1 ᠰᠠᠷ᠎ᠠ᠎ᠶ᠋ᠢᠨ 29 ᠤ ᠦᠳᠡ᠎ᠶ᠋ᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠰᠠᠨᠠᠯ ᠵᠦᠪᠯᠡᠯᠭᠡ᠎ᠶ᠋ᠢ ᠬᠢᠨᠠᠨ ᠪᠠᠢᠴᠠᠭᠠᠬᠤ ᠵᠦᠪᠯᠡᠯ ᠬᠤᠷᠠᠯ ᠬᠢᠵᠦ᠍᠂ 18 ᠰᠠᠨᠠᠯ ᠵᠦᠪᠯᠡᠯᠭᠡ᠎ᠶ᠋ᠢ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠰᠠᠨᠠᠯ ᠵᠦᠪᠯᠡᠯᠭᠡ᠎ᠪᠠᠷ ᠬᠢᠨᠠᠨ ᠪᠠᠢᠴᠠᠭᠠᠵᠦ᠍ ᠲᠤᠬ᠍ᠳᠠᠭᠠᠪᠠ᠃
ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠠᠢᠡᠭ᠌ᠭᠤ᠎ᠶ᠋ᠢᠨ ᠲᠡᠷᠢᠭᠦᠯᠡᠭ᠌ᠴᠢ᠂ ᠰᠠᠨᠠᠯ ᠵᠦᠪᠯᠡᠯᠭᠡ᠎ᠶ᠋ᠢ ᠬᠢᠨᠠᠨ ᠪᠠᠢᠴᠠᠭᠠᠬᠤ ᠵᠦᠪᠯᠡᠯ᠎ᠤᠨ ᠡᠷᠭᠢᠯᠡᠭ᠌ᠴᠢ ᠭᠡᠱᠢᠭᠦᠨ ᠯᠢᠶᠠᠨ ᠰᠤ᠌ ᠬᠤᠷᠠᠯ᠎ᠢ ᠡᠷᠬᠢᠯᠡᠵᠦ᠍᠂ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠠᠢᠡᠭ᠌ᠭᠤ᠎ᠶ᠋ᠢᠨ ᠲᠡᠷᠢᠭᠦᠯᠡᠭ᠌ᠴᠢ ᠱ᠌ᠢ ᠸᠧᠨ ᠱᠢᠤᠸᠠᠢ ᠬᠤᠷᠠᠯ᠎ᠳᠤ ᠤᠷᠤᠯᠴᠠᠵᠠᠢ᠃
ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠬᠤᠭᠤᠴᠠᠭᠠᠨ᠎ᠳᠤ ᠲᠦᠯᠦᠭᠡᠯᠡᠭ᠌ᠴᠢᠳ ᠦᠨᠳᠤᠰᠤᠨ ᠬᠠᠤᠯᠢ᠂ ᠬᠠᠤᠯᠢ ᠴᠠᠭᠠᠵᠠ᠎ᠠᠴᠠ ᠤᠯᠭᠤᠬ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠶᠡᠭᠡ ᠬᠤᠷᠠᠯ᠎ᠠᠴᠠ ᠲᠤᠬ᠍ᠳᠠᠭᠠᠬ᠍ᠰᠠᠨ ᠰᠠᠨᠠᠯ ᠵᠦᠪᠯᠡᠯᠭᠡ ᠲᠤᠷᠠᠳᠭᠤ ᠴᠠᠬ᠎ᠤᠨ ᠬᠢᠵᠠᠭᠠᠷ ᠪᠣᠯᠬᠤ 1 ᠰᠠᠷ᠎ᠠ᠎ᠶ᠋ᠢᠨ 27 ᠤ ᠡᠳᠦᠷ᠎ᠤᠨ 18 ᠴᠠᠬ᠎ᠠᠴᠠ ᠡᠮᠦᠨ᠎ᠠ ᠨᠡᠢᠳᠡ 32 ᠰᠠᠨᠠᠯ ᠵᠦᠪᠯᠡᠯᠭᠡ ᠲᠤᠷᠠᠳᠪᠠ᠃ ᠰᠠᠨᠠᠯ ᠵᠦᠪᠯᠡᠯᠭᠡ᠎ᠶ᠋ᠢ ᠬᠢᠨᠠᠨ ᠪᠠᠢᠴᠠᠭᠠᠬᠤ ᠵᠦᠪᠯᠡᠯ ᠬᠢᠨᠠᠮᠠᠭᠠᠢ ᠬᠢᠨᠠᠨ ᠪᠠᠢᠴᠠᠭᠠᠬ᠍ᠰᠠᠨᠤ ᠲᠠᠷᠠᠭ᠎ᠠ᠂ ᠡᠳᠡᠭᠡᠷ᠎ᠤᠨ ᠲᠤᠳᠤᠷᠠᠬᠢ 18 ᠰᠠᠨᠠᠯ ᠵᠦᠪᠯᠡᠯᠭᠡ᠎ᠶ᠋ᠢᠨ ᠣᠴᠢᠷ ᠶᠠᠪᠣᠳᠠᠯ᠎ᠤᠨ ᠢᠷᠡᠯᠳᠡ᠎ᠨᠢ ᠲᠤᠳᠤᠷᠬᠠᠢ᠂ ᠦᠨᠳᠤᠰᠤᠯᠡᠯ᠎ᠨᠢ ᠭᠦᠢᠴᠡᠳ᠂ ᠪᠤᠳᠠᠳᠠᠢ ᠲᠦᠰᠦᠯ᠎ᠲᠠᠢ᠂ ᠰᠠᠨᠠᠯ ᠵᠦᠪᠯᠡᠯᠭᠡ᠎ᠪᠠᠷ ᠲᠤᠬ᠍ᠳᠠᠭᠠᠬᠤ ᠨᠦᠭᠦᠴᠡᠯ᠎ᠳᠤ ᠨᠡᠢᠴᠡᠨ᠎ᠠ ᠭᠡᠵᠦ᠍ ᠦᠵᠡᠭᠡᠳ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠭᠤᠷᠪᠠᠳᠤᠭᠠᠷ ᠬᠤᠷᠠᠯ᠎ᠳᠤ ᠲᠡᠪᠱᠢᠭᠦᠯᠦᠨ ᠬᠢᠨᠠᠨ ᠵᠦᠪᠯᠡᠭᠦᠯᠭᠦ᠎ᠪᠠᠷ ᠲᠤᠬ᠍ᠳᠠᠪᠠ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠎ᠶ᠋ᠢᠨ ᠰᠠᠨᠠᠯ ᠵᠦᠪᠯᠡᠯᠭᠡ᠎ᠶ᠋ᠢ ᠱᠢᠢᠳᠪᠤᠷᠢᠯᠡᠭᠦ᠌ ᠠᠷᠭ᠎ᠠ᠎ᠳᠠᠬᠢ ᠲᠤᠬ᠍ᠳᠠᠭᠠᠯ ᠶᠤᠰᠤᠭᠠᠷ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠡᠭ᠌ᠭᠤ᠎ᠶ᠋ᠢᠨ ᠬᠤᠷᠢᠶ᠎ᠠ᠎ᠶ᠋ᠢᠨ ᠬᠠᠮᠢᠶ᠎ᠠ ᠪᠦᠭᠦᠢ ᠵᠦᠪᠯᠡᠯ ᠰᠠᠨᠠᠯ ᠵᠦᠪᠯᠡᠯᠭᠡ᠎ᠶ᠋ᠢ ᠲᠤᠱᠢᠶᠠᠨ ᠱᠢᠢᠳᠪᠤᠷᠢᠯᠡᠭᠦᠯᠦᠭ᠌ᠰᠡᠨ ᠡᠳᠦᠷ᠎ᠠᠴᠠ ᠡᠬᠢᠯᠡᠨ 5 ᠰᠠᠷ᠎ᠠ᠎ᠶ᠋ᠢᠨ ᠲᠤᠳᠤᠷ᠎ᠠ ᠲᠦᠯᠦᠭᠡᠯᠡᠭ᠌ᠴᠢ᠎ᠶ᠋ᠢᠨ ᠰᠠᠨᠠᠯ ᠵᠦᠪᠯᠡᠯᠭᠡ᠎ᠶ᠋ᠢ ᠱᠢᠢᠳᠪᠤᠷᠢᠯᠡᠭ᠌ᠰᠡᠨ ᠪᠠᠢᠳᠠᠯ᠎ᠢᠶᠠᠨ ᠪᠠᠢᠡᠭ᠌ᠭᠤ᠎ᠶ᠋ᠢᠨ ᠬᠤᠷᠢᠶ᠎ᠠ᠎ᠳᠤ ᠮᠡᠳᠡᠭᠦᠯᠵᠦ᠍᠂ ᠪᠠᠢᠡᠭ᠌ᠭᠤ᠎ᠶ᠋ᠢᠨ ᠬᠤᠷᠢᠶ᠎ᠠ᠎ᠶ᠋ᠢᠨ ᠬᠤᠷᠠᠯ᠎ᠠᠴᠠ ᠬᠢᠨᠠᠨ ᠵᠦᠪᠯᠡᠵᠦ᠍ ᠪᠠᠳᠤᠯᠠᠬ᠍ᠰᠠᠨᠤ ᠲᠠᠷᠠᠭ᠎ᠠ ᠰᠠᠨᠠᠯ ᠵᠦᠪᠯᠡᠯᠭᠡ ᠲᠤᠷᠠᠳᠤᠬ᠍ᠰᠠᠨ ᠲᠦᠯᠦᠭᠡᠯᠡᠭ᠌ᠴᠢ᠎ᠳᠤ ᠬᠠᠷᠢᠭᠤᠯᠳᠠ ᠦᠭ᠌ᠭᠦ ᠪᠤᠯᠤᠨ᠎ᠠ᠃
ᠤᠳᠤ ᠪᠤᠯᠳᠠᠯ᠎ᠠ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ ᠪᠠᠰᠠ 618 ᠬᠤᠪᠢ ᠲᠦᠯᠦᠭᠡᠯᠡᠭ᠌ᠴᠢ᠎ᠶ᠋ᠢᠨ ᠰᠠᠨᠠᠭᠤᠯᠭ᠎ᠠ᠂ ᠱᠢᠭᠦᠮᠵᠢᠯᠠᠯ ᠪᠠ ᠰᠠᠨᠠᠯ᠎ᠢ ᠬᠤᠷᠢᠶᠠᠨ ᠤᠯᠪᠠ᠃ ᠶᠡᠭᠡ ᠬᠤᠷᠠᠯ ᠲᠡᠭᠦᠰᠭᠦ᠎ᠠᠴᠠ ᠡᠮᠦᠨ᠎ᠠ ᠲᠦᠯᠦᠭᠡᠯᠡᠭ᠌ᠴᠢᠳ ᠪᠠᠰᠠ ᠦᠷᠬᠦᠯᠵᠢᠯᠡᠨ ᠰᠠᠨᠠᠭᠤᠯᠭ᠎ᠠ᠂ ᠱᠢᠭᠦᠮᠵᠢᠯᠠᠯ ᠪᠠ ᠰᠠᠨᠠᠯ ᠲᠤᠷᠠᠳᠭᠤ ᠪᠤᠯᠤᠨ᠎ᠠ᠃