ᠦᠪᠡᠷᠳᠡᠭᠡᠨ ᠵᠠᠰᠠᠬᠤ ᠤᠷᠤᠨ᠎ᠤ 《ᠬᠤᠶᠠᠷ ᠬᠤᠷᠠᠯ》 ᠬᠤᠷᠠᠯᠳᠤᠭ᠍ᠰᠠᠨ᠎ᠠᠴᠠ ᠨᠠᠭᠠᠰᠢ᠂ ᠬᠢᠨᠭ᠌ᠭᠠᠨ ᠠᠢᠮᠠᠭ᠎ᠤᠨ ᠥᠷᠭᠡᠨ ᠣᠯᠠᠨ ᠺᠠᠳ᠋ᠷ ᠤᠯᠠᠨ ᠲᠦᠮᠡᠨ᠎ᠤ ᠲᠤᠮᠳᠠ ᠴᠢᠩᠭ᠎ᠠ ᠲᠤᠰᠭᠠᠯ ᠭᠠᠷᠴᠦ᠍᠂ ᠲᠡᠳᠡ ᠰᠣᠨᠢᠨ ᠰᠡᠳᠬᠦᠯ᠂ ᠷᠢᠳᠢᠣ᠋ ᠲᠧᠯᠸᠢᠰ᠂ ᠰᠦᠯᠵᠢᠶ᠎ᠠ᠂ ᠭᠠᠷ ᠤᠲᠠᠰᠤ᠎ᠪᠠᠷ 《ᠬᠤᠶᠠᠷ ᠬᠤᠷᠠᠯ》 ᠢ ᠦᠷᠬᠦᠯᠵᠢᠯᠡᠨ ᠠᠩᠬᠠᠷᠤᠬ᠍ᠰᠠᠭᠠᠷ᠃
ᠵᠠᠯᠠᠢᠳ ᠬᠤᠱᠢᠭᠤᠨ᠎ᠤ ᠠᠯᠲᠠᠲᠤ ᠰᠤᠮᠤᠨ᠎ᠤ ᠨᠠᠮ᠎ᠤᠨ ᠬᠤᠷᠢᠶᠠᠨ᠎ᠤ ᠱᠦᠵᠢ ᠶᠦᠨ ᠹᠧᠩ᠄ 《ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠪᠦ᠋ ᠱᠢᠶᠤᠤ ᠯᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠳ᠋᠊ ᠦ᠊ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠵᠣᠷᠢᠯᠲᠠ ᠪᠣᠯᠤᠨ ᠲᠤᠰᠤᠯᠳᠠ᠎ᠶ᠋ᠢ ᠠᠷᠠᠳ ᠲᠦᠮᠡᠨ᠎ᠤ ᠪᠤᠶᠠᠨ ᠵᠢᠷᠭᠠᠯ᠎ᠢ ᠨᠡᠮᠡᠭ᠌ᠳᠡᠭᠦᠯᠬᠦ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ ᠳᠡᠭᠡᠷ᠎ᠡ ᠲᠠᠯᠪᠢᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠰᠠᠢᠵᠢᠷᠠᠭᠤᠯᠤᠨ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ 2021 ᠣᠨ᠎ᠳᠤ ᠠᠯᠳᠠ᠎ᠲᠤ ᠰᠤᠮᠤ ᠶᠠᠳᠠᠭᠤ ᠬᠦᠴᠢᠷᠳᠡᠯᠲᠡᠢ ᠡᠷᠦᠬᠡ᠎ᠶ᠋ᠢᠨ ᠣᠷᠣᠯᠭ᠎ᠠ᠎ᠶ᠋ᠢᠨ ᠬᠤᠪᠢᠷᠠᠯᠲᠠ ᠪᠣᠯᠤᠨ 〈ᠬᠤᠶᠠᠷ᠎ᠲᠤ ᠵᠣᠪᠠᠭ᠍ᠤ ᠦᠭᠡᠢ ᠭᠤᠷᠪᠠ᠎ᠶ᠋ᠢ ᠪᠠᠲᠤᠯᠠᠬᠤ〉 ᠶ᠋ᠢ ᠪᠠᠬᠢᠵᠢᠭᠦᠯᠦᠭ᠌ᠰᠡᠨ ᠪᠠᠢᠳᠠᠯ᠎ᠢ ᠦᠷᠭᠦᠯᠵᠢᠯᠡᠨ ᠮᠦᠷᠳᠡᠨᠠ᠃ ᠶᠠᠳᠠᠭᠤ᠎ᠶ᠋ᠢ ᠲᠡᠤᠡᠬᠦᠬᠦ᠌ ᠠᠵᠤ ᠦᠢᠯᠡᠰ᠎ᠢ ᠦᠷᠭᠦᠯᠵᠢᠯᠡᠨ ᠬᠥᠭ᠌ᠵᠢᠭᠦᠯᠦᠨ ᠪᠤᠵᠠᠭᠠᠢᠷᠠᠭᠤᠯᠵᠤ᠂ ᠬᠦᠷᠢᠶ᠎ᠡ ᠬᠠᠱᠢᠶᠠᠨ᠎ᠤ ᠠᠵᠤ ᠠᠬᠤᠢ᠎ᠶ᠋ᠢ ᠶᠡᠭᠡ᠎ᠪᠠᠷ ᠬᠥᠭ᠌ᠵᠢᠭᠦᠯᠦᠨ᠂ 2 ᠵᠢᠱ᠌ᠢᠶ᠎ᠡ ᠦᠵᠡᠭᠦᠯᠬᠦ᠌ ᠭᠠᠴᠠᠭ᠎ᠠ᠂ 290 ᠵᠢᠱ᠌ᠢᠶ᠎ᠡ ᠦᠵᠡᠭᠦᠯᠬᠦ᠌ ᠡᠷᠦᠬᠡ᠎ᠶ᠋ᠢ ᠪᠠᠢᠭᠤᠯᠤᠨ᠎ᠠ᠃ ᠡᠭᠦᠨ᠎ᠤ ᠬᠠᠮᠲᠤ᠌᠂ ᠣᠨᠳᠣᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠭ᠌ᠰᠡᠨ᠎ᠤ ᠳᠠᠷᠠᠭ᠎ᠠ ᠦᠷᠭᠦᠯᠵᠢᠯᠡᠨ ᠲᠡᠳᠬᠦᠬᠦ᠌᠎ᠪᠠᠨ ᠴᠢᠩᠭᠠᠤᠡᠬᠠᠵᠤ᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠲᠣᠭ᠍ᠲᠠᠭᠤᠨ᠎ᠢᠶᠠᠷ ᠠᠵᠢᠯ ᠤᠯᠬᠤ᠎ᠶ᠋ᠢ ᠠᠬᠢᠭᠤᠯᠵᠤ᠂ ᠬᠥᠳᠡᠭᠡ ᠲᠣᠰᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠡᠷᠭᠢᠯᠡᠬᠦ᠌ ᠨᠥᠬᠦᠴᠡᠯ ᠪᠠ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠤᠨᠡ》 ᠬᠡᠵᠤ ᠶᠠᠷᠢᠵᠤ ᠪᠠᠢᠯ᠎ᠠ᠃
ᠬᠦᠷᠡᠯ ᠪᠠᠯᠭᠠᠰᠤ ᠵᠠᠯᠠᠢᠳ ᠬᠤᠱᠢᠭᠤᠨ᠎ᠤ ᠬᠤᠢᠲᠤ ᠬᠡᠰᠡᠭ᠎ᠤᠨ ᠴᠢᠬᠤᠯᠠ ᠪᠠᠯᠭᠠᠰᠤ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠵᠢᠯ᠎ᠳᠤ ᠴᠢᠨᠠᠷ ᠰᠠᠢᠲᠠᠶ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠬᠡᠪ ᠳᠠᠭᠤᠷᠢᠶᠠᠯ᠎ᠤᠨ ᠭᠠᠴᠠᠭ᠎ᠠ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 《ᠨᠠᠷᠢᠯᠢᠭ ᠵᠢᠷᠤᠭ ᠲᠥᠯᠥᠪᠯᠡᠭᠡ》 ᠶ᠋ᠢ ᠵᠢᠷᠤᠭ᠍ᠯᠠᠪᠠ᠃ 《ᠪᠢ 2018 ᠣᠨ᠎ᠳᠤ ᠡᠨᠡ ᠨᠡᠭᠦᠳᠡᠯ ᠠᠷᠠᠳ᠎ᠤᠨ ᠲᠣᠰᠭᠤᠨ᠎ᠳᠤ ᠨᠡᠭᠦᠨ ᠢᠷᠡᠭᠡᠳ ᠭᠤᠶᠤ ᠰᠠᠢᠬᠠᠨ ᠭᠡᠷ ᠪᠠᠢᠱᠢᠩ᠂ ᠴᠡᠪᠡᠷ ᠴᠡᠮᠴᠡᠭᠡᠷ ᠬᠦᠷᠢᠶ᠎ᠡ ᠬᠠᠱᠢᠶ᠎ᠠ᠎ᠲᠠᠢ ᠪᠣᠯᠵᠤ᠂ ᠨᠢᠳᠤᠨᠤᠨ ᠠᠵᠤ ᠦᠢᠯᠡᠰ᠎ᠢᠶᠠᠷ ᠶᠠᠳᠠᠭᠤ᠎ᠶ᠋ᠢ ᠲᠡᠤᠡᠬᠦᠬᠦ᠌᠎ᠳᠤ ᠥᠭ᠌ᠭᠦᠭ᠌ᠰᠡᠨ 10 ᠭᠠᠭ᠍ᠠᠢ ᠨᠡᠮᠡᠭ᠌ᠳᠡᠭᠡᠳ 30 ᠭᠠᠷᠤᠢ ᠪᠣᠯᠵᠠᠢ᠃ ᠪᠢ ᠪᠠᠰᠠ ᠭᠠᠴᠠᠭᠠᠨ᠎ᠳᠤ ᠤᠢ ᠱᠢᠭᠤᠢ᠎ᠶ᠋ᠢᠨ ᠬᠠᠮᠠᠭᠠᠯᠠᠭ᠍ᠴᠢ ᠪᠤᠯᠵᠤ᠂ ᠭᠠᠴᠠᠭᠠᠨ᠎ᠤ ᠡᠮᠦᠨᠡᠬᠢ ᠤᠢ ᠱᠢᠭᠤᠢ᠎ᠶ᠋ᠢ ᠬᠠᠷᠠᠵᠤ ᠪᠤᠢ᠂ ᠵᠢᠯ᠎ᠤᠨ ᠣᠷᠣᠯᠭ᠎ᠠ ᠲᠦᠮᠡᠨ ᠲᠦᠭᠦᠷᠢᠭ᠎ᠲᠤ ᠬᠦᠷᠴᠦ᠍ ᠪᠠᠢᠨ᠎ᠠ᠂ ᠨᠠᠮ ᠵᠠᠰᠠᠬ᠎ᠲᠤ ᠲᠠᠯᠠᠷᠬᠠᠵᠤ ᠪᠠᠢᠨ᠎ᠠ᠃ ᠤᠳᠤ ᠠᠮᠢ ᠠᠬᠤᠢ ᠣᠷᠴᠢᠨ ᠲᠣᠭᠤᠷᠢᠨ ᠰᠠᠢᠵᠢᠷᠠᠵᠤ᠂ ᠠᠭᠤᠯᠠᠨ᠎ᠳᠤ ᠦᠷᠭᠦᠯᠵᠢ ᠪᠣᠷᠣ ᠭᠥᠷᠥᠭᠡᠰᠦ᠂ ᠲᠠᠤᠯᠠᠢ᠂ ᠭᠤᠷᠭᠤᠤᠯ ᠵᠡᠷᠭᠡ ᠬᠡᠭᠡᠷ᠎ᠡ᠎ᠶ᠋ᠢᠨ ᠠᠮᠢᠳᠠᠨ᠎ᠲᠠᠢ ᠲᠠᠭᠠᠷᠠᠯᠳᠤᠳᠠᠭ᠃ ᠥᠪᠡᠷᠲᠡᠭᠡᠨ ᠵᠠᠰᠠᠬᠤ ᠣᠷᠣᠨ᠎ᠤ 〈ᠬᠤᠶᠠᠷ ᠬᠤᠷᠠᠯ〉 ᠳᠡᠭᠡᠷ᠎ᠡ ᠲᠡᠷᠢᠭᠦᠯᠡᠭ᠌ᠴᠢ ᠪᠦ᠋ ᠱᠢᠶᠤᠤ ᠯᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠭᠡᠨ ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠣᠶ ᠱᠢᠭᠤᠶ᠎ᠶ᠋ᠢᠨ ᠳᠠᠷᠤᠭ᠎ᠠ᠎ᠶ᠋ᠢᠨ ᠲᠦᠷᠢᠮ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠤᠨᠡ ᠬᠡᠵᠡᠢ᠃ ᠪᠢ ᠡᠭᠦᠷᠭᠡ ᠬᠠᠷᠢᠭᠤᠴᠠᠯᠭ᠎ᠠ᠎ᠪᠠᠨ ᠭᠦᠶᠴᠡᠳᠭᠡᠨ ᠣᠶ ᠱᠢᠭᠤᠶ᠎ᠶ᠋ᠢᠨ ᠲᠦᠶᠮᠡᠷᠢ ᠰᠡᠷᠭᠡᠢᠯᠡᠬᠦ᠂ ᠬᠤᠯᠠᠭᠠᠢᠯᠠᠨ ᠣᠭ᠍ᠲᠣᠯᠬᠤ᠎ᠶ᠋ᠢ ᠴᠢᠩᠭ᠎ᠠ ᠰᠡᠷᠭᠡᠢᠯᠡᠬᠦ᠂ ᠠᠭᠤᠯᠠ᠎ᠶ᠋ᠢ ᠪᠢᠲᠡᠭᠦᠮᠵᠢᠯᠡᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠵᠡᠷᠭᠡ ᠠᠵᠢᠯ᠎ᠢ ᠰᠠᠢᠲᠤᠷ ᠬᠢᠵᠦ᠍᠂ ᠲᠣᠰᠭᠤᠨ᠎ᠤ ᠣᠶ᠎ᠶ᠋ᠢ ᠰᠠᠢᠲᠤᠷ ᠬᠠᠮᠠᠭᠠᠯᠠᠵᠤ᠂ ᠪᠣᠬᠢᠷᠲᠤᠯ ᠥᠬᠡᠶ ᠬᠡᠷ ᠣᠷᠣᠨ᠎ᠢᠶᠠᠨ ᠰᠠᠬᠢᠨ ᠬᠠᠮᠠᠭᠠᠯᠠᠨ᠎ᠠ》 ᠬᠡᠵᠦ᠍ ᠬᠦᠷᠡᠯ ᠪᠠᠯᠭᠠᠰᠤᠨ᠎ᠤ ᠰᠤᠷᠭᠠᠯᠳᠤ ᠵᠤᠷᠢᠭ᠎ᠢᠶᠠᠨ ᠢᠯᠡᠳᠭᠡᠨ᠎ᠠ᠃