
ᠦᠪᠦᠷ ᠮᠤᠩᠭᠤᠯ᠎ᠤᠨ ᠶᠡᠭᠡ ᠰᠤᠷᠭᠠᠭᠤᠯᠢ ᠪᠤᠯ ᠤᠯᠤᠰ᠎ᠤᠨ ᠰᠤᠷᠭᠠᠨ ᠬᠦᠮᠦᠵᠢᠯ᠎ᠤᠨ ᠶᠠᠮᠦᠨ ᠪᠠ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠲᠤᠨ᠎ᠤ 《ᠶᠠᠮᠦᠨ ᠮᠤᠵᠢ ᠬᠠᠮᠲᠤᠷᠠᠨ ᠪᠠᠢᠭᠤᠯᠬᠤ ᠶᠡᠭᠡ ᠰᠤᠷᠭᠠᠭᠤᠯᠢ》 ᠪᠦᠬᠡᠳ ᠤᠯᠤᠰ᠎ᠤᠨ 《ᠲᠡᠯᠡᠭᠡᠢ᠎ᠶ᠋ᠢᠨ ᠲᠡᠷᠢᠬᠦᠨ᠎ᠤ ᠱᠢᠨᠵᠢᠯᠡᠬᠡᠨ᠎ᠤ ᠰᠠᠯᠠᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠡᠭᠡ ᠲᠡᠭᠡᠲᠦ ᠰᠤᠷᠭᠠᠭᠤᠯᠢ》᠂ ᠤᠯᠤᠰ᠎ᠤᠨ 《211 ᠢᠨᠵᠧᠨᠧᠷᠢᠩ》 ᠤᠨ ᠭᠤᠤᠯᠲᠠᠯᠭᠠᠲᠦ ᠪᠦᠲᠦᠭᠡᠨ ᠪᠠᠢᠭᠤᠯᠤᠯᠲᠠ᠎ᠶ᠋ᠢᠨ ᠶᠡᠭᠡ ᠰᠤᠷᠭᠠᠭᠤᠯᠢ ᠪᠤᠯᠤᠨ᠎ᠠ᠃ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠬᠦᠨ᠂ ᠦᠪᠦᠷ ᠮᠤᠩᠭᠤᠯ᠎ᠤᠨ ᠶᠡᠭᠡ ᠰᠤᠷᠭᠠᠭᠤᠯᠢ᠎ᠶ᠋ᠢᠨ ᠲᠡᠳ᠋ ᠵᠠᠬᠢᠷᠤᠯ ᠡᠷᠬᠢᠮᠪᠠᠶᠠᠷ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠬᠦᠨ᠎ᠤ ᠡᠬᠦᠷᠭᠡ ᠬᠠᠷᠢᠭᠤᠴᠠᠯᠭ᠎ᠠ᠎ᠪᠠᠨ ᠰᠠᠢᠳᠤᠷ ᠬᠦᠢᠴᠡᠳᠭᠡᠨ᠂ ᠮᠠᠨ᠎ᠤ ᠤᠷᠤᠨ᠎ᠤ ᠰᠤᠷᠭᠠᠨ ᠬᠦᠮᠦᠵᠢᠯ᠎ᠤᠨ ᠬᠦᠭ᠌ᠵᠢᠯᠲᠠ ᠪᠠ ᠶᠡᠭᠡ ᠲᠡᠭᠡᠲᠦ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠤᠬᠠᠢ ᠰᠠᠨᠠᠯ ᠲᠤᠷᠠᠲᠤᠯᠭ᠎ᠠ ᠲᠡᠪᠱᠢᠬᠦᠯᠦᠭ᠌ᠰᠡᠭᠡᠷ ᠢᠷᠡᠭ᠌ᠰᠡᠨ ᠶᠤᠮ᠃
ᠦᠪᠦᠷ ᠮᠤᠩᠭᠤᠯ᠎ᠤᠨ ᠶᠡᠭᠡ ᠰᠤᠷᠭᠠᠭᠤᠯᠢ᠎ᠨᠢ ᠪᠠᠢᠭᠤᠯᠤᠬ᠍ᠲᠠᠬ᠍ᠰᠠᠨᠠᠴᠠᠪᠠᠨ ᠨᠠᠭᠠᠰᠢ ᠦᠪᠡᠷᠳᠡᠭᠡᠨ ᠵᠠᠰᠠᠬᠤ ᠤᠷᠤᠨ ᠪᠠ ᠡᠭᠡ ᠤᠯᠤᠰ᠎ᠤᠨ ᠡᠯ ᠡ ᠭᠠᠵᠠᠷ᠎ᠲᠤ᠌᠂ ᠡᠯ᠎ᠡ ᠠᠵᠢᠯ᠎ᠤᠨ ᠹᠷᠤᠨᠲ᠎ᠲᠤ᠌᠂ ᠡᠯ᠎ᠡ ᠲᠤᠰᠭᠠᠢ ᠮᠡᠷᠭᠡᠵᠢᠯ᠎ᠤᠨ ᠴᠢᠲᠠᠪᠦᠷᠢᠲᠠᠨ᠎ᠢ ᠬᠦᠮᠦᠵᠢᠬᠦᠯᠦᠨ ᠦᠭ᠌ᠬᠦᠭ᠌ᠰᠡᠨ ᠪᠦᠬᠡᠳ ᠤᠲᠤ ᠶᠠᠭ ᠰᠠᠢᠬᠠᠨ ᠤᠯᠤᠰ᠎ᠤᠨ ᠪᠠ ᠦᠪᠡᠷᠳᠡᠭᠡᠨ ᠵᠠᠰᠠᠬᠤ ᠤᠷᠤᠨ᠎ᠤ 《ᠬᠤᠤᠰ ᠲᠡᠷᠢᠬᠦᠨ》 ᠤ ᠶᠡᠭᠡ ᠰᠤᠷᠭᠠᠭᠤᠯᠢ᠎ᠶ᠋ᠢ ᠪᠦᠲᠦᠭᠡᠨ ᠪᠠᠢᠭᠤᠯᠬᠤ ᠪᠠᠢᠯᠲᠤᠬᠤ ᠪᠤᠲᠤᠯᠭ᠎ᠠ᠎ᠶ᠋ᠢᠨ ᠵᠢᠯᠤᠭᠤᠲᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ᠎ᠤ ᠴᠢᠲᠠᠪᠦᠷᠢᠲᠠᠨ ᠬᠦᠮᠦᠵᠢᠬᠦᠯᠬᠦ᠌ ᠱᠢᠨ᠎ᠡ ᠲᠦᠷᠦ᠎ᠶ᠋ᠢᠨ ᠪᠤᠲᠤᠯᠭ᠎ᠠ᠎ᠶ᠋ᠢᠨ ᠲᠤᠯᠭᠠᠭᠤᠷᠢᠯᠠᠯ ᠲᠤᠤᠷ᠎ᠠ᠂ 《ᠬᠤᠤᠰ ᠲᠡᠷᠢᠬᠦᠨ》 ᠤ ᠶᠡᠭᠡ ᠰᠤᠷᠭᠠᠭᠤᠯᠢ᠎ᠶ᠋ᠢ ᠪᠦᠲᠦᠭᠡᠨ ᠪᠠᠢᠭᠤᠯᠬᠤ ᠠᠯᠤᠰ᠎ᠤᠨ ᠬᠠᠷᠠᠯᠲᠠ ᠵᠦᠭ ᠴᠢᠷᠮᠠᠢᠵᠦ᠍ ᠪᠠᠢᠨ᠎ᠠ᠃
《ᠡᠨᠡ ᠬᠠᠷᠠᠯᠲᠠ᠎ᠶ᠋ᠢ ᠪᠡᠶᠡᠯᠡᠬᠦᠯᠬᠦ᠌᠎ᠳᠤ ᠤᠯᠠᠨ ᠲᠠᠯ᠎ᠠ᠎ᠶ᠋ᠢᠨ ᠬᠦᠴᠢᠷᠳᠡᠯ ᠪᠠ ᠬᠦᠭ᠌ᠵᠢᠯᠳᠡ᠎ᠶ᠋ᠢᠨ ᠪᠤᠭᠤᠮᠢ᠎ᠶ᠋ᠢᠨ ᠠᠰᠠᠭᠤᠲᠠᠯ ᠲᠤᠯᠭᠠᠷᠠᠵᠦ᠍ ᠪᠠᠢᠨ᠎ᠠ᠃ ᠬᠤᠢᠱᠢᠳᠡ ᠪᠦᠬᠦ᠌ ᠤᠷᠤᠨ᠎ᠤ ᠬᠦᠴᠦᠨ᠎ᠢ ᠭᠡᠷᠬᠢᠨ ᠲᠦᠪᠯᠡᠷᠡᠬᠦᠯᠵᠦ᠍᠂ ᠦᠪᠦᠷ ᠮᠤᠩᠭᠤᠯ᠎ᠤᠨ ᠶᠡᠭᠡ ᠰᠤᠷᠭᠠᠭᠤᠯᠢ᠎ᠪᠠᠨ ᠤᠯᠤᠰ᠎ᠲᠤ ᠨᠡᠷ᠎ᠡ᠎ᠲᠠᠢ᠂ ᠲᠡᠯᠡᠭᠡᠢ᠎ᠳᠤ ᠠᠯᠳᠠᠷᠳᠠᠢ ᠶᠡᠭᠡ ᠰᠤᠷᠭᠠᠭᠤᠯᠢ ᠪᠤᠯᠭᠠᠨ ᠪᠦᠲᠦᠭᠡᠨ ᠪᠠᠢᠭᠤᠯᠬᠤ᠎ᠪᠠᠷ ᠪᠤᠢ᠂ ᠪᠢ ᠡᠨᠡ ᠤᠲᠠᠭ᠎ᠠ ᠡᠬᠦᠨ᠎ᠤ ᠲᠤᠬᠠᠢ ᠰᠠᠨᠠᠯ ᠲᠤᠷᠠᠲᠤᠯᠭ᠎ᠠ ᠠᠪᠴᠢᠷᠠᠭ᠍ᠰᠠᠨ ᠶᠤᠮ》 ᠭᠡᠵᠦ᠍ ᠡᠷᠬᠢᠮᠪᠠᠶᠠᠷ ᠬᠡᠱᠢᠬᠦᠨ ᠰᠤᠷᠪᠤᠯᠵᠢᠯᠠᠭ᠍ᠴᠢ᠎ᠳᠤ ᠲᠤᠳᠤᠷᠠᠭᠤᠯᠵᠤ ᠭᠠᠷᠪᠠ᠃
ᠤᠢ᠍ᠢᠷ᠎ᠠ᠎ᠶ᠋ᠢᠨ ᠵᠢᠯ᠎ᠳᠤ ᠰᠤᠷᠭᠠᠨ ᠬᠦᠮᠦᠵᠢᠯ᠎ᠤᠨ ᠶᠠᠮᠦᠨ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠲᠤᠨ᠎ᠤ ᠡᠯ᠎ᠡ ᠲᠠᠯ᠎ᠠ᠎ᠶ᠋ᠢᠨ ᠲᠡᠮᠵᠢᠯᠬᠡ᠎ᠪᠠᠷ ᠦᠪᠦᠷ ᠮᠤᠩᠭᠤᠯ᠎ᠤᠨ ᠶᠡᠭᠡ ᠰᠤᠷᠭᠠᠭᠤᠯᠢ᠎ᠶ᠋ᠢᠨ ᠱᠢᠨᠵᠢᠯᠡᠬᠡᠨ᠎ᠤ ᠰᠠᠯᠠᠭ᠎ᠠ᠎ᠶ᠋ᠢᠨ ᠪᠦᠲᠦᠭᠡᠨ ᠪᠠᠢᠭᠤᠯᠤᠯᠲᠠ᠂ ᠴᠢᠲᠠᠪᠦᠷᠢᠲᠠᠨ ᠬᠦᠮᠦᠵᠢᠬᠦᠯᠬᠦ᠌ ᠪᠠ ᠰᠤᠲᠤᠯᠭᠠᠨ᠎ᠤ ᠠᠵᠢᠯ᠎ᠤᠨ ᠲᠠᠯ᠎ᠠ᠎ᠪᠠᠷ ᠪᠦᠷ ᠮᠠᠰᠢ ᠶᠡᠭᠡ ᠠᠮᠵᠢᠯᠲᠠ ᠤᠯᠤᠬ᠍ᠰᠠᠨ ᠪᠠᠢᠨ᠎ᠠ᠃ 《ᠨᠠᠮ ᠵᠠᠰᠠᠭ᠎ᠤᠨ ᠲᠡᠮᠵᠢᠯᠬᠡ ᠲᠤᠤᠷ᠎ᠠ᠂ ᠦᠪᠦᠷ ᠮᠤᠩᠭᠤᠯ᠎ᠤᠨ ᠶᠡᠭᠡ ᠰᠤᠷᠭᠠᠭᠤᠯᠢ ᠤᠯᠠᠮ ᠲᠦᠷᠭᠡᠨ ᠬᠦᠭ᠌ᠵᠢᠵᠦ᠍᠂ ᠦᠪᠡᠷᠳᠡᠭᠡᠨ ᠵᠠᠰᠠᠬᠤ ᠤᠷᠤᠨ᠎ᠤ ᠬᠦᠭ᠌ᠵᠢᠯᠳᠡ᠎ᠳᠤ ᠮᠠᠰᠢ ᠶᠡᠭᠡ ᠲᠦᠯᠬᠢᠴᠡ ᠦᠢᠯᠡᠲᠦᠯ ᠦᠵᠡᠬᠦᠯᠬᠦ᠌ ᠶᠤᠮ ᠭᠡᠳᠡᠭ᠎ᠲᠤ ᠢᠳᠡᠭᠡᠯ ᠲᠠᠬᠦᠯᠳᠡᠷ ᠪᠠᠢᠨ᠎ᠠ》 ᠭᠡᠵᠦ᠍ ᠡᠷᠬᠢᠮᠪᠠᠶᠠᠷ ᠬᠡᠱᠢᠬᠦᠨ ᠤᠮᠤᠭ᠍ᠳᠠᠢᠬᠠᠨ ᠭᠡᠯᠡᠯ᠎ᠠ᠃