪᠦᠭᠦᠳᠡ ᠬᠤᠷᠠᠯ᠎ᠨᠢ ᠪᠢᠳᠡ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬ᠍ᠰᠠᠨ᠂ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠴᠢᠬᠤᠯᠠ ᠵᠢᠯᠣᠭᠤᠳᠭᠤ ᠠᠴᠢ ᠬᠤᠯᠪᠣᠭ᠍ᠳᠠᠯ᠎ᠲᠠᠢ ᠭᠡᠵᠦ᠍ ᠭᠡᠯᠡᠪᠡ᠃

ᠸᠠᠨ ᠴᠤᠤ ᠴᠢ᠂ ᠠᠯᠠᠱᠠ ᠠᠢᠮᠠᠭ᠎ᠤᠨ ᠨᠠᠮ᠎ᠤᠨ ᠬᠤᠷᠢᠶ᠎ᠠ ᠪᠦᠬᠦᠲᠡ ᠬᠤᠷᠠᠯ᠎ᠤᠨ ᠵᠤᠷᠢᠭ ᠰᠠᠨᠠᠭ᠎ᠠ᠎ᠶ᠋ᠢ ᠭᠦᠨᠵᠡᠭᠡᠶ ᠰᠠᠢᠲᠦᠷ ᠰᠤᠷᠤᠯᠴᠠᠬᠤ᠂ ᠬᠦᠨᠵᠡᠭᠡᠢ ᠰᠠᠢᠲᠦᠷ ᠤᠢ᠍ᠢᠯᠠᠭᠠᠬᠤ᠂ ᠡᠷᠡᠰ ᠰᠠᠢᠲᠦᠷ ᠲᠤᠭᠤᠱᠢᠯᠠᠭᠤᠯᠬᠤ᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠦ᠍᠂ ᠴᠠᠭ ᠲᠤᠬᠠᠶ᠎ᠳᠤᠨᠢ ᠠᠢᠮᠠᠭ᠎ᠤᠨ ᠨᠠᠮ᠎ᠤᠨ ᠬᠤᠷᠢᠶᠠᠨ᠎ᠤ ᠭᠡᠱᠢᠭᠦᠳ᠎ᠤᠨ ᠬᠤᠷᠠᠯ ᠬᠤᠷᠠᠯᠳᠤᠭᠤᠯᠣᠨ ᠤᠯᠠᠮᠵᠢᠯᠠᠨ ᠰᠤᠷᠤᠯᠴᠠᠵᠦ᠍᠂ ᠪᠠᠢᠷᠢᠯᠠᠭᠤᠯᠤᠨ ᠨᠠᠢᠳᠠᠪᠤᠷᠢᠵᠢᠭᠤᠯᠵᠦ᠍᠂ ᠪᠦᠬᠦ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠣᠳ᠎ᠤᠨ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠵᠣᠬᠢᠴᠠᠬᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ  ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠨ ᠡᠵᠡᠮᠱᠢᠬᠦ᠌᠎ᠶ᠋ᠢ ᠠᠬᠢᠭᠤᠯᠵᠣ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠬᠤᠭᠤᠴᠠᠭ᠎ᠠ ᠪᠠ 2021 ᠣᠨ᠎ᠤ ᠠᠵᠤ ᠠᠬᠤᠶ᠎ᠶ᠋ᠢᠨ ᠠᠵᠢᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠠᠷᠠᠯᠲᠠ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠣᠨᠣᠪᠴᠢᠲᠠᠶ ᠡᠵᠡᠮᠱᠢᠵᠦ᠍᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠯᠠᠱᠠ᠎ᠶ᠋ᠢᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠦᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠦᠨᠳᠦᠷ ᠪᠠᠷᠢᠮᠵᠢᠶ᠎ᠠ᠎ᠪᠠᠷ᠂ ᠴᠢᠨᠠᠷ ᠰᠠᠢᠲᠠᠶ ᠰᠠᠢᠲᠤᠷ ᠨᠠᠢᠷᠠᠭᠤᠯᠤᠨ ᠵᠣᠬᠢᠶᠠᠵᠦ᠍᠂ ᠡᠯ᠎ᠡ ᠵᠦᠢᠯ᠎ᠤᠨ ᠠᠵᠢᠯ᠎ᠢᠶᠠᠨ ᠨᠠᠩ ᠢᠳᠡᠪᠬᠢᠲᠡᠶ ᠰᠠᠨᠠᠭᠠᠴᠢᠯᠠᠭ᠎ᠠ᠎ᠲᠠᠢ᠎ᠪᠠᠷ ᠴᠢᠷᠮᠠᠢᠨ ᠬᠢᠵᠦ᠍ ᠠᠮᠵᠢᠯᠲᠠ ᠪᠦᠲᠦᠮᠵᠢ ᠭᠠᠷᠭᠠᠨ᠎ᠠ ᠭᠡᠵᠦ᠍ ᠢᠯᠡᠷᠭᠡᠢᠯᠡᠪᠡ᠃

ᠨᠢᠭᠡ᠎ᠳᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠢᠮᠠᠭ᠍ᠲᠠ ᠪᠠᠲᠤᠯᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠥᠬᠦᠷᠡᠯ ᠦᠭᠡᠢ ᠴᠢᠩᠭᠠᠳᠭᠠᠨ᠎ᠠ᠃ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠬᠠᠲᠠᠭᠤ ᠬᠢᠵᠠᠭᠠᠷᠯᠠᠯ ᠪᠣᠯᠭᠠᠵᠤ᠂ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬ᠍ᠰᠠᠨ᠂ ᠪᠣᠬᠢᠷᠲᠤᠯ ᠦᠭᠡᠢ ᠬᠥᠭ᠌ᠵᠢᠯᠲᠠ᠎ᠶ᠋ᠢᠨ ᠣᠢᠯᠠᠭᠠᠭ᠍ᠳᠠᠬᠤᠨ᠎ᠢ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠪᠦᠬᠦ᠌ ᠶᠠᠪᠤᠴᠠ᠎ᠳᠤ ᠦᠨᠡᠨ ᠬᠦ᠌ ᠲᠤᠭᠤᠱᠢᠯᠠᠭᠤᠯᠵᠤ᠂ ᠠᠮᠢ ᠠᠬᠤᠢ ᠣᠷᠴᠢᠨ ᠲᠣᠭᠤᠷᠢᠨ᠎ᠢ ᠦᠷᠡᠭ᠌ᠳᠡᠭᠦᠯᠵᠦ᠍ ᠪᠠᠢᠭᠠᠳ ᠠᠵᠤ ᠠᠬᠤᠢ᠎ᠶ᠋ᠢᠨ ᠨᠡᠮᠡᠭ᠌ᠳᠡᠯ᠎ᠢ ᠰᠣᠯᠢᠵᠤ ᠠᠪᠴᠢᠷᠠᠬᠤ ᠠᠷᠭ᠎ᠠ ᠬᠢᠳᠡᠯ᠎ᠢ ᠡᠷᠡᠰ ᠲᠠᠶᠠᠭ᠍ᠳᠠᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠢᠭᠠᠯᠢ᠎ᠶ᠋ᠢᠨ ᠣᠶ᠎ᠶ᠋ᠢ ᠬᠠᠮᠠᠭᠠᠯᠠᠬᠤ᠂ ᠮᠠᠯᠵᠢᠬᠤ᠎ᠶ᠋ᠢ ᠵᠣᠭ᠍ᠰᠣᠭᠠᠨ ᠪᠡᠯᠴᠢᠭᠡᠷ᠎ᠢ ᠰᠡᠷᠭᠦᠭᠡᠬᠦ᠌ ᠵᠡᠷᠭᠡ ᠠᠮᠢ ᠠᠬᠤᠶ᠎ᠶ᠋ᠢᠨ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠦᠬᠠᠶ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠭᠤᠣᠯᠳᠠᠯᠭ᠎ᠠ᠎ᠲᠠᠢ ᠭᠠᠵᠠᠷ ᠣᠷᠣᠨ᠎ᠤ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠢᠭᠡ ᠪᠦᠯᠦᠭ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠤᠣᠯᠳᠠᠯᠭ᠎ᠠ᠎ᠲᠠᠢ ᠲᠥᠷᠥᠯ ᠵᠦᠶᠯ᠎ᠢ ᠬᠡᠷᠡᠭ᠌ᠵᠢᠭᠦᠯᠵᠦ᠍᠂ ᠭᠤᠤᠯ ᠮᠥᠷᠡᠨ᠎ᠤ ᠳᠠᠷᠤᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠮᠠᠨ᠎ᠤ ᠠᠢᠮᠠᠭ᠎ᠤᠨ ᠬᠢᠵᠠᠭᠠᠷ ᠲᠣᠳᠣᠷᠠᠬᠢ ᠬᠠᠲᠤᠨ ᠭᠤᠤᠯ᠂ ᠡᠵᠡᠨ᠎ᠡ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠵᠣ ᠵᠠᠰᠠᠬᠤ ᠪᠣᠯᠤᠨ ᠰᠤᠪᠨᠠᠭᠤᠷ ᠵᠢᠴᠢ ᠪᠤᠰᠤᠳ ᠴᠢᠬᠤᠯᠠ ᠤᠰᠤᠨ ᠴᠣᠭ᠍ᠴᠠ᠎ᠶ᠋ᠢ ᠬᠠᠮᠠᠭᠠᠯᠠᠬᠤ ᠠᠵᠢᠯ᠎ᠢ ᠴᠢᠩᠭᠠᠳᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠡᠷᠡᠰ ᠰᠠᠢᠲᠤᠷ ᠰᠠᠬᠢᠨ ᠬᠠᠮᠠᠭᠠᠯᠠᠨ᠎ᠠ᠃

ᠬᠤᠶᠠᠷ᠎ᠲᠤ᠌᠂ ᠱᠢᠨᠵᠢᠯᠡᠬᠦ᠌ ᠤᠬᠠᠭᠠᠨ ᠲᠧᠭ᠌ᠨᠢᠡ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌᠎ᠪᠠᠷ ᠬᠦᠲᠤᠯᠤᠨ ᠲᠠᠭᠠᠭᠤᠯᠬᠤ᠎ᠶ᠋ᠢ ᠴᠢᠩᠭᠠᠳᠭᠠᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠦᠭ᠌ᠵᠢᠯᠲᠠ᠎ᠶ᠋ᠢ ᠯᠠᠪᠲᠠᠭᠤᠨ ᠪᠠᠲᠤᠲᠠᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠡ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌᠎ᠶ᠋ᠢ ᠴᠢᠨᠠᠷ ᠰᠠᠢᠲᠠᠢ ᠬᠦᠭ᠌ᠵᠢᠯᠲᠠ᠎ᠶ᠋ᠢᠨ ᠱᠢᠨ᠎ᠠ ᠵᠠᠮ᠎ᠢᠶᠠᠷ ᠰᠠᠢᠳᠣᠷ ᠵᠠᠮᠨᠠᠬᠤ ᠪᠠᠢᠯᠲᠤᠬᠤ ᠪᠤᠲᠤᠯᠭ᠎ᠠ᠎ᠶ᠋ᠢᠨ ᠲᠤᠯᠭᠠᠭᠤᠷᠢᠯᠠᠯ ᠪᠣᠯᠭᠠᠬᠤ᠎ᠶ᠋ᠢ ᠪᠠᠷᠢᠮᠲᠠᠯᠠᠵᠤ᠂ 《ᠱᠢᠨᠵᠢᠯᠡᠬᠦ᠌ ᠤᠬᠠᠭᠠᠨ ᠲᠧᠭ᠌ᠨᠢᠡ ᠮᠡᠷᠬᠡᠵᠢᠯ᠎ᠢᠶᠠᠷ ᠦᠪᠤᠷ ᠮᠤᠩᠭᠤᠯ᠎ᠢᠶᠠᠨ ᠮᠠᠨᠲᠤᠭᠤᠯᠬᠤ》 ᠠᠵᠢᠯᠯᠠᠭ᠎ᠠ᠎ᠶ᠋ᠢ ᠬᠦᠨᠵᠡᠬᠡᠢ ᠬᠡᠷᠡᠭ᠌ᠵᠢᠬᠦᠯᠵᠤ᠂ ᠱᠢᠨᠵᠢᠯᠡᠬᠦ᠌ ᠤᠬᠠᠭᠠᠨ ᠲᠧᠭ᠌ᠨᠢᠡ ᠮᠡᠷᠬᠡᠵᠢᠯ᠎ᠤᠨ ᠰᠣᠳᠣᠯᠣᠨ ᠨᠡᠭᠡᠭᠡᠯᠳᠡ᠎ᠳᠠᠬᠢ ᠤᠷᠤᠭᠤᠯᠤᠯᠲᠠ᠎ᠪᠠᠨ ᠨᠡᠮᠡᠭ᠌ᠳᠡᠭᠦᠯᠵᠦ᠍᠂ ᠴᠢᠲᠠᠪᠤᠷᠢᠲᠠᠨ᠎ᠢ ᠣᠷᠣᠭᠤᠯᠣᠨ ᠠᠪᠴᠢᠷᠠᠬᠤ ᠪᠠ ᠬᠦᠮᠤᠵᠢᠬᠦᠯᠬᠦ᠂ ᠱᠢᠨ᠎ᠠ᠎ᠶ᠋ᠢ ᠡᠬᠦᠳᠬᠦ᠌ ᠲᠠᠪᠴᠠᠩ᠎ᠤᠨ ᠪᠠᠢᠭᠤᠯᠤᠯᠲᠠ᠂ ᠵᠠᠩᠬᠢᠯᠠᠭ᠎ᠠ᠎ᠶ᠋ᠢᠨ ᠮᠡᠷᠬᠡᠵᠢᠯ᠎ᠳᠤ ᠪᠣᠭᠤᠮᠳᠠ ᠱᠢᠪᠳᠣᠯᠬᠤ ᠪᠠ ᠲᠠᠬᠡᠲᠤ ᠱᠢᠨ᠎ᠠ ᠮᠡᠷᠬᠡᠵᠢᠯ᠎ᠤᠨ ᠬᠡᠷᠡᠭ᠌ᠯᠡᠯᠳᠡ᠎ᠶ᠋ᠢ ᠴᠢᠩᠭᠠᠳᠭᠠᠵᠣ᠂ ᠠᠵᠣ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳᠡᠭᠡᠳᠦ ᠳᠡᠰᠵᠢᠵᠦ᠍᠂ ᠣᠶᠣᠨᠴᠢᠯᠠᠵᠣ᠂ ᠪᠣᠬᠢᠷᠳᠣᠯ ᠦᠭᠡᠢᠳᠡᠨ ᠬᠦᠭ᠌ᠵᠢᠬᠦ᠌᠎ᠶ᠋ᠢ ᠠᠬᠢᠭᠤᠯᠣᠨ᠎ᠠ᠃ ᠤᠲᠤ᠎ᠶ᠋ᠢᠨ ᠪᠠᠢᠭ᠎ᠠ ᠠᠵᠤ ᠦᠢᠯᠡᠰ᠎ᠤᠨ ᠰᠠᠭᠤᠷᠢ ᠪᠠ ᠲᠠᠪᠠᠭᠤᠯᠢᠭ᠎ᠲᠠᠭᠠᠨ ᠰᠠᠭᠤᠷᠢᠯᠠᠨ᠂ ᠱᠢᠨ᠎ᠠ ᠮᠡᠷᠬᠡᠵᠢᠯ᠂ ᠱᠢᠨ᠎ᠠ ᠡᠵᠡᠩᠨᠡᠯᠲᠠ᠎ᠶ᠋ᠢᠨ ᠪᠠᠢᠲᠠᠯ᠂ ᠱᠢᠨ᠎ᠠ ᠵᠠᠭ᠍ᠪᠤᠷ᠎ᠢ ᠬᠡᠷᠡᠭ᠌ᠯᠡᠨ ᠨᠠᠬᠦᠷᠠᠰᠤ ᠬᠢᠮᠢ᠎ᠶ᠋ᠢᠨ ᠠᠵᠤ ᠦᠢᠯᠡᠳᠪᠤᠷᠢ᠂ ᠲᠠᠪᠤᠰᠤᠨ᠎ᠤ ᠬᠢᠮᠢ᠎ᠶ᠋ᠢᠨ ᠠᠵᠤ ᠦᠢᠯᠡᠳᠪᠤᠷᠢ᠂ ᠨᠠᠷᠢᠯᠢᠭ ᠬᠢᠮᠢ᠎ᠶ᠋ᠢᠨ ᠠᠵᠤ ᠦᠢᠯᠡᠳᠪᠤᠷᠢ ᠵᠡᠷᠬᠡ ᠤᠯᠠᠮᠵᠢᠯᠠᠯᠲᠤ ᠠᠵᠤ ᠦᠢᠯᠡᠰ᠎ᠢ ᠦᠬᠡᠷᠠᠴᠢᠯᠠᠨ ᠲᠠᠬᠡᠭ᠌ᠰᠢᠯᠡᠬᠦᠯᠬᠦ᠌᠎ᠶ᠋ᠢ ᠲᠦᠷᠭᠡᠳᠭᠡᠨ᠎ᠠ; ᠲᠠᠮᠡᠭᠡ᠂ ᠨᠤᠣᠯᠤᠭᠤᠷ᠎ᠤᠨ ᠢᠮᠠᠭ᠎ᠠ᠂ ᠡᠯᠡᠰᠤᠨ ᠤᠷᠭᠤᠮᠠᠯ᠎ᠤᠨ ᠡᠬᠢ ᠪᠠᠶᠠᠯᠢᠭ᠎ᠢ ᠨᠠᠷᠢᠯᠢᠭ ᠡᠳ᠋ᠱᠢᠬᠦᠯᠬᠦ᠌ ᠵᠡᠷᠬᠡ ᠲᠠᠪᠠᠭᠤᠯᠢᠭ ᠤᠨᠴᠠᠯᠢᠭ᠍ᠲᠤ ᠠᠵᠤ ᠦᠢᠯᠡᠰ᠎ᠢ ᠶᠡᠭᠡ᠎ᠪᠠᠷ ᠬᠦᠭ᠌ᠵᠢᠬᠦᠯᠵᠤ᠂ ᠠᠯᠠᠱᠠ᠎ᠶ᠋ᠢᠨ ᠤᠨᠴᠠᠯᠢᠭ᠍ᠲᠤ ᠲᠦᠷᠦᠯ ᠲᠠᠮᠳᠡᠭ᠎ᠢ ᠡᠬᠦᠲᠤᠨ᠎ᠠ; ᠴᠡᠪᠠᠷ ᠡᠨᠧᠷᠬᠢ᠂ ᠱᠢᠨ᠎ᠠ ᠮᠠᠲᠧᠷᠢᠶᠠᠯ᠂ ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠬᠤ ᠵᠡᠷᠬᠡ ᠱᠢᠨ᠎ᠠ᠎ᠪᠠᠷ ᠮᠠᠨᠲᠤᠭ᠍ᠰᠠᠨ ᠠᠵᠤ ᠦᠢᠯᠡᠰ᠎ᠢ ᠪᠤᠢᠵᠢᠭᠤᠯᠤᠨ ᠬᠦᠭ᠌ᠵᠢᠬᠦᠯᠵᠤ᠂ ᠠᠯᠠᠱᠠ᠎ᠳᠤ ᠴᠡᠪᠠᠷ ᠡᠨᠧᠷᠬᠢ᠎ᠶ᠋ᠢᠨ ᠰᠠᠭᠤᠷᠢᠨ᠎ᠤ ᠪᠠᠢᠷᠢᠱᠢᠭᠤᠯᠤᠨ ᠪᠦᠲᠦᠬᠡᠨ ᠪᠠᠢᠭᠤᠯᠬᠤ᠎ᠶ᠋ᠢ ᠢᠲᠠᠪᠬᠢᠲᠠᠢ ᠠᠬᠢᠭᠤᠯᠤᠨ᠎ᠠ; ᠰᠤᠶᠤᠯ ᠵᠢᠭᠤᠯᠴᠢᠯᠠᠯ᠂ ᠪᠤᠭᠤᠮᠲᠠ᠎ᠶ᠋ᠢᠨ ᠠᠷᠠᠯᠵᠢᠶ᠎ᠠ᠂ ᠤᠲᠤ ᠦᠶ᠎ᠠ᠎ᠶ᠋ᠢᠨ ᠪᠤᠲᠠᠰ᠎ᠤᠨ ᠬᠦᠢᠯᠬᠡᠬᠡ ᠵᠡᠷᠬᠡ ᠤᠲᠤ ᠦᠶ᠎ᠠ᠎ᠶ᠋ᠢᠨ ᠦᠢᠯᠠᠴᠢᠯᠡᠬᠡᠨ᠎ᠤ ᠦᠢᠯᠡᠰ᠎ᠢ ᠲᠦᠷᠬᠡᠳᠭᠡᠨ ᠬᠦᠭ᠌ᠵᠢᠬᠦᠯᠵᠤ᠂ ᠤᠯᠠᠨ ᠡᠱᠢᠵᠢᠨ ᠬᠦᠭ᠌ᠵᠢᠭ᠌ᠰᠡᠨ᠂ ᠤᠯᠠᠨ ᠲᠦᠢᠯ᠎ᠢᠶᠠᠷ ᠲᠤᠯᠭᠠᠭᠤᠷᠢᠯᠠᠭ᠍ᠰᠠᠨ ᠪᠤᠬᠢᠷᠲᠤᠯ ᠦᠬᠡᠢ ᠤᠨᠴᠠᠯᠢᠭ᠍ᠲᠤ ᠲᠠᠪᠠᠭᠤᠯᠢᠭ᠍ᠲᠤ ᠤᠲᠤ ᠦᠶ᠎ᠠ᠎ᠶ᠋ᠢᠨ ᠠᠵᠤ ᠦᠢᠯᠡᠰ᠎ᠤᠨ ᠱᠢᠰᠲᠧᠮ᠎ᠢ ᠬᠦᠴᠤᠯᠠᠨ ᠴᠣᠭ᠍ᠴᠠᠯᠠᠨ᠎ᠠ᠃

ᠭᠤᠷᠪᠠ᠎ᠳᠤ᠂ ᠦᠬᠡᠷᠠᠴᠢᠯᠠᠯᠲᠠ ᠨᠡᠬᠡᠬᠡᠯᠲᠠ᠎ᠶ᠋ᠢ ᠪᠦᠬᠦ᠌ ᠲᠠᠯ᠎ᠠ᠎ᠪᠠᠷ ᠬᠦᠨᠵᠡᠬᠡᠢᠷᠠᠬᠦᠯᠵᠤ᠂ ᠤᠯᠤᠰ᠎ᠤᠨ ᠲᠤᠲᠤᠭᠠᠲᠤ ᠭᠠᠳᠠᠭᠠᠳᠣ᠎ᠶ᠋ᠢᠨ ᠬᠤᠤᠰ ᠣᠷᠴᠢᠯ᠎ᠤᠨ ᠱᠢᠨ᠎ᠠ ᠬᠦᠭ᠌ᠵᠢᠯᠲᠠ᠎ᠶ᠋ᠢᠨ ᠪᠠᠢᠷᠢᠱᠢᠯ᠎ᠳᠤ ᠢᠲᠠᠪᠬᠢᠲᠠᠢ ᠠᠭᠤᠰᠤᠨ᠎ᠠ᠃ 《ᠲᠠᠯᠪᠢᠬᠤ ᠬᠠᠮᠢᠶᠠᠷᠬᠤ ᠦᠢᠯᠠᠴᠢᠯᠡᠬᠦ᠌》 ᠦᠬᠡᠷᠠᠴᠢᠯᠠᠯᠲᠠ᠎ᠶ᠋ᠢᠨ ᠡᠷᠴᠢᠮ᠎ᠢᠶᠠᠨ ᠦᠷᠬᠦᠯᠵᠢᠯᠠᠨ ᠴᠢᠩᠭᠠᠷᠠᠭᠤᠯᠵᠤ᠂ ᠬᠦᠴᠦᠨ ᠵᠦᠢᠯ᠎ᠢ ᠵᠠᠬ᠎ᠠ ᠲᠠᠯᠬᠡᠬᠦᠷᠴᠢᠯᠡᠬᠦ᠌ ᠦᠬᠡᠷᠠᠴᠢᠯᠠᠯᠲᠠ᠎ᠶ᠋ᠢᠨ ᠠᠯᠬᠤᠴᠠ᠎ᠪᠠᠨ ᠲᠦᠷᠬᠡᠳᠭᠡᠵᠤ᠂ ᠵᠠᠬ᠎ᠠ ᠲᠠᠯᠬᠡᠬᠦᠷ᠎ᠤᠨ ᠭᠤᠤᠯ ᠴᠤᠭ᠍ᠴᠠ᠎ᠶ᠋ᠢᠨ ᠠᠩᠬᠠᠷᠣᠨ ᠬᠠᠯᠠᠮᠵᠢᠯᠠᠵᠦ᠍ ᠪᠠᠢᠭ᠎ᠠ ᠵᠦᠢᠯ᠎ᠳᠤ ᠠᠩᠬᠠᠷᠤᠯ᠎ᠢᠶᠠᠨ ᠲᠦᠪᠯᠡᠷᠠᠬᠦᠯᠵᠤ᠂ ᠬᠦᠴᠤᠨ ᠊ᠣᠷᠣᠭᠤᠯᠣᠨ ᠬᠤᠲᠠᠯᠲᠤᠭ᠎ᠠ ᠡᠵᠡᠩᠨᠡᠬᠦ᠌ ᠤᠷᠴᠢᠨ ᠨᠦᠬᠦᠴᠠᠯ᠎ᠢ ᠱᠢᠯᠢᠳᠡᠭ᠌ᠵᠢᠬᠦᠯᠵᠤ᠂ ᠡᠷᠬᠡ ᠲᠡᠭ᠌ᠰᠢ᠂ ᠢᠯᠠ ᠲᠤᠲᠤ᠌᠂ ᠨᠡᠬᠡᠬᠡᠯᠲᠠᠲᠤ ᠬᠤᠲᠠᠯᠲᠤᠭ᠎ᠠ ᠡᠵᠡᠩᠨᠡᠬᠦ᠌ ᠤᠷᠴᠢᠨ ᠨᠦᠬᠦᠴᠠᠯ᠎ᠢ ᠪᠦᠬᠦ᠌ ᠬᠦᠴᠤ᠎ᠢᠶᠠᠷ᠎ᠢᠶᠠᠨ ᠴᠣᠭ᠍ᠴᠠᠯᠠᠨ᠎ᠠ᠃ ᠨᠡᠬᠡᠬᠡᠯᠲᠠ ᠬᠢᠵᠦ᠍ ᠬᠠᠮᠲᠤᠷᠠᠨ ᠠᠵᠢᠯᠯᠠᠬᠤ ᠲᠦᠪᠱᠢᠨ᠎ᠢᠶᠠᠨ ᠪᠦᠬᠦ᠌ ᠲᠠᠯ᠎ᠠ᠎ᠪᠠᠷ ᠲᠠᠬᠡᠭ᠌ᠰᠢᠯᠡᠬᠦᠯᠵᠤ᠂ ᠴᠡᠭᠡ ᠪᠤᠭᠤᠮᠲᠠ᠎ᠪᠠᠷ ᠬᠦᠢᠰᠤ ᠪᠤᠯᠭᠠᠵᠤ᠂ ᠡᠵᠠᠨ᠎ᠠ᠎ᠶ᠋ᠢ ᠦᠪᠠᠷᠲᠠᠬᠡᠨ ᠵᠠᠰᠠᠬᠤ ᠤᠷᠤᠨ᠎ᠤ ᠭᠤᠤᠯᠲᠠᠯᠭ᠎ᠠ᠎ᠲᠠᠢ ᠨᠠᠬᠡᠬᠡᠯᠲᠠ ᠬᠢᠬᠦ᠌ ᠲᠤᠷᠱᠢᠯᠲᠠ᠎ᠶ᠋ᠢᠨ ᠣᠷᠣᠨ ᠪᠣᠯᠭᠠᠨ ᠪᠦᠲᠦᠬᠡᠨ ᠪᠠᠢᠭᠤᠯᠬᠤ ᠠᠵᠢᠯ᠎ᠢ ᠲᠦᠷᠬᠡᠳᠭᠡᠨ ᠠᠬᠢᠭᠤᠯᠵᠤ᠂ ᠦᠯᠵᠠᠢ ᠪᠤᠭᠤᠮᠲᠠ᠎ᠶ᠋ᠢᠨ ᠰᠠᠭᠤᠷᠢ ᠲᠦᠬᠦᠬᠡᠷᠤᠮᠵᠢ᠎ᠶ᠋ᠢᠨ ᠪᠦᠲᠦᠬᠡᠨ ᠪᠠᠢᠭᠤᠯᠤᠯᠲᠠ ᠪᠠ ᠪᠤᠭᠤᠮᠲᠠ ᠨᠡᠪᠲᠠᠷᠠᠬᠦᠯᠦᠨ ᠪᠠᠷᠠᠭ᠎ᠠ ᠊ᠦᠩᠭᠡᠷᠡᠬᠦᠯᠬᠦ᠌᠎ᠶ᠋ᠢ ᠪᠦᠬᠦ᠌ ᠬᠦᠴᠤᠨ᠎ᠢᠶᠠᠷ᠎ᠢᠶᠠᠨ ᠠᠬᠢᠭᠤᠯᠵᠤ᠂ ᠲᠤᠬᠠᠢ᠎ᠶ᠋ᠢᠨ ᠭᠠᠵᠠᠷ᠎ᠲᠤᠨᠢ ᠡᠳ᠋ᠱᠢᠬᠦᠯᠤᠨ ᠣᠨᠳᠣᠣᠱᠢᠭᠤᠯᠬᠤ ᠴᠢᠲᠠᠪᠤᠷᠢ᠎ᠪᠠᠨ ᠲᠠᠬᠡᠭ᠌ᠰᠢᠯᠡᠬᠦᠯᠵᠤ᠂ ᠤᠷᠤᠨ ᠪᠦᠰᠠ᠎ᠶ᠋ᠢᠨ ᠬᠠᠮᠲᠤᠷᠠᠯᠴᠠᠭᠠᠨ᠎ᠤ ᠤᠷᠲᠤ ᠬᠤᠭᠤᠴᠠᠭᠠᠨ᠎ᠤ ᠪᠦᠳᠦᠮᠵᠢᠳᠡᠢ ᠲᠤᠭ᠍ᠲᠠᠴᠠ ᠪᠠ ᠬᠠᠮᠵᠢᠯᠴᠠᠨ ᠨᠡᠬᠡᠬᠡᠨ ᠬᠦᠭ᠌ᠵᠢᠬᠦᠯᠬᠦ᠌ ᠲᠤᠭ᠍ᠲᠠᠴᠠ᠎ᠶ᠋ᠢ ᠪᠠᠢᠭᠤᠯᠵᠣ᠂ ᠡᠷᠬᠢᠨ ᠲᠤᠭᠤᠷᠢᠨ᠎ᠤ ᠭᠠᠵᠠᠷ ᠤᠷᠤᠨ᠎ᠯᠤᠭ᠎ᠠ᠎ᠶ᠋ᠢᠨ ᠰᠤᠯᠢᠯᠴᠠᠭ᠎ᠠ ᠬᠠᠮᠲᠤᠷᠠᠯᠴᠠᠭ᠎ᠠ᠎ᠪᠠᠨ ᠦᠷᠬᠦᠯᠵᠢᠯᠠᠨ ᠬᠦᠨᠵᠡᠬᠡᠢᠷᠠᠬᠦᠯᠤᠨ ᠦᠷᠬᠡᠳᠭᠡᠵᠤ᠂ ᠪᠤᠭᠤᠮᠲᠠ᠎ᠪᠠᠷ ᠲᠠᠢᠴᠢᠯᠠᠭ᠍ᠰᠠᠨ᠂ ᠬᠦᠢᠰᠦ ᠭᠠᠵᠠᠷ᠎ᠢᠶᠠᠷ ᠲᠤᠯᠭᠠᠭᠤᠷᠢᠯᠠᠭ᠍ᠰᠠᠨ᠂ ᠬᠢᠯᠢ ᠣᠷᠣᠨ ᠬᠦᠢᠰᠦ ᠭᠠᠵᠠᠷ ᠬᠤᠷᠱᠢᠯᠴᠠᠭ᠍ᠰᠠᠨ ᠱᠢᠨ᠎ᠠ ᠪᠠᠢᠷᠢᠱᠢᠯ᠎ᠢ ᠪᠦᠷᠢᠯᠲᠤᠬᠦᠯᠬᠦ᠌᠎ᠶ᠋ᠢ ᠠᠬᠢᠭᠤᠯᠤᠨ᠎ᠠ᠃

ᠳᠦᠷᠪᠡ᠎ᠳᠤ᠂ ᠠᠷᠠᠳ᠎ᠤᠨ ᠠᠮᠢᠳᠤᠷᠠᠯ᠎ᠢ ᠪᠦᠬᠦ᠌ ᠬᠦᠴᠦᠨ᠎ᠢᠶᠠᠷ᠎ᠢᠶᠠᠨ ᠪᠠᠲᠤᠯᠠᠨ ᠰᠠᠢᠵᠢᠷᠠᠭᠤᠯᠵᠦ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠤᠶᠠᠨ ᠵᠢᠷᠭᠠᠯ᠎ᠢ ᠲᠠᠰᠤᠷᠠᠯᠲᠠ ᠦᠬᠡᠢ ᠨᠡᠮᠡᠭ᠌ᠳᠡᠬᠦᠯᠦᠨ᠎ᠡ᠃ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠬᠢᠨᠠᠮᠠᠭᠠᠢ ᠦᠢᠯᠡᠳᠦᠯᠭᠡᠵᠢᠬᠦᠯᠵᠦ᠍᠂ ᠶᠠᠳᠠᠭᠤ᠎ᠠᠴᠠ ᠠᠩᠬᠢᠵᠢᠷᠠᠭᠤᠯᠬᠤ ᠬᠠᠪᠰᠤᠷᠤᠨ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢᠨ ᠲᠤᠬ᠍ᠲᠠᠭᠤᠨ ᠪᠠᠢᠬᠤ᠎ᠶ᠋ᠢ ᠪᠠᠲᠤᠯᠠᠵᠣ᠂ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠤᠯᠭᠠᠭᠤᠯᠵᠦ᠍᠂ ᠵᠠᠮ ᠬᠠᠷᠢᠯᠴᠠᠭ᠎ᠠ᠂ ᠤᠰᠤᠨ ᠠᠱᠢᠬ᠍ᠯᠠᠯᠲᠠ᠂ ᠴᠠᠬᠢᠯᠭᠠᠨ ᠬᠦᠴᠦ᠍᠂ ᠴᠢᠮᠡᠭᠡ ᠬᠤᠯᠪᠣᠭ᠎ᠠ ᠵᠡᠷᠭᠡ ᠦᠨᠳᠦᠰᠦᠨ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠵᠦ᠍᠂ ᠬᠦᠮᠦᠨ᠎ᠢᠶᠠᠷ ᠭᠤᠤᠯ ᠪᠤᠯᠭᠠᠭ᠍ᠰᠠᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠤᠯᠭᠤᠯᠲᠠ᠎ᠶ᠋ᠢ ᠲᠤᠬ᠍ᠲᠠᠪᠤᠷᠢᠵᠢᠭᠤᠯᠤᠨ ᠦᠷᠭᠡᠳᠭᠡᠵᠦ᠍᠂ ᠨᠡᠢᠬᠡᠮ᠎ᠤᠨ ᠪᠠᠲᠤᠯᠠᠭ᠎ᠠ᠎ᠶ᠋ᠢᠨ ᠱᠢᠰᠲᠧᠮ᠎ᠢ ᠪᠦᠷᠢᠨᠱᠢᠬᠦᠯᠦᠨ ᠳᠡᠬᠦᠯᠳᠡᠷᠵᠢᠬᠦᠯᠵᠦ᠍᠂ ᠨᠡᠢᠬᠡᠮ᠎ᠤᠨ ᠦᠢᠯᠡᠰ᠎ᠤᠨ ᠬᠦᠭ᠌ᠵᠢᠯᠲᠡ᠎ᠶ᠋ᠢᠨ ᠲᠤᠲᠠᠭᠤᠳᠠᠯ᠎ᠢᠶᠠᠨ ᠲᠦᠷᠭᠡᠳᠭᠡᠨ ᠨᠦᠬᠦᠪᠦᠷᠢᠯᠡᠵᠦ᠍᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠤᠯᠠᠨ ᠨᠡᠢᠲᠡ᠎ᠶ᠋ᠢᠨ ᠦᠢᠯᠡᠴᠢᠯᠡᠬᠡᠨ᠎ᠤ ᠲᠦᠪᠱᠢᠨ᠎ᠢᠶᠠᠨ ᠲᠤᠬ᠍ᠲᠠᠭᠤᠨ᠎ᠢᠶᠠᠷ ᠳᠡᠭᠡᠭ᠌ᠰᠢᠯᠡᠬᠦᠯᠵᠦ᠍᠂ ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢ ᠦᠨᠡᠨ ᠬᠦ᠌ ᠴᠢᠩᠭᠠᠳᠭᠠᠵᠦ᠍᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠦᠷᠬᠦᠯᠵᠢᠯᠡᠨ ᠰᠠᠢᠵᠢᠷᠠᠭᠤᠯᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠲᠦ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠲᠠ ᠦᠬᠡᠢ ᠳᠡᠭᠡᠭ᠌ᠰᠢᠯᠡᠬᠦᠯᠦᠨ᠎ᠡ᠃

ᠲᠠᠪᠤ᠎ᠳᠤ᠂ ᠬᠦᠨᠳᠦ ᠶᠡᠭᠡ ᠲᠦᠭ᠌ᠰᠢᠬᠦᠷᠢ᠎ᠶ᠋ᠢ ᠡᠷᠡᠰ ᠰᠡᠷᠭᠡᠢᠯᠡᠨ ᠨᠠᠮᠳᠠᠭᠤᠯᠵᠦ᠍᠂ ᠠᠮᠤᠷ ᠲᠦᠪᠱᠢᠨ᠎ᠢᠶᠠᠷ ᠬᠦᠭ᠌ᠵᠢᠬᠦ᠌ ᠬᠤᠷᠢᠭ᠎ᠠ ᠱᠤᠭᠤᠮ᠎ᠢ ᠪᠠᠲᠦ ᠰᠠᠬᠢᠨ᠎ᠡ᠃ ᠬᠦᠨᠳᠦ ᠶᠡᠭᠡ ᠲᠦᠭ᠌ᠰᠢᠬᠦᠷᠢ᠎ᠢ ᠰᠡᠷᠭᠡᠢᠯᠡᠨ ᠨᠠᠮᠳᠠᠭᠤᠯᠬᠤ᠎ᠶ᠋ᠢ ᠳᠤᠪᠤᠢᠮ᠎ᠠ ᠪᠠᠢᠷᠢᠨ᠎ᠳᠤ ᠲᠠᠯᠪᠢᠵᠦ᠍᠂ ᠪᠠᠢᠩᠭᠤᠵᠢᠬ᠍ᠰᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠤᠬ᠍ᠲᠦ ᠰᠤᠯᠠᠷᠠᠭᠤᠯᠤᠯ ᠦᠬᠡᠢ᠎ᠪᠠᠷ ᠰᠠᠢᠲᠤᠷ ᠠᠳᠭᠤᠵᠦ᠍᠂ ᠲᠤᠮᠳᠠᠳᠦ᠎ᠶ᠋ᠢᠨ ᠦᠨᠳᠦᠰᠦᠲᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠲᠦ ᠴᠤᠬ᠍ᠴᠠᠯᠠᠬᠤ ᠬᠦᠮᠦᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠠ ᠦᠵᠡᠬᠦᠯᠬᠦ᠌ ᠠᠢᠮᠠᠭ᠎ᠢ ᠡᠬᠦᠳᠦᠨ ᠪᠠᠢᠭᠤᠯᠬᠤ ᠠᠵᠢᠯ᠎ᠢ ᠦᠷᠬᠦᠯᠵᠢᠯᠡᠨ ᠬᠦᠨᠵᠡᠬᠡᠢᠷᠡᠬᠦᠯᠵᠦ᠍᠂ ᠠᠢᠮᠠᠭ᠎ᠤᠨ ᠬᠡᠪᠴᠢᠶᠡᠨ᠎ᠳᠠᠬᠢ ᠨᠡᠢᠬᠡᠮ᠎ᠤᠨ ᠵᠠᠰᠠᠯᠲᠠ᠎ᠶ᠋ᠢ ᠤᠳᠤᠬᠢᠴᠢᠯᠠᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠦ᠍᠂ ᠬᠠᠥᠯᠢᠵᠢᠯ᠎ᠤᠨ ᠠᠯᠠᠱᠠ᠂ ᠠᠮᠣᠭᠤᠯᠠᠩᠳᠣ ᠠᠯᠠᠱᠠ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠬᠦᠨᠵᠡᠬᠡᠢᠷᠡᠬᠦᠯᠵᠦ᠍᠂ ᠡᠯ᠎ᠡ ᠵᠦᠢᠯ᠎ᠤᠨ ᠬᠠᠥᠯᠢ᠎ᠠᠴᠠ ᠵᠦᠷᠢᠴᠡᠭ᠌ᠰᠡᠨ ᠶᠠᠯᠠᠳᠣ ᠠᠵᠢᠯᠯᠠᠭ᠎ᠠ᠎ᠳᠤ ᠴᠢᠩᠭ᠎ᠠ ᠴᠤᠬᠢᠯᠲᠠ ᠦᠭ᠌ᠴᠦ᠂ ᠦᠨᠳᠦᠰᠦᠲᠡᠨ᠎ᠨᠦᠭᠦᠳ ᠪᠦᠯᠬᠦᠮᠳᠡᠭ᠌ᠰᠡᠨ᠂ ᠨᠡᠢᠬᠡᠮ ᠡᠶ᠎ᠡ ᠵᠤᠬᠢᠴᠠᠯ᠎ᠲᠠᠢ᠂ ᠬᠢᠯᠢ ᠬᠢᠵᠠᠭᠠᠷ ᠠᠮᠤᠷ ᠲᠤᠬ᠍ᠲᠠᠭᠤᠨ ᠰᠠᠢᠨ ᠰᠠᠢᠬᠠᠨ ᠪᠠᠢᠳᠠᠯ᠎ᠢ ᠪᠠᠬᠢᠵᠢᠬᠦᠯᠦᠨ ᠬᠦᠭ᠌ᠵᠢᠬᠦᠯᠵᠦ᠍᠂ ᠡᠬᠡ ᠤᠯᠤᠰ᠎ᠤᠨ ᠤᠮᠠᠷᠠᠲᠦ ᠬᠢᠯᠢ᠎ᠶ᠋ᠢᠨ ᠠᠮᠤᠷ ᠲᠦᠪᠱᠢᠨ ᠲᠤᠬ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠠᠳᠣ ᠴᠣᠭ᠍ᠴᠠᠯᠠᠨ᠎ᠠ᠃

ᠵᠢᠷᠭᠤᠭ᠎ᠠ᠎ᠳᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠦ᠍᠂ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢ ᠰᠠᠢᠲᠤᠷ ᠡᠬᠢᠯᠡᠬᠦᠯᠬᠦ᠌᠎ᠳᠤ ᠪᠠᠳᠣᠯᠠᠭ᠎ᠠ ᠬᠠᠩᠭᠠᠨ᠎ᠠ᠃ ᠱᠢᠨ᠎ᠡ ᠴᠠᠬ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠦ᠍ ᠨᠠᠮ᠎ᠤᠨ ᠡᠯ᠎ᠡ ᠵᠦᠢᠯ᠎ᠤᠨ ᠪᠠᠢᠭᠤᠯᠤᠯᠲᠠ᠎ᠶ᠋ᠢ ᠰᠠᠢᠲᠤᠷ ᠠᠳᠭᠤᠵᠦ᠍᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠠᠵᠦ᠍ ᠠᠬᠤᠢ ᠨᠡᠢᠬᠡᠮ᠎ᠤᠨ ᠬᠦᠭ᠌ᠵᠢᠯᠲᠡ᠎ᠶ᠋ᠢᠨ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠱᠢᠯᠠᠭᠤᠯᠵᠦ᠍᠂ ᠡᠯ᠎ᠡ ᠱᠠᠲᠦᠨ᠎ᠤ ᠺᠠᠳ᠋ᠷᠴᠣᠳ᠎ᠤᠨ ᠱᠢᠨ᠎ᠡ ᠬᠦᠭ᠌ᠵᠢᠯᠲᠡ᠎ᠶ᠋ᠢᠨ ᠤᠢ᠍ᠢᠯᠠᠭᠠᠬ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠦᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠪᠤᠯᠪᠠᠰᠤᠷᠠᠯ᠎ᠢ ᠦᠷᠬᠦᠯᠵᠢᠯᠡᠨ ᠴᠢᠩᠭᠠᠳᠭᠠᠵᠦ᠍᠂ ᠺᠠᠳ᠋ᠷ᠎ᠤᠨ ᠡᠩᠨᠡᠭᠡ᠎ᠶ᠋ᠢᠨ ᠲᠤᠰᠭᠠᠢᠵᠢᠬᠤ ᠲᠦᠪᠱᠢᠨ᠎ᠢ ᠲᠠᠰᠤᠷᠠᠯᠲᠠ ᠦᠬᠡᠢ ᠳᠡᠭᠡᠭ᠌ᠰᠢᠯᠡᠬᠦᠯᠦᠨ᠎ᠡ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠦᠬᠡᠢ ᠠᠬᠢᠭᠤᠯᠵᠦ᠍᠂ ᠦᠨᠳᠦᠰᠦᠨ ᠱᠠᠲᠦᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠨᠠᠮ᠎ᠤᠨ ᠬᠡᠱᠢᠬᠦᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠦ᠍᠂ ᠴᠦᠬᠦᠷᠡᠯ ᠦᠬᠡᠢ᠎ᠪᠠᠷ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠦ᠎ᠶ᠋ᠢ ᠴᠢᠩᠳᠠᠯᠠᠨ ᠢᠯᠵᠢᠷᠠᠯ᠎ᠢ ᠡᠰᠡᠷᠬᠦᠴᠡᠵᠦ᠍᠂ ᠦᠨᠡᠨ᠎ᠢ ᠪᠠᠷᠢᠮᠳᠠᠯᠠᠨ ᠪᠤᠲᠠᠲᠠᠢ᠎ᠶ᠋ᠢ ᠡᠷᠬᠢᠮᠯᠡᠬᠦ᠂ ᠦᠨᠡᠨ ᠬᠦ᠌ ᠠᠳᠭᠤᠨ ᠪᠤᠲᠠᠲᠠᠢ ᠠᠵᠢᠯᠯᠠᠬᠤ ᠠᠵᠢᠯ᠎ᠤᠨ ᠰᠤᠷᠳᠠᠯ᠎ᠢ ᠶᠡᠭᠡ᠎ᠪᠠᠷ ᠪᠠᠳᠠᠷᠠᠭᠤᠯᠵᠦ᠍᠂ ᠤᠪᠤᠷ ᠲᠦᠪ ᠰᠤᠷᠳᠠᠯ ᠴᠢᠭᠡᠴᠢ ᠤᠯᠤᠰ ᠲᠦᠷᠦ᠎ᠶ᠋ᠢᠨ ᠠᠮᠢ ᠠᠬᠤᠢ᠎ᠶ᠋ᠢ ᠬᠦᠴᠦᠯᠡᠨ ᠪᠦᠷᠢᠯᠳᠦᠬᠦᠯᠵᠦ᠍᠂ ᠱᠢᠨ᠎ᠡ ᠠᠶᠠᠨ ᠵᠠᠮ᠎ᠢ ᠡᠬᠢᠯᠡᠬᠦᠯᠬᠦ᠂ 《ᠠᠷᠪᠠᠨ ᠲᠦᠷᠪᠡᠳᠦᠭᠡᠷ ᠲᠠᠪᠤᠨ ᠵᠢᠯ》 ᠎ᠳᠤ ᠡᠷᠡᠮᠡᠬᠡᠢᠯᠡᠨ ᠤᠷᠤᠬ᠍ᠰᠢᠯᠠᠬᠤ᠎ᠳᠤ ᠪᠠᠲᠦ ᠴᠢᠩᠭ᠎ᠠ ᠪᠠᠲᠤᠯᠠᠭ᠎ᠠ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号