— ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠡᠬᠢᠯᠡᠭ᠌ᠰᠡᠨ᠎ᠳᠤ ᠬᠠᠯᠠᠭᠤᠨ ᠪᠠᠶᠠᠷ ᠬᠦᠷᠭᠡᠶ᠎ᠡ
ᠥᠴᠥᠭᠡᠳᠦᠷ᠂ ᠪᠦᠬᠦ᠌ ᠣᠷᠣᠨ᠎ᠤ ᠠᠷᠠᠳ ᠲᠦᠮᠡᠨ᠎ᠤ ᠠᠩᠬᠠᠷᠤᠯ᠎ᠢ ᠲᠠᠲᠠᠭ᠍ᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠦᠪᠡᠳᠡᠭ᠌ᠰᠢ ᠶᠡᠭᠡ᠎ᠪᠠᠷ ᠡᠬᠢᠯᠡᠪᠡ᠃ ᠪᠦᠬᠦ᠌ ᠣᠷᠣᠨ᠎ᠤ ᠡᠯ᠎ᠡ ᠭᠠᠵᠠᠷ᠂ ᠡᠯ᠎ᠡ ᠹᠷᠣᠨᠲ᠎ᠤᠨ ᠠᠷᠠᠳ᠎ᠤᠨ ᠲᠥᠯᠥᠭᠡᠯᠡᠭ᠌ᠴᠢᠳ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠡᠭᠦᠷᠭᠡᠯᠡᠵᠦ᠍᠂ ᠨᠢᠭᠡ ᠲᠠᠩᠬᠢᠮ᠎ᠳᠤ ᠴᠤᠭ᠍ᠯᠠᠷᠠᠠ᠂ ᠶᠡᠭᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠵᠦ᠍᠂ ᠠᠷᠭ᠎ᠠ ᠪᠤᠳᠤᠯᠭ᠎ᠠ ᠶ᠋ᠢ ᠬᠠᠮᠲᠤ ᠪᠠᠷ ᠰᠦᠪᠡᠭ᠌ᠴᠢᠯᠡᠪᠡ᠃ ᠪᠢᠳᠡ ᠲᠥᠯᠥᠭᠡᠯᠡᠭ᠌ᠴᠢᠳ ᠲᠤ ᠴᠢᠩ ᠰᠡᠳᠭᠢᠯ ᠤᠨ ᠮᠡᠨᠳᠦᠴᠢᠯᠡᠯ ᠬᠦᠷᠭᠡᠵᠦ᠍᠂ ᠶᠡᠭᠡ ᠬᠤᠷᠠᠯ ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
ᠡᠨᠡ ᠤᠳᠠᠭ᠎ᠠ᠎ᠶ᠋ᠢᠨ ᠶᠡᠭᠡ ᠬᠤᠷᠠᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠡᠬᠢᠯᠡᠯᠲᠡ᠎ᠶ᠋ᠢᠨ ᠵᠢᠯ᠂ ᠱᠢᠨ᠎ᠡ ᠠᠶᠠᠯᠠᠯ᠎ᠢᠶᠠᠨ ᠡᠬᠢᠯᠡᠭᠦᠯᠬᠦ᠌ ᠲᠠᠱᠢᠷᠠᠮ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠬᠤ ᠪᠦᠬᠡᠳ ᠮᠠᠨ᠎ᠤ ᠣᠷᠣᠨ᠎ᠤ ᠤᠯᠤᠰ ᠲᠥᠷᠥ᠎ᠶ᠋ᠢᠨ ᠠᠮᠢᠳᠤᠷᠠᠯ᠎ᠳᠠᠬᠢ ᠶᠡᠭᠡ ᠶᠠᠪᠤᠳᠠᠯ ᠪᠣᠯᠤᠨ᠎ᠠ᠃ ᠡᠨᠡ ᠤᠳᠠᠭ᠎ᠠ᠎ᠶ᠋ᠢᠨ ᠶᠡᠭᠡ ᠬᠤᠷᠠᠯ᠎ᠢ ᠰᠠᠢᠲᠤᠷ ᠬᠤᠷᠠᠯᠳᠤᠭᠤᠯᠬᠤ᠎ᠨᠢ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠳᠠᠢᠴᠢᠯᠠᠵᠤ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ ᠣᠳᠣᠬᠢᠴᠢᠯᠠᠭ᠍ᠰᠠᠨ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠎ᠳᠤ ᠲᠦᠢᠯ᠎ᠤᠨ ᠴᠢᠬᠤᠯᠠ ᠠᠴᠢ ᠬᠤᠯᠪᠣᠭ᠍ᠳᠠᠯ᠎ᠲᠠᠢ ᠶᠤᠮ᠃
ᠶᠠᠪᠤᠵᠤ ᠢᠷᠡᠭ᠌ᠰᠡᠨ ᠪᠡᠷᠬᠡ ᠪᠠᠷᠳᠠᠭᠠᠳᠤ ᠵᠠᠮ᠎ᠢᠶᠠᠨ ᠡᠷᠭᠢᠴᠡᠭᠦᠯᠬᠦᠶ᠎ᠡ᠂ ᠤᠭ ᠰᠠᠨᠠᠭ᠎ᠠ ᠪᠠᠳᠤ ᠠᠤᠭ᠎ᠠ ᠠᠮᠵᠢᠯᠳᠠ ᠦᠯᠠᠮᠵᠢ᠃ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠱᠠᠲᠤ ᠦᠶ᠎ᠡ ᠪᠣᠯᠬᠤ ᠪᠥᠭᠡᠳ ᠮᠠᠨ᠎ᠤ ᠣᠷᠣᠨ᠎ᠤ ᠬᠥᠭ᠌ᠵᠢᠯᠲᠡ᠎ᠶ᠋ᠢᠨ ᠠᠬᠢᠴᠠ ᠳᠤᠮᠳᠠᠬᠢ ᠴᠢᠬᠤᠯᠠ ᠲᠡᠦᠬᠡᠲᠦ ᠠᠴᠢ ᠬᠤᠯᠪᠣᠭ᠍ᠳᠠᠯ᠎ᠲᠠᠢ ᠲᠠᠪᠤᠨ ᠵᠢᠯ ᠪᠣᠯᠤᠨ᠎ᠠ᠃ ᠲᠠᠪᠤᠨ ᠵᠢᠯ᠎ᠤᠨ ᠲᠤᠷᠰᠢ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠣᠲᠣᠨᠣ ᠬᠠᠯᠠᠮᠵᠢᠯᠠᠯ ᠪᠠ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠨᠡᠷᠢᠯ᠎ᠳᠤ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ ᠴᠢᠬᠤᠯᠠ ᠶᠡᠭᠡ ᠠᠬᠢᠴᠠ᠎ᠲᠠᠢ ᠪᠣᠯᠪᠠ᠃ ᠢᠯᠠᠩᠭᠤᠶ᠎ᠠ ᠰᠠᠶᠢᠬᠠᠨ ᠥᠩᠭᠡᠷᠡᠭ᠌ᠰᠡᠨ 2020 ᠣᠨ᠎ᠳᠤ᠂ ᠭᠡᠨᠡᠳᠲᠡ ᠡᠭᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠪᠣᠯᠤᠨ ᠵᠠᠭᠤᠨ ᠵᠢᠯ᠎ᠤᠨ ᠬᠤᠪᠢᠰᠤᠯᠳᠠ᠎ᠶ᠋ᠢᠨ ᠪᠠᠢᠳᠠᠯ ᠰᠣᠯᠪᠢᠴᠠᠵᠤ᠂ ᠬᠠᠲᠠᠭᠤ ᠴᠢᠩᠭ᠎ᠠ ᠥᠷᠢᠰᠥᠯᠳᠦᠭᠡᠨ ᠪᠣᠯᠤᠨ ᠤᠯᠠᠨ ᠤᠯᠠᠨ ᠠᠵᠠ ᠲᠣᠬᠢᠶᠠᠯ ᠵᠡᠷᠭᠡ᠎ᠪᠠᠷ ᠣᠷᠣᠱᠢᠵᠤ ᠪᠠᠢᠯ᠎ᠠ᠃ ᠪᠦᠬᠦ᠌ ᠣᠷᠣᠨ ᠳᠠᠶᠠᠭᠠᠷ ᠰᠠᠯᠬᠢ ᠳᠠᠪᠠᠯᠭᠠᠨ᠎ᠢ ᠰᠦᠷᠦᠨ᠂ ᠠᠶᠤᠯ ᠲᠦᠭ᠌ᠰᠢᠭᠦᠷᠢ᠎ᠶ᠋ᠢᠨ ᠳᠤᠮᠳᠠ ᠠᠵᠠ ᠲᠣᠬᠢᠶᠠᠯ᠎ᠢ ᠠᠮᠵᠢᠵᠤ᠂ ᠬᠢᠵᠢᠭ᠎ᠲᠠᠢ ᠲᠡᠮᠡᠴᠡᠵᠦ᠍᠂ ᠬᠥᠭ᠌ᠵᠢᠯᠲᠡ᠎ᠶ᠋ᠢ ᠠᠳᠭᠤᠵᠤ᠂ ᠠᠷᠠᠳ᠎ᠤᠨ ᠠᠮᠢᠳᠤᠷᠠᠯ᠎ᠢ ᠪᠠᠲᠤᠯᠠᠵᠤ᠂ ᠪᠦᠯᠬᠦᠮᠳᠡᠯ᠎ᠢ ᠠᠬᠢᠭᠤᠯᠵᠤ᠂ ᠠᠵᠤ ᠠᠬᠤᠢ ᠦᠷᠭᠦᠯᠵᠢᠯᠡᠨ ᠳᠤᠭ᠍ᠳᠠᠪᠤᠷᠢᠵᠢᠵᠤ᠂ ᠨᠡᠢᠭᠡᠮ ᠡᠶ᠎ᠡ ᠵᠣᠬᠢᠴᠠᠩᠭᠤᠢ ᠲᠣᠭ᠍ᠲᠠᠭᠤᠨ ᠪᠠᠢᠬᠤ᠎ᠶ᠋ᠢ ᠪᠡᠶᠡᠯᠡᠭᠦᠯᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠤᠷᠤᠭ᠍ᠰᠢᠲᠠᠢ ᠪᠡᠶᠡᠯᠡᠭ᠌ᠳᠡᠵᠦ᠍᠂ ᠲᠦᠢᠯ᠎ᠤᠨ ᠶᠡᠷᠦ᠍ ᠪᠤᠰᠤ᠎ᠶ᠋ᠢᠨ ᠵᠢᠯ᠎ᠳᠤ ᠲᠦᠢᠯ᠎ᠤᠨ ᠶᠡᠷᠦ᠍ ᠪᠤᠰᠤ᠎ᠶ᠋ᠢᠨ ᠠᠮᠵᠢᠯᠲᠠ ᠣᠯᠵᠤ᠂ ᠱᠢᠨ᠎ᠡ ᠴᠠᠭ ᠦᠶ᠎ᠡ᠎ᠶ᠋ᠢᠨ ᠱᠢᠨ᠎ᠡ ᠠᠶᠠᠨ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠠᠢ᠃
ᠥᠩᠭᠡᠷᠡᠭ᠌ᠰᠡᠨ ᠨᠢᠭᠡ ᠵᠢᠯ ᠪᠣᠯ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠭ᠍ᠰᠠᠨ ᠨᠢᠭᠡ ᠵᠢᠯ ᠪᠣᠯᠤᠨ᠎ᠠ᠃ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠢᠮᠠᠭ᠍ᠲᠠ ᠤᠯᠤᠰ ᠲᠥᠷᠥ᠎ᠶ᠋ᠢ ᠡᠷᠬᠢᠮᠯᠡᠬᠦ᠌ ᠦᠨᠳᠦᠷᠴᠡ᠎ᠠᠴᠠ ᠠᠵᠢᠯ᠎ᠢᠶᠠᠨ ᠪᠣᠳᠣᠯᠬᠢᠯᠠᠨ ᠠᠬᠢᠭᠤᠯᠵᠤ᠂ ᠠᠵᠢᠯ᠎ᠤᠨ ᠭᠤᠤᠯᠳᠠᠯᠭ᠎ᠠ ᠪᠠ ᠶᠡᠭᠡ ᠲᠠᠯ᠎ᠠ᠎ᠶ᠋ᠢᠨ ᠲᠣᠭᠤᠷᠢᠨ᠎ᠳᠤ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠠᠴᠠ ᠲᠣᠭ᠍ᠲᠠᠭᠠᠭ᠍ᠰᠠᠨ ᠡᠯ᠎ᠡ ᠵᠦᠶᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠨᠢᠭᠡ ᠵᠢᠯ᠎ᠤᠨ ᠲᠤᠷᠰᠢ᠂ 《ᠬᠢᠵᠢᠭ᠎ᠲᠠᠢ ᠲᠡᠮᠡᠴᠡᠬᠦ᠌》 ᠳᠤ ᠬᠠᠤᠯᠢᠵᠢᠯ᠎ᠤᠨ ᠪᠠᠲᠤᠯᠠᠭ᠎ᠠ ᠬᠠᠩᠭᠠᠭ᠍ᠰᠠᠨ᠎ᠠᠴᠠ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 《ᠵᠢᠷᠭᠤᠭ᠎ᠠ᠎ᠶ᠋ᠢ ᠪᠠᠲᠤᠯᠠᠬᠤ》 ᠶ᠋ᠢ ᠪᠡᠶᠡᠯᠡᠭᠦᠯᠬᠦ᠌ ᠬᠦᠷᠲᠡᠯ᠎ᠡ; ᠭᠤᠷᠪᠠᠨ ᠶᠡᠭᠡ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌᠎ᠶ᠋ᠢ ᠬᠦᠴᠦᠲᠡᠢ ᠠᠬᠢᠭᠤᠯᠬᠤ᠎ᠠᠴᠠ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢ ᠬᠠᠤᠯᠢ ᠶᠣᠰᠣᠭᠠᠷ ᠠᠬᠢᠭᠤᠯᠬᠤ ᠬᠦᠷᠲᠡᠯ᠎ᠡ; ᠲᠥᠯᠥᠭᠡᠯᠡᠭ᠌ᠴᠢᠳ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠠᠴᠠ ᠤᠯᠠᠨ ᠲᠦᠮᠡᠨ᠎ᠤ ᠰᠡᠳᠭᠢᠯ ᠵᠣᠪᠠᠵᠤ ᠰᠡᠳᠭᠢᠯ ᠠᠯᠭᠠᠰᠠᠵᠤ ᠪᠠᠢᠭ᠎ᠠ ᠶᠠᠪᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠬᠤ ᠬᠦᠷᠲᠡᠯ᠎ᠡ ᠨᠢᠭᠡ ᠨᠢᠭᠡ ᠬᠤᠪᠢ ᠬᠥᠭ᠌ᠵᠢᠯᠲᠡ᠎ᠶ᠋ᠢᠨ ᠰᠠᠢᠨ ᠪᠤᠳᠤᠯᠭ᠎ᠠ᠂ ᠵᠤᠷᠪᠤᠰ ᠵᠤᠷᠪᠤᠰ ᠵᠦᠪ ᠦᠵᠡᠯᠲᠡ᠂ ᠠᠷᠠᠳ᠎ᠲᠤ ᠠᠱᠢᠭ ᠬᠦᠷᠲᠡᠭᠡᠬᠦ᠌ ᠪᠣᠳᠠᠲᠤ ᠶᠠᠪᠤᠳᠠᠯ᠎ᠤᠳ᠎ᠨᠢ ᠮᠠᠨ᠎ᠤ ᠣᠷᠣᠨ᠎ᠤ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭᠠᠵᠤ᠂ ᠠᠤᠭ᠎ᠠ ᠶᠡᠭᠡ ᠬᠦᠴᠦᠨ ᠴᠢᠳᠠᠯ᠎ᠢ ᠨᠢᠭ᠍ᠲᠠᠷᠠᠭᠤᠯᠵᠠᠢ᠃
ᠠᠯᠤᠰ᠎ᠤᠨ ᠠᠶᠠᠯᠠᠯ ᠦᠷᠭᠦᠯᠵᠢᠯᠡᠭ᠌ᠰᠡᠭᠡᠷ᠂ ᠠᠤᠭ᠎ᠠ ᠪᠠᠢᠳᠠᠯ ᠪᠢᠴᠢᠭ᠌ᠯᠡᠭ᠌ᠳᠡᠭ᠌ᠰᠡᠬᠡᠷ᠃ 2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ ᠪᠤᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠤ ᠡᠬᠢᠯᠡᠯᠲᠡ᠎ᠶ᠋ᠢᠨ ᠵᠢᠯ ᠪᠣᠯᠤᠨ᠎ᠠ᠂ ᠮᠦᠨ ᠴᠦ᠍ ᠥᠪᠥᠷ ᠮᠣᠩᠭᠤᠯ᠎ᠤᠨ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ᠂ ᠪᠣᠬᠢᠷᠲᠤᠯ ᠦᠭᠡᠢ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠨ᠂ ᠨᠡᠩ ᠶᠡᠭᠡ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠵᠢᠯ ᠪᠣᠯᠤᠨ᠎ᠠ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠨ ᠱᠢᠨ᠎ᠡ ᠪᠠᠢᠳᠠᠯ᠎ᠢ ᠡᠭᠦᠳᠬᠦ᠌᠎ᠳᠤ ᠪᠢᠳᠡ ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ᠎ᠶ᠋ᠢ ᠣᠨᠣᠴᠠᠲᠠᠢ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠭᠦᠨᠵᠡᠭᠡᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠲᠦᠷᠭᠡᠨ ᠠᠭᠤᠰᠤᠯᠴᠠᠵᠤ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶᠠᠨ᠎ᠤ ᠥᠪᠥᠷ ᠮᠣᠩᠭᠤᠯ᠎ᠳᠠᠬᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠲᠡᠮᠡᠴᠡᠯ᠎ᠢᠶᠠᠷ ᠲᠡᠦᠬᠡ᠎ᠶ᠋ᠢ ᠡᠭᠦᠳᠤᠨ᠂ ᠪᠣᠳᠠᠲᠤ ᠠᠵᠢᠯ᠎ᠢᠶᠠᠷ ᠢᠷᠡᠭᠡᠳᠦᠢ᠎ᠪᠠᠨ ᠴᠣᠭ᠍ᠴᠠᠯᠠᠬᠤ ᠬᠡᠷᠡᠭ᠌ᠲᠡᠢ᠃ ᠢᠲᠡᠭᠡᠯ ᠵᠣᠷᠢᠭ᠎ᠢᠶᠠᠨ ᠪᠠᠲᠤᠳᠭᠠᠨ᠂ ᠲᠣᠭ᠍ᠲᠠᠯ ᠬᠦᠴᠦᠨ᠎ᠢᠶᠠᠨ ᠪᠠᠲᠤᠯᠠᠵᠤ᠂ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠨ᠂ ᠦᠷᠭᠦᠯᠵᠢᠯᠡᠨ ᠲᠡᠮᠡᠴᠡᠵᠦ᠍᠂ ᠨᠢᠭᠡ ᠨᠢᠭᠡ ᠠᠯᠬᠤᠮ᠎ᠢᠶᠠᠷ ᠤᠷᠤᠭ᠍ᠰᠢᠯᠠᠨ᠂ ᠨᠢᠭᠡ ᠨᠢᠭᠡ ᠵᠦᠢᠯ᠎ᠢᠶᠠᠷ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ 《ᠠᠷᠠᠯ᠎ᠤᠨ ᠱᠠᠷ》 ᠪᠣᠯᠬᠤ᠎ᠪᠠᠷ ᠴᠢᠷᠮᠠᠢᠪᠠᠯ ᠪᠢᠳᠡ ᠯᠠᠪᠲᠠᠢ ᠱᠢᠨ᠎ᠡ ᠠᠮᠵᠢᠯᠲᠠ ᠣᠯᠵᠤ᠂ ᠱᠢᠨ᠎ᠡ ᠢᠷᠠᠭᠤ ᠠᠯᠳᠠᠷ᠎ᠢ ᠡᠬᠦᠳᠦᠨ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠵᠤ ᠴᠢᠳᠠᠨ᠎ᠠ᠃
ᠬᠦᠭᠡ ᠤᠭ᠍ᠳᠠᠷᠭᠤᠢ ᠬᠦᠬᠡᠷᠡᠨ ᠴᠡᠯᠮᠡᠭ᠌ᠰᠢᠵᠤ᠂ ᠠᠭᠤᠯᠠ ᠤᠰᠤᠠ ᠬᠠᠷᠠᠭᠠᠨ᠎ᠠ ᠳᠤᠳᠤᠷᠠᠮᠤᠢ᠃ ᠲᠥᠯᠥᠭᠡᠯᠡᠭ᠌ᠴᠢᠳ ᠮᠠᠨᠢ ᠯᠠᠪᠳᠠᠢ 《ᠬᠠᠷᠢᠭᠤᠴᠠᠯᠭ᠎ᠠ᠎ᠪᠠᠨ ᠰᠡᠳᠭᠢᠯ᠎ᠳᠡᠭᠡᠨ ᠪᠤᠳᠤᠵᠤ᠂ ᠪᠤᠳᠠᠳᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ᠎ᠪᠠᠨ ᠭᠦᠢᠴᠡᠳᠭᠡᠬᠦ᠌》 ᠬᠠᠷᠢᠭᠤᠴᠠᠯᠭᠠᠲᠤ ᠰᠡᠳᠭᠢᠯᠭᠡ᠎ᠪᠠᠷ᠂ 《ᠴᠠᠭ ᠦᠶ᠎ᠠ ᠪᠢᠳᠡᠨ᠎ᠢ ᠬᠦᠯᠢᠶᠡᠬᠦ᠌ ᠦᠭᠡᠢ᠂ ᠥᠷᠯᠥᠭᠡ ᠦᠳᠡᠰᠢ᠎ᠶ᠋ᠢ ᠲᠡᠮᠡᠴᠡᠨ ᠠᠵᠢᠯᠯᠠᠬᠤ》 ᠲᠤᠯᠭᠠᠮ ᠰᠡᠳᠭᠢᠯᠭᠡ᠎ᠪᠠᠷ᠂ 《ᠡᠭᠦᠷᠭᠡ ᠲᠤᠱᠢᠶᠠᠯ᠎ᠢᠶᠠᠨ ᠬᠢᠴᠢᠶᠡᠩᠭᠦ᠋ᠢᠯᠡᠨ ᠭᠦᠢᠴᠡᠳᠭᠡᠵᠦ᠍᠂ ᠥᠷᠯᠥᠭᠡ ᠦᠳᠡᠰᠢ᠎ᠶ᠋ᠢ ᠲᠡᠮᠡᠴᠡᠨ ᠨᠡᠢᠲᠡ᠎ᠶ᠋ᠢᠨ ᠲᠥᠯᠥᠭᠡ ᠠᠵᠢᠯᠯᠠᠬᠤ》 ᠡᠭᠦᠷᠭᠡᠲᠦ ᠰᠡᠳᠭᠢᠯᠭᠡ᠎ᠪᠠᠷ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠳᠤ ᠰᠠᠢᠨ ᠰᠠᠢᠬᠠᠨ ᠰᠠᠨᠠᠯ ᠰᠠᠨᠠᠭᠤᠯᠭ᠎ᠠ ᠳᠤᠷᠠᠳᠴᠦ᠍᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠪᠤᠳᠤᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠶᠡᠭᠡ ᠬᠤᠷᠠᠯ᠎ᠤᠨ ᠵᠢᠱ᠌ᠢᠭ᠌ᠰᠡᠨ ᠡᠯ᠎ᠡ ᠵᠦᠢᠯ᠎ᠤᠨ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠦᠨ᠎ᠡ ᠭᠡᠳᠡᠭ᠎ᠢ ᠪᠢᠳᠡ ᠪᠠᠲᠤ ᠢᠲᠡᠭᠡᠵᠦ᠍ ᠪᠠᠢᠨ᠎ᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠴᠤᠴᠠᠯᠲᠠ ᠦᠭᠡᠢ ᠲᠡᠮᠡᠴᠡᠬᠦ᠌ ᠣᠪᠣᠷ ᠪᠠᠢᠳᠠᠯ᠂ ᠰᠠᠯᠬᠢ ᠪᠣᠷᠣᠭᠠᠨ᠎ᠳᠤ ᠰᠠᠭᠠᠳ ᠦᠭᠡᠢ ᠤᠷᠤᠭ᠍ᠰᠢᠯᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠴᠠᠭ ᠮᠥᠴᠡ᠎ᠲᠠᠢ ᠤᠷᠤᠯᠳᠤᠨ᠂ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠰᠠᠢᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍᠂ ᠱᠢᠯᠢᠳᠡᠭ ᠠᠮᠵᠢᠯᠳᠠ ᠪᠦᠲᠦᠮᠵᠢ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠶ᠎ᠡ᠃
ᠶᠡᠭᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠪᠡᠯᠭᠡᠳᠡᠶ᠎ᠡ!