1 ᠰᠠᠷ᠎ᠠ᠎ᠶ᠋ᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯ᠎ᠳᠤ ᠤᠷᠤᠯᠴᠠᠵᠦ᠍ ᠪᠠᠢᠭ᠎ᠠ ᠡᠯ᠎ᠡ ᠲᠦᠯᠦᠭᠡᠯᠡᠭ᠌ᠴᠢᠳ᠎ᠤᠨ ᠪᠦᠯᠬᠦᠮ ᠊ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢ ᠬᠢᠨᠠᠨ ᠵᠦᠪᠯᠡᠪᠡ᠃
ᠲᠦᠯᠦᠭᠡᠯᠡᠭ᠌ᠴᠢᠳ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠡ ᠴᠢᠨᠠᠷ ᠰᠠᠢᠳᠠᠢ ᠬᠦᠭ᠌ᠵᠢᠯᠳᠡ᠎ᠳᠤ ᠬᠦᠴᠦᠨ ᠨᠡᠮᠡᠷᠢᠯᠡᠭ᠌ᠰᠡᠨ᠂ ᠠᠷᠠᠳ ᠲᠦᠮᠡᠨ᠎ᠢ ᠲᠡᠬᠡᠳᠦᠯᠡᠬᠦ᠌ᠶ᠋ᠢ ᠪᠠᠷᠢᠮᠳᠠᠯᠠᠭ᠍ᠰᠠᠨ᠂ ᠲᠤᠮᠳᠠᠳᠤ᠎ᠶ᠋ᠢᠨ ᠦᠨᠳᠦᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠶ᠋ᠢ ᠪᠠᠷᠢᠮᠳᠠᠯᠠᠭ᠍ᠰᠠᠨ᠂ ᠲᠦᠯᠦᠭᠡᠯᠡᠭ᠌ᠴᠢ᠎ᠶ᠋ᠢᠨ ᠭᠤᠤᠯ ᠴᠤᠬ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠬᠦ᠌᠎ᠶ᠋ᠢ ᠪᠠᠳᠤᠯᠠᠭ᠍ᠰᠠᠨ᠂ ᠲᠦᠪ ᠶᠣᠰᠣ᠎ᠶ᠋ᠢ ᠰᠠᠬᠢᠵᠦ᠍ ᠱᠢᠨ᠎ᠠ᠎ᠶ᠋ᠢ ᠡᠬᠦᠳᠬᠦ᠌᠎ᠶ᠋ᠢ ᠪᠠᠷᠢᠮᠳᠠᠯᠠᠭ᠍ᠰᠠᠨ ᠵᠡᠷᠭᠡ 5 ᠲᠠᠯ᠎ᠠ᠎ᠪᠠᠷ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ 2020 ᠤᠨ᠎ᠤ ᠠᠵᠢᠯ᠎ᠢᠶᠠᠨ ᠪᠦᠬᠦ᠌ ᠲᠠᠯ᠎ᠠ᠎ᠪᠠᠷ ᠡᠷᠬᠢᠴᠡᠬᠦᠯᠦᠨ ᠳ᠋ᠦᠩᠨᠡᠵᠠᠢ᠃ ᠴᠢᠨᠠᠷ ᠰᠠᠢᠳᠠᠢ ᠬᠦᠭ᠌ᠵᠢᠯᠳᠡ᠂ ᠮᠠᠨ᠎ᠤ ᠤᠯᠤᠰ᠎ᠤᠨ ᠤᠮᠠᠷᠠᠳᠤ᠎ᠶ᠋ᠢᠨ ᠠᠮᠢ ᠠᠬᠤᠢ᠎ᠶ᠋ᠢᠨ ᠴᠢᠬᠤᠯᠠ ᠬᠠᠯᠬᠠᠪᠴᠢ᠎ᠶ᠋ᠢ ᠪᠠᠳᠤ ᠴᠤᠬ᠍ᠴᠠᠯᠠᠬᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠂ ᠲᠤᠮᠳᠠᠳᠤ᠎ᠶ᠋ᠢᠨ ᠦᠨᠳᠦᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠂ 《ᠬᠤᠶᠠᠷ ᠪᠠᠢᠭᠤᠯᠭ᠎ᠠ》 ᠶ᠋ᠢ ᠪᠠᠢᠭᠤᠯᠬᠤ ᠵᠡᠷᠭᠡ ᠭᠤᠣᠯ ᠰᠡᠳᠦᠪ᠎ᠤᠨ ᠲᠤᠭᠤᠷᠢᠨ᠎ᠳᠤ᠂ 5 ᠲᠠᠯ᠎ᠠ᠎ᠪᠠᠷ ᠪᠠᠢᠩᠭᠤ᠎ᠶ᠋ᠢᠨ ᠬᠤᠷᠢᠶᠠᠨ᠎ᠤ 2021 ᠤᠨ᠎ᠤ ᠠᠵᠢᠯ᠎ᠤᠨ ᠬᠠᠷᠠᠯᠳᠠ ᠡᠬᠦᠷᠬᠡ᠎ᠪᠠᠨ ᠲᠤᠷᠠᠳᠴᠠᠢ᠃ ᠠᠮᠵᠢᠯᠳᠠ ᠪᠦᠲᠦᠮᠵᠢ᠎ᠪᠠᠨ ᠦᠨᠡᠨ ᠪᠤᠳᠠᠳᠠᠢ ᠳ᠋ᠦᠩᠨᠡᠵᠦ᠍᠂ ᠡᠬᠦᠷᠬᠡ᠎ᠪᠠᠨ ᠪᠤᠳᠠᠳᠠᠢ ᠲᠤᠳᠤᠷᠬᠠᠢ ᠪᠠᠢᠷᠢᠯᠠᠭᠤᠯᠵᠠᠢ ᠬᠡᠵᠦ᠍ ᠦᠵᠡᠵᠡᠬᠡᠪᠡ᠃
ᠲᠦᠯᠦᠭᠡᠯᠡᠭ᠌ᠴᠢᠳ᠂ 2020 ᠤᠨ᠎ᠳᠤ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠭᠤᠤᠯᠳᠠᠯᠭ᠎ᠠ᠎ᠲᠠᠢ ᠬᠦᠷᠢᠶᠡᠨ᠎ᠤ ᠬᠠᠤᠯᠢ ᠲᠤᠭ᠍ᠳᠠᠭᠠᠬᠤ ᠠᠵᠢᠯ᠎ᠢ ᠬᠦᠴᠦᠯᠡᠨ ᠠᠬᠢᠭᠤᠯᠵᠦ᠍᠂ ᠬᠠᠤᠯᠢ᠎ᠳᠤ ᠲᠤᠭ᠍ᠳᠠᠭᠠᠬ᠍ᠰᠠᠨ ᠬᠢᠨᠠᠯᠳᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠬᠦᠢᠴᠡᠳᠭᠡᠵᠦ᠍᠂ ᠴᠢᠬᠤᠯᠠ ᠵᠦᠢᠯᠡᠰ᠎ᠢ ᠲᠤᠭ᠍ᠳᠠᠭᠠᠬᠤ ᠡᠷᠬᠡ ᠪᠠ ᠲᠤᠱᠢᠶᠠᠯ᠎ᠳᠤ ᠲᠤᠮᠢᠯᠠᠵᠦ᠍ ᠲᠤᠱᠢᠶᠠᠯ᠎ᠠᠴᠠ ᠪᠠᠭᠤᠯᠭᠠᠬᠤ ᠡᠷᠬᠡ᠎ᠪᠠᠨ ᠬᠠᠤᠯᠢ ᠶᠤᠰᠤᠭᠠᠷ ᠭᠦᠢᠴᠡᠳᠭᠡᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠬᠠᠤᠯᠢ ᠶᠤᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌᠎ᠶ᠋ᠢ ᠪᠦᠬᠦ᠌ ᠲᠠᠯ᠎ᠠ᠎ᠪᠠᠷ ᠲᠡᠮᠵᠢᠵᠦ᠍᠂ ᠤᠷᠤᠨ ᠨᠤᠳᠤᠬ᠎ᠤᠨ ᠲᠦᠷᠦ᠎ᠶ᠋ᠢᠨ ᠡᠷᠬᠡ᠎ᠳᠤ ᠪᠠᠢᠭᠤᠯᠭ᠎ᠠ᠎ᠶ᠋ᠢᠨ ᠡᠬᠦᠷᠬᠡ ᠴᠢᠳᠠᠪᠬᠢ᠎ᠶ᠋ᠢᠨ ᠦᠢᠯᠡᠳᠦᠯ᠎ᠢᠶᠠᠨ ᠪᠦᠲᠦᠮᠵᠢᠳᠡᠢ ᠪᠠᠳᠠᠷᠠᠭᠤᠯᠵᠠᠢ ᠬᠡᠵᠦ᠍ ᠦᠵᠡᠵᠡᠬᠡᠪᠡ᠃ ᠲᠦᠯᠦᠭᠡᠯᠡᠭ᠌ᠴᠢᠳ᠂ ᠨᠣᠭᠤᠭᠠᠨ ᠦᠩᠭᠡ ᠪᠤᠯ ᠦᠪᠦᠷ ᠮᠤᠩᠭᠤᠯ᠎ᠤᠨ ᠲᠡᠪᠢᠰᠭᠡᠷ ᠦᠩᠬᠡ ᠪᠣᠯᠣᠨ᠎ᠠ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠰᠠᠢᠳᠤᠷ ᠵᠠᠮᠨᠠᠵᠦ᠍᠂ ᠬᠦᠬᠡ ᠤᠬ᠍ᠳᠠᠷᠭᠤᠢ᠂ ᠬᠦᠬᠡᠮᠳᠦᠭ ᠤᠰᠤ᠂ ᠴᠡᠪᠡᠷ ᠬᠦᠷᠦᠰᠤ᠎ᠶ᠋ᠢ ᠰᠠᠢᠳᠤᠷ ᠬᠠᠮᠠᠭᠠᠯᠠᠨ᠂ ᠠᠷᠠᠳ ᠤᠯᠠᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠳᠣ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠡᠭᠡᠭ᠌ᠰᠢᠯᠡᠬᠦᠯᠵᠦ᠍᠂ ᠠᠷᠠᠳ ᠲᠦᠮᠡᠨ᠎ᠢᠶᠠᠷ ᠭᠤᠤᠯ ᠪᠤᠯᠭᠠᠬ᠍ᠰᠠᠨ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ᠂ ᠲᠤᠮᠳᠠᠳᠤ᠎ᠶ᠋ᠢᠨ ᠦᠨᠳᠦᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠨᠢ ᠪᠦᠷ ᠪᠠᠳᠤ ᠴᠢᠩᠭ᠎ᠠ ᠬᠠᠤᠯᠢᠵᠢᠯ᠎ᠤᠨ ᠪᠠᠳᠤᠯᠠᠭ᠎ᠠ᠎ᠠᠴᠠ ᠰᠠᠯᠵᠦ᠍ ᠴᠢᠳᠠᠬᠤ ᠦᠬᠡᠢ ᠬᠡᠵᠦ᠍ ᠦᠵᠡᠵᠡᠭᠡᠪᠡ᠃
2021 ᠤᠨ ᠪᠤᠯ 《ᠠᠷᠪᠠᠨ ᠲᠦᠷᠪᠡᠳᠦᠬᠡᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠡᠬᠢᠯᠡᠯᠳᠡ᠎ᠶ᠋ᠢᠨ ᠵᠢᠯ ᠪᠤᠯᠤᠨ᠎ᠠ᠃ ᠲᠦᠯᠦᠭᠡᠯᠡᠭ᠌ᠴᠢᠳ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠡᠨᠡ ᠵᠢᠯ᠎ᠤᠨ ᠠᠵᠢᠯ᠎ᠳᠠᠭᠠᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠵᠢᠯ᠎ᠤᠨ ᠪᠠᠢᠷᠢᠯᠠᠭᠤᠯᠤᠯᠳᠠ ᠶᠤᠰᠤᠭᠠᠷ᠂ ᠴᠢᠨᠠᠷ ᠰᠠᠢᠳᠠᠢ ᠬᠦᠭ᠌ᠵᠢᠭᠦᠯᠬᠦ᠌ ᠭᠡᠰᠡᠨ ᠡᠨᠡ ᠬᠦ᠌ ᠭᠤᠤᠯ ᠰᠡᠳᠦᠪ᠎ᠤᠨ ᠲᠤᠭᠤᠷᠢᠨ᠎ᠳᠤ ᠱᠢᠨ᠎ᠠ ᠬᠦᠭ᠌ᠵᠢᠯᠳᠡ᠎ᠶ᠋ᠢᠨ ᠱᠠᠳᠤ᠎ᠶ᠋ᠢ ᠤᠨᠤᠪᠴᠢᠳᠠᠢ ᠡᠵᠡᠮᠳᠡᠨ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠬᠦᠨᠵᠡᠬᠡᠢ ᠲᠤᠭᠤᠱᠢᠯᠠᠭᠤᠯᠵᠤ᠂ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠳᠤ ᠢᠳᠡᠪᠬᠢᠳᠡᠢ ᠠᠭᠤᠰᠴᠣ᠂ ᠪᠠᠢᠩᠭᠤ᠎ᠶ᠋ᠢᠨ ᠬᠤᠷᠢᠶᠠᠨ᠎ᠤ ᠡᠯ᠎ᠠ ᠵᠦᠢᠯ᠎ᠤᠨ ᠬᠠᠤᠯᠢ᠎ᠳᠤ ᠲᠤᠭ᠍ᠳᠠᠭᠠᠬ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠬᠦᠢᠴᠡᠳᠭᠡᠨ᠂ ᠦᠪᠡᠷᠳᠡᠭᠡᠨ ᠵᠠᠰᠠᠬᠤ ᠤᠷᠤᠨ᠎ᠤ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠵᠣ᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠂ 《ᠠᠷᠪᠠᠨ ᠲᠦᠷᠪᠡᠳᠦᠬᠡᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠰᠠᠢᠨ ᠡᠬᠢᠯᠡᠯᠳᠡ᠎ᠲᠠᠢ ᠪᠤᠯᠬᠤ᠎ᠳᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠬᠦᠬᠦ᠌ ᠬᠡᠷᠡᠭ᠌ᠳᠡᠢ ᠬᠡᠵᠦ᠍ ᠦᠵᠡᠵᠡᠬᠡᠪᠡ᠃