ᠦᠩᠭᠡᠷᠡᠭ᠌ᠰᠡᠨ᠎ᠢᠶᠠᠨ ᠡᠷᠬᠢᠴᠡᠭᠦᠯᠬᠦᠶᠡ ᠠᠮᠵᠢᠯᠲᠠ ᠪᠦᠲᠦᠮᠵᠢ ᠡᠯᠪᠡᠭ᠂ ᠢᠷᠡᠭᠡᠲᠦᠢ᠎ᠪᠠᠨ ᠪᠠᠷᠠᠯᠠᠬᠤᠶ᠎ᠠ ᠢᠲᠡᠭᠡᠯ ᠵᠤᠷᠢᠭ ᠲᠡᠭᠦᠯᠲᠡᠷ᠃
2020 ᠤᠨ᠎ᠤ ᠠᠮᠵᠢᠯᠲᠠ ᠪᠦᠲᠦᠮᠵᠢ ᠬᠦᠮᠦᠰ᠎ᠢ ᠵᠤᠷᠢᠬ᠍ᠵᠢᠭᠤᠯᠵᠦ᠍᠂ 2021 ᠤᠨ᠎ᠤ ᠠᠵᠢᠯ᠎ᠤᠨ ᠲᠤᠬᠢᠷᠠᠭᠤᠯᠤᠯᠲᠠ ᠢᠲᠡᠭᠡᠯ ᠵᠤᠷᠢᠭ᠎ᠢ ᠬᠦᠪᠴᠢᠯᠡᠨ᠎ᠡ᠃
ᠦᠩᠭᠡᠷᠡᠭ᠌ᠰᠡᠨ ᠨᠢᠭᠡ ᠵᠢᠯ ᠪᠤᠯ ᠶᠡᠷᠦ᠍ ᠪᠤᠰᠤ᠎ᠶ᠋ᠢᠨ ᠨᠢᠭᠡ ᠵᠢᠯ ᠪᠢᠯᠡ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠮᠠᠰᠢ ᠪᠤᠳᠤᠯᠢᠶᠠᠨᠲᠠᠢ ᠪᠥᠭᠡᠳ ᠬᠦᠴᠢᠷ ᠪᠡᠷᠬᠡᠱᠢᠶᠡᠯᠲᠡᠢ ᠪᠠᠢᠳᠠᠯ ᠳᠤᠤᠷ᠎ᠠ᠂ ᠢᠯᠠᠩᠭᠤᠶ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠬᠦᠨᠳᠦ ᠰᠦᠷᠡᠬᠡᠢ ᠳᠠᠭᠠᠷᠢᠯᠲᠠ᠎ᠶ᠋ᠢᠨ ᠡᠮᠦᠨ᠎ᠡ᠂ ᠮᠠᠨ᠎ᠤ ᠤᠷᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠣᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠭᠤᠱᠢᠯᠠᠭᠤᠯᠵᠤ᠂ ᠪᠥᠬᠦ᠌ ᠣᠷᠣᠨ᠎ᠤ ᠠᠵᠤ ᠠᠬᠤᠢ ᠦᠷᠭᠦᠯᠵᠢᠯᠡᠨ ᠲᠣᠭ᠍ᠲᠠᠪᠤᠷᠢᠵᠢᠨ᠂ ᠨᠡᠢᠭᠡᠮ᠎ᠤᠨ ᠪᠥᠬᠦ᠌ ᠲᠠᠯ᠎ᠠ ᠡᠶ᠎ᠡ ᠵᠣᠬᠢᠴᠠᠯ᠎ᠲᠠᠢ ᠪᠥᠭᠡᠳ ᠲᠣᠭ᠍ᠲᠠᠭᠤᠨ ᠪᠠᠢᠵᠤ᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠠᠮᠵᠢᠯᠲᠠ᠎ᠲᠠᠢ ᠪᠡᠶᠡᠯᠡᠭᠦᠯᠪᠡ᠃
2020 ᠤᠨ᠎ᠳᠤ ᠨᠡᠮᠡᠭ᠌ᠳᠡᠯ᠎ᠢ ᠲᠣᠭ᠍ᠲᠠᠪᠤᠷᠢᠵᠢᠭᠤᠯᠵᠤ ᠠᠵᠢᠯ ᠣᠯᠭᠤᠯᠲᠠ᠎ᠶ᠋ᠢ ᠪᠠᠲᠤᠯᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠦ᠍᠂ ᠠᠩᠬ᠎ᠠ ᠠᠯᠬᠤᠮ᠎ᠤᠨ ᠵᠢᠱ᠌ᠢᠯᠳᠡ᠎ᠪᠠᠷ ᠣᠷᠣᠨ ᠨᠣᠳᠤᠭ᠎ᠤᠨ ᠦᠢᠯᠡᠳᠪᠦᠷᠢᠯᠡᠯ᠎ᠤᠨ ᠶᠡᠷᠦᠩᠬᠡᠢ ᠥᠷᠲᠡᠭ 0.2% ᠨᠡᠮᠡᠭ᠌ᠳᠡᠵᠦ᠍᠂ ᠠᠵᠤ ᠠᠬᠤᠢ ᠤᠯᠠᠷᠢᠯ ᠳᠠᠷᠠᠭᠠᠯᠠᠨ ᠰᠡᠷᠭᠦᠨ ᠳᠡᠭᠡᠭ᠌ᠰᠢᠯᠡᠵᠦ᠍᠂ ᠣᠨ᠎ᠤ ᠡᠩ᠎ᠤᠨ ᠣᠯᠠᠨ ᠨᠡᠢᠲᠡ᠎ᠶ᠋ᠢᠨ ᠲᠥᠰᠥᠪ᠎ᠢᠶᠠᠨ 105.2% ᠢᠶᠠᠷ ᠪᠡᠶᠡᠯᠡᠭᠦᠯᠦᠭ᠌ᠰᠡᠨ ᠮᠦᠷᠲᠡᠭᠡᠨ ᠬᠤᠲᠠ ᠪᠠᠯᠭᠠᠰᠤᠨ᠎ᠤ ᠠᠵᠢᠯ ᠣᠯᠣᠭ᠍ᠰᠠᠳ 23.2 ᠲᠦᠮᠡ ᠱᠢᠨ᠎ᠡ᠎ᠪᠠᠷ ᠨᠡᠮᠡᠭ᠌ᠳᠡᠵᠦ᠍᠂ ᠣᠨ᠎ᠤ ᠡᠭᠦᠷᠭᠡ᠎ᠪᠠᠨ 105.5% ᠪᠠᠷ ᠪᠡᠶᠡᠯᠡᠭᠦᠯᠵᠦ᠍᠂ ᠬᠤᠲᠠ ᠪᠠᠯᠭᠠᠰᠤᠨ᠎ᠤ ᠳᠠᠩᠰᠠᠯᠠᠭᠤᠯᠣᠭ᠍ᠰᠠᠨ ᠠᠵᠢᠯ ᠠᠯᠳᠠᠭ᠍ᠰᠠᠨ ᠨᠤᠷᠮ᠎ᠠ 3.8% ᠪᠠᠢᠵᠤ᠂ ᠬᠢᠵᠠᠭᠠᠷᠯᠠᠨ ᠡᠵᠡᠮᠳᠡᠬᠦ᠌ ᠬᠠᠷᠠᠯᠲᠠ᠎ᠠᠴᠠ᠎ᠪᠠᠨ ᠵᠠᠭᠤᠨ᠎ᠤ ᠬᠠᠷᠢᠴᠠᠯ᠎ᠢᠶᠠᠷ 0.7 ᠬᠤᠪᠢ ᠳᠣᠣᠷ᠎ᠠ ᠪᠣᠯᠪᠠ᠃
ᠲᠤᠷᠠᠳᠤᠭᠤᠱᠢᠲᠠᠢᠨᠢ᠂ ᠭᠤᠷᠪᠠᠨ ᠶᠡᠭᠡ ᠪᠤᠭᠤᠮᠲᠠ ᠱᠢᠪᠲᠤᠯᠬᠤ ᠲᠠᠢᠯᠠᠯᠳᠤᠭᠠᠨ ᠱᠢᠢᠳᠪᠦᠷᠢᠯᠡᠭ᠌ᠴᠢ ᠴᠢᠨᠠᠷᠲᠠᠢ ᠦᠷ᠎ᠡ ᠪᠦᠲᠦᠮᠵᠢ ᠣᠯᠪᠠ᠂ ᠤᠨᠴᠠᠭᠠᠢᠯᠠᠨ ᠡᠯ᠎ᠡ ᠵᠦᠢᠯ᠎ᠤᠨ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠣᠨᠣᠴᠠᠲᠠᠢ ᠨᠠᠢᠳᠠᠪᠤᠷᠢᠵᠢᠭᠤᠯᠤᠨ᠂ ᠪᠥᠬᠦ᠌ ᠵᠢᠯ᠎ᠳᠤ ᠶᠠᠳᠠᠭᠤ᠎ᠶ᠋ᠢ ᠳᠡᠳᠬᠦᠭᠦᠳᠤ 112.3 ᠳ᠋ᠦᠩᠱᠢᠭᠤᠷ ᠲᠥᠭᠦᠷᠢᠭ ᠪᠡᠯᠡ ᠣᠷᠣᠭᠤᠯᠵᠤ᠂ ᠶᠠᠳᠠᠭᠤ᠎ᠶ᠋ᠢ ᠲᠡᠳᠬᠦᠬᠦ᠌ 6751 ᠲᠥᠷᠥᠯ ᠵᠦᠢᠯ᠎ᠢ ᠬᠡᠷᠡᠭ᠌ᠵᠢᠭᠦᠯᠦᠨ᠂ ᠦᠯᠡᠳᠡᠵᠦ᠍ ᠪᠠᠢᠭ᠍ᠰᠠᠨ 1.6 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ᠎ᠶ᠋ᠢ ᠶᠠᠳᠠᠭᠤ᠎ᠠᠴᠠ᠎ᠨᠢ ᠠᠩᠭᠢᠵᠢᠷᠠᠭᠤᠯᠪᠠ᠃
ᠱᠢᠨ᠎ᠡ᠎ᠪᠠᠷ 356 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠᠢᠭᠤᠯᠵᠤ᠂ 12.2 ᠲᠦᠮᠡᠨ ᠮᠦ᠍ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠤᠨ᠂ ᠪᠥᠬᠦ᠌ ᠣᠷᠣᠨ᠎ᠤ ᠠᠮᠤ ᠪᠤᠳᠠᠭᠠᠨ᠎ᠤ ᠤᠨᠠᠯᠲᠠ 732.8 ᠳ᠋ᠦᠩᠱᠢᠭᠤᠷ ᠵᠢᠩ᠎ᠳᠤ ᠬᠦᠷᠴᠦ᠍᠂ 《ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ》 ᠣᠯᠵᠦ᠍᠂ ᠮᠢᠬᠠᠨ᠎ᠤ ᠭᠠᠷᠤᠯᠲᠠ 260.7 ᠲᠦᠮᠡᠨ ᠲᠣᠨ᠎ᠳᠤ ᠬᠦᠷᠴᠦ᠍᠂ 《ᠠᠷᠪᠠᠨ ᠵᠢᠷᠭᠤᠭᠠᠨ ᠵᠢᠯ ᠳᠠᠷᠠᠭᠠᠯᠠᠨ ᠭᠠᠷᠤᠯᠲᠠ ᠲᠣᠭ᠍ᠲᠠᠭᠤᠨ ᠪᠠᠢᠬᠤ》 ᠶ᠋ᠢ ᠪᠠᠳᠣᠯᠠᠪᠠ᠃ ᠡᠨᠡ ᠪᠤᠯ 2020 ᠤᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠠᠬᠢᠭᠤᠯᠤᠬ᠍ᠰᠠᠨ ᠠᠮᠵᠢᠯᠲᠠ ᠪᠦᠲᠦᠮᠵᠢ ᠪᠣᠯᠣᠨ᠎ᠠ᠃
ᠨᠢᠲᠦᠨᠦᠨ ᠬᠤᠳᠠ ᠭᠦᠳᠡᠭᠡ᠎ᠶ᠋ᠢᠨ ᠰᠠᠭᠤᠭᠠᠯᠢ ᠠᠷᠠᠳ᠎ᠤᠨ ᠭᠦᠮᠦᠨ ᠲᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠲᠣᠰ ᠲᠣᠰ 1.4% ᠪᠠ 8.4% ᠨᠡᠮᠡᠭ᠌ᠳᠡᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠤᠨ ᠬᠤᠷᠳᠤᠴᠠ ᠪᠦᠬᠦ᠌ ᠤᠯᠤᠰ᠎ᠤᠨ ᠳᠤᠮᠳᠠᠴᠢ ᠲᠦᠪᠱᠢᠨ᠎ᠠᠴᠠ ᠵᠠᠭᠤᠨ᠎ᠤ ᠬᠠᠷᠢᠴᠠᠯ᠎ᠢᠶᠠᠷ 1.5 ᠬᠤᠪᠢ ᠳᠡᠭᠡᠭ᠌ᠰᠢᠯᠡᠨ᠂ ᠰᠠᠭᠤᠭᠠᠯᠢ ᠠᠷᠠᠳ᠎ᠤᠨ ᠭᠡᠷᠡᠭ᠌ᠯᠡᠭᠡ᠎ᠶ᠋ᠢᠨ ᠦᠨ᠎ᠡ ᠬᠠᠩᠰᠢ᠎ᠶ᠋ᠢᠨ ᠦᠰᠦᠯᠲᠡ ᠬᠢᠵᠠᠭᠠᠷᠯᠠᠬᠤ ᠬᠠᠷᠠᠯᠲᠠ᠎ᠠᠴᠠ ᠲᠣᠣᠷ᠎ᠠ ᠪᠣᠯᠪᠠ ᠁
ᠦᠩᠭᠡᠷᠡᠭ᠌ᠰᠡᠨ ᠨᠢᠭᠡ ᠵᠢᠯ᠎ᠤᠨ ᠠᠵᠢᠯ᠎ᠢᠶᠠᠨ ᠡᠷᠬᠢᠴᠡᠭᠦᠯᠬᠦ᠌ᠳᠤ᠂ ᠦᠪᠡᠷᠲᠡᠭᠡᠨ ᠵᠠᠰᠭᠠᠤ ᠤᠷᠤᠨ᠎ᠤ ᠬᠤᠶᠠᠷ ᠬᠤᠷᠠᠯ᠎ᠳᠤ ᠤᠷᠤᠯᠴᠠᠵᠣ ᠪᠠᠢᠭ᠎ᠠ ᠲᠦᠯᠦᠭᠡᠯᠡᠭ᠌ᠴᠢᠳ ᠬᠡᠱᠢᠭᠦᠳ ᠱᠢᠨ᠎ᠡ ᠨᠢᠭᠡᠨ ᠵᠢᠯ᠎ᠤᠨ ᠠᠵᠢᠯ᠎ᠢᠶᠠᠨ ᠰᠠᠢᠳᠣᠷ ᠬᠢᠬᠦ᠌ ᠢᠲᠡᠭᠡᠯ ᠵᠤᠷᠢᠭ᠎ᠨᠢ ᠨᠡᠩ ᠡᠷᠴᠢᠯᠡᠭ᠌ᠳᠡᠨᠡ᠃
2021 ᠤᠨ ᠪᠤᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠢ ᠪᠣᠯᠬᠤ ᠪᠦᠭᠡᠳ 《ᠠᠷᠪᠠᠨ ᠳᠦᠷᠪᠡᠳᠦᠭᠡᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠡᠬᠢᠯᠡᠯᠳᠡ᠎ᠶ᠋ᠢᠨ ᠵᠢᠯ ᠪᠣᠯᠣᠨ᠎ᠠ᠃ 《ᠣᠷᠣᠨ ᠨᠣᠳᠤᠭ᠎ᠤᠨ ᠦᠢᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠨᠡᠮᠡᠭ᠌ᠳᠡᠭᠦᠯᠦᠨ᠎ᠡ; ᠬᠤᠲᠠ ᠪᠠᠯᠭᠠᠰᠤᠨ᠎ᠤ ᠪᠠᠢᠴᠠᠭᠠᠯᠲᠠ᠎ᠳᠠᠬᠢ ᠠᠵᠢᠯ ᠠᠯᠳᠠᠭ᠍ᠰᠠᠳ᠎ᠤᠨ ᠨᠤᠷᠮ᠎ᠠ᠎ᠶ᠋ᠢ 6% ᠣᠷᠴᠢᠮ᠎ᠳᠤ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠦᠨ᠎ᠡ ᠬᠠᠩᠰᠢ᠎ᠶ᠋ᠢᠨ ᠦᠰᠦᠯᠲᠡ᠎ᠶ᠋ᠢᠨ ᠬᠡᠮᠵᠢᠶ᠎ᠡ᠎ᠶ᠋ᠢ 3% ᠣᠷᠴᠢᠮ᠎ᠳᠤ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠦᠨ᠎ᠡ; ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ᠎ᠶ᠋ᠢ ᠤᠯᠠᠮ ᠨᠢᠭᠡ ᠠᠯᠬᠤᠮ ᠰᠠᠢᠵᠢᠷᠠᠭᠤᠯᠵᠤ᠂ ᠭᠠᠵᠠᠷ ᠣᠷᠣᠨ᠎ᠤ ᠨᠢᠭᠡᠴᠢ ᠦᠢᠯᠡᠳᠪᠦᠷᠢᠯᠡᠯ᠎ᠤᠨ ᠶᠡᠷᠦᠩᠬᠡᠢ ᠦᠷᠲᠡᠭ᠎ᠲᠠᠬᠢ ᠡᠨᠧᠷᠬᠢ᠎ᠶ᠋ᠢᠨ ᠬᠤᠷᠤᠭ᠍ᠳᠠᠯ᠎ᠢ 3% ᠪᠠᠭᠤᠷᠠᠭᠤᠯᠤᠨ᠂ ᠭᠤᠣᠯ ᠪᠣᠯᠬᠤ ᠪᠣᠬᠢᠷᠳᠤᠯ ᠪᠤᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠦᠷᠭᠦᠯᠵᠢᠯᠡᠨ ᠪᠠᠭᠤᠷᠠᠭᠤᠯᠤᠨ᠎ᠠ; ᠠᠮᠤ ᠪᠤᠳᠠᠭᠠᠨ᠎ᠤ ᠤᠨᠠᠯᠲᠠ᠎ᠶ᠋ᠢ 700 ᠳ᠋ᠦᠩᠱᠢᠭᠤᠷ ᠵᠢᠩ᠎ᠠᠴᠠ ᠳᠡᠭᠡᠭ᠌ᠰᠢ ᠪᠠᠢᠯᠭᠠᠬᠤ᠎ᠶ᠋ᠢ ᠪᠠᠲᠤᠯᠠᠨ᠎ᠠ》 — ᠡᠨᠡ ᠪᠤᠯ 2021 ᠤᠨ᠎ᠤ ᠠᠵᠦ᠍ ᠠᠬᠤᠢ ᠨᠡᠢᠭᠡᠮ᠎ᠤᠨ ᠬᠦᠭ᠌ᠵᠢᠯᠲᠡ᠎ᠶ᠋ᠢᠨ ᠭᠤᠣᠯ ᠵᠢᠱ᠌ᠢᠭ᠌ᠰᠡᠨ ᠬᠠᠷᠠᠯᠲᠠ᠃
ᠬᠠᠷᠠᠯᠳᠠ ᠴᠢᠭ᠌ᠯᠡᠯ ᠲᠤᠳᠤᠷᠠᠬᠤ᠎ᠪᠠᠷ ᠬᠦᠭ᠌ᠵᠢᠯᠳᠡ᠎ᠶ᠋ᠢᠨ ᠵᠠᠮ ᠳᠣᠳᠣᠷᠬᠠᠢ ᠪᠣᠯᠳᠠᠭ᠃ ᠲᠦᠯᠦᠭᠡᠯᠡᠭ᠌ᠴᠢᠳ ᠬᠡᠱᠢᠭᠦᠳ 《ᠠᠷᠪᠠᠨ ᠳᠦᠷᠪᠡᠳᠦᠭᠡᠷ ᠳᠠᠪᠣᠨ ᠵᠢᠯ》 ᠢ ᠰᠠᠢᠳᠣᠷ ᠡᠬᠢᠯᠡᠭᠦᠯᠬᠦ᠌᠎ᠳᠤ ᠠᠷᠭ᠎ᠠ ᠣᠬᠠᠭᠠᠨ ᠭᠠᠷᠭᠠᠨ ᠠᠷᠭ᠎ᠠ ᠪᠤᠳᠤᠯᠭ᠎ᠠ᠎ᠪᠠᠨ ᠲᠡᠪᠱᠢᠭᠦᠯᠵᠦ᠍᠂ ᠬᠠᠮᠲᠦ᠎ᠶ᠋ᠢᠨ ᠬᠦᠴᠦᠨ᠎ᠢᠶᠠᠨ ᠨᠢᠬ᠍ᠲᠠᠷᠠᠭᠤᠯᠤᠨ᠂ 2021 ᠣᠨ᠎ᠤ ᠱᠢᠨ᠎ᠡ ᠬᠠᠭᠤᠲᠠᠰᠤ᠎ᠶ᠋ᠢ ᠪᠢᠴᠢᠭ᠌ᠯᠡᠬᠦ᠌᠎ᠳᠤ ᠬᠦᠴᠦᠨ ᠴᠢᠲᠠᠯ᠎ᠢᠶᠠᠨ ᠨᠡᠮᠡᠷᠢᠯᠡᠨ᠎ᠡ᠃
ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠵᠦ᠍᠂ ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠤᠯᠭᠠᠭᠤᠯᠬᠤ ᠠᠵᠢᠯ᠎ᠢ ᠰᠠᠢᠲᠦᠷ ᠬᠢᠬᠦ᠌᠎ᠨᠢ 2021 ᠤᠨ᠎ᠤ ᠠᠵᠢᠯ᠎ᠤᠨ ᠭᠤᠤᠯᠲᠠᠯᠭ᠎ᠠ᠎ᠶ᠋ᠢᠨ ᠨᠢᠭᠡ ᠮᠦᠨ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ 《ᠶᠠᠳᠠᠭᠤ᠎ᠶ᠋ᠢ ᠲᠡᠳᠬᠦᠬᠦ᠌ ᠪᠤᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠵᠦ᠍᠂ ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠤᠯᠭᠠᠭᠤᠯᠵᠦ᠍᠂ ᠭᠤᠣᠯ ᠪᠣᠯᠬᠤ ᠬᠠᠪᠰᠤᠷᠤᠨ ᠳᠡᠳᠭᠦᠭᠦ᠌ ᠲᠥᠷᠥ᠎ᠶ᠋ᠢᠨ ᠪᠣᠳᠤᠯᠭ᠎ᠠ᠎ᠶ᠋ᠢ ᠶᠡᠷᠦᠩᠬᠡᠢ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠨ᠎ᠠ᠃ ᠳᠠᠬᠢᠨ ᠶᠠᠳᠠᠭᠤᠷᠠᠬᠤ᠎ᠠᠴᠠ ᠰᠡᠷᠭᠡᠢᠯᠡᠵᠦ᠍ ᠬᠢᠨᠠᠨ ᠬᠡᠮᠵᠢᠬᠦ᠌ ᠪᠠ ᠬᠠᠪᠰᠤᠷᠤᠨ ᠳᠡᠳᠭᠦᠭᠦ᠌ ᠲᠣᠭ᠍ᠲᠠᠴᠠ᠎ᠶ᠋ᠢ ᠪᠦᠷᠢᠨᠱᠢᠭᠦᠯᠦᠨ᠂ ᠠᠵᠢᠯ ᠣᠯᠭᠤᠯᠳᠠ ᠪᠠ ᠠᠵᠤ ᠦᠢᠯᠡᠰ᠎ᠢᠶᠠᠷ ᠶᠠᠳᠠᠭᠤ᠎ᠶ᠋ᠢ ᠳᠡᠳᠭᠦᠭᠦ᠌ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠣᠨᠳᠤᠤ ᠭᠠᠵᠠᠷ ᠨᠡᠭᠦᠯᠭᠡᠨ ᠶᠠᠳᠠᠭᠤ᠎ᠶ᠋ᠢ ᠳᠡᠳᠭᠦᠭᠦ᠌ ᠠᠵᠢᠯ᠎ᠢ ᠦᠷᠬᠦᠯᠵᠢᠯᠡᠨ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭ᠍ᠰᠠᠨ ᠬᠦᠮᠦᠨ ᠠᠮᠠ᠎ᠶ᠋ᠢᠨ ᠣᠷᠤᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠤᠨ᠎ᠤ ᠣᠷᠤᠯᠭ᠎ᠠ ᠪᠠᠭᠠᠲᠠᠢ ᠬᠦᠮᠦᠰ᠎ᠢ ᠪᠠᠢᠩᠭᠤ ᠬᠠᠪᠰᠤᠷᠤᠨ ᠳᠡᠳᠭᠦᠭᠦ᠎ᠪᠠᠨ ᠴᠢᠩᠭᠠᠳᠭᠠᠵᠤ᠂ ᠶᠠᠳᠠᠭᠤ᠎ᠠᠴᠠ ᠠᠩᠭᠢᠵᠢᠷᠠᠭ᠍ᠰᠠᠨ ᠨᠢᠭᠡ ᠪᠦᠯᠦᠭ ᠬᠤᠱᠢᠭᠤ ᠱᠢᠶᠠᠨ᠎ᠢ ᠲᠦᠪᠯᠡᠷᠡᠭᠦᠯᠦᠨ ᠳᠡᠮᠵᠢᠵᠦ᠍ ᠪᠠᠢᠭᠠᠳ ᠬᠦᠳᠡᠭᠡ ᠲᠤᠰᠭᠤᠨ᠎ᠢᠶᠠᠨ ᠬᠦᠭ᠌ᠵᠢᠭᠦᠯᠦᠨ ᠮᠠᠨᠳᠤᠭᠤᠯᠬᠤ᠎ᠶ᠋ᠢ᠎ᠨᠢ ᠠᠬᠢᠭᠤᠯᠤᠨ᠎ᠠ》 ᠬᠡᠵᠦ᠍ ᠳᠣᠷᠠᠳᠪᠠ᠃
ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠤᠬᠠᠢ ᠲᠦᠯᠦᠭᠡᠯᠡᠭ᠌ᠴᠢᠳ ᠬᠡᠱᠢᠭᠦᠳ᠎ᠤᠨ ᠶᠠᠷᠢᠯᠴᠠᠭ᠎ᠠ ᠳᠣᠩ ᠬᠦᠭ᠌ᠵᠢᠶᠡᠨᠳᠡᠢ᠃ ᠱᠢᠯᠢ᠎ᠶ᠋ᠢᠨ ᠭᠤᠤᠯ ᠠᠢᠮᠠᠭ᠎ᠠᠴᠠ ᠢᠷᠡᠭ᠌ᠰᠡᠨ ᠠᠷᠠᠳ᠎ᠤᠨ ᠲᠦᠯᠦᠭᠡᠯᠡᠭ᠌ᠴᠢ ᠴᠢᠯᠠᠭᠤ᠎ᠶ᠋ᠢᠨ ᠦᠵᠡᠬᠦ᠌᠎ᠪᠠᠷ᠂ ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠲᠤᠭᠤᠯᠬᠤ᠎ᠳᠤ ᠭᠠᠴᠠᠭ᠎ᠠ ᠲᠤᠰᠭᠤᠨ᠎ᠤ ᠲᠦᠯᠦᠪᠵᠢᠭᠦᠯᠭᠡ ᠪᠦᠲᠦᠭᠡᠨ ᠪᠠᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠵᠦ᠍᠂ ᠮᠠᠯᠵᠢᠬᠤ ᠲᠠᠷᠢᠶᠠᠯᠠᠬᠤ ᠤᠷᠤᠨ᠎ᠤ ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ ᠵᠡᠷᠭᠡ ᠰᠠᠭᠤᠷᠢ ᠲᠦᠭᠦᠭᠡᠷᠦᠮᠵᠢ᠎ᠳᠠᠬᠢ ᠪᠡᠯᠡ ᠤᠷᠤᠭᠤᠯᠤᠯᠲᠠ᠎ᠪᠠᠨ ᠨᠡᠮᠡᠭ᠌ᠳᠡᠭᠦᠯᠵᠦ᠍᠂ ᠮᠠᠯᠵᠢᠬᠤ ᠲᠠᠷᠢᠶᠠᠯᠠᠬᠤ ᠤᠷᠤᠨ᠎ᠤ ᠠᠮᠢ ᠠᠬᠤᠢ᠎ᠶ᠋ᠢᠨ ᠬᠠᠮᠠᠭᠠᠯᠠᠯᠲᠠ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠦ᠍᠂ ᠣᠷᠣᠱᠢᠨ ᠠᠮᠢᠳᠣᠷᠠᠬᠤ᠎ᠳᠤ ᠲᠠᠭᠠᠯᠠᠮᠵᠢᠲᠠᠢ ᠦᠵᠡᠰᠭᠦᠯᠡᠩᠳᠦ ᠰᠠᠢᠬᠠᠨ ᠬᠦᠲᠡᠭᠡ ᠨᠣᠳᠤᠭᠢ ᠴᠣᠭ᠍ᠴᠠᠯᠠᠬᠤ ᠬᠡᠷᠡᠭ᠌ᠳᠡᠢ᠃ ᠡᠭᠦᠨ᠎ᠤ ᠬᠠᠮᠳᠣ ᠭᠠᠴᠠᠭ᠎ᠠ ᠲᠤᠰᠭᠤᠨ᠎ᠤ ᠨᠠᠮ᠎ᠤᠨ ᠡᠭᠦᠷ ᠠᠷᠠᠳ᠎ᠤᠨ ᠵᠦᠪᠯᠡᠯ᠎ᠤᠨ ᠬᠤᠭᠤᠴᠠᠭ᠎ᠠ ᠰᠤᠯᠢᠬᠤ ᠰᠣᠩᠭᠤᠭᠤᠯᠢ᠎ᠲᠠᠢ ᠤᠶᠠᠯᠳᠤᠭᠤᠯᠤᠨ᠂ ᠦᠨᠳᠦᠰᠦᠨ ᠱᠠᠲᠤᠨ᠎ᠤ ᠵᠤᠬᠢᠶᠠᠨ ᠪᠠᠢᠭᠤᠯᠤᠯᠲᠠ ᠪᠠ ᠲᠠᠭᠠᠭᠤᠯᠤᠬ᠍ᠴᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠰᠠᠢᠲᠦᠷ ᠠᠳᠭᠤᠬᠤ ᠬᠡᠷᠡᠭ᠌ᠳᠡᠢ᠃ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠭᠦᠨ ᠬᠠᠨ ᠵᠶ᠋ᠢ ᠢᠤᠢ ᠪᠠᠷᠢᠮᠵᠢᠶᠠᠵᠢᠬ᠍ᠰᠠᠨ᠂ ᠬᠡᠪᠴᠢᠶᠡᠵᠢᠭ᠌ᠰᠡᠨ᠂ ᠡᠷᠴᠢᠮᠵᠢᠭ᠌ᠰᠡᠨ ᠬᠡᠮᠵᠢᠶ᠎ᠡ᠎ᠪᠠᠷ ᠦᠨᠳᠦᠷ ᠮᠠᠯᠵᠢᠯ᠎ᠤᠨ ᠲᠠᠯᠠᠪᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠦ᠍᠂ ᠲᠡᠵᠢᠭᠡᠪᠦᠷᠢ᠎ᠶ᠋ᠢᠨ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠱᠢᠭᠦᠯᠬᠦ᠌᠎ᠶ᠋ᠢ ᠪᠡᠶᠡᠯᠡᠭᠦᠯᠬᠦ᠌᠎ᠨᠢ ᠦᠪᠡᠷᠲᠡᠭᠡᠨ ᠵᠠᠰᠠᠬᠤ ᠤᠷᠤᠨ᠎ᠤ ᠰᠦ᠎ᠶ᠋ᠢᠨ ᠦᠢᠯᠡᠰ᠎ᠤᠨ ᠢᠷᠡᠭᠡᠲᠦᠢ᠎ᠶ᠋ᠢᠨ ᠬᠦᠭ᠌ᠵᠢᠯᠲᠡ᠎ᠶ᠋ᠢᠨ ᠵᠠᠢᠯᠠᠰᠢ ᠦᠭᠡᠢ ᠰᠤᠩᠭᠤᠯᠲᠠ ᠪᠤᠯᠤᠨ᠎ᠠ ᠭᠡᠵᠦ᠍ ᠪᠠᠢᠯ᠎ᠠ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ᠌ ᠳᠣᠬᠠᠢ ᠳᠣᠳᠣᠷᠬᠠᠢ ᠪᠠᠢᠷᠢᠯᠠᠭᠤᠯᠵᠠᠢ᠃ ᠬᠠᠰᠪᠦ᠋ᠭᠡ ᠲᠦᠯᠦᠭᠡᠯᠡᠭ᠌ᠴᠢ᠎ᠶ᠋ᠢᠨ ᠦᠵᠡᠬᠦ᠌᠎ᠪᠠᠷ᠂ 《ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠳᠤ ᠰᠤᠷᠭᠠᠭᠤᠯᠢ ᠤᠷᠤᠨ ᠨᠤᠳᠤᠭ᠎ᠤᠨ ᠬᠠᠮᠲᠤᠷᠠᠯᠴᠠᠭ᠎ᠠ᠎ᠶ᠋ᠢ ᠬᠦᠨᠵᠡᠭᠡᠢ ᠦᠷᠨᠢᠭᠦᠯᠵᠦ᠍᠂ ᠪᠦᠲᠦᠮᠵᠢᠲᠡᠢ ᠵᠤᠯᠭᠠᠭᠤᠯᠬᠤ᠎ᠶ᠋ᠢ ᠴᠢᠩᠭᠠᠳᠭᠠᠵᠦ᠍᠂ ᠶᠡᠭᠡ ᠲᠡᠭᠡᠲᠦ ᠰᠤᠷᠭᠠᠭᠤᠯᠢ᠎ᠶ᠋ᠢᠨ ᠴᠢᠲᠠᠪᠤᠷᠢᠲᠡᠨᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ᠎ᠢ ᠬᠦᠢᠴᠡᠳ ᠪᠠᠲᠠᠷᠠᠭᠤᠯᠵᠦ᠍᠂ ᠲᠤᠬᠠᠢ᠎ᠶ᠋ᠢᠨ ᠭᠠᠵᠠᠷ᠎ᠤᠨ ᠠᠵᠦ᠍ ᠠᠬᠤᠢ᠎ᠶ᠋ᠢᠨ ᠬᠦᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃
《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠠᠵᠤ ᠦᠢᠯᠡᠰ᠎ᠤᠨ ᠬᠡᠯᠬᠢᠶ᠎ᠡ ᠪᠠ ᠥᠷᠲᠡᠭ᠎ᠤᠨ ᠬᠡᠯᠬᠢᠶᠡᠨ᠎ᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ᠌ ᠲᠠᠯ ᠠ᠎ᠪᠠᠷ᠂ 〈ᠲᠣᠭᠠᠴᠢᠯᠠᠬ᠍ᠰᠠᠨ ᠠᠵᠤ ᠠᠬᠤᠢ᠎ᠶ᠋ᠢ ᠶᠡᠭᠡ᠎ᠪᠠᠷ ᠬᠦᠭ᠌ᠵᠢᠭᠦᠯᠵᠦ᠍᠂ 5G ᠮᠡᠷᠭᠡᠵᠢᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠨᠢᠭᠡ ᠪᠦᠯᠦᠭ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ᠎ᠤ ᠲᠠᠪᠴᠠᠩ᠂ ᠤᠶᠤᠨᠴᠢ ᠦᠢᠯᠡᠳᠪᠦᠷᠢ᠂ ᠲᠣᠭᠠᠴᠢᠯᠠᠭ᠍ᠰᠠᠨ ᠦᠢᠯᠡᠳᠪᠦᠷᠢ᠎ᠶ᠋ᠢᠨ ᠲᠠᠰᠤᠭ ᠪᠠᠢᠭᠤᠯᠵᠤ᠂ ᠲᠣᠭᠠᠴᠢᠯᠠᠬ᠍ᠰᠠᠨ ᠠᠵᠤ ᠠᠬᠤᠢ ᠪᠠ ᠪᠤᠳᠠᠳᠤ ᠴᠤᠭ᠍ᠴᠠ᠎ᠶ᠋ᠢᠨ ᠠᠵᠤ ᠠᠬᠤᠢ᠎ᠶ᠋ᠢᠨ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠤᠨ᠎ᠠ〉 ᠬᠡᠵᠦ᠍ ᠲᠤᠷᠠᠳᠤᠬ᠍ᠰᠠᠨᠢ ᠪᠢ ᠲᠤᠩ ᠵᠦᠪᠱᠢᠶᠡᠷᠡᠵᠦ᠍ ᠪᠠᠢᠬᠤ ᠮᠦᠷᠲᠡᠭᠡᠨ ᠲᠦᠷᠦᠭ᠌ᠲᠡᠯ ᠬᠦᠨ ᠪᠠᠢᠨ᠎ᠠ》 ᠬᠡᠵᠦ᠍ ᠵᠸᠦ ᠱᠢᠦ ᠱᠠᠨ ᠲᠦᠯᠦᠭᠡᠯᠡᠭ᠌ᠴᠢ ᠬᠡᠯᠡᠨ᠎ᠡ᠃ ᠲᠡᠭᠦᠨ᠎ᠤ ᠦᠵᠡᠬᠦ᠌᠎ᠪᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠤᠯ ᠴᠢᠨᠠᠷ ᠰᠠᠢᠲᠠᠢ ᠬᠦᠭ᠌ᠵᠢᠯᠲᠡ᠎ᠶ᠋ᠢᠨ ᠴᠢᠬᠤᠯᠠ ᠬᠦᠲᠡᠯᠭᠡᠬᠦ᠌ ᠬᠦᠴᠦᠨ ᠪᠣᠯᠣᠨ᠎ᠠ᠂ 5G ᠮᠡᠷᠭᠡᠵᠢᠯ ᠪᠤᠯᠤᠨ ᠠᠵᠦ᠍ ᠠᠬᠤᠢ᠍ᠢᠯᠠᠯ᠎ᠤᠨ ᠠᠵᠢᠯ ᠦᠢᠯᠡᠰ᠎ᠲᠠᠢ ᠠᠭᠤᠰᠤᠯᠴᠠᠬᠤ᠎ᠨᠢ ᠠᠵᠦ᠍ ᠠᠬᠤᠢ᠍ᠢᠯᠠᠯ᠎ᠳᠤ ᠲᠤᠩ ᠶᠡᠭᠡ ᠲᠦᠭᠦᠮ ᠠᠪᠴᠢᠷᠠᠬᠤ ᠪᠠ ᠠᠱᠢᠬ᠍ᠯᠠᠮᠵᠢᠶ᠋ᠢᠨᠢ ᠲᠡᠭᠡᠭ᠌ᠰᠢᠯᠡᠭᠦᠯᠬᠦ᠌᠎ᠶ᠋ᠢᠨ ᠬᠠᠮᠳᠣ ᠠᠵᠦ᠍ ᠠᠬᠤᠢ᠍ᠢᠯᠠᠯ᠎ᠤᠨ ᠦᠢᠯᠡᠳᠪᠦᠷᠢᠯᠡᠯ᠎ᠤᠨ ᠠᠮᠤᠷ ᠲᠦᠪᠱᠢᠨ᠎ᠳᠤ ᠱᠢᠨ᠎ᠡ ᠲᠦᠰᠦᠯ ᠬᠠᠩᠭᠠᠬᠤ ᠪᠣᠯᠣᠨ᠎ᠠ᠃
ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠣᠯᠴᠠᠯᠢ ᠠᠬᠢᠭᠤᠯᠬᠤ ᠳᠣᠬᠠᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ 《ᠣᠯᠠᠭᠠᠨᠬᠤᠳᠠ — ᠷᠠᠱᠢᠶᠠᠨ — ᠬᠠᠢᠯᠠᠷ — ᠮᠠᠨᠵᠣᠣᠷ ᠵᠡᠷᠭᠡ ᠵᠢᠭᠤᠯᠴᠢᠯᠡᠯ᠎ᠤᠨ ᠰᠣᠳᠣᠨ ᠵᠠᠮ ᠱᠣᠭᠤᠮ᠎ᠢ ᠪᠦᠳᠣᠭᠡᠨ ᠪᠠᠢᠭᠤᠯᠣᠨ᠎ᠠ᠃ ᠬᠤᠪᠢᠰᠭᠠᠯᠳᠣ ᠵᠢᠭᠤᠯᠴᠢᠯᠡᠯ᠂ ᠬᠦᠳᠡᠭᠡ ᠲᠣᠰᠭᠤᠨ᠎ᠤ ᠵᠢᠭᠤᠯᠴᠢᠯᠡᠯ᠎ᠢ ᠭᠦᠭ᠌ᠵᠢᠭᠦᠯᠵᠦ᠍᠂ ᠢᠯᠭᠠᠭ᠎ᠠ᠎ᠲᠠᠢ ᠪᠠ ᠤᠨᠴᠠᠯᠢᠬ᠎ᠲᠠᠢ ᠵᠢᠭᠤᠯᠴᠢᠯᠠᠯ᠎ᠢ ᠠᠩᠬᠠᠷᠤᠨ ᠴᠢᠬᠤᠯᠠᠴᠢᠯᠠᠨ᠎ᠡ》 ᠬᠡᠵᠦ᠍ ᠳᠣᠳᠣᠷᠬᠠᠢ ᠲᠤᠷᠠᠳᠴᠠᠢ᠃ ᠡᠨᠡ᠎ᠨᠢ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ ᠡᠯᠪᠡᠭ ᠣᠯᠠᠭᠠᠨᠬᠤᠳᠠ᠎ᠳᠤ ᠣᠯᠳᠠᠰᠢ ᠦᠭᠡᠢ ᠬᠤᠪᠣᠷ ᠨᠠᠨᠳᠢᠨ ᠠᠵᠠ ᠳᠣᠬᠢᠶᠠᠯ ᠣᠯᠭᠤᠵᠠᠢ᠃ 《ᠤᠯᠠᠭᠠᠨᠬᠤᠲᠠ᠎ᠳᠤ ᠡᠯᠪᠡᠭ ᠪᠠᠶᠠᠯᠢᠭ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ ᠪᠤᠢ᠃ ᠪᠢᠳᠡ ᠠᠵᠠ ᠲᠣᠬᠢᠶᠠᠯ᠎ᠢ ᠠᠮᠵᠢᠵᠣ᠂ ᠬᠤᠪᠢᠰᠭᠠᠯ᠎ᠤᠨ ᠰᠣᠶᠣᠯ᠎ᠤᠨ ᠵᠢᠭᠤᠯᠴᠢᠯᠠᠯ᠎ᠤᠨ ᠲᠦᠷᠦᠯ ᠲᠡᠮᠳᠡᠭ᠎ᠢ ᠬᠦᠴᠦᠯᠡᠨ ᠡᠭᠦᠳᠴᠦ᠍᠂ ᠥᠪᠥᠷ ᠮᠣᠩᠭᠤᠯ᠎ᠤᠨ ᠬᠤᠪᠢᠰᠭᠠᠯ᠎ᠤᠨ ᠦᠯᠢᠬᠡᠷ ᠪᠣᠯᠤᠨ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠡᠳᠭᠢᠯ ᠲᠠᠯᠪᠢᠨ ᠰᠠᠢᠬᠠᠨ ᠶᠠᠷᠢᠵᠦ᠍᠂ ᠠᠮᠢ ᠠᠬᠤᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠨᠡᠢᠭᠡᠮ᠎ᠤᠨ ᠬᠦᠷᠦᠩᠬᠡ᠎ᠶ᠋ᠢ ᠬᠥᠭ᠌ᠵᠢᠭᠡᠵᠦ᠍᠂ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠳᠤ ᠬᠦᠴᠦᠯᠡᠨ᠎ᠡ》 ᠬᠡᠵᠦ᠍ ᠠᠷᠠᠳ᠎ᠤᠨ ᠲᠦᠯᠦᠭᠡᠯᠡᠭ᠌ᠴᠢ᠂ ᠤᠯᠠᠭᠠᠨᠬᠤᠲᠠ᠎ᠶ᠋ᠢᠨ ᠲᠠᠷᠤᠭ᠎ᠠ ᠸᠠᠩ ᠶᠢᠩ ᠵᠢᠶᠧ ᠬᠡᠯᠡᠨ᠎ᠡ᠃
ᠠᠷᠠᠳ ᠲᠦᠮᠡᠨ᠎ᠤ ᠵᠤᠯ ᠵᠢᠷᠭᠠᠯ᠎ᠢ ᠰᠦᠪᠡᠭ᠌ᠴᠢᠯᠡᠵᠦ᠍᠂ ᠦᠨᠳᠦᠰᠦᠲᠡᠨ᠎ᠤ ᠰᠡᠷᠭᠦᠨ ᠮᠡᠨᠲᠦᠯᠲᠡᠶ᠋ᠢ ᠰᠦᠪᠡᠭ᠌ᠴᠢᠯᠡᠨ᠎ᠡ᠂ ᠡᠨᠡ᠎ᠨᠢ ᠲᠤᠮᠲᠠᠲᠤ ᠤᠯᠤᠰ᠎ᠤᠨ ᠡᠪ ᠬᠠᠮᠲᠦ ᠨᠠᠮ᠎ᠤᠨ ᠨᠡᠢᠭᠡᠮ ᠵᠢᠷᠣᠮ᠎ᠳᠤ ᠤᠳᠤᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠤᠳᠤᠷᠢᠳᠭᠤ ᠵᠤᠷᠢᠯᠲᠠ ᠪᠠ ᠲᠤᠰᠤᠯᠲᠠ ᠪᠣᠯᠣᠨ᠎ᠠ᠂ ᠪᠠᠰᠠ ᠴᠤ᠌ ᠱᠢᠨ᠎ᠡ ᠬᠦᠭ᠌ᠵᠢᠯᠲᠡ᠎ᠶ᠋ᠢᠨ ᠤᠢ᠍ᠢᠯᠠᠭᠠᠬ᠍ᠲᠠᠬᠤᠨᠤ 《ᠦᠨᠳᠦᠰᠦ》 ᠪᠠ 《ᠰᠦᠭ ᠰᠦᠨᠡᠰᠦ》 ᠪᠣᠯᠣᠨ᠎ᠠ᠃ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠪᠠ ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠬᠤ᠎ᠨᠢ ᠠᠷᠠᠳ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠳᠣ ᠲᠦᠷᠦᠭ᠌ᠳᠡᠯ᠂ ᠠᠮᠣᠷ ᠲᠦᠪᠱᠢᠨ᠎ᠤ ᠲᠦᠷᠦᠭ᠌ᠳᠡᠯ᠎ᠢ ᠨᠡᠮᠡᠭ᠌ᠳᠡᠭᠦᠯᠬᠦ᠌ ᠬᠠᠮᠤᠭ᠎ᠤᠨ ᠪᠣᠳᠠᠳᠠᠢ ᠠᠷᠭ᠎ᠠ ᠬᠡᠮᠵᠢᠶ᠎ᠡ ᠪᠣᠯᠣᠨ᠎ᠠ᠃ ᠢᠯᠡᠳᠭᠡᠯ᠎ᠳᠤ ᠠᠷᠠᠳ᠎ᠤᠨ ᠠᠮᠢᠳᠣᠷᠠᠯ᠎ᠤᠨ ᠦᠨᠳᠦᠰᠦᠨ ᠪᠠᠳᠣᠯᠠᠭ᠎ᠠ᠎ᠶ᠋ᠢ ᠴᠢᠩᠭᠠᠳᠭᠠᠬᠤ ᠳᠣᠬᠠᠢ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠣᠨ ᠦᠷᠭᠡᠳᠭᠡᠬᠦ᠂ ᠡᠷᠡᠭᠦᠯ ᠡᠩᠬᠡ ᠥᠪᠥᠷ ᠮᠣᠩᠭᠤᠯ᠎ᠢ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠢ ᠠᠬᠢᠭᠤᠯᠬᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠩᠭᠤᠵᠢᠭ᠍ᠰᠠᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠂ ᠨᠡᠢᠭᠡᠮ᠎ᠤᠨ ᠳᠠᠭᠠᠳᠭᠠᠯ᠎ᠤᠨ ᠬᠠᠮᠤᠷᠬᠤ ᠭᠡᠪᠴᠢᠶ᠎ᠡ᠎ᠶ᠋ᠢ ᠦᠷᠭᠦᠯᠵᠢᠯᠡᠨ ᠦᠷᠭᠡᠳᠭᠡᠬᠦ᠌ ᠭᠡᠬᠦᠴᠢᠯᠡᠨ ᠪᠣᠳᠠᠳᠠᠢ ᠪᠠᠢᠷᠢᠯᠠᠭᠤᠯᠪᠠ᠃ ᠠᠯᠲᠠᠨᠲᠠᠯᠠᠢ ᠲᠦᠯᠦᠭᠡᠯᠡᠭ᠌ᠴᠢ᠎ᠶ᠋ᠢᠨ ᠦᠵᠡᠬᠦ᠌᠎ᠪᠠᠷ᠂ ᠨᠠᠰᠤᠵᠢᠯ᠎ᠤᠨ ᠦᠢᠯᠡᠴᠢᠯᠡᠭᠡᠨ᠎ᠤ ᠪᠡᠯᠡ ᠤᠷᠤᠭᠤᠯᠤᠯᠲᠠ᠎ᠪᠠᠨ ᠨᠡᠮᠡᠭ᠌ᠳᠡᠭᠦᠯᠵᠦ᠍᠂ ᠨᠡᠢᠲᠡ᠎ᠶ᠋ᠢᠨ ᠠᠰᠠᠷᠠᠮᠵᠢᠬ᠍ᠰᠠᠨ᠂ ᠨᠡᠢᠭᠡᠮᠴᠢᠯᠡᠭ᠌ᠰᠡᠨ᠂ ᠵᠠᠬ᠎ᠠ ᠳᠡᠯᠭᠡᠭᠦᠷᠴᠢᠯᠡᠭ᠌ᠰᠡᠨ ᠶᠡᠷᠦᠩᠬᠡᠢᠯᠡᠭ᠌ᠰᠡᠨ ᠨᠠᠰᠤᠵᠢᠯ᠎ᠤᠨ ᠱᠢᠰᠲ᠋ᠧᠮ᠎ᠢ ᠢᠳᠡᠭ ᠢᠳᠡᠭ᠎ᠢᠶᠠᠷ ᠪᠠᠢᠭᠤᠯᠵᠦ᠍᠂ ᠨᠠᠰᠤᠵᠢᠯ᠎ᠤᠨ ᠦᠶᠯᠡᠴᠢᠯᠡᠭᠡᠨ᠎ᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠡᠢᠭᠡᠮ᠎ᠤᠨ ᠬᠦᠴᠦᠨ᠎ᠢ ᠨᠠᠰᠤᠵᠢᠯ᠎ᠤᠨ ᠪᠠᠢᠭᠤᠯᠤᠮᠵᠢ ᠡᠷᠬᠢᠯᠡᠬᠦᠯᠬᠦ᠌ᠪᠠᠷ ᠵᠣᠷᠢᠭ᠍ᠵᠢᠭᠤᠯᠵᠤ ᠬᠥᠲᠥᠯᠥᠨ ᠵᠢᠯᠣᠭᠤᠳᠭᠤ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭ᠌ᠳᠡᠢ᠃
ᠱᠢᠨ᠎ᠡ ᠠᠶᠠᠨ ᠨᠢᠭᠡᠨᠲᠡ ᠡᠬᠢᠯᠡᠪᠡ᠂ ᠲᠡᠦᠬᠡ᠎ᠶ᠋ᠢᠨ ᠱᠢᠨ᠎ᠡ ᠭᠠᠷᠤᠭ᠎ᠠ ᠲᠡᠭᠡᠷ᠎ᠡ᠂ ᠱᠢᠨ᠎ᠡ ᠬᠦᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠦᠭ᠌ᠵᠢᠯᠲᠡ᠎ᠶ᠋ᠢᠨ ᠤᠢ᠍ᠢᠯᠠᠭᠠᠬ᠍ᠲᠠᠬᠤᠨᠢ ᠲᠤᠭᠤᠱᠢᠯᠠᠭᠤᠯᠵᠦ᠍᠂ ᠱᠢᠨ᠎ᠡ ᠬᠦᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠣ᠂ ᠴᠦᠬᠦᠷᠡᠰᠢ ᠦᠭᠡᠢ ᠤᠷᠤᠬ᠍ᠰᠢᠯᠠᠵᠦ᠍᠂ 2021 ᠣᠨ᠎ᠤ ᠡᠯ᠎ᠡ ᠵᠦᠢᠯ᠎ᠤᠨ ᠠᠵᠢᠯ᠎ᠢᠶᠠᠨ ᠰᠠᠢᠳᠣᠷ ᠬᠢᠵᠦ᠍᠂ 《ᠠᠷᠪᠠᠨ ᠲᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠰᠠᠢᠬᠠᠨ ᠡᠬᠢᠯᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠳᠤᠮᠳᠠᠲᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠢ᠎ᠶ᠋ᠢ ᠪᠡᠯᠭᠡᠯᠡᠨ᠂ ᠦᠪᠦᠷ ᠮᠤᠩᠭᠤᠯ᠎ᠤᠨ ᠬᠦᠭ᠌ᠵᠢᠯᠲᠡ᠎ᠶ᠋ᠢᠨ ᠱᠢᠨ᠎ᠡ ᠬᠠᠭᠤᠳᠠᠰᠦ᠎ᠶ᠋ᠢ ᠴᠢᠷᠮᠠᠢᠨ ᠪᠢᠴᠢᠭ᠌ᠯᠡᠬᠦ᠌᠎ᠳᠤ ᠪᠢᠲᠡ ᠢᠲᠡᠭᠡᠯ ᠲᠦᠭᠦᠷᠡᠩ᠃