ᠳᠤᠭ᠎ᠠ ᠪᠠᠷᠢᠮᠳᠠ ᠪᠤᠶᠤ ᠡᠷᠴᠢ ᠵᠤᠷᠢᠭ
2021-01-28 17:02:33
ᠵᠣᠬᠢᠶᠠᠭ᠍ᠴᠢ᠄
ᠴᠤᠭ᠍ᠵᠢᠯᠮ᠎ᠠ
ᠣᠩᠱᠢᠭ᠍ᠰᠠᠨ ᠣᠳᠠᠭ᠎ᠠ᠄
★★★☆☆

ᠳᠤᠭ᠎ᠠ ᠪᠠᠷᠢᠮᠳᠠ ᠬᠡᠳᠦ᠋ᠢᠪᠡᠷ ᠬᠦᠮᠦᠰ᠎ᠲᠤ ᠱᠢᠯᠦᠭ ᠤᠶᠠᠩᠭ᠎ᠠ ᠱᠢᠬ ᠰᠤᠨᠢᠷᠬᠠᠯ᠎ᠲᠠᠢ ᠰᠠᠢᠬᠠᠨ ᠳᠦᠷᠦᠭ᠌ᠳᠡᠯ ᠦᠭ᠌ᠬᠦ ᠦᠬᠡᠢ ᠴᠤ᠌᠂ ᠵᠠᠩᠬᠢᠯᠠᠭ᠎ᠠ᠎ᠶ᠋ᠢᠨ ᠦᠶ᠎ᠠ᠎ᠳᠠᠬᠢ ᠢᠳᠡ ᠳᠤᠷᠪᠢᠯᠢᠭ ᠳᠤᠭ᠎ᠠ ᠪᠠᠷᠢᠮᠳᠠ᠎ᠨᠢ ᠬᠦᠮᠦᠠ᠎ᠤ ᠡᠷᠴᠢ ᠵᠤᠷᠢᠭ᠎ᠢ ᠬᠦᠪᠴᠢᠯᠡᠬᠦ᠌ ᠤᠴᠢᠷᠳᠠᠢ᠃ ᠤᠷᠤᠨ ᠳᠠᠶᠠᠭᠠᠷ᠎ᠤᠨ ᠠᠩᠬᠠᠷᠤᠯ ᠳᠦᠪᠯᠡᠷᠡᠯ ᠪᠤᠯᠤᠭ᠍ᠰᠠᠨ ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ ᠳᠡᠬᠡᠷ᠎ᠠ ᠪᠦ᠋ ᠱᠢᠶᠤᠤ ᠯᠢᠨ ᠳᠡᠷᠢᠬᠦᠯᠡᠭ᠌ᠴᠢ᠎ᠶ᠋ᠢᠨ ᠬᠢᠭ᠌ᠰᠡᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》 ᠮᠠᠨ᠎ᠤ ᠤᠷᠤᠨ᠎ᠤ ᠠᠮᠵᠢᠯᠳᠠ᠎ᠶ᠋ᠢᠨ ᠠᠯᠳᠠᠨ ᠬᠠᠭᠤᠳᠠᠰᠤ᠎ᠶ᠋ᠢ ᠳᠡᠯᠭᠡᠵᠦ᠍᠂ ᠢᠷᠡᠭᠡᠳᠤᠢ᠎ᠶ᠋ᠢᠨ ᠭᠡᠭᠡᠨ ᠬᠦᠭ᠌ᠵᠢᠯᠳᠠ᠎ᠶ᠋ᠢ ᠵᠢᠷᠤᠭ᠍ᠯᠠᠨ ᠪᠠᠢᠭ᠎ᠠ ᠪᠤᠯᠬᠤᠷ ᠬᠠᠮᠤᠭ ᠲᠦᠮᠨᠨ᠎ᠳᠤ ᠢᠳᠡᠭᠡᠯ ᠵᠤᠷᠢᠭ ᠤᠯᠭᠤᠵᠦ᠍ ᠪᠤᠢ᠃

ᠮᠠᠨ᠎ᠤ ᠤᠷᠤᠨ᠎ᠤ᠎ᠬᠢᠨ ᠱᠢᠨ᠎ᠠ ᠬᠦᠭ᠌ᠵᠢᠯᠳᠠ᠎ᠶ᠋ᠢᠨ ᠤᠢᠯᠠᠭᠠᠭ᠍ᠳᠠᠬᠤᠨ᠎ᠢ ᠬᠢᠨᠠᠮᠠᠭᠠᠢ ᠳᠤᠭᠤᠱᠢᠯᠠᠭᠤᠯᠤᠨ ᠬᠦᠭ᠌ᠵᠢᠯᠳᠠ᠎ᠶ᠋ᠢᠨ ᠠᠷᠭ᠎ᠠ ᠭᠡᠯᠪᠡᠷᠢ᠎ᠪᠠᠨ ᠬᠦᠴᠦᠯᠠᠨ ᠬᠤᠪᠢᠷᠠᠭᠤᠯᠵᠦ᠍᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠡᠨ ᠪᠤᠬᠢᠷᠳᠤᠯ ᠦᠭᠡᠢ ᠬᠦᠭ᠌ᠵᠢᠯᠳᠠ᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠠ᠎ᠶ᠋ᠢᠨ ᠱᠢᠨ᠎ᠠ ᠵᠠᠮ᠎ᠢ ᠢᠳᠡᠪᠬᠢᠳᠠᠢ ᠬᠠᠢᠨ ᠰᠦᠪᠡᠭ᠌ᠴᠢᠯᠡᠵᠦ᠍ 《ᠠᠷᠪᠠᠨ ᠭᠤᠷᠪᠠᠳᠤᠭᠠᠷ ᠳᠠᠪᠤᠨ ᠵᠢᠯ》 ᠎ᠢᠶᠠᠨ ᠳᠡᠬᠦᠰ ᠠᠮᠵᠢᠯᠳᠠ᠎ᠲᠠᠢ ᠰᠡᠬᠦᠯ ᠬᠤᠷᠢᠶᠠᠭ᠍ᠰᠠᠨ ᠪᠤᠯ ᠬᠦᠰᠡᠯ ᠢᠷᠡᠭᠡᠳᠤᠢ᠎ᠶ᠋ᠢᠨ ᠠᠤᠭ᠎ᠠ ᠳᠦᠰᠦᠪ᠎ᠢ ᠵᠢᠷᠤᠭ᠍ᠯᠠᠭ᠍ᠰᠠᠨ 《ᠠᠷᠪᠠᠨ ᠳᠦᠷᠪᠡᠳᠤᠭᠡᠷ ᠳᠠᠪᠤᠨ ᠵᠢᠯ》 ᠎ᠢᠶᠠᠨ ᠰᠦᠷ ᠵᠢᠪᠬᠤᠭᠠᠯᠢᠭ ᠡᠬᠢᠯᠡᠬᠦᠯᠬᠦ᠌᠎ᠳᠤ ᠤᠮᠤᠭ ᠳᠡᠬᠦᠯᠳᠡᠷ ᠪᠠᠢᠭ᠎ᠠ᠃ ᠬᠦᠮᠦᠨ ᠳᠤᠮᠳᠠᠴᠢ᠎ᠶ᠋ᠢᠨ ᠤᠢᠯᠡᠳᠪᠤᠷᠢᠯᠡᠯ᠎ᠤᠨ ᠶᠠᠷᠦᠩᠭᠡᠢ ᠦᠷᠳᠡᠭ ᠳᠦᠮᠡᠨ ᠳ᠋ᠤᠯᠯᠠᠷ᠎ᠢ ᠳᠠᠪᠠᠭ᠍ᠰᠠᠨ; 80 ᠬᠤᠱᠢᠭᠤ ᠱᠢᠶᠠᠨ᠎ᠳᠤ ᠶᠠᠳᠠᠭᠤ᠎ᠠᠴᠠ ᠰᠡᠷᠭᠡᠢᠯᠡᠬᠦ᠌ ᠳᠠᠭᠠᠳᠭᠠᠯ ᠭᠡᠷᠡᠭ᠌ᠵᠢᠬᠦᠯᠦᠭ᠌ᠳᠡᠭ᠌ᠰᠠᠨ; ᠠᠮᠤ ᠪᠤᠳᠠᠭ᠎ᠠ 17 ᠵᠢᠯ ᠳᠠᠷᠠᠭᠠᠯᠠᠨ ᠡᠯᠪᠡᠭ ᠬᠤᠷᠢᠶᠠᠯᠳᠠ ᠤᠯᠤᠭ᠍ᠰᠠᠨ; ᠤᠢ ᠱᠢᠭᠤᠢ ᠪᠠ ᠨᠤᠳᠤᠭ ᠪᠡᠯᠴᠢᠭᠡᠷ᠎ᠤᠨ ᠪᠦᠳᠦᠭᠡᠨ ᠪᠠᠢᠭᠤᠯᠤᠯᠳᠠ ᠵᠢᠴᠢ ᠡᠯᠡᠰᠤᠷᠭᠡᠭ᠌ᠵᠢᠭ᠌ᠰᠡᠨ ᠬᠦᠷᠦᠰᠦ ᠱᠢᠷᠤᠢ᠎ᠶ᠋ᠢ ᠵᠠᠰᠠᠭ᠍ᠰᠠᠨ ᠳᠠᠯᠠᠪᠠᠢ ᠪᠦᠬᠦ᠌ ᠤᠯᠤᠰ᠎ᠤᠨ ᠳᠡᠷᠢᠬᠦᠨ᠎ᠳᠤ ᠤᠷᠤᠭ᠍ᠰᠠᠨ; ᠴᠠᠬᠢᠯᠭᠠᠨ ᠭᠠᠷᠭᠠᠯᠳᠠ᠎ᠶ᠋ᠢᠨ ᠭᠡᠮᠵᠢᠶ᠎ᠠ ᠪᠤᠯᠤᠨ ᠭᠠᠳᠠᠭ᠍ᠰᠢ ᠳᠠᠮᠵᠢᠭᠤᠯᠬᠤ ᠴᠠᠬᠢᠯᠭᠠᠨ᠎ᠤ ᠭᠡᠮᠵᠢᠶ᠎ᠠ ᠪᠦᠬᠦ᠌ ᠤᠯᠤᠰ᠎ᠤᠨ ᠳᠡᠷᠢᠬᠦᠨ᠎ᠳᠤ ᠤᠷᠤᠭ᠍ᠰᠠᠨ ᠵᠡᠷᠭᠡ ᠳᠤᠭ᠎ᠠ ᠪᠠᠷᠢᠮᠳᠠ ᠬᠦᠮᠦᠰ᠎ᠤᠨ ᠠᠩᠬᠠᠷᠤᠯ᠎ᠳᠤ ᠬᠦᠷᠴᠦ᠍ ᠪᠠᠢᠭ᠎ᠠ ᠪᠦᠬᠡᠳ ᠤᠷᠤᠨ ᠨᠤᠳᠤᠭ᠎ᠤᠨ ᠤᠢᠯᠡᠳᠪᠤᠷᠢᠯᠡᠯ᠎ᠤᠨ ᠶᠡᠷᠦᠩᠭᠡᠢ ᠦᠷᠳᠡᠭ᠎ᠢ 6% ᠤᠷᠴᠢᠮ ᠨᠡᠮᠡᠭ᠌ᠳᠡᠬᠦᠯᠬᠦ᠂ ᠨᠢᠭᠡᠴᠢ ᠤᠷᠤᠨ ᠨᠤᠳᠤᠭ᠎ᠤᠨ ᠤᠢᠯᠡᠳᠪᠤᠷᠢᠯᠡᠯ᠎ᠤᠨ ᠶᠠᠷᠦᠩᠭᠡᠢ ᠦᠷᠳᠡᠭ᠎ᠲᠠᠬᠢ ᠡᠨᠧᠷᠬᠢ᠎ᠶ᠋ᠢᠨ ᠬᠤᠷᠤᠭ᠍ᠳᠠᠭᠤᠯᠤᠯ᠎ᠢ 3% ᠪᠠᠭᠤᠷᠠᠭᠤᠯᠬᠤ᠂ ᠬᠦᠳᠡᠭᠡ ᠳᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠶ᠋ᠢ ᠪᠦᠬᠦ᠌ ᠳᠠᠯ᠎ᠠ᠎ᠪᠠᠷ ᠠᠬᠢᠭᠤᠯᠬᠤ᠂ ᠠᠮᠢ ᠠᠬᠤᠢ ᠤᠷᠴᠢᠨ ᠳᠤᠭᠤᠷᠢᠨ᠎ᠤ ᠶᠠᠰᠤ ᠴᠢᠨᠠᠷ᠎ᠢ ᠦᠷᠬᠦᠯᠵᠢᠯᠡᠨ ᠰᠠᠢᠵᠢᠷᠠᠭᠤᠯᠬᠤ ᠵᠡᠷᠭᠡ ᠬᠠᠷᠠᠯᠳᠠ ᠵᠤᠷᠢᠯᠳᠠ ᠬᠢᠭᠡᠳ ᠱᠢᠭᠤᠷᠬᠠᠢ ᠠᠮᠠᠯᠠᠯᠳᠠ᠎ᠨᠢ ᠬᠦᠮᠦᠰ᠎ᠲᠤ ᠡᠷᠴᠢ ᠬᠦᠴᠦᠨ᠎ᠤ ᠤᠨᠳᠤᠷᠤᠭ᠎ᠠ ᠪᠤᠯᠵᠦ᠍ ᠪᠠᠢᠭ᠎ᠠ ᠬᠡᠯᠳᠠᠢ᠃

ᠬᠠᠷᠠᠯᠳᠠ ᠡᠬᠦᠷᠬᠡ ᠳᠤᠳᠤᠷᠬᠠᠢ ᠪᠤᠯᠤᠯ᠎ᠠ᠂ ᠪᠢᠳᠠ ᠴᠦᠬᠦᠷᠡᠯ ᠦᠬᠡᠢ ᠴᠢᠷᠮᠠᠢᠨ ᠠᠵᠢᠯᠯᠠᠪᠠᠯ ᠦᠬᠡᠷ ᠵᠢᠯ᠎ᠢᠶᠠᠨ ᠦᠩᠬᠡ᠎ᠲᠠᠢ ᠦᠬᠡᠳᠡ᠎ᠲᠠᠢ ᠦᠩᠬᠡᠷᠡᠬᠦᠯᠵᠤ᠂ ᠠᠯᠤᠰ ᠢᠷᠡᠬᠡᠳᠦᠢ ᠮᠠᠨᠢ ᠨᠡᠩ ᠬᠡᠬᠡᠨ ᠰᠠᠷᠠᠭᠤᠯ ᠪᠤᠯᠬᠤ᠎ᠨᠢ ᠯᠠᠪᠳᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号