
《〈ᠠᠷᠪᠠᠨ ᠭᠤᠷᠪᠠᠳᠤᠭᠠᠷ ᠲᠠᠪᠤᠨ ᠵᠢᠯ〉 ᠤᠨ ᠬᠤᠭᠤᠴᠠᠭᠠᠨ᠎ᠳᠤ ᠮᠠᠨ᠎ᠤ ᠬᠤᠱᠢᠭᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ ᠪᠤᠯᠤᠨ ᠦᠪᠡᠷᠲᠡᠭᠡᠨ ᠵᠠᠰᠭᠠᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠴᠢᠬᠤᠯᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠲᠠᠪᠤᠷᠢᠵᠢᠭᠤᠯᠵᠦ᠍᠂ ᠭᠤᠷᠪᠠᠨ ᠶᠡᠭᠡ ᠪᠣᠭᠤᠮᠳᠠ ᠱᠢᠪᠲᠤᠯᠬᠤ ᠲᠠᠢᠯᠠᠯᠳᠤᠭᠠᠨ᠎ᠢ ᠰᠠᠢᠲᠦᠷ ᠬᠢᠵᠦ᠍᠂ ᠢᠯᠡᠩᠭᠤᠶ᠎ᠠ ᠠᠵᠦ᠍ ᠠᠬᠤᠢ ᠨᠡᠢᠭᠡᠮ᠎ᠤᠨ ᠬᠦᠭ᠌ᠵᠢᠯᠲᠡ ᠲᠦᠷᠭᠡᠳᠴᠦ᠍᠂ ᠠᠷᠠᠳ᠎ᠤᠨ ᠠᠮᠢᠳᠤᠷᠠᠯ ᠰᠠᠢᠵᠢᠷᠠᠵᠦ᠍᠂ ᠠᠷᠠᠳ ᠲᠦᠮᠡᠨ᠎ᠤ ᠵᠢᠷᠭᠠᠯᠳᠣ ᠲᠦᠷᠦᠭ᠌ᠳᠡᠯ ᠢᠯᠡᠷᠬᠡᠢ ᠳᠡᠭᠡᠭ᠌ᠰᠢᠯᠡᠪᠡ》 ᠬᠡᠵᠦ᠍ ᠦᠪᠡᠷᠲᠡᠭᠡᠨ ᠵᠠᠰᠭᠠᠤ ᠤᠷᠤᠨ᠎ᠤ ᠠᠷᠠᠳ᠎ᠤᠨ ᠲᠦᠯᠦᠭᠡᠯᠡᠭ᠌ᠴᠢ᠂ ᠨᠠᠢ᠍ᠮᠠᠨ ᠬᠤᠱᠢᠭᠤᠨ᠎ᠤ ᠲᠠᠷᠤᠭ᠎ᠠ ᠪᠦᠷᠢᠨ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠨ᠎ᠡ᠃
ᠨᠢᠲᠦᠨᠦᠨ ᠨᠠᠢ᠍ᠮᠠᠨ ᠬᠤᠱᠢᠭᠤ ᠤᠯᠤᠰ᠎ᠤᠨ ᠲᠡᠰ᠎ᠤᠨ ᠶᠠᠳᠠᠭᠤ ᠬᠦᠴᠢᠷᠲᠡᠯᠲᠡᠢ ᠬᠤᠱᠢᠭᠤ ᠱᠢᠶᠠᠨ᠎ᠤ ᠡᠩᠨᠡᠭᠡ᠎ᠠᠴᠠ ᠤᠬᠤᠷᠢᠨ ᠭᠠᠷᠪᠠ᠃ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠠᠬᠢ 《ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠱᠢᠪᠲᠤᠯᠬᠤ ᠲᠠᠢᠯᠠᠯᠳᠤᠭᠠᠨ᠎ᠤ ᠦᠷ᠎ᠡ ᠪᠦᠲᠦᠭᠡᠯ᠎ᠢ ᠪᠠᠬᠢᠵᠢᠬᠦᠯᠦᠨ ᠦᠷᠭᠡᠳᠭᠡᠵᠦ᠍᠂ ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠤᠯᠭᠠᠭᠤᠯᠬᠤ ᠠᠵᠢᠯ᠎ᠢ ᠰᠠᠢᠲᠦᠷ ᠬᠢᠬᠦ᠌》 ᠲᠤᠬᠠᠢ ᠳᠣᠭᠠᠴᠢᠯᠳᠠ᠎ᠳᠤ ᠪᠦᠷᠢᠨᠤ ᠣᠢᠯᠠᠭᠠᠯᠳᠠ ᠬᠠᠮᠤᠭ᠎ᠤᠨ ᠭᠦᠨᠵᠡᠭᠡᠢ᠃ ᠲᠡᠷᠡ 《ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠱᠢᠪᠲᠤᠯᠬᠤ ᠲᠠᠢᠯᠠᠯᠳᠤᠭᠠᠨ᠎ᠤ ᠦᠷ᠎ᠡ ᠪᠦᠲᠦᠭᠡᠯ᠎ᠢ ᠪᠠᠬᠢᠵᠢᠬᠦᠯᠦᠨ ᠦᠷᠭᠡᠳᠭᠡᠵᠦ᠍᠂ ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠲᠠᠢ ᠵᠤᠯᠭᠠᠭᠤᠯᠬᠤ᠎ᠳᠤ᠂ ᠶᠠᠭᠤᠨ᠎ᠤ ᠡᠮᠦᠨ᠎ᠡ ᠶᠠᠳᠠᠭᠤ᠎ᠠᠴᠠ᠎ᠪᠠᠨ ᠠᠩᠬᠢᠵᠢᠷᠠᠬ᠍ᠰᠠᠨ ᠬᠦᠮᠦᠨ ᠠᠮᠠ᠎ᠶ᠋ᠢᠨ ᠲᠠᠬᠢᠨ ᠶᠠᠳᠠᠭᠤᠷᠠᠬᠤ᠎ᠶ᠋ᠢ ᠰᠡᠷᠬᠡᠢᠯᠡᠵᠦ᠍᠂ ᠡᠯ ᠡ ᠲᠠᠯ᠎ᠠ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢᠨ ᠲᠡᠮᠵᠢᠯᠭᠡ᠎ᠶ᠋ᠢ ᠨᠠᠢᠲᠠᠪᠤᠷᠢᠵᠢᠭᠤᠯᠬᠤ ᠬᠡᠷᠡᠭ᠌ᠳᠡᠢ᠃ ᠳᠠᠬᠢᠪᠠᠯ ᠲᠠᠷᠢᠶᠠᠯᠠᠩ ᠮᠠᠯ ᠠᠵᠦ᠍ ᠠᠬᠤᠢ᠎ᠶ᠋ᠢ ᠬᠦᠭ᠌ᠵᠢᠭᠦᠯᠵᠦ᠍᠂ ᠬᠦᠲᠡᠭᠡ ᠲᠤᠰᠭᠤᠨ᠎ᠤ ᠠᠮᠢ ᠠᠬᠤᠢ᠂ ᠤᠷᠤᠱᠢᠨ ᠰᠠᠭᠤᠬᠤ ᠰᠠᠭᠤᠷᠢ ᠲᠦᠭᠦᠭᠡᠷᠦᠮᠵᠢ᠎ᠶ᠋ᠢ ᠨᠡᠩ ᠰᠠᠢᠨ ᠪᠤᠯᠭᠠᠵᠦ᠍᠂ ᠨᠡᠢᠭᠡᠮ᠎ᠤᠨ ᠵᠠᠰᠠᠯᠲᠠ᠎ᠶ᠋ᠢ ᠨᠡᠩ ᠴᠢᠩᠭ᠎ᠠ ᠠᠳᠭᠤᠵᠦ᠍᠂ ᠠᠷᠠᠳ ᠲᠦᠮᠡᠨ᠎ᠤ ᠰᠠᠢᠨ ᠰᠠᠢᠬᠠᠨ ᠠᠮᠢᠳᠣᠷᠠᠯ᠎ᠤᠨ ᠬᠦᠰᠡᠯ᠎ᠢ ᠨᠡᠩ ᠬᠠᠨᠤᠮᠵᠢᠲᠠᠢ ᠪᠤᠯᠭᠠᠬᠤ ᠴᠢᠬᠤᠯᠠᠳᠠᠢ᠃ ᠪᠢᠲᠡ ᠬᠤᠢᠱᠢᠲᠠ᠎ᠶ᠋ᠢᠨ ᠠᠵᠢᠯ᠎ᠳᠠᠭᠠᠨ ᠪᠤᠲᠠᠲᠠᠢ ᠠᠷᠭ᠎ᠠ ᠬᠡᠮᠵᠢᠶ᠎ᠡ ᠠᠪᠴᠤ᠌ ᠡᠨᠡ ᠬᠦ᠌ ᠠᠵᠢᠯ᠎ᠢ ᠰᠠᠢᠲᠦᠷ ᠬᠢᠨ᠎ᠡ》 ᠬᠡᠵᠦ᠍ ᠬᠡᠯᠡᠪᠡ᠃
《ᠪᠢᠳᠡ ᠬᠤᠱᠢᠭᠤᠨ᠎ᠤ᠎ᠪᠠᠨ ᠪᠤᠲᠠᠲᠣ ᠪᠠᠢᠲᠠᠯᠲᠠᠢ ᠤᠶᠠᠯᠳᠤᠭᠤᠯᠵᠦ᠍᠂ 〈ᠠᠷᠪᠠᠨ ᠲᠦᠷᠪᠡᠲᠦᠭᠡᠷ ᠲᠠᠪᠤᠨ ᠵᠢᠯ〉 ᠤᠨ ᠬᠤᠭᠤᠴᠠᠭᠠᠨ᠎ᠳᠤ᠂ ᠤᠳᠤᠬᠢᠴᠢᠯᠠᠬ᠍ᠰᠠᠨ ᠦᠢᠯᠡᠳᠬᠦᠨ᠎ᠤ ᠱᠢᠰᠲ᠋ᠧᠮ᠎ᠤᠨ ᠬᠦᠭ᠌ᠵᠢᠯᠲᠡ᠎ᠶ᠋ᠢ ᠲᠦᠷᠬᠡᠳᠭᠡᠬᠦ᠂ ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠬᠤᠲᠠ ᠬᠦᠲᠡᠭᠡ᠎ᠶ᠋ᠢᠨ ᠵᠤᠬᠢᠴᠠᠩᠭᠤᠢ ᠬᠦᠭ᠌ᠵᠢᠯᠲᠡ᠎ᠶ᠋ᠢ ᠠᠬᠢᠭᠤᠯᠬᠤ᠂ ᠤᠳᠤᠬᠢᠴᠢᠯᠠᠬ᠍ᠰᠠᠨ ᠰᠠᠭᠤᠷᠢ ᠲᠦᠭᠦᠭᠡᠷᠦᠮᠵᠢ᠎ᠶ᠋ᠢᠨ ᠱᠢᠰᠲᠧᠮ᠎ᠢ ᠪᠦᠲᠦᠭᠡᠨ ᠪᠠᠢᠭᠤᠯᠬᠤ᠂ ᠠᠮᠢ ᠠᠬᠤᠢ᠎ᠶ᠋ᠢᠨ ᠪᠤᠬᠢᠷᠲᠦᠯ ᠦᠭᠡᠢ ᠬᠦᠭ᠌ᠵᠢᠯᠲᠡ᠎ᠶ᠋ᠢᠨ ᠤᠷᠢᠲᠠᠴᠢ ᠨᠦᠬᠦᠴᠡᠯ᠎ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠳᠣᠯᠠᠨ ᠰᠠᠢᠵᠢᠷᠠᠭᠤᠯᠬᠤ᠂ ᠱᠢᠨ᠎ᠡ ᠬᠦᠭ᠌ᠵᠢᠯᠲᠡ᠎ᠶ᠋ᠢᠨ ᠪᠠᠢᠷᠢᠱᠢᠭᠤᠯᠤᠯᠲᠠ᠎ᠳᠤ ᠪᠦᠬᠦ᠌ ᠲᠠᠯ᠎ᠠ᠎ᠪᠠᠷ ᠠᠭᠤᠰᠤᠯᠴᠠᠬᠤ ᠵᠡᠷᠭᠡ ᠲᠤᠯᠤᠭᠠᠨ ᠲᠠᠯ᠎ᠠ᠎ᠶ᠋ᠢᠨ ᠠᠵᠢᠯ᠎ᠢ ᠭᠤᠤᠯᠲᠠᠯᠭ᠎ᠠ᠎ᠲᠠᠢ ᠠᠳᠭᠤᠨ᠎ᠠ᠃ ᠮᠠᠨ᠎ᠤ ᠬᠤᠱᠢᠭᠤᠨ᠎ᠤ ᠡᠯ᠎ᠡ ᠲᠠᠯ᠎ᠠ᠎ᠶ᠋ᠢᠨ ᠠᠵᠢᠯ ᠦᠢᠯᠡᠰ᠎ᠤᠨ ᠡᠭᠦᠷᠭᠡ ᠬᠦᠨᠲᠦ᠍᠂ ᠠᠵᠠ ᠳᠣᠬᠢᠶᠠᠯ ᠤᠯᠠᠨ᠂ ᠪᠢᠳᠡ 〈ᠠᠷᠪᠠᠨ ᠭᠤᠷᠪᠠᠳᠤᠭᠠᠷ ᠲᠠᠪᠤᠨ ᠵᠢᠯ〉 ᠤᠨ ᠬᠤᠭᠤᠴᠠᠭᠠᠨ᠎ᠳᠤ ᠤᠯᠤᠬ᠍ᠰᠠᠨ ᠠᠮᠵᠢᠯᠳᠠ ᠪᠦᠲᠦᠮᠵᠢ᠎ᠶ᠋ᠢᠨ᠎ᠢᠶᠠᠨ ᠰᠠᠭᠤᠷᠢᠨ ᠲᠡᠭᠡᠷ᠎ᠡ ᠬᠦᠭ᠌ᠵᠢᠯᠳᠡ᠎ᠪᠠᠨ ᠴᠢᠨᠠᠭ᠍ᠰᠢᠳᠠ ᠲᠦᠷᠭᠡᠳᠭᠡᠬᠦ᠌ ᠢᠳᠡᠭᠡᠯ ᠵᠤᠷᠢᠭ ᠳᠡᠭᠦᠯᠳᠡᠷ ᠪᠠᠢᠨ᠎ᠠ》 ᠬᠡᠵᠦ᠍ ᠪᠦᠷᠢᠨ ᠬᠡᠯᠡᠨ᠎ᠡ᠃