ᠭᠡᠷ ᠤᠷᠤᠨ᠎ᠢᠶᠠᠨ ᠤᠯᠠᠮ ᠦᠨᠢᠷ ᠲᠠᠩᠰᠤᠭ ᠪᠤᠯᠭᠠᠨ ᠪᠦᠲᠦᠭᠡᠨ ᠪᠠᠢᠭᠤᠯᠤᠨ᠎ᠠ
2021-01-30 15:42:09
ᠵᠣᠬᠢᠶᠠᠭ᠍ᠴᠢ᠄
​ ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

ᠤᠷᠤᠠ᠎ᠤ ᠲᠦᠪ ᠬᠦᠬᠡᠬᠤᠳᠠ᠎ᠳᠤ ᠬᠤᠷᠠᠯᠳᠤᠵᠥ᠍ ᠪᠠᠢᠭ᠎ᠠ ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ ᠤᠯᠠᠨ᠎ᠤ ᠠᠩᠬᠠᠷᠤᠯ᠎ᠳᠤ ᠬᠦᠷᠴᠤ᠌᠂ ᠦᠪᠡᠷᠲᠡᠭᠡᠨ ᠵᠠᠰᠠᠬᠤ ᠤᠷᠤᠨ᠎ᠤ ᠲᠡᠷᠢᠭᠦᠯᠡᠭ᠌ᠴᠢ ᠪᠦ᠋ ᠱᠢᠶᠤᠤ ᠯᠢᠨ᠎ᠤ ᠬᠢᠭ᠌ᠰᠡᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠨᠢ ᠨᠡᠩ ᠴᠤ᠌ ᠱᠢᠯᠢ᠎ᠶ᠋ᠢᠨ ᠭᠤᠤᠯ ᠠᠢᠮᠠᠭ᠎ᠤᠨ ᠦᠷᠭᠡᠨ ᠤᠯᠠᠨ ᠺᠠᠳ᠋ᠷ ᠤᠯᠠᠨ ᠲᠦᠮᠡᠨ᠎ᠤ ᠲᠤᠮᠳᠠ ᠬᠠᠯᠠᠭᠤᠨ ᠲᠤᠰᠭᠠᠯ ᠭᠠᠷᠴᠠᠢ᠃

ᠵᠡᠭᠦᠨ ᠦᠵᠦᠮᠦᠴᠢᠨ ᠬᠤᠱᠢᠭᠤᠨ᠎ᠤ ᠬᠦᠷᠢᠶᠡᠳᠤᠨᠠᠭᠤᠷ ᠰᠤᠮᠤᠨ᠎ᠤ ᠠᠯᠳ᠋ᠬᠠᠮᠡᠭᠡᠯ ᠭᠠᠴᠠᠭᠠᠨ᠎ᠤ ᠮᠠᠯᠴᠢᠨ ᠱᠢᠶᠤᠤ ᠫᠢᠡᠭ᠄ 《ᠪᠦ᠋ ᠱᠢᠶᠤᠤ ᠯᠢᠠ ᠲᠡᠷᠢᠭᠦᠯᠡᠭ᠌ᠴᠢ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠮᠠᠯ᠎ᠤᠨ ᠠᠱᠢᠬ ᠱᠢᠮ᠎ᠡ ᠲᠠᠷᠢᠶᠠᠯᠠᠩ᠎ᠤᠨ ᠪᠦᠲᠦᠬᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠬᠢᠬᠦ᠌ ᠴᠢᠬᠤᠯᠠ ᠪᠠᠬᠢᠯᠡᠯᠳᠡ᠎ᠶ᠋ᠢ ᠴᠤᠭ᠍ᠴᠠᠯᠠᠵᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠤᠭ᠍ᠳᠠᠭᠠᠯᠳᠠ᠎ᠳᠤ ᠨᠡᠢᠴᠡᠭ᠌ᠰᠡᠨ᠂ ᠦᠪᠦᠷ ᠮᠤᠩᠭᠤᠯ᠎ᠤᠨ ᠤᠨᠴᠠᠯᠢᠭ᠎ᠢ ᠬᠠᠷᠠᠭᠤᠯᠤᠭ᠍ᠰᠠᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠡ ᠵᠠᠮ᠎ᠢᠶᠠᠷ ᠵᠠᠮᠨᠠᠨ᠎ᠠ ᠭᠡᠰᠡᠨ᠎ᠢ ᠰᠤᠨᠤᠰᠤᠭᠠᠳ ᠮᠠᠠ᠎ᠤ ᠮᠠᠯᠴᠢᠳ ᠮᠠᠰᠢ ᠪᠠᠶᠠᠷᠯᠠᠨ ᠵᠤᠷᠢᠭ᠍ᠵᠢᠯ᠎ᠠ᠃ ᠤᠴᠢᠷ᠎ᠨᠢ ᠨᠠᠮ ᠵᠠᠰᠠᠭ᠎ᠠᠴᠠ ᠦᠨᠳᠦᠷ ᠵᠤᠭ᠍ᠰᠤᠴᠠ᠎ᠠᠴᠠ ᠠᠮᠢ ᠠᠬᠤᠢ᠎ᠶ᠋ᠢ ᠬᠠᠮᠠᠭᠠᠯᠠᠬᠤ᠎ᠶ᠋ᠢ ᠲᠡᠷᠢᠭᠦᠨ᠎ᠳᠤ ᠲᠠᠯᠪᠢᠵᠤ᠂ ᠦᠷ᠎ᠡ ᠠᠱᠢᠬ᠍ᠳᠠᠢ ᠮᠠᠯᠵᠢᠬᠤ᠎ᠶ᠋ᠢ ᠬᠦᠬᠢᠭᠦᠯᠵᠦ᠍ ᠪᠠᠢᠭ᠎ᠠ᠎ᠨᠢ ᠮᠠᠯᠴᠢᠳ᠎ᠤᠨ ᠤᠷᠤᠯᠭ᠎ᠠ᠎ᠶ᠋ᠢ ᠪᠤᠳᠤᠯᠬᠢᠯᠠᠬ᠍ᠰᠡᠨ ᠮᠦᠷᠳᠡᠭᠡᠨ ᠦᠶ᠎ᠡ᠎ᠶ᠋ᠢᠨ ᠦᠶ᠎ᠡ᠎ᠳᠤ ᠤᠷᠤᠱᠢᠨ ᠠᠮᠢᠳᠤᠷᠠᠬᠤ ᠭᠠᠵᠠᠷ ᠱᠢᠷᠤᠢ ᠪᠠᠢᠭᠠᠯᠢ ᠠᠬᠤᠢ᠎ᠪᠠᠨ ᠴᠤ᠌ ᠬᠠᠢᠷᠠᠯᠠᠨ ᠬᠢᠮᠠᠭᠠᠳᠠᠵᠤ ᠪᠠᠢᠭ᠎ᠠ ᠠᠯᠤᠰ᠎ᠤᠨ ᠪᠤᠳᠤᠯᠭ᠎ᠠ ᠭᠡᠵᠦ᠍ ᠪᠢ ᠪᠤᠳᠤᠵᠤ ᠪᠠᠢᠨ᠎ᠠ᠂ ᠡᠢᠮᠤ᠎ᠠᠴᠠ ᠪᠢ ᠬᠤᠢᠱᠢᠳᠠ ᠮᠠᠯᠵᠢᠯ᠎ᠤᠨ ᠶᠠᠪᠤᠴᠠ᠎ᠳᠠᠭᠠᠨ ᠴᠦᠬᠡᠨ ᠮᠠᠯᠵᠢᠵᠤ ᠦᠷ᠎ᠡ ᠠᠱᠢᠬ᠍ᠳᠠᠢ ᠮᠠᠯᠵᠢᠬᠤ ᠠᠷᠭ᠎ᠠ ᠮᠠᠶᠢᠬ᠎ᠢᠶᠠᠨ ᠦᠷᠭᠦᠯᠵᠢᠯᠡᠨ ᠪᠠᠷᠢᠮᠳᠠᠯᠠᠵᠤ᠂ ᠠᠵᠤ ᠠᠮᠢᠳᠤᠷᠠᠯ᠎ᠢᠶᠠᠨ ᠴᠢᠨᠡᠭᠡᠯᠢᠭ᠌ᠵᠢᠭᠦᠯᠵᠦ᠍᠂ ᠭᠡᠷ ᠤᠷᠤᠨ᠎ᠢᠶᠠᠨ ᠦᠨᠢᠷ ᠲᠠᠩᠰᠤᠭ ᠪᠤᠯᠭᠠᠨ ᠪᠦᠲᠦᠭᠡᠨ ᠪᠠᠢᠭᠤᠯᠬᠤ᠎ᠪᠠᠷ ᠤᠯᠠᠮ ᠢᠯᠡᠭᠦᠦ ᠮᠡᠷᠡᠢᠨ᠎ᠡ》 ᠭᠡᠯ᠎ᠠ᠃ ᠮᠠᠯᠴᠢᠨ ᠱᠢᠶᠤᠤ ᠫᠢᠡᠭ᠎ᠤᠨ᠎ᠬᠢ ᠪᠤᠯ ᠤᠢ᠍ᠢᠷ᠎ᠠ᠎ᠶ᠋ᠢᠨ ᠬᠡᠳᠦᠨ ᠵᠢᠯ ᠱᠢᠯᠢ᠎ᠶ᠋ᠢᠨ ᠭᠤᠤᠯ ᠠᠢᠮᠠᠭ᠎ᠤᠨ ᠲᠤᠷᠠᠳᠤᠨ ᠬᠡᠷᠡᠭ᠌ᠵᠢᠭᠦᠯᠦᠭ᠌ᠰᠡᠨ 《ᠪᠤᠭ ᠮᠠᠯ᠎ᠢ ᠴᠦᠬᠡᠴᠢᠯᠡᠵᠦ᠍ ᠦᠭᠡᠷ᠎ᠢ ᠨᠡᠮᠡᠭ᠌ᠳᠡᠭᠦᠯᠬᠦ᠌》 ᠲᠦᠷᠦ᠎ᠶ᠋ᠢᠨ ᠪᠤᠳᠤᠯᠭ᠎ᠠ᠎ᠶ᠋ᠢ ᠪᠦᠲᠦᠭᠡᠯᠴᠢ᠎ᠪᠠᠷ ᠬᠡᠷᠡᠭ᠌ᠵᠢᠭᠦᠯᠵᠦ᠍᠂ ᠮᠠᠯ ᠰᠦᠷᠦᠭ᠎ᠤᠨ ᠪᠦᠲᠦᠴᠡ ᠪᠤᠯᠤᠨ ᠱᠢᠯᠢᠳᠡᠭ ᠡᠭᠦᠯᠳᠡᠷ᠎ᠢ ᠰᠤᠩᠭᠤᠨ ᠮᠠᠯᠵᠢᠵᠤ ᠪᠠᠢᠭ᠎ᠠ ᠬᠤᠱᠢᠭᠤᠴᠢ ᠡᠷᠦᠬᠡ᠎ᠶ᠋ᠢᠨ ᠨᠢᠭᠡ ᠶᠤᠮ᠃ ᠲᠡᠳᠡᠨ᠎ᠤ᠎ᠬᠢᠨ ᠨᠢᠳᠤᠨᠤᠨ᠎ᠠᠴᠠ ᠪᠤᠭ ᠮᠠᠯ᠎ᠢᠶᠠᠨ ᠴᠦᠭᠡᠴᠢᠯᠡᠬᠦ᠌᠎ᠶ᠋ᠢᠨ ᠲᠠᠭᠠᠤ ᠭᠠᠳᠠᠭᠠᠳᠤ᠎ᠠᠴᠠ ᠱᠢᠯᠢᠳᠡᠭ ᠡᠭᠦᠯᠳᠡᠷ᠎ᠤᠨ ᠬᠠᠢ ᠹᠦ᠋ ᠲᠧ ᠲᠤᠭᠤᠯ ᠤᠷᠤᠭᠤᠯᠤᠨ ᠲᠤᠷᠱᠢᠨ ᠮᠠᠯᠵᠢᠭᠠᠳ ᠨᠤᠲᠤᠭ ᠪᠡᠯᠴᠢᠭᠡᠷ᠎ᠤᠨ ᠲᠠᠷᠤᠭᠠᠰᠤ᠎ᠶ᠋ᠢ ᠬᠦᠡᠭ᠌ᠭᠡᠷᠡᠭᠦᠯᠵᠦ᠍ ᠲᠠᠴᠢᠷᠱᠢᠬᠤ ᠬᠠᠨᠳᠤᠰᠢ᠎ᠲᠠᠢ ᠬᠡᠰᠡᠭ ᠪᠦᠯᠦᠭ ᠪᠡᠯᠴᠢᠭᠡᠷ᠎ᠤᠨ᠎ᠢᠶᠠᠨ ᠡᠪᠡᠰᠦᠨ᠎ᠤ ᠤᠷᠭᠤᠴᠠ᠎ᠶ᠋ᠢ ᠰᠠᠢᠵᠢᠷᠠᠭᠤᠯᠵᠤ ᠴᠢᠳᠠᠵᠠᠢ᠃

ᠱᠢᠯᠢ᠎ᠶ᠋ᠢᠨ ᠭᠤᠤᠯ ᠠᠢᠮᠠᠭ᠎ᠤᠨ ᠡᠮᠦᠨ᠎ᠡ ᠬᠡᠰᠡᠭ᠎ᠲᠤ ᠪᠠᠢᠷᠢᠯᠠᠭ᠎ᠠ ᠲᠤᠯᠤᠨ ᠨᠤᠤᠷ ᠱᠢᠶᠠᠨ᠎ᠤ ᠨᠠᠭᠤᠷ ᠪᠠᠯᠭᠠᠰᠤᠨ᠎ᠤ ᠱᠢᠨᠮᠢᠨ ᠲᠤᠰᠭᠤᠨ᠎ᠤ ᠲᠠᠷᠢᠶᠠᠴᠢᠨ ᠮᠠ ᠶᠦᠨ ᠫᠢᠡᠭ᠎ᠤᠨ᠎ᠬᠢᠨ ᠪᠤᠯ 20 ᠭᠠᠷᠤᠢ ᠵᠢᠯ᠎ᠤᠨ ᠲᠤᠷᠰᠢ 4000 ᠭᠠᠷᠤᠢ ᠮᠤ᠌ ᠬᠤᠪᠠᠭ᠍ᠠᠢ ᠮᠠᠩᠬ᠎ᠠ᠎ᠶ᠋ᠢ ᠲᠠᠭᠠᠭᠠᠴᠢᠯᠠᠨ ᠤᠢ᠍ᠢᠵᠢᠭᠤᠯᠤᠭᠠᠳ ᠤᠳᠤ ᠪᠤᠯᠬᠤ᠎ᠳᠤ ᠠᠮᠢ ᠠᠬᠤᠢ ᠠᠵᠤ ᠠᠬᠤᠢ᠎ᠶ᠋ᠢᠨ ᠬᠤᠤᠰ ᠦᠷ᠎ᠡ ᠠᠱᠢᠬ᠎ᠲᠠᠢ ᠶᠠᠪᠤᠭ᠎ᠠ ᠡᠯᠡᠰᠤ᠎ᠶ᠋ᠢ ᠵᠠᠰᠠᠭ᠍ᠰᠠᠨ ᠬᠤᠱᠢᠭᠤᠴᠢ ᠡᠷᠦᠬᠡ ᠶᠤᠮ᠃ ᠲᠡᠷᠡ ᠰᠤᠷᠪᠤᠯᠵᠢᠯᠠᠭ᠍ᠴᠢ᠎ᠳᠤ᠄ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠵᠠᠮ᠎ᠢᠶᠠᠷ ᠵᠠᠮᠨᠠᠨ᠎ᠠ ᠭᠡᠯ᠎ᠡ᠂ ᠡᠨᠡ᠎ᠨᠢ ᠪᠢᠳᠡᠨ᠎ᠳᠤ ᠮᠠᠰᠢ ᠶᠡᠭᠡ ᠵᠤᠷᠢᠭ᠍ᠵᠢᠭᠤᠯᠤᠯ ᠪᠤᠯᠪᠠ᠂ ᠬᠤᠢᠱᠢᠳᠠ ᠪᠢᠳᠡ ᠤᠯᠠᠮ ᠢᠯᠡᠭᠦᠦ ᠴᠢᠷᠮᠠᠢᠨ ᠬᠦᠳᠡᠯᠮᠦᠷᠢᠯᠡᠵᠦ᠍᠂ ᠭᠡᠷ ᠤᠷᠤᠨ᠎ᠢᠶᠠᠨ ᠨᠤᠮᠢᠨ ᠨᠤᠭᠤᠭᠠᠨ᠎ᠢᠶᠠᠷ ᠴᠢᠮᠡᠭ᠌ᠯᠡᠨ᠎ᠡ》 ᠬᠡᠵᠥ᠍ ᠪᠠᠶᠠᠷ᠎ᠲᠠᠢ ᠬᠡᠯᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号