ᠯᠦᠸᠧ ᡁᠢ ᠸᠧᠢ ᠲᠦᠯᠦᠭᠡᠯᠡᠭ᠌ᠴᠢ᠄ ᠲᠡᠮᠡᠬᠡᠨ᠎ᠤ ᠠᠵᠦ᠍ ᠦᠢᠯᠡᠰ᠎ᠤᠨ ᠬᠦᠭ᠌ᠵᠢᠯᠳᠡ᠎ᠪᠠᠷ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢᠨ ᠨᠡᠮᠡᠭ᠌ᠳᠡᠯ᠎ᠢ ᠪᠠᠳᠤᠯᠠᠨ᠎ᠠ
2021-01-30 15:41:27
ᠵᠣᠬᠢᠶᠠᠭ᠍ᠴᠢ᠄
ᠬᠠᠢ ᠴᠢᠤᠸᠠᠨ
ᠣᠩᠱᠢᠭ᠍ᠰᠠᠨ ᠣᠳᠠᠭ᠎ᠠ᠄
★★★☆☆


3859795_erban_1611947960691_m.jpg


《ᠪᠦ᠋ ᠱᠢᠶᠤᠤ ᠯᠢᠨ ᠲᠡᠷᠢᠬᠦᠯᠡᠭ᠌ᠴᠢ᠎ᠶ᠋ᠢᠨ ᠬᠢᠭ᠌ᠰᠡᠨ 〈ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ〉 ᠎ᠨᠢ ᠠᠮᠵᠢᠯᠳᠠ ᠪᠦᠲᠦᠮᠵᠢ᠎ᠪᠠᠨ ᠦᠨᠡᠨ ᠪᠤᠳᠠᠳᠠᠢ ᠳ᠋ᠦᠩᠨᠡᠵᠦ᠍᠂ ᠤᠷᠤᠱᠢᠵᠦ᠍ ᠪᠠᠢᠭ᠎ᠠ ᠠᠰᠠᠭᠤᠳᠠᠯ᠎ᠢ ᠪᠦᠬᠦ᠌ ᠲᠠᠯ᠎ᠠ᠎ᠪᠠᠷ ᠪᠤᠰᠤᠳᠴᠢ᠎ᠪᠠᠷ ᠵᠠᠳᠠᠯᠵᠦ᠍᠂ ᠲᠠᠷᠠᠭᠠᠴᠢ᠎ᠶ᠋ᠢᠨ ᠠᠵᠢᠯ᠎ᠢᠶᠠᠨ ᠨᠠᠷᠢᠯᠢᠬ ᠪᠤᠳᠠᠳᠠᠢ ᠪᠠᠢᠷᠢᠯᠠᠭᠤᠯᠵᠠᠢ᠃ ᠪᠣᠴᠠᠭ᠍ᠰᠠᠨ᠎ᠤ ᠲᠠᠷᠠᠭ᠎ᠠ ᠪᠢᠳᠡ ᠢᠯᠡᠳᠭᠡᠯ᠎ᠤᠨ ᠪᠠᠢᠷᠢᠯᠠᠭᠤᠯᠤᠯᠳᠠ᠎ᠶ᠋ᠢ ᠬᠤᠱᠢᠭᠤᠨ᠎ᠤ᠎ᠪᠠᠨ ᠪᠣᠳᠠᠳᠠᠢ᠎ᠲᠠᠢ ᠣᠶᠠᠯᠳᠣᠭᠤᠯᠣᠨ ᠰᠠᠢᠳᠤᠷ ᠨᠠᠢᠳᠠᠪᠤᠷᠢᠵᠢᠭᠤᠯᠤᠨ᠎ᠠ》 ᠬᠡᠵᠦ᠍ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢ᠂ ᠠᠯᠠᠱᠠ ᠪᠠᠷᠠᠭᠤᠨ ᠬᠤᠱᠢᠭᠤᠨ᠎ᠤ ᠲᠠᠷᠤᠭ᠎ᠠ ᠯᠦᠸᠧ ᡁᠢ ᠸᠧᠢ ᠬᠡᠯᠡᠨ᠎ᠡ᠃

ᠯᠦᠸᠧ ᡁᠢ ᠸᠧᠢ᠎ᠶ᠋ᠢᠨ ᠳᠠᠨᠢᠯᠴᠠᠭᠤᠯᠣᠭ᠍ᠰᠠᠨ᠎ᠢᠶᠠᠷ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠠᠯᠠᠱᠠ ᠪᠠᠷᠠᠭᠤᠨ ᠬᠤᠱᠢᠭᠤ ᠪᠦᠬᠦ᠌ ᠤᠷᠤᠨ᠎ᠲᠠᠢ ᠠᠳᠠᠯᠢ᠎ᠪᠠᠷ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠬᠢᠨᠠᠮᠠᠭᠠᠢ ᠨᠠᠢᠳᠠᠪᠤᠷᠢᠵᠢᠭᠤᠯᠵᠦ᠍᠂ ᠬᠦᠭ᠌ᠵᠢᠯᠳᠡ᠎ᠶ᠋ᠢᠨ ᠠᠷᠭ᠎ᠠ ᠬᠡᠯᠪᠡᠷᠢ᠎ᠪᠠᠨ ᠬᠦᠴᠦᠯᠡᠨ ᠬᠤᠪᠢᠷᠠᠭᠤᠯᠵᠣ᠂ ᠪᠠᠶᠠᠷᠯᠠᠭᠤᠱᠢᠳᠠᠢ ᠠᠮᠵᠢᠯᠳᠠ ᠪᠦᠲᠦᠮᠵᠢ ᠤᠯᠵᠠᠢ᠃ ᠬᠤᠱᠢᠭᠤᠨ᠎ᠤ ᠪᠤᠳᠠᠳᠠᠢ᠎ᠠᠴᠠ᠎ᠪᠠᠨ ᠡᠬᠦᠰᠴᠤ᠌᠂ ᠤᠨᠴᠠᠯᠢᠬ ᠲᠠᠪᠠᠭᠤᠯᠢᠬ᠎ᠢᠶᠠᠨ ᠪᠠᠳᠠᠷᠠᠭᠤᠯᠵᠦ᠍᠂ ᠲᠡᠮᠡᠬᠡᠨ᠎ᠤ ᠠᠵᠦ᠍ ᠦᠢᠯᠡᠰ᠎ᠢ ᠠᠷᠠᠳ᠎ᠢᠶᠠᠨ ᠪᠠᠶᠠᠵᠢᠭᠤᠯᠤᠨ ᠬᠤᠱᠢᠭᠤ᠎ᠪᠠᠨ ᠬᠦᠴᠦᠷᠭᠡᠭ᠌ᠵᠢᠬᠦᠯᠬᠦ᠌ ᠴᠢᠬᠤᠯᠠ ᠠᠵᠦ᠍ ᠦᠢᠯᠡᠰ ᠪᠤᠯᠭᠠᠨ ᠬᠦᠭ᠌ᠵᠢᠬᠦᠯᠵᠦ᠍᠂ ᠲᠡᠮᠡᠬᠡᠨ᠎ᠤ ᠡᠬᠢ ᠪᠠᠶᠠᠯᠢᠬ᠎ᠢ ᠬᠠᠮᠠᠭᠠᠯᠠᠯᠳᠠ᠎ᠶ᠋ᠢᠨ ᠴᠢᠨᠠᠷᠳᠠᠢ᠎ᠪᠠᠷ ᠨᠡᠬᠡᠬᠡᠨ ᠬᠦᠭ᠌ᠵᠢᠬᠦᠯᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ + ᠲᠠᠭᠠᠭᠤᠯᠤᠬ᠍ᠴᠢ ᠠᠵᠦ᠍ ᠠᠬᠤᠢ᠍ᠢᠯᠠᠯ + ᠬᠤᠷᠱᠢᠶ᠎ᠠ + ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠢ ᠲᠠᠷᠢᠶᠠᠯᠠᠩ᠎ᠤᠨ ᠲᠠᠯᠠᠪᠠᠢ》 ᠎ᠶ᠋ᠢᠨ ᠠᠱᠢᠬ ᠲᠤᠰᠠ᠎ᠶ᠋ᠢᠨ ᠬᠤᠯᠪᠤᠭᠠᠨ᠎ᠤ ᠲᠤᠬ᠍ᠳᠠᠴᠠ᠎ᠶ᠋ᠢ ᠰᠦᠪᠡᠭ᠌ᠴᠢᠯᠡᠨ ᠪᠠᠢᠭᠤᠯᠵᠦ᠍᠂ ᠠᠮᠢ ᠠᠬᠤᠢ᠎ᠶ᠋ᠢ ᠬᠠᠮᠠᠭᠠᠯᠠᠬ᠍ᠰᠠᠨ ᠤᠷᠢᠳᠠᠯ ᠲᠤᠤᠷ᠎ᠠ ᠲᠡᠮᠡᠬᠡᠨ᠎ᠤ ᠠᠵᠦ᠍ ᠦᠢᠯᠡᠰ᠎ᠤᠨ ᠬᠡᠪᠴᠢᠶ᠎ᠡ᠎ᠪᠠᠨ ᠵᠤᠬᠢᠰᠳᠠᠢ ᠦᠷᠬᠡᠳᠭᠡᠵᠡᠢ᠃ 《ᠠᠯᠠᠱᠠ ᠪᠠᠷᠠᠭᠤᠨ ᠬᠤᠱᠢᠭᠤᠨ᠎ᠤ ᠲᠡᠮᠡᠬᠡᠨ᠎ᠤ ᠠᠵᠦ᠍ ᠦᠢᠯᠡᠰ᠎ᠤᠨ ᠬᠦᠭ᠌ᠵᠢᠯᠳᠡ᠎ᠶ᠋ᠢ ᠲᠡᠮᠵᠢᠬᠦ᠌ ᠬᠡᠷᠡᠭ᠌ᠵᠢᠬᠦᠯᠬᠦ᠌ ᠰᠠᠨᠠᠯ (2017 — 2020 ᠤᠨ)》 ᠵᠡᠷᠬᠡ ᠲᠦᠷᠦ᠎ᠶ᠋ᠢᠨ ᠪᠤᠳᠤᠯᠭ᠎ᠠ ᠲᠤᠭ᠍ᠳᠠᠭᠠᠵᠦ᠍᠂ 2017 ᠤᠨ᠎ᠠᠴᠠ ᠨᠠᠭᠠᠰᠢ 4 ᠵᠢᠯ ᠲᠠᠷᠠᠭᠠᠯᠠᠨ ᠬᠤᠱᠢᠭᠤᠨ᠎ᠤ ᠡᠳ᠋᠎ᠤᠨ ᠵᠠᠰᠠᠬ᠎ᠠᠴᠠ᠎ᠪᠠᠨ ᠵᠢᠯ ᠪᠦᠷᠢ 300 ᠲᠦᠮᠡᠨ ᠲᠦᠬᠦᠷᠢᠭ᠎ᠤᠨ ᠲᠤᠰᠭᠠᠢ ᠪᠡᠯᠡ ᠮᠦᠩᠬᠦ᠌ ᠲᠤᠬᠢᠷᠠᠭᠤᠯᠵᠦ᠍᠂ ᠮᠠᠯᠴᠢᠨ ᠲᠠᠷᠢᠶᠠᠴᠢᠨ᠎ᠳᠤ ᠢᠩᠬᠡᠨ᠎ᠤ ᠰᠠᠭᠠᠯᠢ᠎ᠶ᠋ᠢᠨ ᠨᠦᠬᠦᠪᠦᠷᠢ ᠦᠭ᠌ᠭᠦᠭ᠌ᠰᠡᠨ ᠪᠠᠢᠨ᠎ᠠ᠃ ᠪᠠᠰᠠ 1000 ᠲᠦᠮᠡᠨ ᠲᠦᠬᠦᠷᠢᠭ᠎ᠤᠨ ᠲᠡᠮᠡᠬᠡᠨ᠎ᠤ ᠠᠵᠦ᠍ ᠦᠢᠯᠡᠰ᠎ᠢ ᠬᠦᠭ᠌ᠵᠢᠬᠦᠯᠬᠦ᠌ ᠪᠠᠳᠤᠯᠠᠨ ᠲᠠᠭᠠᠭᠠᠬᠤ ᠰᠠᠭᠤᠷᠢ ᠮᠦᠩᠬᠦ᠌ ᠲᠤᠬᠢᠷᠠᠭᠤᠯᠵᠦ᠍᠂ ᠲᠡᠭᠡᠳᠤ ᠲᠡᠰ᠎ᠤᠨ ᠪᠦᠲᠦᠭᠡᠭ᠌ᠳᠡᠬᠦᠨ᠎ᠢ ᠰᠤᠳᠤᠯᠤᠨ ᠨᠡᠬᠡᠬᠡᠬᠦ᠌ ᠵᠢᠴᠢ ᠲᠦᠷᠦᠯ ᠲᠡᠮᠳᠡᠭ ᠡᠬᠦᠳᠬᠦ᠌ ᠵᠡᠷᠬᠡ ᠲᠠᠯ᠎ᠠ᠎ᠪᠠᠷ ᠵᠢᠬᠡᠯᠡᠯᠬᠡ᠎ᠶ᠋ᠢᠨ ᠪᠠᠳᠤᠯᠠᠨ ᠲᠠᠭᠠᠭᠠᠯᠳᠠ ᠬᠢᠬᠦ᠌ ᠪᠤᠯᠵᠠᠢ᠃ ᠤᠳᠤᠬᠠᠨ᠎ᠳᠤ ᠪᠦᠬᠦ᠌ ᠬᠤᠱᠢᠭᠤᠨ᠎ᠤ ᠲᠡᠮᠡᠭᠡ ᠮᠠᠯᠵᠢᠵᠦ᠍ ᠪᠠᠢᠭ᠎ᠠ ᠡᠷᠦᠬᠡ 800 ᠎ᠠᠴᠠ ᠲᠠᠪᠠᠵᠦ᠍᠂ ᠲᠡᠮᠡᠭᠡ ᠮᠠᠯᠵᠢᠵᠦ᠍ ᠪᠠᠢᠭ᠎ᠠ ᠡᠷᠦᠬᠡ ᠲᠤᠮᠳᠠᠴᠢ᠎ᠶ᠋ᠢᠨ ᠵᠢᠯ᠎ᠤᠨ ᠲᠡᠮᠡᠬᠡᠨ᠎ᠤ ᠤᠷᠤᠯᠭ᠎ᠠ᠎ᠨᠢ 2 ᠲᠦᠮᠡᠨ ᠲᠦᠬᠦᠷᠢᠭ᠎ᠲᠤ ᠬᠦᠷᠦᠭ᠌ᠰᠡᠨ ᠪᠠᠢᠨ᠎ᠠ᠃

《ᠲᠠᠷᠠᠭᠠᠴᠢ᠎ᠪᠠᠷ᠂ ᠪᠢᠳᠡ 〈ᠵᠠᠰᠠᠬ᠎ᠤᠨ ᠤᠷᠳᠤᠨ ᠬᠦᠲᠦᠯᠦᠨ ᠵᠢᠯᠤᠭᠤᠳᠭᠤ᠂ ᠲᠠᠭᠠᠭᠤᠯᠤᠬ᠍ᠴᠢ ᠠᠵᠦ᠍ ᠠᠬᠤᠢ᠍ᠢᠯᠠᠯ᠎ᠢᠶᠠᠷ ᠲᠠᠢᠴᠢᠯᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠂ ᠮᠠᠯᠴᠢᠨ ᠲᠠᠷᠢᠶᠠᠴᠢᠨ᠎ᠢ ᠲᠠᠢᠴᠢᠯᠨᠨ ᠤᠷᠤᠯᠴᠠᠭᠤᠯᠬᠤ〉 ᠵᠠᠬ᠍ᠪᠤᠷ᠎ᠢ ᠦᠷᠬᠦᠯᠵᠢᠯᠡᠨ ᠬᠡᠷᠡᠭ᠌ᠵᠢᠬᠦᠯᠵᠦ᠍᠂ ᠲᠡᠮᠡᠬᠡᠨ᠎ᠤ ᠠᠵᠦ᠍ ᠦᠢᠯᠡᠰ᠎ᠤᠨ ᠬᠦᠭ᠌ᠵᠢᠯᠳᠡ᠎ᠪᠠᠷ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢᠨ ᠨᠡᠮᠡᠭ᠌ᠳᠡᠯ᠎ᠢ ᠪᠠᠳᠤᠯᠠᠨ᠂ ᠲᠡᠮᠡᠬᠡᠨ᠎ᠤ ᠠᠵᠦ᠍ ᠦᠢᠯᠡᠰ᠎ᠤᠨ ᠲᠠᠯᠳᠠ ᠬᠦᠴᠦᠨ᠎ᠢ ᠴᠢᠨᠠᠬ᠍ᠰᠢᠳᠠ ᠠᠭᠤᠳᠠᠯᠤᠨ ᠪᠠᠳᠠᠷᠠᠭᠤᠯᠵᠦ᠍᠂ ᠲᠡᠮᠡᠬᠡᠨ᠎ᠤ ᠠᠵᠦ᠍ ᠦᠢᠯᠡᠰ᠎ᠤᠨ ᠬᠦᠭ᠌ᠵᠢᠯᠳᠡ᠎ᠪᠠᠷ ᠭᠤᠷᠪᠠᠨ ᠠᠵᠦ᠍ ᠦᠢᠯᠡᠰ᠎ᠤᠨ ᠪᠦᠬᠦ᠌ ᠲᠠᠯ᠎ᠠ᠎ᠶ᠋ᠢᠨ ᠬᠦᠭ᠌ᠵᠢᠯᠳᠡ᠎ᠶ᠋ᠢ ᠲᠠᠢᠴᠢᠯᠠᠨ᠎ᠠ》 ᠭᠡᠵᠦ᠍ ᠯᠦᠸᠧ ᡁᠢ ᠸᠧᠢ ᠬᠡᠯᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号