ᠦᠩᠬᠡᠷᠡᠭ᠌ᠰᠡᠨ᠎ᠢᠶᠠᠨ ᠡᠷᠬᠢᠴᠡᠬᠦᠯᠦᠨ ᠳ᠋ᠦᠩᠨᠡᠬᠦ᠌᠎ᠨᠢ ᠨᠡᠩ ᠰᠠᠢᠨ ᠠᠯᠤᠰ ᠢᠷᠡᠬᠡᠳᠦᠢ᠎ᠶ᠋ᠢ ᠡᠬᠦᠳᠬᠦ᠌᠎ᠶ᠋ᠢᠨ ᠲᠦᠯᠦᠬᠡ᠃
ᠦᠩᠭᠡᠷᠡᠭ᠌ᠰᠡᠨ 5 ᠵᠢᠯ᠎ᠳᠤ᠂ ᠮᠠᠨ᠎ᠤ ᠤᠷᠤᠨ᠎ᠤ ᠬᠦᠮᠦᠨ ᠲᠤᠮᠳᠠᠴᠢ᠎ᠶ᠋ᠢᠨ ᠤᠷᠤᠨ ᠨᠤᠳᠤᠬ᠎ᠤᠨ ᠦᠢᠯᠡᠳᠪᠦᠷᠢᠯᠡᠯ᠎ᠤᠨ ᠶᠡᠷᠦᠩᠬᠡᠢ ᠦᠷᠳᠡᠭ 1 ᠲᠦᠮᠡᠨ ᠳ᠋ᠤᠯᠯᠠᠷ᠎ᠢ ᠲᠠᠪᠠᠵᠦ᠍᠂ ᠠᠮᠤ ᠪᠤᠳᠠᠭᠠᠨ᠎ᠤ ᠤᠨᠠᠯᠳᠠ ᠲᠠᠷᠠᠭᠠᠯᠠᠨ 17 ᠵᠢᠯ ᠡᠯᠪᠡᠭ ᠬᠤᠷᠢᠶᠠᠯᠳᠠ ᠣᠯᠵᠣ᠂ ᠮᠠᠯ ᠠᠵᠦ᠍ ᠠᠬᠤᠢ᠎ᠶ᠋ᠢᠨ ᠦᠢᠯᠡᠳᠪᠦᠷᠢᠯᠡᠯ ᠳᠠᠷᠠᠭᠠᠯᠠᠨ 16 ᠵᠢᠯ ᠲᠤᠭ᠍ᠳᠠᠭᠤᠨ᠎ᠢᠶᠠᠷ ᠨᠡᠮᠡᠭ᠌ᠳᠡᠵᠦ᠍᠂ 80.2 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ᠎ᠪᠠᠨ ᠠᠩᠬᠢᠵᠢᠷᠠᠵᠦ᠍᠂ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢᠨ ᠬᠦᠮᠦᠨ ᠲᠤᠮᠳᠠᠴᠢ᠎ᠶ᠋ᠢᠨ ᠤᠷᠤᠯᠭ᠎ᠠ ᠵᠢᠯ ᠲᠤᠮᠳᠠᠴᠢ᠎ᠪᠠᠷ 34.2% ᠢᠶᠠᠷ ᠨᠡᠮᠡᠭ᠌ᠳᠡᠯᠠ ᠁
ᠲᠤᠭ᠎ᠠ ᠪᠠᠷᠢᠮᠳᠠ᠎ᠶ᠋ᠢᠨ ᠠᠷᠤ᠎ᠳᠤ ᠲᠤᠭ᠎ᠠ ᠲᠤᠮᠰᠢ ᠦᠬᠡᠢ ᠵᠢᠳᠬᠦᠯ ᠴᠢᠷᠮᠠᠢᠯᠭ᠎ᠠ ᠠᠭᠤᠯᠤᠬ᠍ᠳᠠᠨᠠ᠃
ᠡᠨᠡ ᠪᠤᠯ 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠤᠷᠤᠨ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠬᠦᠭ᠌ᠵᠢᠯᠳᠡ᠎ᠶ᠋ᠢᠨ ᠠᠷᠭ᠎ᠠ ᠬᠡᠯᠪᠡᠷᠢ᠎ᠪᠠᠨ ᠬᠦᠴᠦᠯᠡᠨ ᠬᠤᠪᠢᠷᠠᠭᠤᠯᠵᠦ᠍᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢ ᠢᠳᠡᠪᠬᠢᠳᠡᠢ ᠰᠦᠪᠡᠭ᠌ᠴᠢᠯᠡᠵᠦ᠍ ᠵᠠᠮᠨᠠᠬ᠍ᠰᠠᠨᠤ ᠦᠷ᠎ᠠ ᠳ᠋ᠦᠩ ᠪᠣᠯᠣᠨ᠎ᠠ᠃
《ᠡᠨᠡ ᠬᠡᠳᠦᠨ ᠵᠢᠯ ᠬᠦᠬᠡᠬᠤᠳᠠ᠎ᠳᠤ ᠢᠷᠡᠬᠦ᠌ ᠪᠤᠯᠭᠠᠨ ᠪᠦᠷ ᠳᠣᠮᠣᠬᠠᠨ ᠬᠤᠪᠢᠷᠠᠯᠳᠠ᠎ᠲᠠᠢ》 ᠬᠡᠵᠦ᠍ ᠵᠡᠬᠦᠨ ᠦᠵᠦᠮᠦᠴᠢᠨ ᠬᠤᠱᠢᠭᠤ᠎ᠪᠠᠷ ᠨᠤᠳᠤᠬ᠎ᠲᠠᠢ ᠮᠠᠯᠴᠢᠨ ᠲᠦᠯᠦᠭᠡᠯᠡᠭ᠌ᠴᠢ ᠬᠤᠪᠢᠰᠭᠠᠯᠳᠤ᠎ᠲᠠᠢ ᠵᠤᠭᠤᠬ᠍ᠳᠠᠬᠤᠳᠤ ᠢᠩᠬᠢᠵᠦ᠍ ᠬᠡᠯᠡᠨ᠎ᠡ᠃ 《ᠵᠦᠷᠢᠯᠢᠭ ᠬᠦᠬᠦᠷᠬᠡ ᠨᠡᠮᠡᠭ᠌ᠳᠡᠵᠤ᠂ ᠵᠢᠮᠳᠤ ᠲᠡᠮᠦᠷ ᠵᠠᠮ ᠨᠡᠪᠲᠡᠷᠡᠵᠦ᠍ ᠶᠠᠪᠤᠵᠦ᠍ ᠰᠠᠭᠤᠬᠤ᠎ᠳᠤ ᠲᠦᠬᠦᠮ ᠪᠤᠯᠤᠬ᠍ᠰᠠᠨ ᠲᠡᠳᠦᠢ ᠦᠬᠡᠢ᠂ ᠪᠡᠭᠡᠵᠢᠩ ᠬᠦᠷᠬᠦ᠌ ᠲᠦᠷᠬᠡᠨ᠎ᠤ ᠲᠡᠮᠦᠷ ᠵᠠᠮ ᠨᠡᠪᠲᠡᠷᠡᠭ᠌ᠰᠡᠨ᠎ᠨᠢ ᠦᠨᠡᠬᠡᠷ ᠳᠦᠭᠦᠮ ᠪᠣᠯᠣᠯ᠎ᠠ》 ᠬᠡᠵᠦ᠍ ᠲᠡᠷᠡ ᠤᠷᠤᠨ᠎ᠤ ᠲᠦᠪ᠎ᠤᠨ ᠡᠨᠡ ᠬᠡᠳᠦᠨ ᠵᠢᠯ᠎ᠤᠨ ᠬᠦᠭ᠌ᠵᠢᠯᠳᠡ ᠬᠤᠪᠢᠷᠠᠯᠳᠠ᠎ᠶ᠋ᠢ ᠭᠠᠢᠬᠠᠨ᠎ᠠ᠃
ᠮᠠᠨ᠎ᠤ ᠤᠷᠤᠨ᠎ᠤ ᠬᠦᠭ᠌ᠵᠢᠯᠳᠡ ᠡᠨᠡᠤᠬᠡᠨ᠎ᠢᠶᠠᠷ ᠵᠣᠭ᠍ᠰᠣᠬᠤ ᠦᠬᠡᠢ᠃
ᠡᠨᠡ 5 ᠵᠢᠯ᠎ᠳᠤ᠂ ᠮᠠᠨ᠎ᠤ ᠤᠷᠤᠨ ᠠᠵᠦ᠍ ᠦᠢᠯᠡᠰ᠎ᠤᠨ ᠪᠦᠲᠦᠴᠡ ᠡᠨᠧᠷᠬᠢ᠎ᠶ᠋ᠢᠨ ᠠᠵᠦ᠍ ᠦᠢᠯᠡᠰ ᠪᠠ ᠬᠦᠨᠳᠤ ᠠᠵᠦ᠍ ᠦᠢᠯᠡᠳᠪᠦᠷᠢ᠎ᠪᠠᠷ ᠭᠤᠤᠯᠯᠠᠵᠦ᠍᠂ ᠠᠵᠦ᠍ ᠦᠢᠯᠡᠰ᠎ᠤᠨ ᠲᠡᠰ ᠲᠠᠪᠬᠤᠷᠭ᠎ᠠ ᠶᠡᠷᠦᠩᠬᠡᠢ᠎ᠳᠡᠭᠡᠨ ᠲᠤᠤᠷ᠎ᠠ᠂ ᠠᠵᠦ᠍ ᠦᠢᠯᠡᠰ᠎ᠤᠨ ᠪᠠᠢᠷᠢᠱᠢᠯ ᠬᠠᠷᠢᠴᠠᠩᠭᠤᠢ ᠲᠠᠷᠠᠬᠠᠢ ᠪᠠᠢᠬ᠍ᠰᠠᠨ ᠪᠠᠢᠳᠠᠯ᠎ᠢ ᠴᠢᠷᠮᠠᠢᠨ ᠬᠤᠪᠢᠷᠠᠭᠤᠯᠵᠦ᠍᠂ ᠤᠯᠠᠨ ᠡᠱᠢᠵᠢᠨ ᠬᠦᠭ᠌ᠵᠢᠭ᠌ᠰᠡᠨ᠂ ᠤᠯᠠᠨ ᠲᠦᠢᠯ᠎ᠢᠶᠠᠷ ᠲᠤᠯᠭᠠᠭᠤᠷᠢᠯᠠᠬ᠍ᠰᠠᠨ ᠤᠳᠤ ᠦᠶ᠎ᠠ᠎ᠶ᠋ᠢᠨ ᠠᠵᠦ᠍ ᠦᠢᠯᠡᠰ᠎ᠤᠨ ᠱᠢᠨ᠎ᠠ ᠱᠢᠰᠲ᠋ᠧᠮ᠎ᠢ ᠴᠤᠬ᠍ᠴᠠᠯᠠᠵᠦ᠍᠂ ᠲᠠᠪᠠᠭᠤᠯᠢᠬ ᠲᠤᠪᠤᠢᠮ᠎ᠠ᠂ ᠪᠦᠲᠦᠴᠡ ᠵᠤᠬᠢᠰᠳᠠᠢ᠂ ᠱᠢᠨ᠎ᠠ᠎ᠶ᠋ᠢ ᠡᠬᠦᠳᠬᠦ᠌᠎ᠪᠠᠷ ᠬᠦᠳᠡᠯᠬᠡᠬᠦᠷ ᠪᠤᠯᠭᠠᠬ᠍ᠰᠠᠨ᠂ ᠤᠷᠤᠨ ᠪᠦᠰᠡ ᠵᠤᠬᠢᠴᠠᠩᠭᠤᠢ ᠬᠦᠭ᠌ᠵᠢᠭ᠌ᠰᠡᠨ᠂ ᠬᠤᠳᠠ ᠬᠦᠳᠡᠭᠡ ᠨᠢᠬᠡ ᠴᠤᠬ᠍ᠴᠠᠵᠢᠬ᠍ᠰᠠᠨ ᠬᠦᠭ᠌ᠵᠢᠯᠳᠡ᠎ᠶ᠋ᠢᠨ ᠱᠢᠨ᠎ᠠ ᠪᠠᠢᠷᠢᠱᠢᠯ᠎ᠢ ᠴᠢᠷᠮᠠᠢᠨ ᠴᠤᠬ᠍ᠴᠠᠯᠠᠵᠠᠢ᠃
ᠦᠷᠬᠡᠨ ᠠᠭᠤᠳᠠᠮ ᠬᠦᠯᠦᠨ ᠪᠤᠢᠷ᠎ᠤᠨ ᠲᠠᠯ᠎ᠠ ᠨᠤᠳᠤᠬ᠎ᠲᠤ ᠤᠳᠤ ᠶᠠᠬ ᠪᠦᠳᠦᠭᠡᠨ ᠪᠠᠢᠭᠤᠯᠵᠦ᠍ ᠪᠠᠢᠭ᠎ᠠ ᠤᠯᠤᠰ᠎ᠤᠨ ᠲᠡᠰ᠎ᠤᠨ ᠤᠳᠤ ᠦᠶ᠎ᠠ᠎ᠶ᠋ᠢᠨ ᠪᠡᠯᠴᠢᠬᠡᠷ᠎ᠤᠨ ᠮᠠᠯ ᠠᠵᠦ᠍ ᠠᠬᠤᠢ᠎ᠶ᠋ᠢᠨ ᠵᠢᠱ᠌ᠢᠶ᠎ᠠ ᠦᠵᠡᠬᠦᠯᠬᠦ᠌ ᠤᠷᠤᠨ᠎ᠨᠢ ᠠᠮᠢ ᠠᠬᠤᠢ᠎ᠶ᠋ᠢᠨ ᠬᠠᠮᠠᠭᠠᠯᠠᠯᠳᠠ ᠪᠠ ᠠᠵᠦ᠍ ᠦᠢᠯᠡᠰ᠎ᠤᠨ ᠬᠦᠭ᠌ᠵᠢᠯᠳᠡ᠎ᠶ᠋ᠢ ᠬᠦᠨᠵᠡᠬᠡᠢ ᠠᠭᠤᠰᠤᠯᠴᠠᠭᠤᠯᠵᠦ᠍᠂ ᠳᠠᠯ᠎ᠠ ᠨᠤᠳᠤᠬ᠎ᠤᠨ ᠮᠠᠯᠴᠢᠳ᠎ᠲᠤ ᠪᠤᠬᠢᠷᠳᠤᠯ ᠦᠬᠡᠢ ᠬᠦᠭ᠌ᠵᠢᠯᠳᠡ᠎ᠶ᠋ᠢᠨ ᠦᠷ᠎ᠠ ᠠᠱᠢᠬ᠎ᠢ ᠡᠳ᠋ᠯᠡᠭᠦᠯᠦᠨ᠎ᠡ᠃ ᠪᠤᠭᠤᠳᠤ ᠬᠤᠳᠠ ᠪᠦᠬᠦ᠌ ᠤᠯᠤᠰ᠎ᠤᠨ ᠱᠢᠨ᠎ᠠ ᠬᠡᠯᠪᠡᠷᠢ᠎ᠶ᠋ᠢᠨ ᠮᠠᠲ᠋ᠧᠷᠢᠶᠠᠯ᠎ᠤᠨ ᠠᠵᠦ᠍ ᠦᠢᠯᠡᠰ᠎ᠤᠨ ᠴᠢᠬᠤᠯᠠ ᠰᠠᠭᠤᠷᠢᠨ᠂ ᠪᠦᠬᠦ᠌ ᠤᠯᠤᠰ᠎ᠲᠤ ᠴᠢᠬᠤᠯᠡ ᠨᠦᠯᠦᠬᠡᠯᠡᠬᠦ᠌ ᠬᠦᠴᠦᠨ ᠪᠦᠬᠦᠢ ᠮᠠᠱᠢᠨ ᠲᠤᠨᠤᠬ᠍ᠯᠠᠯ ᠦᠢᠯᠡᠳᠬᠦ᠌ ᠰᠠᠭᠤᠷᠢᠨ ᠪᠤᠯᠬᠤ᠎ᠪᠠᠷ ᠪᠦᠬᠦ᠌ ᠬᠦᠴᠦᠨ᠎ᠢᠶᠠᠷ᠎ᠢᠶᠠᠨ ᠴᠢᠷᠮᠠᠢᠨ᠎ᠠ᠃ ᠠᠯᠠᠱᠠ ᠠᠢᠮᠠᠬ ᠡᠯᠡᠰᠤᠨ᠎ᠤ ᠠᠮᠢᠳᠤ ᠪᠤᠳᠠᠰ᠎ᠤᠨ ᠡᠬᠢ ᠪᠠᠶᠠᠯᠢᠬ᠎ᠢ ᠬᠦᠨᠵᠡᠬᠡᠢ ᠡᠳ᠋ᠱᠢᠬᠦᠯᠦᠨ ᠪᠤᠯᠪᠠᠰᠤᠷᠠᠭᠤᠯᠬᠤ ᠵᠡᠷᠬᠡ ᠲᠠᠪᠠᠭᠤᠯᠢᠭ ᠤᠨᠴᠠᠯᠢᠬ᠍ᠳᠤ ᠠᠵᠦ᠍ ᠦᠢᠯᠡᠰ᠎ᠢ ᠶᠡᠭᠡ ᠬᠦᠴᠦ᠍ ᠤᠷᠤᠭᠤᠯᠤᠨ ᠬᠦᠭ᠌ᠵᠢᠬᠦᠯᠦᠬᠡᠳ ᠢᠯᠡᠷᠬᠡᠢ ᠦᠷ᠎ᠠ ᠪᠦᠲᠦᠮᠵᠢ ᠤᠯᠵᠦ᠍ ᠡᠬᠢᠯᠡᠪᠡ᠃
ᠡᠨᠡ 5 ᠵᠢᠯ᠎ᠳᠤ᠂ ᠮᠠᠨ᠎ᠤ ᠤᠷᠤᠨ ᠡᠳ᠋᠎ᠤᠨ ᠵᠠᠰᠠᠬ᠎ᠤᠨ ᠤᠷᠤᠯᠭ᠎ᠠ᠂ ᠤᠷᠤᠨ ᠨᠤᠳᠤᠬ᠎ᠤᠨ ᠦᠢᠯᠡᠳᠪᠦᠷᠢᠯᠡᠯ᠎ᠤᠨ ᠶᠡᠷᠦᠩᠬᠡᠢ ᠦᠷᠳᠡᠭ᠂ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ ᠵᠡᠷᠬᠡ᠎ᠶ᠋ᠢᠨ ᠲᠤᠭ᠎ᠠ ᠪᠠᠷᠢᠮᠳᠠ ᠳᠤᠭ᠎ᠠ ᠪᠦᠷᠢᠳᠭᠡᠯ ᠪᠤᠳᠠᠳᠠᠢ ᠪᠣᠰᠣ ᠪᠠᠢᠬ᠍ᠰᠠᠨ ᠠᠰᠠᠭᠤᠳᠠᠯ᠎ᠢ ᠡᠷᠡᠰ ᠵᠠᠯᠠᠷᠠᠭᠤᠯᠵᠦ᠍᠂ ᠡᠳ᠋᠎ᠤᠨ ᠵᠠᠰᠠᠬ᠎ᠤᠨ ᠤᠷᠤᠯᠭ᠎ᠠ᠎ᠶ᠋ᠢᠨ ᠶᠠᠰᠤ ᠴᠢᠨᠠᠷ᠎ᠢ ᠢᠯᠡᠷᠬᠡᠢ ᠲᠡᠭᠡᠭ᠌ᠰᠢᠯᠡᠬᠦᠯᠵᠦ᠍᠂ ᠭᠠᠢᠯᠢ᠎ᠶ᠋ᠢᠨ ᠤᠷᠤᠯᠭ᠎ᠠ᠎ᠶ᠋ᠢᠨ ᠡᠵᠡᠯᠡᠬᠦ᠌ ᠬᠠᠷᠢᠴᠠᠯ ᠪᠦᠬᠦ᠌ ᠤᠯᠤᠰ᠎ᠤᠨ ᠡᠮᠦᠨᠡᠬᠦᠷ ᠤᠷᠤᠵᠦ᠍᠂ ᠬᠦᠮᠦᠨ ᠲᠤᠮᠳᠠᠴᠢ᠎ᠶ᠋ᠢᠨ ᠤᠷᠤᠨ ᠨᠤᠳᠤᠬ᠎ᠤᠨ ᠦᠢᠯᠡᠳᠪᠦᠷᠢᠯᠡᠯ᠎ᠤᠨ ᠶᠡᠷᠦᠩᠬᠡᠢ ᠦᠷᠲᠡᠭ 1 ᠲᠦᠮᠡᠨ ᠳ᠋ᠤᠯᠯᠠᠷ᠎ᠢ ᠲᠠᠪᠠᠵᠦ᠍᠂ ᠪᠠᠢᠩᠭᠤ ᠰᠠᠭᠤᠭ᠎ᠠ ᠬᠦᠮᠦᠨ ᠠᠮᠠ᠎ᠶ᠋ᠢᠨ ᠬᠤᠳᠠ ᠪᠠᠯᠭᠠᠰᠤᠵᠢᠭ᠍ᠰᠠᠨ ᠬᠡᠮᠵᠢᠶ᠎ᠡ 64.1% ᠳᠤ ᠬᠦᠷᠴᠡᠢ᠃ ᠮᠠᠨ᠎ᠤ ᠤᠷᠤᠨ᠎ᠤ ᠠᠵᠦ᠍ ᠦᠢᠯᠡᠰ᠎ᠤᠨ ᠪᠦᠲᠦᠴᠡ ᠦᠷᠬᠦᠯᠵᠢᠯᠡᠨ ᠱᠢᠯᠢᠳᠡᠭ᠌ᠵᠢᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠤ ᠬᠤᠴᠤᠷᠤᠩᠭᠤᠢ ᠦᠢᠯᠡᠳᠪᠦᠷᠢᠯᠡᠯ᠎ᠤᠨ ᠴᠢᠳᠠᠪᠤᠷᠢ᠎ᠶ᠋ᠢ ᠪᠠᠭᠠᠰᠭᠠᠬᠤ ᠡᠬᠦᠷᠬᠡ᠎ᠪᠠᠨ ᠲᠠᠪᠠᠭᠤᠯᠤᠨ ᠪᠡᠶᠡᠯᠡᠬᠦᠯᠵᠡᠢ᠃ ᠡᠨᠡ 5 ᠵᠢᠯ᠎ᠳᠤ᠂ ᠮᠠᠨ᠎ᠤ ᠤᠷᠤᠨ᠎ᠤ ᠴᠠᠬᠢᠯᠭᠠᠨ ᠬᠦᠴᠦᠨ᠎ᠤ ᠮᠠᠱᠢᠨ ᠴᠤᠬ᠍ᠴᠠᠯᠠᠪᠤᠷᠢ 4000 ᠲᠦᠮᠡᠨ ᠺᠢᠯᠤᠧᠠᠲ ᠱᠢᠨ᠎ᠠ᠎ᠪᠠᠷ ᠨᠡᠮᠡᠭ᠌ᠳᠡᠵᠦ᠍᠂ ᠶᠡᠷᠦᠩᠬᠡᠢ ᠮᠠᠱᠢᠨ ᠴᠤᠬ᠍ᠴᠠᠯᠠᠪᠤᠷᠢ 1.46 ᠳ᠋ᠦᠩᠱᠢᠭᠤᠷ ᠺᠢᠯᠤᠧᠠᠲᠲᠤ ᠬᠦᠷᠦᠭ᠌ᠰᠡᠨ᠎ᠤ ᠲᠤᠳᠤᠷ᠎ᠠ᠂ ᠱᠢᠨ᠎ᠠ ᠡᠨᠧᠷᠬᠢ 1/3 ᠶ᠋ᠢ ᠡᠵᠡᠯᠡᠵᠡᠢ᠃ ᠮᠠᠨ᠎ᠤ ᠤᠷᠤᠨ᠎ᠤ ᠵᠢᠭᠤᠯᠴᠢᠯᠠᠬ᠍ᠰᠠᠳ᠎ᠤᠨ ᠲᠤᠭ᠎ᠠ ᠪᠠ ᠵᠢᠭᠤᠯᠴᠢᠯᠠᠯ᠎ᠤᠨ ᠤᠷᠤᠯᠭ᠎ᠠ ᠵᠢᠯ ᠲᠤᠮᠳᠠᠴᠢ᠎ᠪᠠᠷ 13.9% ᠪᠠ 18. 9% ᠪᠠᠷ ᠨᠡᠮᠡᠭ᠌ᠳᠡᠵᠠᠢ᠃
ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠠᠬᠢ 《ᠬᠤᠳᠠ ᠪᠠᠯᠭᠠᠰᠤᠵᠢᠭ᠍ᠰᠠᠨ ᠬᠡᠮᠵᠢᠶ᠎ᠡ 64.1% ᠳᠤ ᠬᠦᠷᠦᠭ᠌ᠰᠡᠨ》 ᠳᠣᠬᠠᠢ ᠳᠣᠭᠠᠴᠠᠯᠳᠠᠨᠢ ᠯᠢ ᠳ᠋ᠦᠩ ᠲᠦᠯᠦᠭᠡᠯᠡᠭ᠌ᠴᠢ᠎ᠶ᠋ᠢᠨ ᠬᠤᠪᠢ᠎ᠳᠤ ᠬᠦᠨ ᠲᠦᠷᠦᠭ᠌ᠳᠡᠯ᠎ᠲᠠᠢ᠃ ᠣᠷᠳᠣᠰ ᠬᠤᠳᠠ᠎ᠶ᠋ᠢᠨ ᠬᠢᠶ᠎ᠠ ᠪᠠᠭ᠍ᠰᠢ ᠲᠤᠭᠤᠷᠢᠬ᠎ᠤᠨ ᠨᠠᠮ᠎ᠤᠨ ᠬᠤᠷᠢᠶᠠᠨ᠎ᠤ ᠱᠦᠵᠢ᠎ᠶ᠋ᠢᠨ ᠲᠤᠱᠢᠶᠠᠯ᠎ᠳᠤ ᠪᠠᠢᠭ᠎ᠠ ᠯᠢ ᠳ᠋ᠦᠩ᠎ᠤᠨ ᠲᠠᠨᠢᠯᠴᠠᠭᠤᠯᠤᠬ᠍ᠰᠠᠨ᠎ᠢᠶᠠᠷ᠂ ᠬᠢᠶ᠎ᠠ ᠪᠠᠭ᠍ᠰᠢ ᠲᠤᠭᠤᠷᠢᠬ ᠠᠷᠪᠠᠭᠠᠳ ᠵᠢᠯ᠎ᠤᠨ ᠬᠦᠭ᠌ᠵᠢᠯᠳᠡ᠂ ᠢᠯᠠᠩᠭᠤᠶ᠎ᠠ ᠤᠢ᠍ᠢᠷ᠎ᠠ᠎ᠶ᠋ᠢᠨ ᠲᠠᠪᠤᠨ ᠵᠢᠯ᠎ᠤᠨ ᠬᠦᠭ᠌ᠵᠢᠯᠳᠡ᠎ᠪᠠᠷ ᠲᠠᠮᠵᠢᠭᠠᠳ᠂ ᠨᠢᠬᠡᠨᠳᠡ ᠪᠦᠬᠦ᠌ ᠤᠯᠤᠰ᠎ᠤᠨ ᠴᠤᠷᠢ᠎ᠶ᠋ᠢᠨ ᠭᠠᠭ᠍ᠴᠠ ᠬᠤᠳᠠ᠎ᠶ᠋ᠢᠨ ᠦᠵᠡᠮᠵᠢ᠎ᠪᠠᠷ ᠠᠴᠢᠶᠠᠯᠠᠪᠤᠷᠢ ᠪᠤᠯᠭᠠᠬ᠍ᠰᠠᠨ ᠤᠯᠤᠰ᠎ᠤᠨ 4A ᠲᠡᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ ᠵᠢᠴᠢ ᠪᠦᠬᠦ᠌ ᠤᠯᠤᠰ᠎ᠤᠨ ᠠᠩᠬᠠᠳᠠᠬ᠍ᠴᠢ 《ᠤᠷᠴᠢᠨ ᠲᠤᠭᠤᠷᠢᠨ᠎ᠤ ᠤᠷᠠᠯᠢᠬ᠎ᠤᠨ ᠵᠢᠱ᠌ᠢᠶ᠎ᠠ ᠦᠵᠡᠬᠦᠯᠬᠦ᠌ ᠲᠤᠷᠱᠢᠯᠳᠠ᠎ᠶ᠋ᠢᠨ ᠴᠡᠭ᠎ᠤᠨ ᠬᠤᠳᠠ》 ᠪᠤᠯᠵᠦ᠍᠂ ᠪᠦᠬᠦ᠌ ᠤᠯᠤᠰ᠎ᠤᠨ ᠪᠤᠯᠪᠠᠰᠤᠨ ᠬᠤᠳᠠ᠂ ᠪᠦᠬᠦ᠌ ᠤᠯᠤᠰ᠎ᠤᠨ ᠨᠤᠭᠤᠭᠠᠷᠠᠭᠤᠯᠤᠯᠳᠠ᠎ᠶ᠋ᠢᠨ ᠵᠢᠱ᠌ᠢᠶ᠎ᠠ ᠦᠵᠡᠬᠦᠯᠬᠦ᠌ ᠬᠤᠳᠠ᠂ ᠪᠦᠬᠦ᠌ ᠤᠯᠤᠰ᠎ᠤᠨ ᠠᠷᠢᠭᠤᠨ ᠴᠡᠪᠡᠷ ᠬᠤᠳᠠ᠂ ᠪᠦᠬᠦ᠌ ᠤᠯᠤᠰ᠎ᠤᠨ ᠴᠡᠴᠡᠷᠯᠢᠭ᠌ᠵᠢᠭ᠌ᠰᠡᠨ ᠬᠤᠳᠠ ᠵᠡᠷᠬᠡ ᠤᠯᠠᠨ ᠢᠷᠠᠭᠤ ᠠᠯᠳᠠᠷ᠎ᠢ ᠬᠦᠷᠳᠡᠵᠡᠢ᠃
ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠲᠠᠢᠯᠠᠯᠳᠤᠭᠠᠨ᠎ᠤ ᠢᠯᠠᠯᠳᠠ᠎ᠶ᠋ᠢ ᠤᠯᠬᠤ ᠪᠤᠯ ᠨᠠᠮ᠎ᠤᠨ ᠲᠦᠪ ᠬᠤᠷᠢᠶ᠎ᠠ᠎ᠠᠴᠠ ᠠᠷᠠᠳ ᠲᠦᠮᠡᠨ᠎ᠳᠤ ᠦᠭ᠌ᠭᠦᠭ᠌ᠰᠡᠨ ᠲᠦᠪ ᠴᠢᠩᠭ᠎ᠠ ᠠᠮᠠᠯᠠᠯᠳᠠ ᠪᠣᠯᠣᠨ ᠠ᠃ ᠡᠨᠡ 5 ᠵᠢᠯ᠎ᠳᠤ᠂ ᠮᠠᠨ᠎ᠤ ᠤᠷᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠠᠵᠢᠯ ᠲᠡᠤᠬᠡᠳᠤ ᠴᠢᠨᠠᠷᠳᠠᠢ ᠠᠮᠵᠢᠯᠳᠠ ᠤᠯᠵᠦ᠍᠂ ᠪᠦᠬᠦ᠌ ᠤᠷᠤᠨ᠎ᠤ 80.2 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ᠎ᠪᠠᠨ ᠠᠩᠬᠢᠵᠢᠷᠠᠵᠦ᠍᠂ ᠶᠠᠳᠠᠭᠤ ᠬᠦᠴᠢᠷᠳᠡᠯᠳᠡᠢ 57 ᠬᠤᠱᠢᠭᠤ ᠱᠢᠶᠠᠨ᠂ ᠶᠠᠳᠠᠭᠤ ᠬᠦᠴᠢᠷᠳᠡᠯᠳᠡᠢ 3681 ᠭᠠᠴᠠᠭ᠎ᠠ ᠲᠤᠰᠭᠤᠨ ᠪᠦᠬᠦᠨ᠎ᠢᠶᠠᠷ᠎ᠢᠶᠠᠨ ᠶᠠᠳᠠᠭᠤ 《ᠮᠠᠯᠠᠭᠠᠢ》 ᠪᠠᠨ ᠲᠠᠶᠠᠬ᠍ᠳᠠᠵᠠᠢ᠃ 12.49 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠤᠨᠳᠤᠤ ᠭᠠᠵᠠᠷ᠎ᠲᠤ ᠨᠡᠬᠦᠯᠬᠡᠨ ᠱᠢᠯᠵᠢᠬᠦᠯᠵᠦ᠍᠂ 5.33 ᠲᠦᠮᠡᠨ ᠢᠵᠢ ᠤᠷᠤᠨ ᠰᠠᠭᠤᠴᠠ᠎ᠶ᠋ᠢ ᠪᠦᠲᠦᠬᠡᠨ ᠪᠠᠢᠭᠤᠯᠵᠦ᠍ ᠲᠦᠪᠬᠢᠨᠡᠬᠦᠯᠵᠡᠢ᠃ ᠪᠦᠬᠦ᠌ ᠤᠷᠤᠨ᠎ᠤ ᠬᠦᠳᠡᠯᠮᠦᠷᠢᠯᠡᠬᠦ᠌ ᠴᠢᠳᠠᠪᠤᠷᠢ᠎ᠲᠠᠢ ᠶᠠᠳᠠᠭᠤ ᠬᠦᠴᠢᠷᠳᠡᠯᠳᠡᠢ ᠬᠦᠮᠦᠨ ᠠᠮᠠ ᠪᠦᠬᠦᠨ᠎ᠳᠤ ᠪᠦᠷ ᠠᠵᠦ᠍ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠲᠦᠷᠦᠯ ᠵᠦᠢᠯ᠎ᠢ ᠨᠠᠢᠳᠠᠪᠤᠷᠢᠵᠢᠭᠤᠯᠵᠦ᠍᠂ 40.3 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠳᠤᠯᠠᠭ᠎ᠠ᠎ᠳᠤ ᠤᠷᠤᠭᠤᠯᠵᠠᠢ᠃ ᠪᠦᠬᠦ᠌ ᠤᠷᠤᠨ᠎ᠤ ᠲᠠᠩᠰᠠᠯᠠᠵᠦ᠍ ᠺᠠᠷᠲᠯᠠᠬ᠍ᠰᠠᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢᠨ ᠬᠦᠮᠦᠨ ᠲᠤᠮᠳᠠᠴᠢ᠎ᠶ᠋ᠢᠨ ᠤᠷᠤᠯᠭ᠎ᠠ 2015 ᠤᠨ᠎ᠳᠤ 3019 ᠲᠦᠬᠦᠷᠢᠭ ᠪᠠᠢᠬ᠍ᠰᠠᠨ᠎ᠠᠴᠠ᠎ᠪᠠᠨ 2020 ᠤᠨ᠎ᠳᠤ 13159 ᠲᠦᠬᠦᠷᠢᠭ ᠪᠤᠯᠵᠦ᠍ ᠨᠡᠮᠡᠭ᠌ᠳᠡᠭᠡᠳ᠂ ᠵᠢᠯ ᠲᠤᠮᠳᠠᠴᠢ᠎ᠪᠠᠷ 34. 2% ᠢᠶᠠᠷ ᠨᠡᠮᠡᠭ᠌ᠳᠡᠵᠡᠢ᠃
ᠡᠨᠡ 5 ᠵᠢᠯ᠎ᠳᠤ᠂ ᠮᠠᠨ᠎ᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ ᠪᠦᠲᠦᠬᠡᠨ ᠪᠠᠢᠭᠤᠯᠤᠯᠳᠠ᠎ᠶ᠋ᠢᠨ ᠦᠷ᠎ᠠ ᠠᠱᠢᠬ ᠢᠯᠡᠷᠬᠡᠢ ᠨᠡᠮᠡᠭ᠌ᠳᠡᠵᠦ᠍᠂ ᠤᠢ ᠱᠢᠭᠤᠢ᠎ᠶ᠋ᠢᠨ ᠪᠦᠲᠦᠬᠡᠨ ᠪᠠᠢᠭᠤᠯᠤᠯᠳᠠ᠂ ᠨᠤᠳᠤᠬ ᠪᠡᠯᠴᠢᠬᠡᠷ᠎ᠤᠨ ᠪᠦᠲᠦᠬᠡᠨ ᠪᠠᠢᠭᠤᠯᠤᠯᠳᠠ ᠪᠠ ᠡᠯᠡᠰᠦᠷᠭᠡᠭ᠌ᠵᠢᠭ᠌ᠰᠡᠨ ᠭᠠᠵᠠᠷ ᠱᠢᠷᠤᠢ᠎ᠶ᠋ᠢ ᠵᠠᠰᠠᠬ᠍ᠰᠠᠨ ᠲᠠᠯᠠᠪᠠᠢ ᠪᠦᠬᠦ᠌ ᠤᠯᠤᠰ᠎ᠲᠤ ᠲᠦᠷᠦᠬᠦᠯᠡᠵᠦ᠍᠂ ᠤᠢ ᠱᠢᠭᠤᠢ᠎ᠶ᠋ᠢᠨ ᠪᠦᠷᠬᠦᠴᠡ ᠪᠠ ᠨᠤᠳᠤᠬ ᠪᠡᠯᠴᠢᠬᠡᠷ᠎ᠤᠨ ᠤᠷᠭᠤᠮᠠᠯ᠎ᠤᠨ ᠪᠦᠷᠬᠦᠴᠡ 《ᠬᠤᠤᠰ ᠲᠡᠭᠡᠭ᠌ᠰᠢᠯᠡᠯᠳᠡ》 ᠲᠠᠢ ᠪᠤᠯᠵᠦ᠍᠂ ᠴᠦᠯᠯᠡᠷᠭᠡᠭ᠌ᠵᠢᠭ᠌ᠰᠡᠨ ᠪᠠ ᠡᠯᠡᠰᠦᠷᠭᠡᠭ᠌ᠵᠢᠭ᠌ᠰᠡᠨ ᠭᠠᠵᠠᠷ ᠱᠢᠷᠤᠢ᠎ᠶ᠋ᠢᠨ ᠲᠠᠯᠠᠪᠠᠢ 《ᠬᠤᠤᠰ ᠪᠠᠭᠤᠷᠠᠯᠳᠠ》 ᠲᠠᠢ ᠪᠤᠯᠵᠠᠢ᠃ ᠮᠠᠨ᠎ᠤ ᠤᠷᠤᠨ ᠪᠠᠰᠠ ᠨᠢᠬᠡ ᠪᠦᠯᠦᠭ ᠪᠤᠬᠢᠷᠳᠤᠯ ᠦᠬᠡᠢ ᠠᠭᠤᠷᠬᠠᠢ᠂ ᠪᠤᠬᠢᠷᠳᠤᠯ ᠦᠬᠡᠢ ᠬᠦᠷᠢᠶᠡᠯᠡᠩ ᠲᠤᠭᠤᠷᠢᠬ᠂ ᠪᠤᠬᠢᠷᠳᠤᠯ ᠦᠬᠡᠢ ᠦᠢᠯᠡᠳᠪᠦᠷᠢ᠎ᠶ᠋ᠢ ᠪᠦᠲᠦᠬᠡᠨ ᠪᠠᠢᠭᠤᠯᠵᠦ᠍᠂ ᠨᠡᠢᠳᠡ 372 ᠤᠢ ᠱᠢᠭᠤᠢ᠎ᠶ᠋ᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ᠂ ᠭᠠᠵᠠᠷ ᠱᠢᠨᠵᠢᠯᠡᠬᠡᠨ᠎ᠤ ᠴᠡᠴᠡᠷᠯᠢᠭ᠎ᠲᠠᠢ ᠪᠤᠯᠵᠦ᠍᠂ 2019 ᠤᠨ᠎ᠳᠤ᠂ ᠪᠦᠬᠦ᠌ ᠤᠷᠤᠨ᠎ᠤ ᠠᠮᠢ ᠠᠬᠤᠢ᠎ᠶ᠋ᠢᠨ ᠦᠢᠯᠡᠳᠬᠦᠨ᠎ᠤ ᠦᠷᠳᠡᠭ 4.48 ᠲᠦᠮᠡᠨ ᠳ᠋ᠦᠩᠱᠢᠭᠤᠷ ᠲᠦᠬᠦᠷᠢᠭ᠎ᠲᠤ ᠬᠦᠷᠴᠤ᠌᠂ ᠮᠦᠨ ᠵᠢᠯ᠎ᠤᠨ GDP ᠶ᠋ᠢᠨ 2.6 ᠲᠠᠬᠢᠨ᠎ᠲᠠᠢ ᠲᠡᠩᠴᠡᠵᠦ᠍᠂ 2015 ᠤᠨ᠎ᠤ᠎ᠬᠢ᠎ᠠᠴᠠ 13.8% ᠪᠠᠷ ᠨᠡᠮᠡᠭ᠌ᠳᠡᠵᠡᠢ᠃
ᠡᠨᠡ 5 ᠵᠢᠯ᠎ᠳᠤ᠂ ᠮᠠᠨ᠎ᠤ ᠤᠷᠤᠨ᠎ᠤ ᠰᠠᠭᠤᠷᠢ ᠲᠦᠬᠦᠬᠡᠷᠦᠮᠵᠢ᠎ᠶ᠋ᠢᠨ ᠪᠠᠳᠤᠯᠠᠭ᠎ᠠ᠎ᠶ᠋ᠢᠨ ᠴᠢᠳᠠᠪᠤᠷᠢ ᠴᠢᠨᠠᠬ᠍ᠰᠢᠳᠠ ᠴᠢᠩᠭᠠᠷᠠᠵᠦ᠍᠂ ᠵᠢᠮᠳᠤ ᠲᠡᠮᠦᠷ ᠵᠠᠮ᠂ ᠲᠦᠷᠬᠡᠨ᠎ᠤ ᠲᠡᠮᠦᠷ ᠵᠠᠮ ᠨᠡᠪᠲᠡᠷᠡᠬᠦ᠌ ᠦᠬᠡᠢ ᠪᠠᠢᠬ᠍ᠰᠠᠨ ᠲᠡᠤᠬᠡ᠎ᠪᠠᠨ ᠡᠴᠦᠰᠯᠡᠬᠦᠯᠵᠦ᠍᠂ 404 ᠺᠢᠯᠤᠮᠧᠲᠷ ᠣᠷᠳᠣ ᠲᠦᠷᠬᠡᠨ᠎ᠤ ᠲᠡᠮᠦᠷ ᠵᠠᠮ ᠵᠠᠰᠠᠵᠦ᠍᠂ ᠪᠦᠬᠦ᠌ ᠤᠯᠤᠰ᠎ᠤᠨ ᠲᠦᠷᠬᠡᠨ᠎ᠤ ᠲᠡᠮᠦᠷ ᠵᠠᠮ᠎ᠤᠨ ᠲᠤᠤᠷ᠎ᠲᠤ ᠤᠷᠤᠵᠠᠢ᠃ ᠪᠦᠬᠦ᠌ ᠤᠷᠤᠨ᠎ᠤ ᠬᠤᠱᠢᠭᠤ ᠱᠢᠶᠠᠨ ᠬᠤᠳᠠ ᠲᠤᠭᠤᠷᠢᠬ ᠪᠦᠬᠦᠨ᠎ᠳᠤ ᠲᠡᠬᠡᠳᠤ ᠲᠡᠰ᠎ᠤᠨ ᠵᠠᠰᠠᠮᠠᠯ ᠵᠠᠮ ᠨᠡᠪᠲᠡᠷᠡᠵᠦ᠍᠂ ᠪᠣᠢ ᠪᠦᠬᠦᠢ ᠰᠤᠮᠤ ᠱᠢᠶᠠᠩ ᠪᠠᠯᠭᠠᠰᠤ ᠪᠠ ᠨᠦᠬᠦᠴᠡᠯ᠎ᠲᠠᠢ ᠭᠠᠴᠠᠭ᠎ᠠ ᠲᠤᠰᠭᠤᠨ᠎ᠳᠤ ᠪᠦᠷ ᠬᠠᠳᠠᠭᠤᠷᠠᠭᠤᠯᠤᠬ᠍ᠰᠠᠨ ᠵᠠᠮ ᠨᠡᠪᠲᠡᠷᠡᠵᠡᠢ᠃ ᠪᠦᠬᠦ᠌ ᠤᠷᠤᠨ᠎ᠢᠶᠠᠷ᠎ᠢᠶᠠᠨ 15 ᠨᠡᠢᠳᠡᠮ᠎ᠤᠨ ᠬᠡᠷᠡᠭ᠌ᠯᠡᠬᠡᠨ᠎ᠤ ᠨᠢᠰᠭᠡᠯ᠎ᠤᠨ ᠪᠠᠭᠤᠳᠠᠯ᠎ᠢ ᠱᠢᠨ᠎ᠠ᠎ᠪᠠᠷ ᠪᠠᠢᠭᠤᠯᠵᠦ᠍᠂ ᠠᠷᠠᠳ᠎ᠤᠨ ᠬᠡᠷᠡᠭ᠌ᠯᠡᠬᠡᠨ᠎ᠤ ᠨᠢᠰᠭᠡᠯ᠎ᠤᠨ ᠪᠠᠭᠤᠳᠠᠯ 40 ᠪᠤᠯᠵᠤ᠂ ᠲᠢᠶᠠᠨ ᠵᠢᠶᠤᠤ ᠠᠭᠠᠷ᠎ᠤᠨ ᠠᠶᠠᠯᠠᠯ᠎ᠤᠨ ᠺᠤᠮᠫᠠᠨᠢ᠎ᠶ᠋ᠢ ᠪᠠᠢᠭᠤᠯᠵᠦ᠍᠂ ᠵᠠᠯᠠᠨ ᠠᠢᠯ᠂ ᠤᠯᠠᠭᠠᠨᠬᠤᠳᠠ᠂ ᠤᠷᠳᠤᠰ᠎ᠲᠤ ᠠᠭᠠᠷ᠎ᠤᠨ ᠠᠶᠠᠯᠠᠯ᠎ᠤᠨ ᠪᠤᠯᠪᠠᠰᠤᠷᠠᠯ᠎ᠤᠨ ᠰᠠᠭᠤᠷᠢᠨ ᠪᠠᠢᠭᠤᠯᠵᠠᠢ᠃ ᠬᠠᠳᠤᠨ ᠭᠤᠤᠯ᠎ᠤᠨ ᠦᠶᠡᠷ᠎ᠢ ᠰᠡᠷᠬᠡᠢᠯᠡᠬᠦ᠌ ᠬᠤᠶᠠᠳᠤᠭᠠᠷ ᠬᠤᠭᠤᠴᠠᠭᠠᠨ᠎ᠤ ᠪᠠᠷᠢᠯᠭ᠎ᠠ ᠵᠢᠴᠢ ᠯᠢᠶᠤᠤ ᠾᠧ᠂ ᠨᠤᠨ ᠮᠦᠷᠠᠨᠤ ᠰᠠᠪᠠ ᠭᠠᠵᠠᠷ᠎ᠢ ᠵᠠᠰᠠᠬᠤ ᠪᠠᠷᠢᠯᠭ᠎ᠠ᠎ᠶ᠋ᠢ ᠪᠠᠢᠭᠤᠯᠵᠣ ᠳᠠᠭᠤᠰᠭᠠᠪᠠ᠃ 5 ᠵᠤᠷᠪᠤᠰ ᠤᠨᠴᠠ ᠦᠨᠳᠦᠷ ᠬᠦᠴᠦᠳᠡᠯᠳᠤ ᠴᠠᠬᠢᠯᠭᠠᠨ᠎ᠢ ᠭᠠᠳᠠᠬ᠍ᠰᠢ ᠬᠦᠷᠬᠡᠬᠦ᠌ ᠱᠤᠭᠤᠮ᠎ᠢ ᠱᠢᠨ᠎ᠠ᠎ᠪᠠᠷ ᠪᠦᠲᠦᠬᠡᠨ ᠪᠠᠢᠭᠤᠯᠵᠦ᠍᠂ ᠴᠠᠬᠢᠯᠭᠠᠨ ᠭᠠᠷᠭᠠᠬ᠍ᠰᠠᠨ ᠬᠡᠮᠵᠢᠶ᠎ᠠ ᠪᠠ ᠴᠠᠬᠢᠯᠭᠠᠨ᠎ᠢ ᠭᠠᠳᠠᠬ᠍ᠰᠢ ᠬᠦᠷᠬᠡᠭ᠌ᠰᠡᠨ ᠬᠡᠮᠵᠢᠶ᠎ᠠ ᠪᠦᠷ ᠪᠦᠬᠦ᠌ ᠤᠯᠤᠰ᠎ᠲᠤ ᠲᠦᠷᠦᠬᠦᠯᠡᠵᠡᠢ᠃
ᠬᠦᠭ᠌ᠵᠢᠯᠳᠡ᠎ᠶ᠋ᠢᠨ ᠡᠴᠦᠰ᠎ᠤᠨ ᠵᠤᠷᠢᠯᠭ᠎ᠠ ᠪᠤᠯ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢᠨ ᠲᠦᠯᠦᠬᠡ ᠶᠤᠮ᠃ ᠡᠨᠡ 5 ᠵᠢᠯ᠎ᠳᠤ᠂ ᠮᠠᠨ᠎ᠤ ᠤᠷᠤᠨ ᠡᠳ᠋᠎ᠤᠨ ᠵᠠᠰᠠᠬ᠎ᠤᠨ ᠵᠠᠷᠤᠯᠭ᠎ᠠ᠎ᠶ᠋ᠢᠨ᠎ᠢᠶᠠᠨ 70% ᠶ᠋ᠢ ᠠᠷᠠᠳ᠎ᠤᠨ ᠠᠮᠢᠳᠤᠷᠠᠯ᠎ᠳᠤ ᠬᠡᠷᠡᠭ᠌ᠯᠡᠵᠦ᠍᠂ ᠬᠤᠳᠠ ᠬᠦᠳᠡᠭᠡ᠎ᠶ᠋ᠢ ᠪᠦᠷᠬᠦᠭ᠌ᠰᠡᠨ ᠨᠡᠢᠬᠡᠮ᠎ᠤᠨ ᠪᠠᠳᠤᠯᠠᠭ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠦ᠍᠂ ᠤᠯᠠᠨ ᠨᠡᠢᠳᠡ᠎ᠶ᠋ᠢᠨ ᠦᠢᠯᠡᠴᠢᠯᠡᠬᠡᠨ᠎ᠤ ᠱᠢᠰᠲ᠋ᠧᠮ᠎ᠢ ᠲᠠᠰᠤᠷᠠᠯᠳᠠ ᠦᠬᠡᠢ ᠲᠡᠬᠦᠯᠳᠡᠷᠵᠢᠬᠦᠯᠵᠡᠢ᠃ ᠰᠤᠷᠭᠠᠨ ᠬᠦᠮᠦᠵᠢᠯ᠎ᠢ ᠲᠦᠬᠡᠮᠡᠯᠵᠢᠬᠦᠯᠬᠦ᠌ ᠲᠦᠪᠱᠢᠨ ᠪᠦᠬᠦ᠌ ᠲᠠᠯ᠎ᠠ᠎ᠪᠠᠷ ᠲᠡᠭᠡᠭ᠌ᠰᠢᠯᠡᠵᠦ᠍᠂ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠱᠠᠳᠤᠨ᠎ᠤ ᠰᠤᠷᠭᠠᠭᠤᠯᠢ᠎ᠶ᠋ᠢᠨ ᠰᠤᠷᠤᠬ᠍ᠴᠢ᠎ᠶ᠋ᠢᠨ ᠪᠠᠢᠷᠢ᠎ᠶ᠋ᠢᠨ ᠬᠡᠷ᠎ᠤᠨ ᠡᠷᠡᠬᠦᠯ ᠬᠠᠮᠠᠭᠠᠯᠠᠯ ᠪᠠ ᠪᠡᠶ᠎ᠠ ᠤᠬᠢᠶᠠᠬᠤ ᠲᠦᠬᠦᠬᠡᠷᠦᠮᠵᠢ᠂ ᠭᠠᠯ ᠲᠦᠯᠡᠵᠦ᠍ ᠲᠤᠯᠠᠭᠠᠯᠠᠬᠤ ᠵᠡᠷᠬᠡ ᠲᠤᠪᠤᠢᠮ᠎ᠠ ᠠᠰᠠᠭᠤᠳᠠᠯ᠎ᠢ ᠦᠨᠳᠦᠰᠦᠨ᠎ᠳᠡᠭᠡᠨ ᠱᠢᠢᠳᠪᠦᠷᠢᠯᠡᠵᠡᠢ᠃ ᠪᠦᠬᠦ᠌ ᠤᠷᠤᠨ᠎ᠤ ᠬᠤᠳᠠ ᠪᠠᠯᠭᠠᠰᠤᠨ᠎ᠤ ᠠᠵᠢᠯ ᠤᠯᠭᠤᠯᠳᠠ ᠲᠤᠭ᠍ᠳᠠᠭᠤᠨ᠎ᠢᠶᠠᠷ ᠨᠡᠮᠡᠭ᠌ᠳᠡᠵᠦ᠍᠂ ᠪᠦᠬᠦ᠌ ᠰᠠᠭᠤᠭᠠᠯᠢ ᠠᠷᠠᠳ᠎ᠤᠨ ᠬᠦᠮᠦᠨ ᠲᠤᠮᠳᠠᠴᠢ᠎ᠶ᠋ᠢᠨ ᠡᠵᠡᠮᠳᠡᠵᠦ᠍ ᠪᠤᠯᠬᠤ ᠤᠷᠤᠯᠭ᠎ᠠ ᠦᠷᠬᠦᠯᠵᠢᠯᠡᠨ ᠨᠡᠮᠡᠭ᠌ᠳᠡᠵᠡᠢ᠃
《ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ᠂ ᠮᠠᠯ ᠠᠵᠦ᠍ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ᠎ᠢ ᠤᠷᠢᠳ᠎ᠢᠶᠠᠷ ᠬᠦᠭ᠌ᠵᠢᠬᠦᠯᠬᠦ᠌᠎ᠶ᠋ᠢ ᠪᠠᠷᠢᠮᠳᠠᠯᠠᠨ᠂ ᠮᠠᠯ ᠠᠵᠦ᠍ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ᠎ᠤ ᠤᠳᠤᠬᠢᠴᠢᠯᠠᠯᠳᠠ᠎ᠶ᠋ᠢ ᠲᠦᠷᠬᠡᠳᠭᠡᠨᠠ᠂ ᠢᠯᠠᠩᠭᠤᠶ᠎ᠠ ᠤᠯᠠᠮᠵᠢᠯᠠᠯᠳᠤ ᠴᠠᠭᠠᠨ ᠢᠳᠡᠭᠡᠨ᠎ᠢ ᠠᠵᠦ᠍ ᠦᠢᠯᠡᠰᠵᠢᠬᠦᠯᠤᠨ᠂ ᠲᠦᠷᠦᠯ ᠲᠡᠮᠳᠡᠭ᠌ᠵᠢᠬᠦᠯᠤᠨ ᠬᠦᠭ᠌ᠵᠢᠬᠦᠯᠤᠨ᠎ᠠ ᠬᠡᠵᠦ᠍ ᠲᠤᠷᠠᠳᠤᠬ᠍ᠰᠠᠨ᠎ᠨᠢ ᠮᠠᠯ ᠠᠵᠦ᠍ ᠠᠬᠤᠢ᠂ ᠮᠠᠯᠵᠢᠬᠤ ᠤᠷᠤᠨ᠎ᠢ ᠨᠡᠩ ᠰᠠᠢᠨ ᠬᠦᠭ᠌ᠵᠢᠬᠦᠯᠤᠨ᠎ᠠ ᠬᠡᠳᠡᠭ᠎ᠲᠤ ᠢᠳᠡᠬᠡᠯ ᠲᠦᠬᠦᠷᠡᠩ ᠪᠠᠢᠨ᠎ᠠ》 ᠬᠡᠵᠦ᠍ ᠬᠤᠪᠢᠰᠭᠠᠯᠳᠤ ᠲᠦᠯᠦᠭᠡᠯᠡᠭ᠌ᠴᠢ ᠬᠡᠯᠡᠨ᠎ᠡ᠃