《ᠠᠷᠪᠠᠨ ᠲᠦᠷᠪᠡᠳᠦᠭᠡᠷ ᠲᠠᠪᠤᠨ ᠵᠢᠯ》᠄ ᠱᠢᠨ᠎ᠠ ᠬᠠᠷᠠᠯᠳᠠ ᠱᠢᠨ᠎ᠠ ᠠᠶᠠᠨ
2021-01-29 10:27:46
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠵᠢᠩᠬᠢᠨᠢ ᠤᠶᠤᠨ ᠤᠬᠠᠭᠠᠨ ᠭᠡᠳᠡᠭ ᠪᠤᠯ ᠤᠷᠤᠬ᠍ᠰᠢ ᠬᠠᠷᠠᠬᠤ᠎ᠪᠠᠷ ᠵᠤᠬ᠍ᠰᠤᠬᠤ ᠦᠬᠡᠢ ᠪᠠᠰᠠ ᠢᠷᠡᠬᠡᠳᠦᠢ᠎ᠪᠠᠨ ᠪᠠᠷᠠᠯᠠᠬᠤ᠎ᠳᠤ ᠪᠤᠢ ᠬᠡᠵᠦ᠍ ᠮᠡᠷᠬᠡᠳ ᠰᠡᠴᠡᠯᠡᠭ᠌ᠰᠡᠨ ᠪᠠᠢᠳᠠᠭ᠃

ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠬ᠎ᠤᠨ ᠤᠷᠳᠤᠨ᠎ᠠᠴᠠ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠪᠠ ᠨᠡᠢᠬᠡᠮ᠎ᠤᠨ ᠬᠦᠭ᠌ᠵᠢᠯᠳᠡ᠎ᠶ᠋ᠢᠨ ᠤᠯᠤᠬ᠍ᠰᠠᠨ ᠠᠮᠵᠢᠯᠳᠠ ᠪᠦᠳᠦᠮᠵᠢ᠎ᠶ᠋ᠢ ᠪᠦᠷᠢᠨ ᠲᠡᠬᠦᠯᠳᠡᠷ ᠬᠤᠷᠢᠶᠠᠩᠭᠤᠢ᠍ᠢᠯᠠᠨ ᠳ᠋ᠦᠩᠨᠡᠭ᠌ᠰᠡᠨ ᠪᠦᠬᠡᠳ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠤᠭᠤᠴᠠᠭᠠᠨ᠎ᠤ ᠬᠡᠳᠦ᠎ᠶ᠋ᠢᠨ ᠲᠦᠰᠦᠪ᠎ᠢᠶᠠᠨ ᠵᠢᠷᠤᠬ᠍ᠯᠠᠵᠤ᠂ ᠠᠯᠤᠰ ᠢᠷᠡᠬᠡᠳᠦᠢ᠎ᠶ᠋ᠢᠨ ᠬᠠᠷᠠᠯᠳᠠ᠎ᠪᠠᠨ ᠲᠦᠯᠦᠪᠵᠢᠬᠦᠯᠵᠦ᠍ ᠪᠠᠷᠠᠯᠠᠬ᠍ᠰᠠᠨ ᠶᠤᠮ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠤᠯᠤᠰ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ᠎ᠤ ᠳᠠᠷᠠᠭ᠎ᠠ᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠯᠠᠯ᠎ᠢᠶᠠᠨ ᠡᠬᠢᠯᠡᠭᠦᠯᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠨᠢᠭᠡᠳᠦᠭᠡᠷ ᠲᠠᠪᠤᠨ ᠵᠢᠯ ᠪᠣᠯᠤᠨ᠎ᠠ᠂ ᠪᠠᠰᠠ ᠴᠤ᠌ ᠮᠠᠨ᠎ᠤ ᠤᠷᠤᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠨ᠂ ᠨᠠᠩ ᠶᠡᠭᠡ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠬᠤ ᠶᠤᠮ᠃

ᠬᠦᠰᠡᠯ ᠵᠡᠭᠦᠳᠦ᠎ᠪᠠᠨ ᠲᠡᠷᠭᠡᠯᠱᠢᠬᠦᠯᠬᠦ᠌ ᠱᠢᠨ᠎ᠡ ᠠᠶᠠᠨ᠎ᠢ ᠡᠬᠢᠯᠡᠭᠦᠯᠬᠦ᠌᠎ᠨᠢ 2500 ᠲᠦᠮᠡᠨ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠢᠷᠡᠭᠡᠳᠦᠢ᠎ᠶ᠋ᠢᠨ ᠪᠤᠶᠠᠨ ᠵᠢᠷᠭᠠᠯ᠎ᠲᠠᠢ ᠬᠤᠯᠪᠣᠭ᠍ᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ ᠳᠡᠭᠡᠷ᠎ᠡ᠂ ᠲᠥᠯᠥᠭᠡᠯᠡᠭ᠌ᠴᠢᠳ ᠭᠡᠱᠢᠭᠦᠳ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠵᠢᠭᠠᠨ ᠵᠢᠯᠣᠭᠤᠳᠤᠭ᠍ᠰᠠᠨ ᠥᠪᠥᠷ ᠮᠣᠩᠭᠤᠯ᠎ᠤᠨ 《ᠵᠠᠭ᠍ᠪᠤᠷ》 ᠎ᠲᠤ ᠳᠠᠬᠢᠨᠲᠠ ᠠᠩᠬᠠᠷᠤᠯ᠎ᠢᠶᠠᠨ ᠲᠦᠪᠯᠡᠷᠡᠬᠦᠯᠦᠯ᠎ᠡ᠃

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ᠎ᠳᠤ᠂ ᠠᠵᠤ ᠠᠬᠤᠢ᠎ᠶ᠋ᠢᠨ ᠬᠥᠭ᠌ᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭ᠌ᠵᠢᠬᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠢ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠬᠤ᠎ᠶ᠋ᠢ ᠳᠡᠢᠯᠦᠩᠭᠦᠶ ᠪᠠᠢᠷᠢᠨ᠎ᠳᠤ ᠲᠠᠯᠪᠢᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠪᠠᠢᠭᠠᠯᠢ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠵᠠᠭᠠᠭ ᠬᠢᠵᠠᠭᠠᠷ᠎ᠢ ᠪᠠᠲᠤ ᠰᠠᠬᠢᠵᠤ᠂ ᠬᠥᠭ᠌ᠵᠢᠯᠲᠡ᠎ᠶ᠋ᠢᠨ ᠪᠣᠬᠢᠷᠲᠤᠯ ᠥᠬᠡᠶ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ᠃ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠍᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢ ᠠᠬᠢᠭᠤᠯᠵᠤ᠂ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠴᠢᠩᠭᠠᠳᠭᠠᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠠᠬᠢᠭᠤᠯᠵᠤ᠂ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢᠨ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠦᠨ᠎ᠡ᠃

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ᠎ᠳᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠬᠤ ᠬᠡᠷᠡᠭ᠌ᠲᠡᠢ᠃

ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠎ᠢ ᠪᠠᠭ᠍ᠲᠠᠭᠠᠵᠤ᠂ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ᠎ᠳᠠᠬᠢ ᠥᠪᠥᠷ ᠮᠣᠩᠭᠤᠯ᠎ᠤᠨ ᠴᠢᠬᠤᠯᠠ ᠪᠠᠢᠷᠢ ᠰᠠᠭᠤᠷᠢ᠎ᠶ᠋ᠢ ᠭᠦᠨᠵᠡᠭᠡᠶ ᠢᠯᠡᠷᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠷᠤᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ᠎ᠢ ᠪᠠᠢᠭᠤᠯᠤᠨ᠎ᠠ᠃ ᠬᠥᠭ᠌ᠵᠢᠯᠲᠡ ᠪᠠ ᠠᠮᠤᠷ ᠲᠦᠪᠱᠢᠨ᠎ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ᠃ 《ᠬᠤᠶᠠᠷ ᠰᠠᠭᠤᠷᠢᠨ》 ᠎ᠤ ᠪᠥᠲᠥᠭᠡᠨ ᠪᠠᠢᠭᠤᠯᠤᠯᠲᠠ᠎ᠪᠠᠷ ᠭᠤᠣᠯᠳᠠᠯᠭ᠎ᠠ ᠪᠣᠯᠭᠠᠵᠤ᠂ ᠠᠵᠤ ᠦᠶᠯᠡᠰ᠎ᠤᠨ ᠪᠦᠲᠦᠴᠡ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠬᠦ᠌᠎ᠶ᠋ᠢ ᠲᠦᠷᠭᠡᠳᠭᠡᠨ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠠᠵᠤ ᠦᠶᠯᠡᠰ᠎ᠤᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢ ᠶᠡᠭᠡ᠎ᠪᠠᠷ ᠠᠬᠢᠭᠤᠯᠤᠨ᠂ ᠣᠯᠠᠨ ᠡᠱᠢᠵᠢᠨ ᠬᠥᠭ᠌ᠵᠢᠭ᠌ᠰᠡᠨ᠂ ᠣᠯᠠᠨ ᠲᠦᠢᠯ᠎ᠢᠶᠠᠷ ᠲᠤᠯᠭᠠᠭᠤᠷᠢᠯᠠᠭ᠍ᠰᠠᠨ ᠣᠲᠣ ᠦᠶ᠎ᠡ᠎ᠶ᠋ᠢᠨ ᠠᠵᠤ ᠦᠶᠯᠡᠰ᠎ᠤᠨ ᠱᠢᠨ᠎ᠡ ᠱᠢᠰᠲ᠋ᠧᠮ᠎ᠢ ᠪᠦᠷᠢᠯᠳᠦᠭᠦᠯᠦᠨ᠎ᠡ᠃

ᠥᠪᠥᠷ ᠮᠣᠩᠭᠤᠯ ᠬᠢᠯᠢ ᠳᠠᠭᠠᠤ ᠨᠡᠬᠡᠬᠡᠯᠳᠡ ᠬᠢᠬᠦ᠌ ᠥᠪᠡᠷᠮᠢᠴᠡ ᠳᠠᠪᠠᠭᠤᠯᠢᠭ᠎ᠲᠠᠢ᠂ ᠭᠡᠪᠡᠴᠦ᠍ ᠡᠨᠡ ᠬᠦ᠌ ᠳᠠᠪᠠᠭᠤᠯᠢᠭ᠎ᠨᠢ ᠬᠥᠭ᠌ᠵᠢᠯᠲᠡ᠎ᠶ᠋ᠢᠨ ᠢᠯᠠᠯᠲᠠ ᠪᠤᠯᠤᠭᠠᠳᠤᠢ ᠪᠠᠢᠭ᠍ᠰᠠᠭᠠᠷ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠴᠣᠭ᠍ᠴᠠᠯᠠᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ᠎ᠲᠠᠢ ᠨᠢᠭ᠍ᠲᠠ ᠤᠶᠠᠯᠳᠤᠭᠤᠯᠤᠨ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠤᠨ ᠪᠥᠲᠥᠭᠡᠨ ᠪᠠᠢᠭᠤᠯᠤᠯᠲᠠ᠎ᠳᠤ ᠪᠥᠬᠦ᠌ ᠲᠠᠯ᠎ᠠ᠎ᠪᠠᠷ ᠣᠷᠣᠯᠴᠠᠨ᠂ ᠤᠯᠤᠰ᠎ᠤᠨ ᠳᠣᠲᠣᠭᠠᠳᠤ᠎ᠶ᠋ᠢᠨ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠪᠠᠢᠷᠢᠱᠢᠯ᠎ᠢ ᠲᠦᠷᠭᠡᠨ ᠪᠦᠷᠢᠯᠳᠦᠭᠦᠯᠦᠨ᠎ᠡ᠃

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ᠎ᠳᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠡᠷᠴᠢ ᠵᠣᠷᠢᠭ᠎ᠢᠶᠠᠨ ᠨᠡᠩ ᠪᠠᠲᠤᠳᠭᠠᠬᠤ ᠬᠡᠷᠡᠭ᠌ᠲᠡᠢ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢᠨ ᠬᠤᠭᠤᠴᠠᠭᠠᠨ᠎ᠳᠤ᠂ ᠮᠨᠨ᠎ᠤ ᠣᠷᠣᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢᠨ ᠱᠢᠰᠲ᠋ᠧᠮ᠎ᠤᠨ ᠬᠤᠷᠠᠮᠳᠤᠯ᠂ ᠥᠨᠳᠥᠷ ᠪᠦᠲᠦᠮᠵᠢᠲᠡᠶ ᠪᠠᠢᠬᠤ᠎ᠶ᠋ᠢ ᠴᠢᠨᠠᠬ᠍ᠰᠢᠳᠠ ᠴᠢᠩᠭᠠᠳᠭᠠᠵᠤ᠂ ᠥᠭᠡᠷᠡᠴᠢᠯᠡᠯᠲᠡ᠎ᠶ᠋ᠢ ᠬᠥᠭ᠌ᠵᠢᠯᠲᠡ᠎ᠶ᠋ᠢᠨ ᠬᠡᠷᠡᠭ᠌ᠴᠡᠭᠡ᠂ ᠦᠨᠳᠦᠰᠦᠨ ᠱᠠᠲᠤᠨ᠎ᠤ ᠬᠦᠰᠡᠯ᠂ ᠠᠷᠠᠳ᠎ᠤᠨ ᠰᠡᠳᠭᠢᠯ᠎ᠤᠨ ᠬᠠᠨᠳᠤᠰᠢ᠎ᠲᠠᠢ ᠨᠠᠩ ᠰᠠᠢᠲᠤᠷ ᠵᠣᠯᠭᠠᠭᠤᠯᠬᠤ ᠪᠣᠯᠤᠨ᠎ᠠ᠃

ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ᠂ ᠥᠪᠥᠷ ᠮᠣᠩᠭᠤᠯ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠭᠤᠤᠯ ᠬᠠᠷᠠᠯᠲᠠ ᠡᠭᠦᠷᠭᠡ᠎ᠶ᠋ᠢ ᠪᠠᠢᠷᠢᠯᠠᠭᠤᠯᠤᠯ᠎ᠠ᠃ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠱᠢᠨ᠎ᠡ ᠪᠠᠢᠷᠢᠱᠢᠯ᠎ᠢ ᠲᠦᠷᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠡᠭᠦᠨ᠂ ᠳᠤᠮᠳᠠ᠂ ᠪᠠᠷᠠᠭᠤᠨ ᠣᠷᠣᠨ᠎ᠢ ᠨᠢᠭᠡᠳᠦᠯᠲᠡᠢ ᠲᠥᠯᠥᠪᠵᠢᠭᠦᠯᠵᠦ᠍᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠰᠠᠢᠲᠤᠷ ᠱᠢᠢᠳᠪᠦᠷᠢᠯᠡᠨ᠎ᠠ ᠁᠃ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ 《ᠨᠢᠭᠡ ᠬᠥᠯᠭᠡ ᠱᠢᠳᠠᠷ᠎ᠠ》 ᠪᠣᠯᠬᠤ ᠣᠢᠯᠠᠭᠠᠭ᠍ᠳᠠᠬᠤᠨ᠎ᠲᠠᠢ ᠪᠠᠢᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠲᠦᠩᠯᠢᠶᠣᠤ ᠬᠤᠲᠠ᠎ᠶ᠋ᠢᠨ ᠣᠷᠣᠯᠠᠭ᠍ᠴᠢ ᠳᠠᠷᠤᠭ᠎ᠠ ᠭᠦᠸᠧ ᠢᠦᠶ ᠹᠧᠩ᠂ ᠲᠦᠩᠯᠢᠶᠣᠤ ᠬᠤᠲᠠ ᠤᠯᠤᠰ᠎ᠤᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠬᠤ ᠪᠠ ᠦᠶᠯᠡᠴᠢᠯᠡᠵᠦ᠍᠂ ᠬᠤᠤᠰ ᠣᠷᠴᠢᠯ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶᠯᠡᠴᠢᠯᠡᠬᠦ᠌ ᠪᠠ ᠲᠡᠭᠦᠨ᠎ᠳᠤ ᠦᠶᠯᠡᠴᠢᠯᠡᠬᠦ᠌ ᠳᠤᠮᠳᠠ ᠲᠦᠩᠯᠢᠶᠣᠤ᠎ᠶ᠋ᠢᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠣᠶ ᠪᠣᠯᠭᠠᠨ᠎ᠠ᠃ ᠣᠷᠣᠨ᠎ᠤ ᠳᠣᠲᠣᠷᠠᠬᠢ ᠬᠠᠮᠲᠤᠷᠠᠯᠴᠠᠭ᠎ᠠ᠎ᠶ᠋ᠢᠨ ᠲᠠᠯ᠎ᠠ᠎ᠪᠠᠷ᠂ ᠬᠥᠬᠡᠬᠤᠲᠠ᠂ ᠤᠯᠠᠭᠠᠨᠬᠠᠳᠠ ᠬᠤᠲᠠ᠂ ᠬᠢᠩᠭᠠᠨ ᠠᠢᠮᠠᠭ ᠵᠡᠷᠭᠡ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠰᠦ ᠮᠢᠬ᠎ᠠ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠤᠨ᠂ ᠤᠯᠠᠭᠠᠨᠬᠠᠳᠠ ᠬᠤᠲᠠ᠎ᠲᠠᠢ ᠬᠠᠮᠲᠤᠷᠠᠨ ᠠᠵᠤ ᠦᠢᠯᠡᠰ᠎ᠤᠨ ᠱᠢᠯᠵᠢᠯᠲᠡ᠎ᠶ᠋ᠢ ᠬᠦᠯᠢᠶᠡᠨ ᠠᠪᠬᠤ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠤᠨ᠎ᠠ᠃ ᠣᠷᠣᠨ᠎ᠤ ᠭᠠᠳᠠᠨᠠᠬᠢ ᠬᠤᠯᠪᠣᠭᠠᠯᠠᠨ ᠬᠥᠳᠡᠯᠦᠯᠴᠡᠬᠦ᠌ ᠲᠠᠯ᠎ᠠ᠎ᠪᠠᠷ᠂ ᠪᠡᠭᠡᠵᠢᠩ ᠲᠢᠶᠠᠨᠵᠢᠨ ᠾᠧᠪᠧᠶ᠂ ᠪᠦᠸᠧᠬᠠᠶ ᠲᠠᠩᠭᠢᠰ ᠳᠠᠭᠠᠤ ᠭᠠᠵᠠᠷ ᠣᠷᠣᠨ᠎ᠤ ᠨᠥᠯᠥᠭᠡᠯᠡᠨ ᠳᠠᠢᠴᠢᠯᠠᠬᠤ ᠊ᠦ᠋ᠯᠡᠳᠤᠯ᠎ᠢ ᠢᠳᠡᠪᠬᠢᠳᠠᠢ ᠵᠠᠯᠭᠠᠨ ᠠᠪᠴᠤ᠌᠂ ᠵᠡᠭᠦᠨ ᠬᠤᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠭᠦᠨᠵᠡᠭᠡᠶ ᠠᠭᠤᠰᠤᠯᠴᠠᠵᠤ᠂ ᠡᠨᠧᠷᠭᠢ ᠪᠠ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠴᠢᠳᠠᠪᠤᠷᠢᠲᠠᠨ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠶ᠋ᠢ ᠠᠬᠢᠭᠤᠯᠤᠨ᠎ᠠ ᠭᠡᠵᠤ ᠲᠠᠷᠠᠭᠠᠴᠢ᠎ᠶ᠋ᠢᠨ ᠬᠠᠷᠠᠯᠳᠠ᠎ᠪᠠᠨ ᠲᠤᠳᠤᠷᠠᠭᠤᠯᠤᠯ᠎ᠠ᠃

《ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ᠌ ᠬᠠᠷᠠᠯᠲᠠ ᠮᠥᠨ》᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠬᠦᠯᠭᠡ᠎ᠠᠴᠠ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ ᠬᠦᠷᠲᠡᠯ᠎ᠡ᠂ ᠬᠦᠭ᠌ᠵᠢᠯᠳᠡ᠎ᠶ᠋ᠢᠨ ᠠᠬᠢᠴᠠ ᠬᠤᠪᠢᠷᠠᠬ᠍ᠰᠠᠨ ᠴᠤ᠌ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠱᠠᠭᠠᠷᠳᠠᠯᠭ᠎ᠠ ᠶᠠᠷᠤ᠎ᠨᠢ ᠬᠤᠪᠢᠷᠠᠭ᠎ᠠ ᠦᠭᠡᠢ ᠶᠤᠮ᠃

ᠠᠷᠠᠳ᠎ᠤᠨ ᠬᠦᠰᠡᠯ ᠪᠣᠯ ᠲᠦᠷᠦ᠍ ᠵᠠᠰᠠᠭ᠎ᠤᠨ ᠠᠵᠢᠯ᠎ᠤᠨ ᠬᠠᠨᠳᠤᠰᠢ ᠮᠥᠨ᠃ 《ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠨ᠎ᠡ》᠂ 《ᠣᠷᠣᠯᠭ᠎ᠠ ᠪᠠᠭ᠎ᠠ᠎ᠲᠠᠢ ᠬᠦᠮᠦᠰ᠎ᠤᠨ ᠣᠷᠣᠯᠭ᠎ᠠ᠎ᠶ᠋ᠢ ᠨᠡᠮᠡᠭ᠌ᠳᠡᠬᠦᠯᠤᠨ᠎ᠠ》᠂ 《ᠡᠷᠡᠭᠦᠯ ᠡᠩᠬᠡ ᠥᠪᠥᠷ ᠮᠣᠩᠭᠤᠯ᠎ᠢ ᠪᠦᠳᠦᠭᠡᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠤᠨ᠎ᠠ》 ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠠᠬᠢ ᠠᠷᠠᠳ᠎ᠤᠨ ᠠᠮᠢᠳᠤᠷᠠᠯ᠎ᠤᠨ ᠲᠤᠬᠠᠶ ᠥᠭᠦᠯᠡᠯᠲᠡ᠎ᠨᠢ ᠲᠥᠯᠥᠭᠡᠯᠡᠭ᠌ᠴᠢᠳ ᠪᠣᠯᠤᠨ ᠭᠡᠱᠢᠭᠦᠳ᠎ᠤᠨ ᠰᠡᠳᠭᠢᠯ᠎ᠢ ᠲᠠᠬᠢᠨᠳᠠ ᠲᠤᠭ᠍ᠳᠤᠯᠤᠭᠤᠯᠤᠯ᠎ᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠯᠢ ᠳ᠋ᠦᠩ᠄ 《ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠨᠢᠭᠡᠨᠲᠡ 〈ᠪᠠᠢᠬᠤ ᠡᠰᠡᠬᠦ᠌〉 ᠎ᠠᠴᠠ 〈ᠰᠠᠢᠨ ᠡᠰᠡᠬᠦ᠌〉 ᠲᠡᠢᠰᠢ ᠱᠢᠯᠵᠢᠵᠦ᠍᠂ ᠡᠳ᠋ ᠪᠣᠳᠠᠰ ᠡᠯᠪᠡᠭ ᠪᠠᠶᠠᠯᠢᠭ ᠪᠠᠢᠬᠤ᠎ᠶ᠋ᠢ ᠬᠦᠰᠡᠬᠦ᠌᠎ᠪᠠᠷ ᠪᠠᠷᠠᠬᠤ ᠦᠭᠡᠢ᠂ ᠤᠶᠤᠨ ᠰᠠᠨᠠᠭ᠎ᠠ ᠪᠠᠶᠠᠯᠢᠭ᠂ ᠠᠩᠬᠠᠷᠤᠯ ᠲᠠᠯᠪᠢᠵᠤ ᠪᠠᠢᠭ᠎ᠠ ᠬᠦᠷᠢ᠊ ᠡᠶ᠎ᠡ ᠬᠡᠪᠴᠢ᠊ ᠡᠶ᠎ᠡ ᠨᠡᠩ ᠥᠷᠭᠡᠨ᠂ ᠴᠢᠨᠠᠷ ᠴᠢᠨᠰᠠᠭ᠎ᠠ᠎ᠶ᠋ᠢᠨ ᠱᠠᠭᠠᠷᠳᠠᠯᠭ᠎ᠠ ᠨᠡᠩ ᠥᠨᠳᠥᠷ ᠪᠣᠯᠬᠤ᠎ᠶ᠋ᠢ ᠬᠦᠰᠡᠨ ᠡᠷᠡᠮᠡᠯᠵᠡᠯᠡᠵᠦ᠍ ᠪᠠᠢᠨ᠎ᠠ᠃ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠱᠠᠭᠠᠷᠳᠠᠯᠭ᠎ᠠ᠎ᠶ᠋ᠢ ᠪᠠᠶᠠᠯᠠᠬᠦᠯᠬᠦ᠌᠎ᠳᠤ ᠰᠣᠶᠣᠯ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠯᠲᠠ᠂ ᠨᠡᠢᠭᠡᠮ᠎ᠤᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠳᠤ ᠠᠩᠬᠠᠷᠤᠯ᠎ᠢᠶᠠᠨ ᠲᠦᠪᠯᠡᠷᠡᠬᠦᠯᠤᠨ᠂ ᠤᠯᠠᠨ ᠲᠦᠮᠡᠨ᠎ᠤ ᠰᠠᠨᠠᠭᠠᠱᠢᠷᠠᠵᠤ ᠪᠠᠢᠭ᠎ᠠ ᠶᠠᠪᠤᠳᠠᠯ᠎ᠢ ᠱᠢᠢᠳᠪᠦᠷᠢᠯᠡᠬᠦ᠌ ᠴᠢᠬᠤᠯᠠᠳᠠᠢ ᠪᠠᠢᠨ᠎ᠠ》 ᠬᠡᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠰᠤᠳᠤᠯᠤᠨ ᠤᠩᠱᠢᠬᠤ᠎ᠳᠤ᠂ ᠠᠷᠠᠳ ᠲᠦᠮᠡᠨ᠎ᠢᠶᠠᠨ ᠭᠡᠰᠡᠨ ᠭᠦᠨ ᠵᠤᠵᠠᠭᠠᠨ ᠬᠠᠢᠷ᠎ᠠ ᠰᠡᠳᠭᠢᠯᠭᠡ ᠠᠬᠤᠭᠤᠯᠤᠭ᠍ᠳᠠᠨ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ ᠢᠮᠠᠭ᠍ᠲᠠ ᠲᠤᠭᠤᠱᠢᠯᠠᠬ᠍ᠳᠠᠬᠤ ᠠᠵᠢ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ ᠨᠠᠷᠠᠰᠤᠨ᠄ 《ᠥᠪᠥᠷ ᠮᠣᠩᠭᠤᠯ ᠠᠷᠠᠳ ᠲᠦᠮᠡᠨ᠎ᠤ ᠲᠥᠯᠥᠭᠡ ᠬᠥᠭ᠌ᠵᠢᠭᠦᠯᠬᠦ᠂ ᠬᠥᠭ᠌ᠵᠢᠭᠦᠯᠬᠦ᠌᠎ᠳᠤ ᠠᠷᠠᠳ ᠲᠦᠮᠡᠨ᠎ᠢ ᠲᠦᠱᠢᠭ᠌ᠯᠡᠬᠦ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠬᠠᠮᠲᠤ᠎ᠪᠠᠷ ᠡᠳ᠋ᠯᠡᠭᠦᠯᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠡᠵᠡᠮᠳᠡᠨ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠤᠷᠤᠰᠭᠠᠯ᠎ᠢ ᠠᠶᠠᠳᠠᠬᠤ᠎ᠨᠢ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠥᠮᠦᠰ᠎ᠤᠨ ᠰᠡᠳᠭᠢᠯ᠎ᠳᠤ ᠨᠡᠢᠴᠡᠭ᠌ᠰᠡᠨ ᠬᠠᠮᠤᠭ᠎ᠤᠨ ᠴᠢᠬᠤᠯᠠ ᠱᠠᠭᠠᠷᠳᠠᠯᠭ᠎ᠠ ᠪᠣᠯᠵᠠᠢ》 ᠬᠡᠵᠦ᠍ ᠤᠯᠤᠯᠳᠠ ᠲᠦᠷᠦᠭ᠌ᠳᠠᠯ᠎ᠢᠶᠠᠨ ᠲᠡᠯᠭᠡᠯ᠎ᠠ᠃

ᠰᠠᠢᠨ ᠰᠠᠢᠬᠠᠨ ᠵᠢᠷᠤᠭ ᠲᠥᠰᠦᠪ᠎ᠢ ᠨᠢᠭᠡᠨᠲᠡ ᠵᠢᠷᠤᠭ᠍ᠯᠠᠯ᠎ᠠ᠃ ᠱᠢᠨ᠎ᠡ ᠭᠠᠷᠤᠭ᠎ᠠ᠎ᠠᠴᠠ᠂ ᠱᠢᠨ᠎ᠡ ᠪᠠᠢᠷᠢᠱᠢᠯ ᠲᠡᠢᠰᠢ᠂ ᠥᠪᠥᠷ ᠮᠣᠩᠭᠤᠯ ᠶᠠᠭ ᠨᠡᠩ ᠥᠷᠭᠡᠨ ᠠᠭᠤᠳᠠᠮ ᠪᠦᠬᠦ᠌ ᠲᠠᠯ᠎ᠠ᠎ᠶ᠋ᠢᠨ ᠬᠠᠷᠠᠭᠠᠰᠤ ᠪᠠ ᠠᠯᠤᠰ ᠬᠡᠳᠦ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠷᠠᠴᠠ᠎ᠪᠠᠷ ᠱᠢᠨ᠎ᠡ ᠬᠥᠭ᠌ᠵᠢᠯᠲᠡ᠎ᠶ᠋ᠢ ᠡᠷᠢᠯᠬᠢᠯᠡᠨ᠂ ᠱᠢᠨ᠎ᠡ ᠬᠠᠭᠤᠳᠠᠰᠤ᠎ᠶ᠋ᠢ ᠪᠢᠴᠢᠭ᠌ᠯᠡᠵᠤ᠂ ᠯᠠᠪᠳᠠᠢ ᠢᠯᠡᠯᠳᠠ ᠤᠯᠤᠨ᠎ᠠ ᠭᠡᠳᠡᠭ᠎ᠲᠤ ᠢᠳᠡᠭᠡᠯ ᠲᠡᠬᠦᠯᠳᠡᠷ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号