ᠭᠧ ᡁᠢ ᠢ ᠬᠡᠱᠢᠬᠦᠨ᠄ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠤᠯᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠰᠠᠢᠳᠤᠷ ᠲᠦᠯᠦᠪᠵᠢᠬᠦᠯᠤᠨ ᠵᠤᠯᠭᠠᠯᠴᠠᠭᠤᠯᠤᠨ᠎ᠠ
2021-01-30 15:41:39
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆


3859650_erban_1611939035485_m.jpg


ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠬᠠᠮᠢᠶᠠᠷᠤᠯᠳᠠ᠎ᠶ᠋ᠢᠨ ᠲᠡᠭᠡᠳᠦ ᠰᠤᠷᠭᠠᠭᠤᠯᠢ᠎ᠶ᠋ᠢᠨ ᠫᠷᠦᠹᠧᠰᠰᠤᠷ᠂ ᠳ᠋ᠤᠺᠲ᠋ᠤᠷᠠᠨᠲ᠎ᠤᠨ ᠵᠢᠯᠤᠭᠤᠳᠤᠬ᠍ᠴᠢ ᠪᠠᠭ᠍ᠰᠢ ᠭᠧ ᡁᠢ ᠢ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠲᠦᠷᠪᠡᠳᠦᠭᠡᠷ ᠬᠤᠷᠠᠯ᠎ᠳᠤ 《ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠤᠯᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠰᠠᠢᠳᠤᠷ ᠲᠦᠯᠦᠪᠵᠢᠬᠦᠯᠤᠨ ᠵᠤᠯᠭᠠᠯᠴᠠᠭᠤᠯᠬᠤ ᠲᠤᠬᠠᠢ》 ᠰᠠᠨᠠᠯ ᠲᠤᠷᠠᠳᠤᠯᠭ᠎ᠠ ᠲᠡᠪᠱᠢᠬᠦᠯᠦᠭ᠌ᠰᠡᠨ ᠠᠵᠢ᠃

ᠭᠧ ᡁᠢ ᠢ ᠬᠡᠱᠢᠬᠦᠨ᠄ 《ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠪᠤᠯᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠪᠠᠢᠯᠳᠤᠬᠤ ᠪᠤᠳᠤᠯᠭ᠎ᠠ ᠪᠤᠯ ᠱᠢᠨ᠎ᠠ ᠴᠠᠬ ᠦᠶ᠎ᠠ᠎ᠶ᠋ᠢᠨ ᠮᠠᠨ᠎ᠤ ᠤᠯᠤᠰ᠎ᠤᠨ ᠲᠠᠷᠢᠶᠠᠯᠠᠩ᠎ᠳᠤ ᠬᠤᠯᠪᠤᠬ᠍ᠳᠠᠬ᠍ᠰᠠᠨ ᠬᠤᠶᠠᠷ ᠶᠡᠭᠡ ᠲᠦᠷᠦ᠎ᠶ᠋ᠢᠨ ᠪᠤᠳᠤᠯᠭ᠎ᠠ ᠪᠤᠯᠬᠤ ᠶᠤᠮ᠃ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠤᠯ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠲᠡᠰ ᠲᠡᠪᠱᠢᠯᠳᠡ ᠪᠠᠢᠵᠤ᠂ ᠬᠤᠷᠸ᠎ᠠ ᠲᠠᠯ᠎ᠠ᠎ᠠᠴᠠ ᠠᠪᠴᠤ᠌ ᠭᠡᠯᠡᠪᠠᠯ᠂ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠤᠯᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠰᠠᠢᠳᠤᠷ ᠲᠦᠯᠦᠪᠵᠢᠬᠦᠯᠤᠨ ᠵᠤᠯᠭᠠᠯᠴᠠᠭᠤᠯᠬᠤ᠎ᠳᠤ ᠴᠢᠳᠠᠪᠤᠷᠢᠲᠠᠨ᠂ ᠪᠡᠯᠡ ᠮᠥᠩᠭᠦ᠌᠂ ᠮᠡᠷᠭᠡᠵᠢᠯ᠎ᠢ ᠮᠠᠯᠵᠢᠬᠤ ᠲᠠᠷᠢᠶᠠᠯᠠᠬᠤ ᠣᠷᠣᠨ ᠲᠠᠢᠰᠢ ᠢᠯᠡᠬᠦᠭᠡᠨ ᠬᠦᠨᠵᠡᠬᠡᠢᠷᠡᠬᠦᠯᠪᠠᠯ ᠵᠤᠬᠢᠨ᠎ᠠ》 ᠬᠡᠯ᠎ᠠ᠃

ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠤᠯᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠰᠠᠢᠳᠤᠷ ᠲᠦᠯᠦᠪᠵᠢᠬᠦᠯᠤᠨ ᠵᠤᠯᠭᠠᠯᠴᠠᠭᠤᠯᠬᠤ᠎ᠳᠤ ᠲᠤᠤᠷᠠᠬᠢ ᠲᠠᠪᠤᠨ ᠲᠠᠯ᠎ᠠ᠎ᠠᠴᠠ ᠭᠠᠷᠳᠠᠨ ᠬᠢᠬᠦ᠌ ᠴᠢᠬᠤᠯᠠᠳᠠᠢ᠃ ᠭᠧ ᡁᠢ ᠢ ᠭᠡᠱᠢᠬᠦᠨ᠂ ᠨᠢᠭᠡ᠎ᠳᠤ ᠠᠵᠤ ᠦᠢᠯᠡᠰ᠎ᠤᠨ ᠬᠥᠭ᠌ᠵᠢᠯᠲᠡ ᠬᠢᠭᠡᠳ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌᠎ᠶ᠋ᠢ ᠬᠠᠷᠢᠯᠴᠠᠨ ᠢᠵᠢ ᠪᠦᠷᠢᠳᠦᠭᠦᠯᠦᠨ ᠠᠬᠢᠭᠤᠯᠬᠤ᠎ᠶ᠋ᠢ ᠪᠡᠶᠡᠯᠡᠭᠦᠯᠦᠨ᠎ᠡ; ᠬᠤᠶᠠᠷ᠎ᠲᠤ ᠠᠮᠢ ᠠᠬᠤᠶ᠎ᠪᠠᠷ ᠶᠠᠳᠠᠭᠤ᠎ᠶ᠋ᠢ ᠲᠡᠳᠬᠦᠬᠦ᠌ ᠬᠢᠭᠡᠳ ᠠᠮᠢ ᠠᠬᠤᠶ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠶ ᠪᠠᠢᠬᠤ᠎ᠶ᠋ᠢ ᠬᠠᠷᠢᠯᠴᠠᠨ ᠢᠵᠢ ᠪᠥᠷᠢᠳᠦᠭᠦᠯᠦᠨ᠎ᠡ; ᠭᠤᠷᠪᠠ᠎ᠳᠤ ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠭᠦᠭᠦ᠌ ᠠᠵᠢᠯ ᠳᠤᠮᠳᠠᠬᠢ ᠶᠠᠳᠠᠭᠤ ᠬᠦᠴᠢᠷᠳᠡᠯᠲᠡᠢ ᠡᠷᠦᠬᠡ᠎ᠶ᠋ᠢᠨ ᠢᠲᠡᠭᠡᠯ ᠵᠣᠷᠢᠭ᠎ᠢ ᠲᠡᠳᠬᠦᠬᠦ᠌ ᠤᠶᠤᠨ ᠤᠬᠠᠭᠠᠨ᠎ᠢ ᠲᠡᠳᠬᠦᠬᠦ᠌ ᠬᠥᠮᠦᠵᠢᠯ᠎ᠢ ᠨᠤᠲᠤᠭ᠎ᠤᠨ ᠰᠤᠷᠲᠠᠯ ᠪᠣᠯᠪᠠᠰᠤᠨ᠎ᠲᠠᠢ ᠬᠠᠷᠢᠯᠴᠠᠨ ᠲᠥᠬᠦᠷᠵᠢᠭᠦᠯᠦᠨ᠎ᠡ; ᠲᠦᠷᠪᠡ᠎ᠳᠤ ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠬᠦᠬᠦ᠌ ᠭᠠᠳᠠᠭᠠᠳᠤ ᠵᠠᠰᠠᠯᠳᠠ᠎ᠶ᠋ᠢᠨ ᠠᠵᠢᠯ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠳᠣᠲᠣᠭᠠᠳᠤ ᠵᠠᠰᠠᠯᠳᠠ᠎ᠲᠠᠢ ᠪᠦᠲᠦᠮᠵᠢᠲᠡᠢ ᠢᠵᠢ ᠪᠦᠷᠢᠳᠦᠬᠦᠯᠦᠨ᠎ᠡ; ᠲᠠᠪᠤ᠎ᠳᠤ ᠲᠠᠷᠢᠶᠠᠯᠠᠩ᠎ᠳᠤ ᠬᠤᠯᠪᠣᠭ᠍ᠳᠠᠬᠤ ᠲᠥᠷᠥ᠎ᠶ᠋ᠢᠨ ᠪᠣᠳᠣᠯᠭ᠎ᠠ᠎ᠶ᠋ᠢ ᠬᠦᠴᠤᠯᠠᠨ ᠭᠡᠷᠡᠭ᠌ᠵᠢᠬᠦᠯᠵᠤ᠂ ᠮᠠᠯᠴᠢᠨ ᠲᠠᠷᠢᠶᠠᠴᠢᠳ᠎ᠤᠨ ᠠᠮᠢᠳᠤᠷᠠᠯ᠎ᠢ ᠴᠢᠨᠡᠭᠡᠯᠢᠭ᠌ᠵᠢᠬᠦᠯᠤᠨ᠎ᠠ ᠭᠡᠵᠤ ᠦᠵᠡᠯᠳᠠ᠎ᠪᠠᠨ ᠬᠤᠪᠢᠶᠠᠯᠴᠠᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号