ᠰᠤᠷᠪᠤᠯᠵᠢᠯᠠᠬ᠍ᠴᠢ ᠦᠪᠡᠷᠲᠡᠬᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠰᠠᠨᠠᠯ ᠳᠤᠷᠠᠳᠤᠯᠭ᠎ᠠ᠎ᠶ᠋ᠢᠨ ᠵᠦᠪᠯᠡᠯ᠎ᠠᠴᠠ ᠤᠢ᠍ᠢᠯᠠᠭᠠᠬ᠍ᠰᠠᠨ᠎ᠢᠶᠠᠷ᠂ 1 ᠰᠠᠷ᠎ᠠ᠎ᠶ᠋ᠢᠨ 27 ᠤ ᠡᠳᠦᠷ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠳᠦᠷᠪᠡᠳᠦᠭᠡᠷ ᠬᠤᠷᠠᠯ ᠨᠡᠢᠲᠡ 828 ᠬᠤᠪᠢ ᠰᠠᠨᠠᠯ ᠳᠤᠷᠠᠳᠤᠯᠭ᠎ᠠ ᠬᠤᠷᠢᠶᠠᠨ ᠣᠯᠵᠣ᠂ ᠬᠢᠨᠠᠨ ᠪᠠᠢᠴᠠᠭᠠᠬᠤ᠎ᠪᠠᠷ ᠳᠠᠮᠵᠢᠨ 644 ᠬᠤᠪᠢ᠎ᠶ᠋ᠢ᠎ᠨᠢ ᠰᠠᠨᠠᠯ ᠳᠤᠷᠠᠳᠤᠯᠭ᠎ᠠ᠎ᠪᠠᠷ ᠲᠠᠩᠰᠠᠯᠠᠪᠠ᠃
ᠲᠠᠩᠰᠠᠯᠠᠬ᠍ᠰᠠᠨ ᠰᠠᠨᠠᠯ ᠳᠤᠷᠠᠳᠤᠯᠭ᠎ᠠ᠎ᠳᠤ ᠬᠡᠱᠢᠬᠦᠳ᠎ᠤᠨ ᠰᠠᠨᠠᠯ ᠳᠤᠷᠠᠳᠤᠯᠭ᠎ᠠ 604 ᠬᠤᠪᠢ᠂ ᠬᠠᠮᠳᠦ᠎ᠶ᠋ᠢᠨ ᠰᠠᠨᠠᠯ ᠳᠤᠷᠠᠳᠤᠯᠭ᠎ᠠ 224 ᠬᠤᠪᠢ ᠪᠤᠢ᠃ ᠡᠬᠦᠨ᠎ᠳᠤ ᠠᠵᠦ᠍ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠤᠭᠤᠷᠢᠨ᠎ᠳᠤ 226 ᠬᠤᠪᠢ ᠰᠠᠨᠠᠯ ᠳᠤᠷᠠᠳᠤᠯᠭ᠎ᠠ᠂ ᠨᠡᠢᠬᠡᠮ᠎ᠤᠨ ᠪᠠᠢᠭᠤᠯᠤᠯᠲᠠ᠎ᠶ᠋ᠢᠨ ᠲᠤᠭᠤᠷᠢᠨ᠎ᠳᠤ 210 ᠬᠤᠪᠢ ᠰᠠᠨᠠᠯ ᠳᠤᠷᠠᠳᠤᠯᠭ᠎ᠠ᠂ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠶ᠋ᠢᠨ ᠲᠤᠭᠤᠷᠢᠨ᠎ᠳᠤ 87 ᠬᠤᠪᠢ ᠰᠠᠨᠠᠯ ᠳᠤᠷᠠᠳᠤᠯᠭ᠎ᠠ᠂ ᠰᠤᠶᠤᠯ᠎ᠤᠨ ᠪᠠᠢᠭᠤᠯᠤᠯᠲᠠ᠎ᠶ᠋ᠢᠨ ᠲᠤᠭᠤᠷᠢᠨ᠎ᠳᠤ 64 ᠬᠤᠪᠢ ᠰᠠᠨᠠᠯ ᠳᠤᠷᠠᠳᠤᠯᠭ᠎ᠠ᠂ ᠤᠯᠤᠰ ᠲᠦᠷᠦ᠎ᠶ᠋ᠢᠨ ᠪᠠᠢᠭᠤᠯᠤᠯᠲᠠ᠎ᠶ᠋ᠢᠨ ᠲᠤᠭᠤᠷᠢᠨ᠎ᠳᠤ 57 ᠬᠤᠪᠢ ᠰᠠᠨᠠᠯ ᠳᠤᠷᠠᠳᠤᠯᠭ᠎ᠠ ᠲᠡᠪᠱᠢᠬᠦᠯᠵᠡᠢ᠃ ᠶᠡᠭᠡ ᠬᠤᠷᠠᠯ᠎ᠳᠤ ᠬᠤᠷᠢᠶᠠᠨ ᠤᠯᠤᠬ᠍ᠰᠠᠨ ᠰᠠᠨᠠᠯ ᠳᠤᠷᠠᠳᠤᠯᠭ᠎ᠠ᠎ᠨᠢ ᠱᠢᠨ᠎ᠡ ᠬᠦᠭ᠌ᠵᠢᠯᠲᠡ᠎ᠶ᠋ᠢᠨ ᠪᠠᠢᠳᠠᠯ᠎ᠳᠤ ᠵᠤᠬᠢᠴᠠᠯᠳᠤᠬᠤ᠂ ᠱᠢᠨ᠎ᠡ ᠬᠦᠭ᠌ᠵᠢᠯᠲᠡ᠎ᠶ᠋ᠢᠨ ᠤᠢ᠍ᠢᠯᠠᠭᠠᠬ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠦᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠬᠤ᠎ᠳᠤ ᠰᠠᠭᠤᠷᠢᠯᠠᠵᠦ᠍᠂ ᠰᠡᠳᠦᠪ ᠰᠤᠩᠭᠤᠯᠲᠠ᠎ᠨᠢ ᠤᠨᠤᠪᠴᠢᠲᠠᠢ᠂ ᠰᠡᠳᠭᠢᠮᠵᠢ᠎ᠨᠢ ᠨᠡᠩ ᠬᠦᠨᠵᠡᠬᠡᠢ᠂ ᠰᠠᠨᠠᠭᠤᠯᠭ᠎ᠠ᠎ᠨᠢ ᠨᠡᠩ ᠪᠤᠲᠠᠲᠠᠢ ᠪᠠᠢᠵᠦ᠍᠂ ᠦᠷᠭᠡᠨ ᠤᠯᠠᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠎ᠤ ᠪᠤᠲᠠᠲᠠᠢ ᠪᠠᠢᠳᠠᠯ᠎ᠲᠠᠢ ᠤᠢ᠍ᠢᠷᠠᠲᠤᠬᠤ᠂ ᠠᠷᠠᠳ᠎ᠤᠨ ᠠᠮᠢᠳᠤᠷᠠᠯ᠎ᠢ ᠬᠠᠯᠠᠮᠵᠢᠯᠠᠬᠤ ᠠᠵᠢᠯ᠎ᠤᠨ ᠬᠡᠪ ᠰᠤᠷᠲᠠᠯ ᠪᠤᠯᠤᠨ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌ ᠲᠦᠪᠱᠢᠨ᠎ᠢ ᠢᠯᠡᠷᠡᠬᠦᠯᠪᠡ᠃
ᠶᠡᠭᠡ ᠬᠤᠷᠠᠯ ᠳᠡᠬᠦᠰᠦᠭ᠌ᠰᠡᠨᠤ ᠳᠠᠷᠠᠭ᠎ᠠ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠲᠦᠨ ᠪᠤᠯᠤᠨ ᠤᠯᠤᠰ ᠲᠦᠷᠦ᠎ᠶ᠋ᠢᠨ ᠵᠦᠪᠯᠡᠯᠬᠡᠨ ᠬᠠᠮᠲᠤᠷᠠᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠢᠳᠪᠦᠷᠢᠯᠡᠬᠦᠯᠬᠦ᠌ ᠬᠤᠷᠠᠯ ᠬᠤᠷᠠᠯᠳᠤᠭᠤᠯᠵᠦ᠍᠂ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠢᠳᠪᠦᠷᠢᠯᠡᠬᠦᠯᠬᠦ᠌ ᠠᠵᠢᠯ᠎ᠢ ᠪᠠᠢᠷᠢᠯᠠᠭᠤᠯᠬᠤ ᠪᠤᠯᠤᠨ᠎ᠠ᠃