ᠲᠦᠯᠦᠭᠡᠯᠡᠭ᠌ᠴᠢᠳ ᠭᠡᠱᠢᠬᠦᠳ᠎ᠲᠤ ᠬᠦᠷᠢᠶᠠᠯᠡᠭ᠌ᠳᠡᠭ᠌ᠰᠡᠨ ᠬᠠᠤᠯᠢᠵᠢᠯ᠎ᠤᠨ ᠠᠷᠭ᠎ᠠ ᠪᠤᠳᠤᠯᠭ᠎ᠠ
2021-01-30 15:42:02
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

《ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠴᠢᠷᠮᠠᠢᠨ ᠪᠤᠢ ᠪᠤᠯᠭᠠᠵᠤ᠂ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠡᠮᠬᠢ ᠵᠢᠷᠤᠮ᠎ᠢ ᠡᠪᠳᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠤᠬᠢᠯᠳᠠ ᠦᠭ᠌ᠴᠠᠢ᠃ ᠪᠦᠬᠦ᠌ ᠵᠢᠯ᠎ᠳᠤ ᠡᠯ᠎ᠡ ᠵᠦᠢᠯ᠎ᠤᠨ ᠠᠵᠤ ᠠᠬᠤᠢ᠎ᠶ᠋ᠢᠨ ᠶᠠᠯᠠᠲᠤ ᠠᠵᠢᠯᠯᠠᠭ᠎ᠠ ᠬᠢᠭ᠌ᠰᠡᠨ 1158 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 2222 ᠬᠥᠮᠦᠨ᠎ᠳᠤ ᠵᠠᠭᠠᠯᠳᠤᠯᠭ᠎ᠠ ᠬᠢᠪᠠ᠃ ᠠᠷᠠᠳ᠎ᠤᠨ ᠡᠵᠡᠩᠨᠡᠯᠳᠠ᠎ᠶ᠋ᠢᠨ ᠠᠵᠤ ᠠᠬᠤᠢ᠍ᠢᠯᠠᠯ᠎ᠤᠨ ᠬᠦ᠍ᠭ᠌ᠵᠢᠯᠲᠡ᠎ᠶ᠋ᠢ ᠡᠷᠬᠡ ᠲᠡᠭ᠌ᠰᠢ᠎ᠪᠠᠷ ᠬᠠᠮᠠᠭᠠᠯᠠᠵᠤ᠂ ᠠᠵᠤ ᠠᠬᠤᠢᠯᠠᠯᠲᠠᠨ᠎ᠤ ᠡᠷᠬᠡ ᠠᠱᠢᠭ᠎ᠲᠤ ᠬᠠᠯᠳᠠᠭ᠍ᠰᠠᠨ᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢ ᠬᠠᠷᠱᠢᠯᠠᠭ᠍ᠰᠠᠨ ᠵᠡᠷᠭᠡ ᠶᠠᠯᠠᠲᠤ ᠠᠵᠢᠯᠯᠠᠭ᠎ᠠ ᠬᠢᠭ᠌ᠰᠡᠨ 389 ᠬᠥᠮᠦᠨ᠎ᠳᠤ ᠵᠠᠭᠠᠯᠳᠤᠯᠭ᠎ᠠ ᠬᠢᠪᠠ》 ᠬᠡᠵᠦ᠍ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠤᠨ᠎ᠤᠨ ᠲᠦᠯᠦᠬᠡᠯᠡᠭ᠌ᠴᠢᠤᠨ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯ ᠲᠡᠭᠡᠷ᠎ᠠ ᠬᠢᠭ᠌ᠰᠡᠨ ᠦᠪᠡᠷᠳᠡᠭᠡᠨ ᠵᠠᠰᠠᠬᠤ ᠤᠷᠤᠨ᠎ᠤ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠳᠤ 2020 ᠤᠨ᠎ᠤ ᠦᠩᠬᠡᠷᠡᠭ᠌ᠰᠡᠨ ᠨᠢᠬᠡ ᠵᠢᠯ᠎ᠤᠨ ᠠᠵᠢᠯ᠎ᠢ ᠨᠠᠷᠢᠯᠢᠬ ᠰᠠᠢᠬᠠᠨ ᠬᠤᠷᠢᠶᠠᠩᠭᠤᠢ᠍ᠢᠯᠠᠨ ᠳ᠋ᠦᠩᠨᠡᠭ᠌ᠰᠡᠨ ᠪᠦᠬᠡᠳ 《ᠴᠢᠨᠠᠷ ᠰᠠᠢᠲᠠᠶ ᠬᠥᠭ᠌ᠵᠢᠯᠲᠡ᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠵᠦ᠍᠂ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠪᠤᠢ ᠪᠣᠯᠭᠠᠬᠤ᠎ᠳᠤ ᠬᠦᠴᠦᠨ ᠨᠡᠮᠡᠷᠢᠯᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠍ᠢᠯᠠᠯ᠎ᠤᠨ ᠬᠠᠮᠠᠭᠠᠯᠠᠯᠲᠠ᠎ᠶ᠋ᠢ ᠨᠡᠩ ᠴᠢᠩᠭᠠᠳᠭᠠᠨ᠎ᠠ》 ᠬᠡᠵᠦ᠍ ᠬᠤᠢᠱᠢᠳᠠ᠎ᠶ᠋ᠢᠨ ᠠᠵᠢᠯ᠎ᠢᠶᠠᠨ ᠪᠠᠢᠷᠢᠯᠠᠭᠤᠯᠤᠯ᠎ᠠ᠃ ᠡᠨᠡ᠎ᠨᠢ ᠠᠷᠠᠳ᠎ᠤᠨ ᠲᠦᠯᠦᠬᠡᠯᠡᠭ᠌ᠴᠢ ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠬᠦᠨ᠎ᠤ ᠰᠡᠳᠭᠢᠯ᠎ᠢ ᠳᠣᠯᠠᠭᠠᠴᠠᠭᠤᠯᠵᠣ᠂ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠦᠭ᠌ᠰᠡᠨ ᠦᠷ᠎ᠠ ᠪᠦᠳᠦᠮᠵᠢ ᠠᠷᠭ᠎ᠠ ᠪᠤᠳᠤᠯᠭ᠎ᠠ᠎ᠶ᠋ᠢ ᠦᠨᠳᠦᠷ ᠦᠨᠡᠯᠡᠵᠡᠬᠡᠯ᠎ᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠵᠠᠩ ᠵᠢᠶ ᠫᠧᠩ᠄ 《ᠪᠠᠢᠴᠠᠭᠠᠬᠤ ᠪᠠᠢᠭᠤᠯᠭ᠎ᠠ᠎ᠶ᠋ᠢᠨ᠎ᠬᠢᠨ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠢᠳᠡᠪᠬᠢᠲᠡᠶ ᠪᠣᠶ ᠪᠣᠯᠭᠠᠵᠤ᠂ ᠠᠷᠠᠳ᠎ᠤᠨ ᠡᠵᠡᠩᠨᠡᠯᠳᠠ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠬᠠᠯᠠᠮᠵᠢᠯᠠᠨ ᠬᠠᠢᠷᠠᠯᠠᠬᠤ ᠲᠠᠯ᠎ᠠ᠎ᠪᠠᠷ ᠭᠠᠷᠭᠠᠭ᠍ᠰᠠᠨ ᠴᠢᠷᠮᠠᠢᠯᠭ᠎ᠠ ᠦᠯᠡᠮᠵᠢ᠂ ᠢᠯᠠᠩᠭᠤᠶ᠎ᠠ ᠠᠷᠠᠳ᠎ᠤᠨ ᠡᠵᠡᠩᠨᠡᠯᠳᠠ᠎ᠶ᠋ᠢᠨ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠬᠡᠷᠡᠭ᠎ᠢ  ᠱᠢᠢᠳᠪᠦᠷᠢᠯᠡᠬᠦ᠌᠎ᠳᠡᠭᠡᠨ᠂ ᠬᠡᠷᠡᠭ᠎ᠤᠨ ᠠᠵᠤ ᠠᠬᠤᠢᠯᠠᠯ᠎ᠤᠨ ᠬᠥᠭ᠌ᠵᠢᠯᠲᠡ᠎ᠳᠤ ᠦᠵᠡᠭᠦᠯᠬᠦ᠌ ᠨᠥᠯᠥᠭᠡ᠎ᠶ᠋ᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠢᠵᠤ ᠪᠠᠢᠭ᠎ᠠ᠎ᠨᠢ ᠮᠠᠭ᠍ᠳᠠᠭᠤᠱᠢᠳᠠᠢ ᠪᠠᠢᠨ᠎ᠠ》 ᠬᠡᠯ᠎ᠠ᠃

ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠪᠤᠢ ᠪᠤᠯᠭᠠᠬᠤ᠎ᠳᠤ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠤᠭ᠍ᠳᠠᠭᠠᠬᠤ ᠪᠤᠯ ᠤᠷᠢᠳᠠᠯ ᠪᠤᠯᠤᠨ᠎ᠠ᠃ 《ᠪᠠᠢᠴᠠᠭᠠᠬᠤ ᠪᠠᠢᠭᠤᠯᠭ᠎ᠠ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠰᠠᠢᠵᠢᠷᠠᠭᠤᠯᠬᠤ ᠲᠠᠯ᠎ᠠ᠎ᠪᠠᠷ ᠶᠡᠬᠡᠬᠡᠨ ᠴᠢᠷᠮᠠᠢᠯᠭ᠎ᠠ ᠭᠠᠷᠭᠠᠵᠤ᠂ ᠠᠵᠤ ᠠᠬᠤᠢ᠍ᠢᠯᠠᠯ᠎ᠳᠤ ᠨᠡᠩ ᠰᠠᠢᠨ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠬᠠᠩᠭᠠᠨ ᠦᠭ᠌ᠴᠦ ᠪᠠᠢᠨ᠎ᠠ᠃ ᠲᠠᠷᠠᠭᠠᠴᠢ᠎ᠪᠠᠷ ᠪᠠᠢᠴᠠᠭᠠᠬᠤ ᠪᠠᠢᠭᠤᠯᠭ᠎ᠠ᠎ᠶ᠋ᠢᠨ᠎ᠬᠢᠨ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠪᠠᠢᠩᠭᠤ᠎ᠶ᠋ᠢᠨ ᠴᠢᠨᠠᠷᠲᠠᠢ ᠥᠷᠨᠢᠭᠦᠯᠵᠦ᠍᠂ ᠠᠵᠤ ᠠᠬᠤᠢᠯᠠᠯ᠎ᠤᠨ ᠬᠠᠤᠯᠢ᠎ᠶ᠋ᠢ ᠵᠢᠷᠤᠮᠯᠠᠨ ᠡᠵᠡᠩᠨᠡᠬᠦ᠌᠎ᠶ᠋ᠢ ᠠᠬᠢᠭᠤᠯᠵᠤ᠂ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠳᠤᠮᠳᠠ ᠲᠤᠯᠭᠠᠷᠠᠵᠤ ᠮᠡᠳᠡᠬᠦ᠌ ᠬᠠᠤᠯᠢ ᠴᠠᠭᠠᠵᠠ᠎ᠶ᠋ᠢᠨ ᠠᠰᠠᠭᠤᠳᠠᠯ᠎ᠳᠤ ᠴᠢᠭ᠌ᠯᠡᠭᠦᠯᠦᠨ ᠭᠦᠨᠵᠡᠭᠡᠢ ᠵᠠᠳᠠᠯᠤᠯᠲᠠ ᠬᠢᠵᠦ᠍᠂ ᠲᠤᠰᠭᠠᠢ ᠮᠡᠷᠭᠡᠵᠢᠯ᠎ᠤᠨ ᠰᠡᠷᠭᠡᠢᠯᠡᠨ ᠠᠷᠭᠠᠴᠠᠭᠠᠬᠤ ᠰᠠᠨᠠᠭᠤᠯᠭ᠎ᠠ᠎ᠶ᠋ᠢ ᠳᠤᠷᠠᠳᠤᠨ ᠭᠠᠷᠭᠠᠵᠤ᠂ ᠬᠠᠤᠯᠢ ᠴᠠᠭᠠᠵᠠ᠎ᠶ᠋ᠢᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠬᠦ᠌᠎ᠶ᠋ᠢ ᠬᠦᠰᠡᠵᠦ᠍ ᠪᠠᠢᠨ᠎ᠠ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠳᠤ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠤᠭ᠍ᠳᠠᠭᠠᠵᠤ᠂ ᠠᠷᠠᠳ᠎ᠤᠨ ᠡᠵᠡᠩᠨᠡᠯᠳᠠ᠎ᠶ᠋ᠢᠨ ᠠᠵᠤ ᠠᠬᠤᠢᠯᠠᠯ᠎ᠤᠨ ᠬᠠᠤᠯᠢ ᠶᠤᠰᠤᠨ᠎ᠤ ᠡᠷᠭᠡ ᠠᠱᠢᠭ᠎ᠢ ᠨᠠᠩ ᠰᠠᠢᠳᠤᠷ ᠬᠠᠮᠠᠭᠠᠯᠠᠪᠠᠯ ᠵᠤᠬᠢᠨ᠎ᠠ》 ᠬᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠹᠠᠨ ᠱᠢᠶᠤᠤ ᠫᠢᠩ ᠰᠤᠷᠪᠤᠯᠵᠢᠯᠠᠬ᠍ᠴᠢ᠎ᠳᠤ ᠬᠡᠯᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号