(2021 ᠤᠨ᠎ᠤ 1 ᠰᠠᠷ᠎ᠠ᠎ᠶ᠋ᠢᠨ 29 ᠤ ᠡᠳᠦᠷ ᠤᠯᠤᠰ ᠲᠦᠷᠦ᠎ᠶ᠋ᠢᠨ ᠵᠦᠪᠯᠡᠯᠭᠡᠨ᠎ᠤ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠡᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠲᠦᠷᠪᠡᠳᠦᠭᠡᠷ ᠬᠤᠷᠠᠯ᠎ᠠᠴᠠ ᠬᠢᠨᠡᠨ ᠵᠦᠪᠯᠡᠵᠦ᠍ ᠪᠠᠳᠤᠯᠠᠪᠠ)
ᠤᠯᠤᠰ ᠲᠦᠷᠦ᠎ᠶ᠋ᠢᠨ ᠵᠦᠪᠯᠡᠯᠭᠡᠨ᠎ᠤ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠡᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠲᠦᠷᠪᠡᠳᠦᠭᠡᠷ ᠬᠤᠷᠠᠯ᠎ᠤᠨ ᠬᠤᠭᠤᠴᠠᠭᠠᠨ᠎ᠳᠤ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠬᠦᠳ᠂ ᠤᠯᠤᠰ ᠲᠦᠷᠦ᠎ᠶ᠋ᠢᠨ ᠵᠦᠪᠯᠡᠯᠭᠡᠨ᠎ᠤ ᠡᠯ᠎ᠠ ᠤᠷᠤᠯᠴᠠᠬ᠍ᠰᠠᠨ ᠨᠢᠭᠡᠴᠢ ᠪᠠ ᠡᠯ᠎ᠠ ᠲᠤᠰᠭᠠᠢ ᠵᠦᠪᠯᠡᠯ᠎ᠤᠨ᠎ᠬᠢᠨ ᠰᠢ᠎ᠶ᠋ᠢᠨ ᠫᠢᠩ᠎ᠤᠨ ᠱᠢᠨ᠎ᠠ ᠴᠠᠭ ᠦᠶ᠎ᠠ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠳᠠᠯᠠᠵᠦ᠍᠂ ᠶᠡᠷᠦᠩᠭᠡᠢ ᠱᠦᠵᠢ ᠰᠢ᠎ᠶ᠋ᠢᠨ ᠫᠢᠩ᠎ᠤᠨ ᠥᠪᠦᠷ ᠮᠤᠩᠭᠤᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠦ᠍᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠲᠦᠪ᠎ᠤᠨ ᠪᠠ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠤᠯ ᠰᠡᠳᠦᠪ᠎ᠢ ᠪᠠᠳᠤ ᠡᠵᠡᠮᠳᠡᠨ᠂ ᠳᠡᠭᠡᠳᠦ ᠭᠡᠮᠵᠢᠶᠠᠨ᠎ᠤ ᠤᠯᠤᠰ ᠲᠦᠷᠦ᠎ᠶ᠋ᠢᠨ ᠤᠬᠠᠮᠰᠠᠷ ᠪᠠ ᠬᠤᠷᠴᠠ ᠴᠢᠩᠭ᠎ᠠ ᠬᠠᠷᠢᠭᠤᠴᠠᠯᠭ᠎ᠠ ᠡᠬᠦᠷᠭᠡᠯᠡᠯ᠎ᠢᠶᠠᠷ ᠰᠠᠨᠠᠯ ᠳᠤᠷᠠᠳᠤᠯᠭ᠎ᠠ᠎ᠶ᠋ᠢ ᠢᠳᠡᠪᠬᠢᠳᠠᠢ ᠠᠱᠢᠬ᠍ᠯᠠᠨ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠦ᠍᠂ ᠬᠠᠮᠳᠦ᠎ᠶ᠋ᠢᠨ ᠲᠠᠨᠢᠯᠳᠠ᠎ᠶ᠋ᠢ ᠨᠢᠬ᠍ᠳᠠᠷᠠᠭᠤᠯᠪᠠ᠃ 1 ᠰᠠᠷ᠎ᠠ᠎ᠶ᠋ᠢᠨ 27 ᠤ ᠡᠳᠦᠷ ᠪᠤᠯᠳᠠᠯ᠎ᠠ ᠬᠤᠷᠠᠯ᠎ᠳᠤ ᠨᠡᠢᠳᠡ 828 ᠬᠤᠪᠢ ᠰᠠᠨᠠᠯ ᠳᠤᠷᠠᠳᠤᠯᠭ᠎ᠠ᠎ᠶ᠋ᠢ ᠬᠦᠯᠢᠶᠡᠨ ᠠᠪᠴᠦ᠍᠂ ᠡᠬᠦᠨ᠎ᠳᠤ ᠭᠡᠱᠢᠬᠦᠨ᠎ᠤ ᠰᠠᠨᠠᠯ ᠳᠤᠷᠠᠳᠤᠯᠭ᠎ᠠ 604 ᠬᠤᠪᠢ ᠪᠠᠢᠵᠦ᠍᠂ ᠶᠡᠷᠦᠩᠭᠡᠢ ᠲᠤᠭᠠᠨ᠎ᠤ 72.9% ᠶ᠋ᠢ ᠡᠵᠡᠯᠡᠪᠡ; ᠬᠠᠮᠳᠦ᠎ᠶ᠋ᠢᠨ ᠰᠠᠨᠠᠯ ᠳᠤᠷᠠᠳᠤᠯᠭ᠎ᠠ 224 ᠬᠤᠪᠢ ᠪᠠᠢᠵᠦ᠍᠂ ᠶᠡᠷᠦᠩᠭᠡᠢ ᠲᠤᠭᠠᠨ᠎ᠤ 27.1% ᠶ᠋ᠢ ᠡᠵᠡᠯᠡᠪᠡ᠃ ᠬᠠᠮᠳᠦ᠎ᠶ᠋ᠢᠨ ᠰᠠᠨᠠᠯ ᠳᠤᠷᠠᠳᠤᠯᠭ᠎ᠠ ᠳᠤᠮᠳᠠ ᠠᠷᠠᠳᠴᠢᠯᠠᠬ᠍ᠰᠠᠨ ᠨᠠᠮ ᠪᠦᠯᠦᠭ᠎ᠤᠨ ᠰᠠᠨᠠᠯ ᠳᠤᠷᠠᠳᠤᠯᠭ᠎ᠠ 173 ᠬᠤᠪᠢ᠂ ᠠᠷᠠᠳ᠎ᠤᠨ ᠪᠦᠯᠬᠦᠮ᠎ᠤᠨ ᠰᠠᠨᠠᠯ ᠳᠤᠷᠠᠳᠤᠯᠭ᠎ᠠ 38 ᠬᠤᠪᠢ᠂ ᠡᠳᠡᠭᠡᠳ ᠢᠯᠭᠠᠯ᠎ᠤᠨ ᠰᠠᠨᠠᠯ ᠳᠤᠷᠠᠳᠤᠯᠭ᠎ᠠ 6 ᠬᠤᠪᠢ᠂ ᠤᠯᠤᠰ ᠲᠦᠷᠦ᠎ᠶ᠋ᠢᠨ ᠵᠦᠪᠯᠡᠯᠭᠡᠨ᠎ᠤ ᠲᠤᠰᠭᠠᠢ ᠵᠦᠪᠯᠡᠯ᠎ᠤᠨ ᠰᠠᠨᠠᠯ ᠳᠤᠷᠠᠳᠤᠯᠭ᠎ᠠ 7 ᠬᠤᠪᠢ ᠪᠠᠢᠨ᠎ᠠ᠃ ᠰᠠᠨᠠᠯ ᠳᠤᠷᠠᠳᠤᠯᠭ᠎ᠠ᠎ᠶ᠋ᠢᠨ ᠵᠦᠪᠯᠡᠯ 《ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠲᠦᠷᠢᠮ》 ᠢ ᠦᠨᠳᠦᠰᠦᠯᠡᠵᠦ᠍᠂ 644 ᠬᠤᠪᠢ᠎ᠶ᠋ᠢ ᠬᠢᠨᠡᠨ ᠪᠠᠢᠴᠠᠭᠠᠵᠦ᠍ ᠭᠡᠷᠡᠭ ᠪᠤᠯᠭᠠᠨ ᠲᠠᠩᠰᠠᠯᠠᠵᠦ᠍᠂ ᠠᠭᠤᠯᠭ᠎ᠠ᠎ᠨᠢ ᠤᠢ᠍ᠢᠷᠠᠯᠴᠠᠭ᠎ᠠ ᠪᠦᠭᠡᠳ ᠭᠡᠷᠡᠭ ᠪᠤᠯᠭᠠᠨ ᠲᠠᠩᠰᠠᠯᠠᠬᠤ ᠪᠠᠷᠢᠮᠵᠢᠶ᠎ᠠ᠎ᠳᠤ ᠨᠡᠢᠴᠡᠭ᠌ᠰᠡᠨ 52 ᠬᠤᠪᠢ᠎ᠶ᠋ᠢ ᠨᠡᠢᠳᠭᠡᠨ ᠱᠢᠢᠳᠪᠤᠷᠢᠯᠡᠵᠦ᠍᠂ ᠰᠠᠨᠠᠯ ᠪᠠ ᠰᠠᠨᠠᠭᠤᠯᠭ᠎ᠠ ᠪᠤᠯᠭᠠᠵᠦ᠍ ᠬᠤᠯᠪᠤᠭ᠍ᠳᠠᠯ ᠪᠦᠬᠦᠢ ᠰᠠᠯᠠᠭ᠎ᠠ ᠮᠦᠴᠢᠷ᠎ᠲᠤ ᠬᠦᠷᠭᠡᠨ ᠯᠠᠪᠯᠠᠭ᠎ᠠ ᠪᠤᠯᠭᠠᠭ᠍ᠰᠠᠨ᠎ᠨᠢ 132 ᠬᠤᠪᠢ ᠪᠠᠢᠵᠦ᠍᠂ ᠭᠡᠷᠡᠭ ᠪᠤᠯᠭᠠᠨ ᠲᠠᠩᠰᠠᠯᠠᠭ᠍ᠰᠠᠨ ᠨᠤᠷᠮ᠎ᠠ᠎ᠨᠢ 77.8% ᠳᠤ ᠬᠦᠷᠪᠡ᠃ ᠪᠦᠬᠦ᠋ᠢᠯᠡ ᠭᠡᠷᠡᠭ ᠪᠤᠯᠭᠠᠨ ᠲᠠᠩᠰᠠᠯᠠᠭ᠍ᠰᠠᠨ ᠰᠠᠨᠠᠯ ᠳᠤᠷᠠᠳᠤᠯᠭ᠎ᠠ᠎ᠶ᠋ᠢᠨ ᠳᠤᠮᠳᠠ ᠠᠵᠤ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢᠨ ᠲᠤᠬᠠᠢ ᠰᠠᠨᠠᠯ ᠳᠤᠷᠠᠳᠤᠯᠭ᠎ᠠ 226 ᠬᠤᠪᠢ ᠪᠠᠢᠵᠦ᠍᠂ 35% ᠶ᠋ᠢ ᠡᠵᠡᠯᠡᠪᠡ; ᠨᠡᠢᠭᠡᠮ᠎ᠤᠨ ᠪᠦᠳᠦᠭᠡᠨ ᠪᠠᠢᠭᠤᠯᠤᠯᠳᠠ᠎ᠶ᠋ᠢᠨ ᠲᠤᠬᠠᠢ ᠰᠠᠨᠠᠯ ᠳᠤᠷᠠᠳᠤᠯᠭ᠎ᠠ 210 ᠬᠤᠪᠢ ᠪᠠᠢᠵᠦ᠍᠂ 32.6% ᠶ᠋ᠢ ᠡᠵᠡᠯᠡᠪᠡ; ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢᠨ ᠲᠤᠬᠠᠢ ᠰᠠᠨᠠᠯ ᠳᠤᠷᠠᠳᠤᠯᠭ᠎ᠠ 87 ᠬᠤᠪᠢ ᠪᠠᠢᠵᠦ᠍᠂ 13.5% ᠶ᠋ᠢ ᠡᠵᠡᠯᠡᠪᠡ; ᠰᠤᠶᠤᠯ᠎ᠤᠨ ᠪᠠᠢᠭᠤᠯᠤᠯᠳᠠ᠎ᠶ᠋ᠢᠨ ᠲᠤᠬᠠᠢ ᠰᠠᠨᠠᠯ ᠳᠤᠷᠠᠳᠤᠯᠭ᠎ᠠ 64 ᠬᠤᠪᠢ ᠪᠠᠢᠵᠦ᠍᠂ 10% ᠶ᠋ᠢ ᠡᠵᠡᠯᠡᠪᠡ; ᠤᠯᠤᠰ ᠲᠦᠷᠦ᠎ᠶ᠋ᠢᠨ ᠪᠠᠢᠭᠤᠯᠤᠯᠳᠠ᠎ᠶ᠋ᠢᠨ ᠲᠤᠬᠠᠢ ᠰᠠᠨᠠᠯ ᠳᠤᠷᠠᠳᠤᠯᠭ᠎ᠠ 57 ᠬᠤᠪᠢ ᠪᠠᠢᠵᠦ᠍᠂ 8.9% ᠶ᠋ᠢ ᠡᠵᠡᠯᠡᠪᠡ᠃
ᠶᠡᠷᠦᠩᠭᠡᠢ᠎ᠳᠤᠨᠢ ᠠᠪᠴᠤ᠌ ᠦᠵᠡᠪᠡᠯ᠂ ᠲᠤᠰ ᠤᠲᠠᠭ᠎ᠠ᠎ᠶ᠋ᠢᠨ ᠶᠡᠭᠡ ᠬᠤᠷᠠᠯ᠎ᠤᠨ ᠬᠦᠯᠢᠶᠠᠠ ᠠᠪᠤᠭ᠍ᠰᠠᠠ ᠰᠠᠨᠠᠯ ᠲᠤᠷᠠᠲᠤᠯᠭ᠎ᠠ᠎ᠨᠢ ᠱᠢᠨ᠎ᠠ ᠬᠦᠭ᠌ᠵᠢᠯᠲᠠ᠎ᠶ᠋ᠢᠨ ᠱᠠᠲᠤ᠎ᠶ᠋ᠢ ᠡᠵᠡᠮᠲᠡᠵᠦ᠍᠂ ᠱᠢᠨ᠎ᠠ ᠬᠦᠭ᠌ᠵᠢᠯᠲᠠ᠎ᠶ᠋ᠢᠨ ᠤᠢ᠍ᠢᠯᠠᠭᠠᠭ᠍ᠲᠠᠬᠤᠨᠢ ᠲᠤᠭᠤᠱᠢᠯᠠᠭᠤᠯᠵᠦ᠍᠂ ᠱᠢᠨ᠎ᠠ ᠬᠦᠭ᠌ᠵᠢᠯᠲᠠ᠎ᠶ᠋ᠢᠨ ᠪᠠᠢᠷᠢᠱᠢᠯ᠎ᠢ ᠪᠠᠢᠭᠤᠯᠬᠤ᠎ᠳᠤ ᠰᠠᠭᠤᠷᠢᠯᠠᠵᠦ᠍᠂ 《ᠬᠤᠶᠠᠷ ᠬᠠᠯᠬᠠᠪᠴᠢ》 《ᠬᠤᠶᠠᠷ ᠰᠠᠭᠤᠷᠢᠨ》 ᠪᠤᠯᠤᠨ 《ᠨᠢᠭᠡ ᠪᠠᠬᠢᠯᠡᠯᠲᠠ》 ᠶ᠋ᠢ ᠪᠦᠳᠦᠭᠡᠨ ᠪᠠᠢᠭᠤᠯᠬᠤ ᠪᠠᠢᠯᠲᠤᠬᠤ ᠪᠤᠲᠤᠯᠭ᠎ᠠ᠎ᠶ᠋ᠢᠨ ᠪᠠᠢᠷᠢ ᠲᠤᠭ᠍ᠲᠠᠭᠠᠯᠲᠠᠪᠠᠷ ᠭᠤᠤᠯᠲᠠᠭᠤᠯᠵᠦ᠍᠂ ᠦᠪᠡᠷᠲᠡᠭᠡᠡ ᠵᠠᠰᠠᠬᠤ ᠤᠷᠤᠨ᠎ᠤ 《ᠠᠷᠪᠠᠠ ᠲᠦᠷᠪᠡᠲᠦᠭᠡᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠬᠤᠭᠤᠴᠠᠭᠠᠠ᠎ᠤ ᠠᠵᠦ᠍ ᠠᠬᠤᠢ ᠨᠡᠢᠭᠡᠮ᠎ᠤᠨ ᠬᠦᠭ᠌ᠵᠢᠯᠲᠠ᠎ᠶ᠋ᠢᠨ ᠭᠤᠤᠯ ᠬᠠᠷᠠᠯᠲᠠ ᠪᠤᠯᠤᠨ 2035 ᠤᠨ᠎ᠤ ᠠᠯᠤᠰ᠎ᠤᠨ ᠬᠠᠷᠠᠯᠲᠠ᠎ᠳᠤ ᠠᠩᠬᠠᠷᠤᠯ᠎ᠢᠶᠠᠨ ᠲᠦᠪᠯᠡᠷᠡᠭᠦᠯᠦᠨ ᠠᠷᠭ᠎ᠠ ᠤᠬᠠᠭᠠᠠ ᠭᠠᠷᠭᠠᠠ ᠵᠠᠰᠠᠭ᠎ᠲᠤ ᠲᠤᠰᠠᠯᠠᠵᠠᠢ᠃ ᠰᠤᠩᠭᠤᠭ᠍ᠰᠠᠠ ᠰᠡᠲᠦᠪ᠎ᠨᠢ ᠨᠡᠩ ᠤᠨᠤᠴᠠᠲᠠᠢ᠂ ᠪᠤᠲᠤᠯᠬᠢᠯᠠᠯ᠎ᠨᠢ ᠨᠡᠩ ᠬᠦᠨᠵᠡᠭᠡᠢ᠂ ᠰᠠᠨᠠᠭᠤᠯᠭ᠎ᠠ᠎ᠨᠢ ᠨᠡᠩ ᠪᠤᠲᠠᠲᠠᠢ᠂ ᠶᠠᠰᠤ ᠴᠢᠨᠠᠷ᠎ᠨᠢ ᠨᠡᠩ ᠲᠡᠭᠡᠭ᠌ᠰᠢᠯᠡᠯᠳᠠᠲᠠᠢ ᠪᠤᠯᠵᠦ᠍᠂ ᠱᠢᠨ᠎ᠠ ᠴᠠᠭ ᠦᠶ᠎ᠠ᠎ᠶ᠋ᠢᠨ ᠤᠯᠤᠰ ᠲᠦᠷᠦ᠎ᠶ᠋ᠢᠨ ᠵᠦᠪᠯᠡᠯᠭᠡᠡ᠎ᠤ ᠭᠡᠱᠢᠭᠦᠳ᠂ ᠤᠯᠤᠰ ᠲᠦᠷᠦ᠎ᠶ᠋ᠢᠨ ᠵᠦᠪᠯᠡᠯᠭᠡᠡ᠎ᠤ ᠡᠯ᠎ᠠ ᠤᠷᠤᠯᠴᠠᠭ᠍ᠰᠠᠨ ᠨᠢᠭᠡᠴᠢ᠎ᠶ᠋ᠢᠨ ᠠᠷᠠᠳ᠎ᠤᠨ ᠲᠦᠯᠦᠭᠡ ᠬᠡᠰᠡᠨ ᠬᠠᠢᠷ᠎ᠠ ᠰᠡᠳᠭᠢᠯᠭᠡ ᠪᠤᠯᠤᠨ ᠬᠠᠷᠢᠭᠤᠴᠠᠯᠭ᠎ᠠ ᠡᠬᠦᠷᠭᠡᠯᠡᠯ᠎ᠢ ᠬᠠᠷᠠᠭᠤᠯᠵᠦ᠍᠂ ᠦᠷᠭᠡᠡ ᠤᠯᠠᠠ ᠤᠯᠤᠰ ᠲᠦᠷᠦ᠎ᠶ᠋ᠢᠨ ᠵᠦᠪᠯᠡᠯᠭᠡᠡ᠎ᠤ ᠭᠡᠱᠢᠭᠦᠳ᠎ᠤᠨ ᠦᠨᠳᠦᠰᠦᠨ ᠱᠠᠳᠤᠨ᠎ᠳᠤ ᠤᠢ᠍ᠢᠷᠠᠲᠤᠭ᠍ᠰᠠᠠ᠂ ᠠᠷᠠᠳ᠎ᠤᠨ ᠰᠡᠳᠭᠢᠯ᠎ᠢ ᠤᠯᠤᠭ᠍ᠰᠠᠠ ᠠᠵᠢᠯ᠎ᠤᠨ ᠰᠤᠷᠲᠠᠯ ᠪᠤᠯᠤᠨ ᠡᠬᠦᠷᠭᠡ ᠲᠤᠱᠢᠶᠠᠯ᠎ᠢᠶᠠᠨ ᠬᠦᠢᠴᠡᠳᠭᠡᠭ᠌ᠰᠡᠡ ᠬᠢᠷᠢ ᠲᠦᠪᠱᠢᠨ᠎ᠢ ᠬᠠᠷᠠᠭᠤᠯᠤᠭ᠍ᠰᠠᠠ ᠪᠠᠢᠨ᠎ᠠ᠃
ᠬᠤᠷᠠᠯ ᠲᠡᠭᠦᠰᠦᠭ᠌ᠰᠡᠡᠤ ᠲᠠᠷᠠᠭ᠎ᠠ ᠦᠪᠡᠷᠲᠡᠭᠡᠡ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠲᠤᠨ᠂ ᠤᠯᠤᠰ ᠲᠦᠷᠦ᠎ᠶ᠋ᠢᠨ ᠵᠦᠪᠯᠡᠯᠭᠡᠡ ᠬᠠᠮᠲᠤ᠎ᠪᠠᠷ ᠰᠠᠨᠠᠯ ᠲᠤᠷᠠᠲᠤᠯᠭ᠎ᠠ᠎ᠪᠠᠨ ᠲᠤᠱᠢᠶᠠᠠ ᠱᠢᠢᠳᠪᠤᠷᠢᠯᠡᠬᠦᠯᠬᠦ᠌ ᠬᠤᠷᠠᠯ ᠬᠤᠷᠠᠯᠲᠤᠭᠤᠯᠵᠦ᠍᠂ ᠰᠠᠨᠠᠯ ᠲᠤᠷᠠᠲᠤᠯᠭ᠎ᠠ ᠱᠢᠢᠳᠪᠤᠷᠢᠯᠡᠬᠦ᠌ ᠠᠵᠢᠯ᠎ᠢ ᠪᠠᠢᠷᠢᠯᠠᠭᠤᠯᠬᠤ ᠪᠤᠯᠤᠨ᠎ᠠ᠃ ᠦᠪᠡᠷᠲᠡᠭᠡᠡ ᠵᠠᠰᠠᠬᠤ ᠤᠷᠤᠨ᠎ᠤ ᠤᠲᠤᠷᠢᠳᠭᠤ ᠨᠦᠬᠦᠳ᠎ᠤᠨ ᠭᠤᠤᠯᠲᠠᠯᠭ᠎ᠠ᠎ᠲᠠᠢ ᠰᠠᠨᠠᠯ ᠲᠤᠷᠠᠲᠤᠯᠭ᠎ᠠ᠎ᠶ᠋ᠢ ᠵᠦᠪᠱᠢᠶᠡᠷᠡᠠ ᠱᠢᠢᠳᠪᠤᠷᠢᠯᠡᠬᠦ᠌ ᠱᠠᠯᠠᠪᠲᠠᠭᠤᠯᠤᠨ ᠱᠢᠢᠳᠪᠤᠷᠢᠯᠡᠬᠦ᠌ ᠵᠢᠱ᠌ᠢᠶ᠎ᠠ ᠦᠵᠡᠭᠦᠯᠤᠨ ᠲᠠᠭᠠᠭᠤᠯᠬᠤ ᠦᠢᠯᠡᠲᠦᠯ᠎ᠢ ᠦᠷᠬᠦᠯᠵᠢᠯᠠᠠ ᠪᠠᠲᠠᠷᠠᠭᠤᠯᠵᠦ᠍᠂ ᠰᠠᠨᠠᠯ ᠲᠤᠷᠠᠲᠤᠯᠭ᠎ᠠ᠎ᠶ᠋ᠢ ᠱᠢᠢᠳᠪᠤᠷᠢᠯᠡᠬᠦ᠌ ᠵᠦᠪᠲᠡᠯᠴᠡᠭᠡᠪᠠᠨ ᠬᠦᠨᠵᠡᠭᠡᠢᠷᠡᠭᠦᠯᠵᠦ᠍᠂ ᠮᠦᠷᠲᠠᠠ ᠱᠠᠯᠠᠪᠳᠠᠭᠤᠯᠵᠦ᠍ ᠱᠢᠢᠳᠪᠤᠷᠢᠯᠡᠬᠦᠯᠬᠦ᠌ ᠡᠷᠴᠢᠮ᠎ᠢ ᠴᠢᠩᠭᠠᠷᠠᠭᠤᠯᠵᠦ᠍᠂ ᠠᠮᠵᠢᠯᠲᠠ ᠪᠦᠲᠦᠮᠵᠢ᠎ᠶ᠋ᠢ ᠤᠨᠲᠤᠤᠱᠢᠭᠤᠯᠤᠨ ᠨᠠᠢᠲᠠᠪᠤᠷᠢᠵᠢᠭᠤᠯᠬᠤ᠎ᠶ᠋ᠢ ᠠᠬᠢᠭᠤᠯᠬᠤ ᠪᠤᠯᠤᠨ᠎ᠠ᠃
ᠲᠤᠰ ᠤᠲᠠᠭ᠎ᠠ᠎ᠶ᠋ᠢᠨ ᠬᠤᠷᠠᠯ᠎ᠳᠤ ᠰᠠᠨᠠᠯ ᠲᠤᠷᠠᠲᠤᠯᠭ᠎ᠠ ᠲᠡᠪᠱᠢᠭᠦᠯᠬᠦ᠌ ᠴᠠᠭ᠎ᠨᠢ ᠲᠤᠯᠤᠭ᠍ᠰᠠᠠᠤ ᠲᠠᠷᠠᠭ᠎ᠠ ᠬᠤᠷᠢᠶᠠᠠ ᠤᠯᠤᠬ᠍ᠰᠠᠨ ᠰᠠᠨᠠᠯ ᠲᠤᠷᠠᠲᠤᠯᠭ᠎ᠠ᠎ᠶ᠋ᠢ ᠴᠠᠭ ᠲᠤᠬᠠᠢᠳᠤᠨᠢ ᠬᠢᠨᠠᠠ ᠪᠠᠢᠴᠠᠭᠠᠬᠤ ᠪᠦᠭᠡᠳ ᠬᠤᠯᠪᠤᠭ᠍ᠲᠠᠯ ᠪᠦᠬᠦᠢ ᠨᠢᠭᠡᠴᠢ᠎ᠳᠤ ᠲᠡᠪᠱᠢᠭᠦᠯᠵᠦ᠍ ᠱᠢᠢᠳᠪᠤᠷᠢᠯᠡᠬᠦᠯᠬᠦ᠌ ᠪᠤᠯᠤᠨ᠎ᠠ᠃ ᠭᠡᠷᠡᠭ ᠪᠤᠯᠭᠠᠠ ᠲᠠᠩᠰᠠᠯᠠᠬ᠍ᠰᠠᠠ ᠦᠭᠡᠢ ᠰᠠᠨᠠᠯ ᠲᠤᠷᠠᠲᠤᠯᠭ᠎ᠠ᠎ᠶ᠋ᠢ ᠪᠠᠢᠲᠠᠯ᠎ᠢ᠎ᠨᠢ ᠦᠵᠡᠵᠦ᠍ ᠬᠤᠯᠪᠤᠭ᠍ᠲᠠᠯ ᠪᠦᠬᠦᠢ ᠰᠠᠯᠠᠭ᠎ᠠ ᠮᠦᠴᠢᠷ᠎ᠲᠤ ᠲᠠᠪᠱᠢᠭᠦᠯᠵᠦ᠍ ᠰᠤᠲᠤᠯᠤᠨ ᠯᠠᠪᠯᠠᠯᠲᠠ ᠪᠤᠯᠭᠠᠬᠤ ᠪᠦᠭᠡᠳ ᠭᠡᠱᠢᠭᠦᠨ ᠨᠢᠭᠡ ᠪᠦᠷᠢ᠎ᠳᠤ ᠲᠠᠢᠯᠪᠤᠷᠢᠯᠠᠯᠲᠠ ᠲᠤᠲᠤᠷᠬᠠᠢᠯᠠᠯᠲᠠ ᠬᠢᠵᠦ᠍ ᠦᠭ᠌ᠭᠦᠨ᠎ᠠ᠃