ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ ᠪᠤᠭᠤᠳᠤ ᠬᠤᠳᠠ᠎ᠶ᠋ᠢᠨ ᠠᠷᠠᠳ ᠢᠷᠭᠡᠳ᠎ᠤᠨ ᠰᠡᠳᠭᠢᠯ᠎ᠢ ᠲᠤᠯᠠᠭᠠᠴᠠᠭᠤᠯᠤᠨ᠎ᠠ
2021-01-29 10:29:25
ᠵᠣᠬᠢᠶᠠᠭ᠍ᠴᠢ᠄
ᠸ᠊ · ᠭᠡᠷᠡᠯᠳᠤ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠬᠡᠳᠤᠨ ᠡᠳᠦᠷ᠂ ᠪᠤᠭᠤᠲᠤ ᠬᠤᠳᠠ᠎ᠶ᠋ᠢᠨ ᠡᠯ᠎ᠠ ᠦᠨᠳᠤᠰᠤᠳᠠᠨ᠎ᠤ ᠺᠠᠳ᠋ᠷ ᠤᠯᠠᠨ ᠲᠦᠮᠡᠨ ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ᠎ᠳᠤ ᠠᠩᠬᠠᠷᠤᠯ᠎ᠢᠶᠠᠨ ᠲᠦᠪᠯᠡᠷᠡᠭᠦᠯᠵᠦ᠍᠂ ᠪᠦ᠋ ᠱᠢᠶᠤᠤ ᠯᠢᠨ ᠲᠡᠷᠢᠭᠦᠯᠡᠭ᠌ᠴᠢ᠎ᠶ᠋ᠢᠨ ᠵᠠᠰᠠᠭ᠎ᠤᠨ ᠤᠷᠳᠤᠨ᠎ᠤ ᠠᠵᠢᠯ᠎ᠤᠨ ᠢᠯᠡᠤᠡᠬᠡᠯ᠎ᠳᠤ ᠲᠤᠷᠠᠳᠤᠬ᠍ᠰᠠᠨ ᠤᠯᠠᠨ ᠬᠠᠷᠠᠯᠳᠠ ᠲᠤᠷᠠᠳᠤᠯᠭ᠎ᠠ᠎ᠳᠤ ᠬᠦᠭ᠌ᠰᠡᠨ ᠵᠤᠷᠢᠬ᠍ᠵᠢᠵᠦ᠍᠂ ᠦᠪᠡᠷᠳᠡᠭᠡᠨ ᠵᠠᠰᠠᠬᠤ ᠤᠷᠤᠨ᠎ᠤ ᠰᠠᠢᠨ ᠰᠠᠢᠬᠠᠨ ᠮᠡᠷᠭᠠᠰᠢ᠎ᠶ᠋ᠢ ᠬᠠᠮᠳᠤ᠎ᠪᠠᠷ ᠴᠤᠬ᠍ᠴᠠᠯᠠᠬᠤ ᠢᠳᠡᠭᠡᠯ ᠵᠤᠷᠢᠭ᠎ᠢᠶᠠᠨ ᠬᠦᠪᠴᠢᠯᠡᠨ᠎ᠠ᠃

ᠵᠢᠤᠶᠤᠸᠠᠨ ᠲᠤᠭᠤᠷᠢᠭ᠎ᠤᠨ ᠬᠠᠳᠤᠨ ᠭᠤᠤᠯ᠎ᠤᠨ ᠨᠤᠭᠤ ᠭᠠᠵᠠᠷ᠎ᠤᠨ ᠬᠠᠮᠢᠶᠠᠷᠤᠯᠳᠠ ᠬᠠᠮᠠᠭᠠᠯᠠᠯᠳᠠ᠎ᠶ᠋ᠢᠨ ᠲᠦᠪ᠎ᠤᠨ ᠡᠷᠬᠢᠯᠡᠭ᠌ᠴᠢ ᠵᠧᠦ ᠵᠢᠶᠧ ᠰᠤᠷᠪᠤᠯᠵᠢᠯᠠᠭ᠎ᠠ ᠬᠦᠯᠢᠶᠡᠬᠦ᠌᠎ᠳᠡᠭᠡᠨ 《ᠪᠦ᠋ ᠱᠢᠶᠤᠤ ᠯᠢᠨ ᠲᠡᠷᠢᠭᠦᠯᠡᠭ᠌ᠴᠢ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠡᠭᠡᠨ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠳᠠ ᠪᠠ ᠴᠢᠨᠠᠷ ᠰᠠᠢᠳᠠᠢ ᠬᠦᠭ᠌ᠵᠢᠯᠳᠠ᠎ᠶ᠋ᠢ ᠯᠠᠪᠳᠠᠭᠤᠨ ᠪᠠᠳᠣᠳᠠᠢ ᠠᠬᠢᠭᠤᠯᠤᠨ᠎ᠠ ᠬᠡᠵᠦ᠍ ᠲᠤᠷᠠᠳᠤᠨ᠂ ᠮᠦᠨ ᠬᠠᠳᠤᠨ ᠭᠤᠤᠯ᠎ᠤᠨ ᠰᠤᠶᠤᠯ᠎ᠢ ᠬᠠᠮᠠᠭᠠᠯᠠᠬᠤ᠂ ᠤᠯᠠᠮᠵᠢᠯᠬᠠᠤ᠂ ᠪᠠᠳᠠᠷᠠᠭᠤᠯᠬᠤ ᠪᠤᠯᠤᠨ ᠬᠠᠳᠤᠨ ᠭᠤᠤᠯ᠎ᠤᠨ ᠲᠤᠬᠤᠢ᠎ᠶ᠋ᠢᠨ ᠰᠤᠶᠤᠯ ᠵᠢᠭᠤᠯᠴᠢᠯᠠᠯ᠎ᠤᠨ ᠪᠦᠰᠡ᠎ᠶ᠋ᠢ ᠴᠤᠬ᠍ᠴᠠᠯᠠᠨ ᠪᠠᠢᠭᠤᠯᠬᠤ ᠵᠡᠷᠭᠡ ᠲᠠᠯ᠎ᠠ᠎ᠪᠠᠷ ᠲᠤᠳᠤᠷᠬᠠᠢ ᠲᠤᠷᠠᠳᠤᠬ᠍ᠰᠠᠨ᠎ᠨᠢ ᠡᠷᠴᠢ ᠵᠤᠷᠢᠭ᠎ᠢ ᠬᠦᠪᠴᠢᠯᠡᠯ᠎ᠠ᠃ ᠤᠷᠴᠢᠮ᠎ᠤᠨ ᠵᠢᠯ᠎ᠤᠳ᠎ᠲᠤ᠌᠂ ᠵᠢᠤᠶᠤᠸᠠᠨ ᠲᠤᠭᠤᠷᠢᠭ ᠬᠠᠳᠤᠨ ᠭᠤᠤᠯ ᠲᠠᠭᠠᠤ ᠠᠮᠢ ᠠᠬᠤᠢ᠎ᠶ᠋ᠢᠨ ᠬᠠᠮᠠᠭᠠᠯᠠᠯᠳᠠ ᠪᠤᠯᠤᠨ ᠰᠤᠶᠤᠯ ᠵᠢᠭᠤᠯᠴᠢᠯᠠᠯ᠎ᠤᠨ ᠪᠦᠰᠡ᠎ᠶ᠋ᠢ ᠴᠤᠬ᠍ᠴᠠᠯᠠᠬᠤ᠎ᠶ᠋ᠢ ᠭᠤᠤᠯ ᠠᠵᠢᠯ ᠪᠤᠯᠭᠠᠨ ᠠᠤᠡᠬᠤᠬ᠍ᠰᠠᠭᠠᠷ ᠢᠷᠡᠭ᠌ᠰᠡᠨ ᠪᠢᠯᠡ᠃ ᠬᠤᠢᠱᠢᠳᠡ ᠪᠢᠳᠡ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠳᠠ ᠪᠠ ᠴᠢᠨᠠᠷ ᠰᠠᠢᠳᠠᠢ ᠬᠦᠭ᠌ᠵᠢᠯᠳᠠ᠎ᠶ᠋ᠢᠨ ᠬᠤᠪᠤᠷ ᠨᠠᠨᠳᠢᠨ ᠠᠵᠠ ᠲᠤᠬᠢᠶᠠᠯ᠎ᠢ ᠵᠠᠪᠳᠤᠨ᠂ ᠬᠠᠳᠤᠨ ᠭᠤᠤᠯ᠎ᠤᠨ ᠬᠤᠶᠠᠷ ᠡᠷᠬᠢ᠎ᠶ᠋ᠢᠨ ᠨᠤᠭᠤ ᠭᠠᠵᠠᠷ᠎ᠤᠨ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠳᠠ᠎ᠶ᠋ᠢ ᠢᠳᠡᠪᠬᠢᠳᠠᠢ ᠠᠬᠢᠭᠤᠯᠤᠨ᠎ᠡ᠂ ᠢᠯᠠᠩᠭᠤᠶ᠎ᠡ ᠭᠤᠤᠯ᠎ᠤᠨ ᠭᠤᠯᠳᠤᠷᠢᠯ᠎ᠤᠨ ᠴᠡᠭ᠌ᠴᠡᠯᠡᠨ ᠵᠠᠰᠠᠯᠳᠠ᠂ ᠤᠰᠤ ᠱᠢᠷᠤᠢ᠎ᠶ᠋ᠢᠨ ᠬᠠᠮᠠᠭᠠᠯᠠᠯᠳᠠ᠂ ᠠᠮᠢ ᠠᠬᠤᠢ᠎ᠶ᠋ᠢᠨ ᠰᠡᠷᠭᠦᠨ ᠬᠠᠮᠠᠭᠠᠯᠠᠯᠳᠠ ᠵᠡᠷᠭᠡ ᠲᠠᠯ᠎ᠠ᠎ᠪᠠᠷ ᠲᠦᠷᠤᠯ ᠵᠦᠢᠯ᠎ᠤᠨ ᠲᠤᠯᠭᠠᠭᠤᠷᠢᠯᠠᠯ᠎ᠢ ᠴᠢᠩᠭᠠᠳᠭᠠᠨ᠂ ᠬᠠᠳᠤᠨ ᠭᠤᠤᠯ᠎ᠤᠨ ᠬᠤᠶᠠᠷ ᠡᠷᠬᠢ ᠪᠤᠯᠤᠨ ᠭᠠᠵᠠᠷ ᠤᠷᠤᠨ᠎ᠤ ᠠᠵᠤ ᠠᠬᠤᠢ᠎ᠶ᠋ᠢ ᠨᠢᠭᠡᠳᠦᠯᠳᠠᠢ ᠲᠦᠯᠦᠪᠵᠢᠬᠦᠯᠤᠨ ᠬᠦᠭ᠌ᠵᠢᠬᠦᠯᠬᠦ᠌᠎ᠶ᠋ᠢ ᠠᠬᠢᠭᠤᠯᠵᠦ᠍᠂ ᠪᠤᠳᠠᠳᠤ ᠦᠢᠯᠡ ᠠᠵᠢᠯᠯᠠᠭ᠎ᠠ᠎ᠪᠠᠷ᠎ᠢᠶᠠᠨ ᠬᠠᠳᠤᠨ ᠭᠤᠤᠯ᠎ᠤᠨ ᠪᠤᠭᠤᠲᠤ᠎ᠶ᠋ᠢᠨ ᠬᠡᠰᠡᠭ᠎ᠤᠨ ᠠᠮᠢ ᠠᠬᠤᠢ᠎ᠶ᠋ᠢᠨ ᠬᠠᠮᠠᠭᠠᠯᠠᠯᠳᠠ ᠪᠤᠯᠤᠨ ᠴᠢᠨᠠᠷ ᠰᠠᠢᠳᠠᠢ ᠭᠦᠭ᠌ᠵᠢᠯᠳᠡ᠎ᠶ᠋ᠢ ᠠᠬᠢᠭᠤᠯᠵᠦ᠍᠂ ᠦᠪᠡᠷᠳᠡᠭᠡᠨ ᠵᠠᠰᠠᠬᠤ ᠤᠷᠤᠨ᠎ᠤ ᠴᠢᠨᠠᠷ ᠰᠠᠢᠳᠠᠢ ᠬᠦᠭ᠌ᠵᠢᠯᠳᠡ᠎ᠳᠤ ᠬᠦᠴᠦᠨ᠎ᠢᠶᠠᠨ ᠡᠷᠭᠦᠨ᠎ᠠ》 ᠭᠡᠵᠤ ᠢᠲᠡᠭᠡᠯ᠎ᠲᠠᠢ ᠶᠠᠷᠢᠵᠤ ᠪᠠᠢᠯ᠎ᠠ᠃

ᠪᠤᠭᠤᠲᠤ ᠬᠤᠳᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠪᠴᠢᠶ᠎ᠠ᠎ᠶ᠋ᠢᠨ ᠠᠯᠪᠠᠨ ᠭᠡᠷ᠎ᠤᠨ ᠡᠷᠬᠢᠯᠡᠭ᠌ᠴᠢ ᠸᠠᠩ ᠸᠧᠢ᠄ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠤᠷ ᠮᠤᠩᠭᠤᠯ᠎ᠢᠶᠠᠨ ᠮᠠᠨᠳᠤᠭᠤᠯᠬᠤ ᠠᠵᠢᠯᠯᠠᠭ᠎ᠠ᠎ᠶ᠋ᠢ ᠬᠦᠨᠵᠡᠭᠡᠢ ᠦᠷᠨᠢᠬᠦᠯᠦᠨ᠎ᠠ ᠬᠡᠵᠦ᠍ ᠴᠢᠬᠤᠯᠠᠴᠢᠯᠠᠨ ᠲᠤᠷᠠᠳᠤᠬ᠍ᠰᠠᠨ᠎ᠨᠢ ᠮᠠᠨ᠎ᠤ ᠵᠤᠷᠢᠭ᠎ᠢ ᠡᠷᠴᠢᠯᠡᠯ᠎ᠡ᠃ ᠪᠢᠳᠡ ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠬᠢᠨᠠᠮᠠᠭᠠᠢ ᠲᠤᠭᠤᠱᠢᠯᠠᠭᠤᠯᠵᠦ᠍᠂ ᠨᠡᠭᠡᠭᠡᠯᠳᠡ᠎ᠲᠠᠢ ᠬᠠᠮᠵᠢᠯᠴᠠᠨ ᠱᠢᠨ᠎ᠠ᠎ᠶ᠋ᠢ ᠡᠭᠦᠤᠡᠬᠦ᠌᠎ᠶ᠋ᠢ ᠪᠠᠷᠢᠮᠳᠠᠯᠠᠵᠦ᠍᠂ ᠲᠡᠭᠡᠳᠦ ᠱᠢᠨ᠎ᠠ ᠮᠡᠷᠭᠡᠵᠢᠯ᠎ᠤᠨ ᠠᠵᠤ ᠦᠢᠯᠡᠰ᠎ᠢ ᠲᠦᠷᠭᠡᠨ ᠭᠦᠭ᠌ᠵᠢᠬᠦᠯᠬᠦ᠌᠎ᠶ᠋ᠢ ᠠᠤᠡᠬᠤᠵᠦ᠍᠂ ᠠᠵᠤ ᠠᠬᠤᠢ᠍ᠢᠯᠠᠯ ᠠᠵᠤ ᠦᠢᠯᠡᠰ᠎ᠤᠨ ᠱᠢᠨ᠎ᠠ᠎ᠶ᠋ᠢ ᠡᠬᠦᠳᠬᠦ᠌᠎ᠶ᠋ᠢ ᠲᠦᠷᠭᠡᠤᠡᠬᠡᠨ᠂ ᠠᠵᠤ ᠠᠬᠤᠢ᠍ᠢᠯᠠᠯ᠎ᠤᠨ ᠱᠢᠨ᠎ᠠ᠎ᠶ᠋ᠢ ᠡᠬᠦᠳᠬᠦ᠌ ᠠᠴᠢᠶᠠᠯᠠᠪᠤᠷᠢ᠎ᠶ᠋ᠢᠨ ᠴᠢᠨᠠᠷ ᠲᠡᠰ ᠪᠤᠯᠤᠨ ᠲᠤᠭ᠎ᠠ ᠬᠡᠪᠴᠢᠶ᠎ᠠ᠎ᠶ᠋ᠢ ᠲᠠᠰᠤᠷᠠᠯᠳᠠ ᠦᠭᠡᠢ ᠲᠡᠭᠡᠭ᠌ᠰᠢᠯᠡᠬᠦᠯᠬᠦ᠌᠎ᠪᠠᠷ ᠴᠢᠷᠮᠡᠢᠨ᠎ᠠ᠃ ᠪᠤᠭᠤᠲᠤ ᠬᠤᠪᠤᠷ ᠱᠢᠷᠤᠢ᠎ᠶ᠋ᠢᠨ ᠲᠡᠭᠡᠳᠦ ᠱᠢᠨ᠎ᠠ ᠮᠡᠷᠭᠡᠵᠢᠯ᠎ᠤᠨ ᠲᠤᠭᠤᠷᠢᠭ᠎ᠤᠨ ᠬᠦᠬᠡᠬᠤᠳᠠ ᠪᠤᠭᠤᠲᠤ ᠤᠷᠳᠤᠰ᠎ᠤᠨ ᠪᠡᠶ᠎ᠠ᠎ᠪᠠᠨ ᠲᠠᠭᠠᠭᠠᠨ ᠱᠢᠨ᠎ᠠ᠎ᠶ᠋ᠢ ᠡᠬᠦᠳᠬᠦ᠌ ᠵᠢᠱ᠌ᠢᠶ᠎ᠠ ᠦᠵᠡᠬᠦᠯᠬᠦ᠌ ᠲᠤᠭᠤᠷᠢᠭ ᠪᠤᠯᠤᠨ ᠤᠯᠤᠰ᠎ᠤᠨ ᠬᠤᠪᠤᠷ ᠱᠢᠷᠤᠢ᠎ᠶ᠋ᠢᠨ ᠱᠢᠨ᠎ᠠ ᠮᠠᠲ᠋ᠧᠷᠢᠶᠠᠯ᠎ᠤᠨ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠲᠦᠪ᠎ᠤᠨ ᠪᠦᠲᠦᠭᠡᠨ ᠪᠠᠢᠭᠤᠯᠤᠯᠳᠠ᠎ᠶ᠋ᠢ ᠬᠦᠴᠦᠯᠠᠨ ᠠᠳᠭᠤᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠴᠢᠨᠠᠷ ᠰᠠᠢᠳᠠᠢ ᠬᠦᠭ᠌ᠵᠢᠯᠳᠡ᠎ᠳᠤ ᠦᠵᠡᠬᠦᠯᠬᠦ᠌ ᠬᠦᠳᠡᠯᠭᠡᠭᠦᠷ᠎ᠤᠨ ᠴᠢᠳᠠᠮᠵᠢ᠎ᠶ᠋ᠢ ᠲᠠᠰᠤᠷᠠᠯᠳᠠ ᠦᠭᠡᠢ ᠲᠡᠭᠡᠭ᠌ᠰᠢᠯᠡᠬᠦᠯᠦᠨ᠎ᠠ》 ᠭᠡᠵᠤ ᠶᠠᠷᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号