ᠪᠦᠷᠢᠨᠪᠠᠶᠠᠷ ᠭᠡᠱᠢᠬᠦᠨ᠄ ᠦᠨᠳᠤᠰᠤᠨ ᠱᠠᠳᠤᠨ᠎ᠤ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠦᠢᠯᠡᠰ᠎ᠢ ᠬᠦᠭ᠌ᠵᠢᠬᠦᠯᠤᠨ᠎ᠠ
2021-01-30 15:41:49
ᠵᠣᠬᠢᠶᠠᠭ᠍ᠴᠢ᠄
ᠱᠢᠶᠠᠩ ᠲᠤᠤ
ᠣᠩᠱᠢᠭ᠍ᠰᠠᠨ ᠣᠳᠠᠭ᠎ᠠ᠄
★★★☆☆


3859656_erban_1611939087061_m.jpg


ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠢ ᠴᠢᠬᠤᠯᠠᠴᠢᠯᠠᠵᠦ᠍ ᠪᠠᠢᠭ᠎ᠠ ᠡᠨᠡ ᠡᠷᠢᠨ᠎ᠳᠤ᠂ ᠦᠨᠳᠤᠰᠤᠨ ᠱᠠᠳᠤᠨ᠎ᠤ ᠪᠡᠶ᠎ᠡ᠎ᠶ᠋ᠢᠨ ᠲᠠᠮᠢᠷ᠎ᠤᠨ ᠦᠢᠯᠡᠰ᠎ᠢ ᠭᠡᠷᠬᠢᠨ ᠬᠦᠭ᠌ᠵᠢᠬᠦᠯᠬᠦ᠌ ᠪᠤᠢ? ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠬᠦᠨ᠂ ᠬᠦᠬᠡᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠶ᠋ᠢᠨ ᠪᠠᠭ᠍ᠰᠢ ᠪᠦᠷᠢᠨᠪᠠᠶᠠᠷ ᠡᠨᠡ ᠬᠦ᠌ ᠠᠰᠠᠭᠤᠳᠠᠯ᠎ᠢ ᠶᠠᠷᠤ᠎ᠨᠢ ᠠᠩᠬᠠᠷᠤᠨ ᠬᠠᠯᠠᠮᠵᠢᠯᠠᠵᠤ ᠢᠷᠠᠵᠠᠢ᠃

ᠤᠯᠤᠰ ᠪᠠ ᠦᠪᠡᠷᠳᠡᠭᠡᠨ ᠵᠠᠰᠠᠬᠤ ᠤᠷᠤᠨ᠎ᠠᠴᠠ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠦᠭ᠌ᠵᠢᠯᠳᠡ᠎ᠶ᠋ᠢ ᠴᠢᠬᠤᠯᠠᠴᠢᠯᠠᠨ᠂ ᠪᠡᠶ᠎ᠡ᠎ᠶ᠋ᠢᠨ ᠲᠠᠮᠢᠷ᠎ᠤᠨ ᠤᠷᠲᠤᠨ ᠪᠠ ᠲᠠᠯᠠᠪᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠦ᠍᠂ ᠲᠤᠰᠭᠠᠢ ᠮᠡᠷᠭᠡᠵᠢᠯ᠎ᠤᠨ ᠴᠢᠲᠠᠪᠦᠷᠢᠲᠠᠨ᠎ᠢ ᠬᠦᠮᠦᠵᠢᠬᠦᠯᠦᠨ᠂ ᠤᠯᠠᠨ ᠲᠦᠮᠡᠨ᠎ᠤ ᠢᠳᠡᠪᠬᠢᠵᠢᠯ᠎ᠢ ᠲᠠᠢᠴᠢᠯᠠᠵᠦ᠍᠂ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠦᠭ᠌ᠵᠢᠯᠳᠡ᠎ᠶ᠋ᠢ ᠲᠦᠷᠭᠡᠳᠭᠡᠵᠦ᠍ ᠪᠠᠢᠭ᠎ᠠ ᠪᠤᠯᠪᠠᠴᠦ᠍ ᠦᠨᠲᠦᠰᠦᠨ ᠱᠠᠲᠦᠨ᠎ᠤ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠦᠭ᠌ᠵᠢᠯᠳᠡ᠎ᠨᠢ ᠤᠲᠠᠭᠠᠪᠲᠦᠷ ᠪᠠᠢᠭ᠎ᠠ ᠠᠵᠢ᠃

《ᠬᠤᠱᠢᠭᠤ ᠱᠢᠶᠠᠨ ᠱᠢᠶᠠᠩ ᠪᠠᠯᠭᠠᠰᠤ ᠭᠠᠴᠠᠭ᠎ᠠ ᠲᠤᠰᠭᠤᠨ ᠭᠡᠰᠡᠨ ᠦᠬᠡᠢ ᠪᠦᠷ ᠪᠡᠶ᠎ᠡ᠎ᠶ᠋ᠢᠨ ᠲᠠᠮᠢᠷ᠎ᠤᠨ ᠲᠠᠯᠠᠪᠤᠷ ᠤᠷᠲᠤᠨ᠎ᠤ ᠪᠦᠲᠦᠭᠡᠨ ᠪᠠᠢᠭᠤᠯᠤᠯᠲᠠ᠎ᠶ᠋ᠢ ᠴᠦᠮ ᠴᠢᠩᠭᠠᠳᠭᠠᠵᠦ᠍᠂ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠦᠭ᠌ᠵᠢᠯᠳᠡ᠎ᠳᠤ ᠱᠠᠭᠠᠷᠲᠠᠭ᠍ᠲᠠᠬᠤ ᠰᠠᠭᠤᠷᠢ ᠲᠦᠬᠦᠬᠡᠷᠦᠮᠵᠢ᠎ᠶ᠋ᠢ ᠪᠦᠷᠢᠨᠱᠢᠬᠦᠯᠵᠦ᠍ ᠦᠭ᠌ᠪᠡᠯ ᠵᠤᠬᠢᠨ᠎ᠠ》 ᠭᠡᠵᠦ᠍ ᠪᠦᠷᠢᠨᠪᠠᠶᠠᠷ ᠬᠡᠱᠢᠬᠦᠨ ᠲᠤᠲᠤᠷᠬᠠᠢᠯᠠᠨ᠎ᠠ᠃

ᠰᠠᠭᠤᠷᠢ ᠲᠦᠬᠦᠭᠡᠷᠤᠮᠵᠢ᠎ᠶ᠋ᠢᠨ ᠪᠦᠲᠦᠭᠡᠨ ᠪᠠᠢᠭᠤᠯᠤᠯᠲᠠ᠎ᠠᠴᠠ ᠭᠠᠲᠠᠨ᠎ᠠ᠂ ᠤᠯᠠᠨ ᠲᠦᠮᠨᠨᠴᠢ ᠪᠡᠶ᠎ᠡ᠎ᠶ᠋ᠢᠨ ᠲᠠᠮᠢᠷ᠎ᠢ ᠵᠢᠯᠤᠭᠤᠳᠭᠤ ᠠᠵᠢᠯ᠎ᠤᠨ ᠲᠤᠭ᠍ᠲᠠᠴᠠ ᠪᠠ ᠵᠤᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ ᠡᠯ᠎ᠡ ᠱᠠᠲᠦᠨ᠎ᠤ ᠵᠠᠰᠠᠭ᠎ᠤᠨ ᠤᠷᠲᠤᠨ᠎ᠠᠴᠠ ᠪᠡᠶ᠎ᠡ᠎ᠶ᠋ᠢᠨ ᠲᠠᠮᠢᠷ᠎ᠤᠨ ᠨᠡᠢᠬᠡᠮᠯᠢᠭ᠂ ᠺᠯᠦ᠋ᠪ᠂ ᠪᠡᠶ᠎ᠡ ᠴᠢᠬᠢᠷᠠᠭ᠍ᠵᠢᠭᠤᠯᠬᠤ ᠭᠠᠵᠠᠷ ᠵᠡᠷᠭᠡ ᠠᠷᠠᠳ᠎ᠤᠨ ᠲᠤᠮᠲᠠᠬᠢ ᠪᠡᠶ᠎ᠡ᠎ᠶ᠋ᠢᠨ ᠲᠠᠮᠢᠷ᠎ᠤᠨ ᠵᠤᠬᠢᠶᠠᠨ ᠪᠠᠢᠭᠤᠯᠤᠯᠲᠠ᠎ᠶ᠋ᠢ ᠡᠬᠦᠰᠭᠡᠨ ᠪᠠᠢᠭᠤᠯᠬᠤ᠎ᠶ᠋ᠢ ᠵᠤᠷᠢᠬ᠍ᠵᠢᠭᠤᠯᠪᠠᠯ ᠵᠤᠬᠢᠨ᠎ᠠ᠃ ᠪᠦᠷᠢᠨᠪᠠᠶᠠᠷ ᠭᠡᠱᠢᠬᠦᠨ᠎ᠤ ᠦᠵᠡᠬᠦ᠌᠎ᠪᠠᠷ᠂ ᠦᠨᠳᠤᠰᠤᠨ ᠱᠠᠳᠤᠨ᠎ᠤ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠦᠢᠯᠡᠰ᠎ᠢ ᠬᠦᠭ᠌ᠵᠢᠬᠦᠯᠬᠦ᠌᠎ᠳᠤ ᠵᠠᠪᠠᠯ ᠴᠢᠲᠠᠪᠦᠷᠢᠲᠠᠨ᠎ᠤ ᠠᠰᠠᠭᠤᠲᠠᠯ᠎ᠢ ᠡᠩ ᠲᠡᠷᠢᠬᠦᠨ᠎ᠳᠤ ᠱᠢᠢᠳᠪᠦᠷᠢᠯᠡᠬᠦ᠌ ᠴᠢᠬᠤᠯᠠᠳᠠᠢ ᠪᠠᠢᠨ᠎ᠠ᠃

《ᠵᠦᠪᠭᠡᠨ ᠲᠤᠨᠤᠭ ᠲᠦᠬᠦᠭᠡᠷᠤᠮᠵᠢ᠎ᠶ᠋ᠢᠨ ᠠᠰᠠᠭᠤᠲᠠᠯ᠎ᠢ ᠱᠢᠢᠳᠪᠦᠷᠢᠯᠡᠭᠡᠳ ᠪᠤᠯᠬᠤ ᠪᠢᠰᠢ᠂ ᠦᠨᠲᠦᠰᠦᠨ ᠱᠠᠲᠦᠨ᠎ᠤ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠦᠢᠯᠡᠰ᠎ᠢ ᠬᠦᠭ᠌ᠵᠢᠬᠦᠯᠬᠦ᠌᠎ᠳᠤ ᠵᠠᠪᠠᠯ ᠲᠤᠰᠭᠠᠢ ᠮᠡᠷᠭᠡᠵᠢᠯ᠎ᠠᠴᠠ ᠲᠡᠬᠦᠰᠦᠭ᠌ᠰᠡᠨ ᠱᠢᠯᠢᠳᠡᠭ ᠴᠢᠲᠠᠪᠦᠷᠢᠲᠠᠨ ᠪᠤᠶᠤ ᠠᠵᠢᠯ᠎ᠠᠴᠠ᠎ᠪᠠᠨ ᠬᠠᠯᠠᠬ᠍ᠲᠠᠬ᠍ᠰᠠᠨ ᠲᠤᠰᠭᠠᠢ ᠲᠠᠮᠢᠷᠴᠢᠨ᠎ᠢᠶᠠᠷ ᠵᠢᠭᠠᠨ ᠵᠢᠯᠤᠭᠤᠲᠤᠭᠤᠯᠬᠤ ᠭᠡᠷᠡᠭ᠌ᠳᠡᠢ᠃ ᠲᠡᠲᠡᠨ᠎ᠳᠤ ᠠᠵᠢᠯ᠎ᠤᠨ ᠪᠠᠢᠷᠢ ᠬᠠᠨᠭ᠌ᠭᠠᠬᠤ ᠪᠦᠬᠡᠳ ᠠᠵᠢᠯ᠎ᠤᠨ ᠢᠳᠡᠪᠬᠢᠵᠢᠯ᠎ᠢ᠎ᠨᠢ ᠲᠠᠢᠴᠢᠯᠠᠬ᠍ᠰᠠᠨ ᠪᠠᠢᠬᠤ ᠭᠡᠷᠡᠭ᠌ᠳᠡᠢ》 ᠭᠡᠵᠦ᠍ ᠪᠦᠷᠢᠨᠪᠠᠶᠠᠷ ᠭᠡᠱᠢᠬᠦᠨ ᠤᠷᠤᠱᠢᠵᠤ ᠪᠠᠢᠭ᠎ᠠ ᠠᠰᠠᠭᠤᠳᠠᠯ᠎ᠢ ᠭᠡᠷᠬᠢᠨ ᠱᠢᠢᠳᠪᠤᠷᠢᠯᠡᠬᠦ᠌ ᠲᠤᠬᠠᠢ ᠪᠤᠳᠤᠯ᠎ᠢᠶᠠᠨ ᠶᠠᠷᠢᠵᠤ ᠪᠠᠢᠯ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号