ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ᠂ 《ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ᠎ᠢ ᠣᠷᠢᠳ᠎ᠢᠶᠠᠷ ᠬᠦᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠣᠷᠣᠨ᠎ᠤ ᠤᠳᠤᠬᠢᠴᠢᠯᠠᠯᠲᠠ᠎ᠶ᠋ᠢ ᠲᠦᠷᠭᠡᠳᠭᠡᠨ᠂ ᠮᠠᠯ ᠠᠵᠤ ᠠᠬᠤᠢ ᠲᠠᠷᠢᠶᠠᠯᠠᠩ᠎ᠤᠨ ᠬᠦᠭ᠌ᠵᠢᠯᠳᠡ᠎ᠶ᠋ᠢ ᠴᠢᠨᠠᠷ ᠰᠠᠢᠲᠠᠢ ᠪᠦᠭᠡᠳ ᠦᠨᠳᠦᠷ ᠪᠦᠲᠦᠮᠵᠢᠲᠡᠢ ᠪᠣᠯᠭᠠᠨ᠂ ᠮᠠᠯᠵᠢᠬᠤ ᠲᠠᠷᠢᠶᠠᠯᠠᠬᠤ ᠤᠷᠤᠨ᠎ᠢ ᠣᠷᠤᠱᠢᠨ ᠰᠠᠭᠤᠷᠢᠱᠢᠬᠤ᠎ᠳᠤ ᠲᠣᠬᠢᠷᠠᠮᠵᠢᠲᠠᠢ ᠪᠣᠯᠭᠠᠵᠦ᠍᠂ ᠮᠠᠯᠴᠢᠨ ᠲᠠᠷᠢᠶᠠᠴᠢᠳ᠎ᠢ ᠪᠠᠶᠠᠨ ᠴᠢᠨᠡᠭᠡᠯᠢᠭ ᠠᠮᠢᠳᠤᠷᠠᠯ᠎ᠲᠠᠢ ᠪᠣᠯᠭᠠᠬᠤ᠎ᠶ᠋ᠢ ᠠᠬᠢᠭᠤᠯᠤᠨ᠎ᠠ》 ᠭᠡᠵᠦ᠍ ᠲᠤᠷᠠᠳᠴᠠᠢ᠃ ᠡᠨᠡ᠎ᠨᠢ ᠬᠤᠷᠠᠯ᠎ᠳᠤ ᠤᠷᠤᠯᠴᠠᠬ᠍ᠰᠠᠨ ᠦᠨᠳᠦᠰᠦᠨ ᠱᠠᠳᠤᠨ᠎ᠤ ᠲᠦᠯᠦᠭᠡᠯᠡᠭ᠌ᠴᠢᠳ᠎ᠤᠨ ᠠᠩᠬᠠᠷᠤᠯ᠎ᠢ ᠶᠡᠭᠡ᠎ᠪᠠᠷ ᠲᠠᠳᠠᠵᠦ᠍᠂ ᠲᠡᠳᠡ ᠨᠡᠷ᠎ᠤᠨ ᠶᠠᠷᠢᠯᠴᠠᠨ ᠵᠦᠪᠯᠡᠭᠦ᠌ ᠬᠠᠯᠠᠮᠱᠢᠯ ᠰᠡᠳᠦᠪ ᠪᠤᠯᠤᠭ᠍ᠰᠠᠨ ᠠᠵᠢ᠃
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢ᠂ ᠱᠢᠨ᠎ᠡ ᠪᠠᠷᠭᠤ ᠪᠠᠷᠠᠭᠤᠨ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ ᠨᠠᠷᠠᠰᠣ᠎ᠶ᠋ᠢᠨ ᠳᠠᠨᠢᠯᠴᠠᠭᠤᠯᠣᠭ᠍ᠰᠠᠨ᠎ᠢᠶᠠᠷ᠂ ᠱᠢᠨ᠎ᠠ ᠪᠠᠷᠭᠤ ᠪᠠᠷᠠᠭᠤᠨ ᠬᠤᠱᠢᠭᠤ ᠪᠦᠬᠦ᠌ ᠣᠷᠣᠨ᠎ᠤ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠪᠦᠲᠦᠭᠡᠨ ᠪᠠᠢᠭᠤᠯᠤᠯᠲᠠ᠎ᠶ᠋ᠢᠨ ᠴᠢᠬᠤᠯᠠ ᠠᠵᠠ ᠲᠣᠬᠢᠶᠠᠯ᠎ᠢ ᠠᠳᠭᠤᠨ ᠦᠢᠯᠡᠳᠪᠦᠷᠢᠯᠡᠯ ᠡᠵᠡᠩᠨᠡᠯᠲᠡ ᠪᠠ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠶ ᠰᠦᠪᠡᠭ᠌ᠴᠢᠯᠡᠨ ᠠᠬᠢᠭᠤᠯᠵᠤ᠂ ᠮᠠᠯᠵᠢᠬᠤ ᠤᠷᠤᠨ᠎ᠤ ᠤᠳᠤᠬᠢᠴᠢᠯᠠᠯᠳᠠ᠎ᠶ᠋ᠢ ᠠᠬᠢᠭᠤᠯᠬᠤ 《ᠮᠠᠩᠯᠠᠢ ᠭᠠᠴᠠᠭ᠎ᠠ》 ᠪᠤᠯᠤᠨ 《ᠳᠣᠯᠣᠭᠠᠨ ᠲᠤᠰᠭᠤᠨ᠎ᠢ ᠨᠢᠭᠡ ᠴᠤᠬ᠍ᠴᠠᠵᠢᠭᠤᠯᠬᠤ》 ᠬᠤᠶᠠᠷ ᠵᠠᠭ᠍ᠪᠤᠷ᠎ᠢ ᠪᠦᠷᠢᠯᠳᠦᠭᠦᠯᠤᠨ᠂ ᠲᠤᠷᠱᠢᠯᠲᠠ᠎ᠶ᠋ᠢᠨ ᠴᠡᠭ᠎ᠤᠨ ᠭᠠᠴᠠᠭᠠᠨ᠎ᠤ 19 ᠱᠢᠨ᠎ᠡ ᠬᠡᠯᠪᠡᠷᠢ᠎ᠶ᠋ᠢᠨ ᠬᠤᠪᠢ ᠣᠷᠣᠭᠤᠯᠤᠭ᠍ᠰᠠᠨ ᠲᠤᠰᠭᠠᠢ ᠬᠤᠷᠱᠢᠶ᠎ᠠ ᠪᠠᠢᠭᠤᠯᠵᠤ᠂ ᠲᠤᠷᠱᠢᠯᠲᠠ᠎ᠶ᠋ᠢᠨ ᠴᠡᠭ᠎ᠤᠨ ᠪᠦᠲᠦᠭᠡᠨ ᠪᠠᠢᠭᠤᠯᠤᠯᠲᠠ᠎ᠶ᠋ᠢᠨ 29 ᠭᠤᠣᠯᠳᠠᠯᠭ᠎ᠠ᠎ᠲᠠᠢ ᠲᠥᠷᠥᠯ ᠵᠦᠢᠯ᠎ᠢ ᠬᠡᠷᠡᠭ᠌ᠵᠢᠭᠦᠯᠵᠦ᠍᠂ ᠮᠠᠯᠵᠢᠬᠤ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ ᠪᠤᠢ᠃ 《ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ᠎ᠤᠨ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠬᠤᠱᠢᠭᠤ ᠪᠣᠯᠤᠭ᠍ᠰᠠᠨ᠎ᠤ ᠬᠤᠪᠢ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠂ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦᠯᠬᠦ᠂ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠂ ᠥᠭᠡᠷᠡᠴᠢᠯᠡᠯᠲᠡ ᠨᠡᠭᠡᠭᠡᠯᠲᠡ᠎ᠶ᠋ᠢ ᠥᠷᠭᠡᠳᠭᠡᠬᠦ᠂ ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠢ ᠪᠠᠲᠤ ᠡᠵᠡᠮᠳᠡᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠬᠢᠯᠢ ᠬᠢᠵᠠᠭᠠᠷ᠎ᠤᠨ ᠲᠣᠭ᠍ᠲᠠᠭᠤᠨ᠎ᠢ ᠪᠦᠬᠦ᠌ ᠬᠦᠴᠦᠨ᠎ᠢᠶᠠᠷ ᠪᠠᠲᠤᠯᠠᠵᠦ᠍᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠢᠶᠠᠨ ᠰᠠᠢᠲᠦᠷ ᠡᠬᠢᠯᠡᠭᠦᠯᠦᠨ᠎ᠠ》 ᠬᠡᠵᠤ ᠨᠠᠷᠠᠰᠤ ᠲᠦᠯᠦᠬᠡᠯᠡᠭ᠌ᠴᠢ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠠᠷᠠᠯᠳᠠ ᠡᠬᠦᠷᠬᠡ᠎ᠪᠠᠨ ᠶᠠᠷᠢᠯ᠎ᠠ᠃
1 ᠰᠠᠷ᠎ᠠ᠎ᠶ᠋ᠢᠨ 27 ᠤ ᠦᠳᠡ᠎ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠣᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠳᠦᠷᠪᠡᠳᠦᠭᠡᠷ ᠬᠤᠷᠠᠯ᠎ᠳᠤ ᠤᠷᠤᠯᠴᠠᠵᠦ᠍ ᠪᠠᠢᠭ᠎ᠠ ᠬᠢᠨᠭ᠌ᠭᠠᠨ ᠠᠢᠮᠠᠬ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠌ ᠲᠠᠯᠠᠪᠠᠢ᠎ᠳᠤ᠂ ᠤᠯᠠᠨ᠎ᠢᠶᠠᠷ᠎ᠢᠶᠠᠨ ᠵᠠᠯᠠᠭᠤ ᠲᠦᠯᠦᠭᠡᠯᠡᠭ᠌ᠴᠢ ᠭᠦᠸᠧ ᠯᠢ ᠯᠢ᠎ᠶ᠋ᠢᠨ 5 ᠵᠢᠯ᠎ᠳᠤ 20 ᠲᠡᠭ᠌ᠰᠢ ᠲᠦᠷᠪᠡᠯᠵᠢᠨ ᠮᠧᠲᠷ᠎ᠤᠨ ᠠᠯᠪᠠᠨ ᠭᠡᠷ᠎ᠢᠶᠠᠨ ᠦᠷᠭᠡᠳᠭᠡᠭᠡᠳ 5000 ᠲᠡᠭ᠌ᠰᠢ ᠲᠦᠷᠪᠡᠯᠵᠢᠨ ᠮᠧᠲᠷ ᠪᠤᠯᠭᠠᠬ᠍ᠰᠠᠨ ᠦᠯᠢᠭᠡᠷ᠎ᠢ ᠠᠩᠬᠠᠷᠤᠯ ᠲᠠᠯᠪᠢᠨ ᠰᠤᠨᠤᠰᠤᠨ᠎ᠠ᠃ 5 ᠵᠢᠯ᠎ᠤᠨ ᠡᠮᠦᠨ᠎ᠠ᠂ ᠭᠦᠸᠧ ᠯᠢ ᠯᠢ ᠭᠠᠴᠠᠭ᠎ᠠ᠎ᠶ᠋ᠢᠨ ᠠᠷᠠᠳ᠎ᠤᠨ ᠵᠦᠪᠯᠡᠯ᠎ᠤᠨ ᠠᠯᠪᠠᠨ ᠭᠡᠷ᠎ᠤᠨ ᠬᠠᠵᠠᠭᠤᠳᠡᠭᠢ 20 ᠲᠡᠭ᠌ᠰᠢ ᠲᠦᠷᠪᠡᠯᠵᠢᠨ ᠮᠧᠲᠷ᠎ᠤᠨ ᠵᠢᠵᠢᠭ ᠦᠷᠦᠭᠡᠨ᠎ᠳᠤ ᠡᠯᠧᠺᠲᠷᠤᠨ ᠬᠤᠳᠠᠯᠳᠤᠭ᠎ᠠ᠎ᠪᠠᠨ ᠡᠬᠢᠯᠡᠭᠦᠯᠪᠠ᠃ ᠲᠤᠬᠠᠢ᠎ᠶ᠋ᠢᠨ ᠦᠶ᠎ᠠ᠎ᠳᠤ ᠨᠤᠳᠤᠭ᠎ᠤᠨ ᠬᠤᠨᠢᠨ ᠮᠢᠬ᠎ᠠ᠂ ᠲᠠᠭᠢᠶᠠᠨ ᠦᠨᠳᠡᠭᠡ᠂ ᠡᠯᠳᠡᠪ ᠠᠮᠤ ᠵᠡᠷᠭᠡ᠎ᠨᠢ ᠲᠡᠭᠦᠨ᠎ᠤ ᠪᠤᠷᠤᠯᠠᠭᠤᠯᠭ᠎ᠠ᠎ᠶ᠋ᠢᠨ ᠭᠤᠤᠯ ᠪᠠᠷᠠᠭ᠎ᠠ ᠪᠠᠢᠵᠤ᠂ ᠤᠷᠤᠯᠭ᠎ᠠ ᠨᠢᠮᠭᠡᠨ ᠪᠠᠢᠬ᠍ᠰᠠᠨ ᠴᠤ᠌ ᠤᠯᠠᠨ᠎ᠲᠠᠢ᠎ᠪᠠᠨ ᠬᠠᠮᠳᠤ ᠪᠠᠶᠠᠵᠢᠬᠤ᠎ᠨᠢ ᠲᠡᠭᠦᠨ᠎ᠤ ᠨᠢᠭᠡᠨ ᠬᠦᠰᠡᠯ ᠪᠠᠢᠪᠠ᠃ ᠲᠦᠷᠦ᠎ᠶ᠋ᠢᠨ ᠪᠤᠳᠤᠯᠭ᠎ᠠ᠎ᠶ᠋ᠢᠨ ᠤᠷᠢᠶᠠᠯᠠᠭ᠎ᠠ᠎ᠪᠠᠷ ᠭᠦᠸᠧ ᠯᠢ ᠯᠢ ᠬᠡᠪᠴᠢᠶᠡᠵᠢᠭ᠌ᠰᠡᠨ ᠡᠵᠡᠩᠨᠡᠯᠳᠡ᠎ᠶ᠋ᠢᠨ ᠴᠢᠬᠤᠯᠠ ᠴᠢᠨᠠᠷ᠎ᠢ ᠲᠠᠨᠢᠵᠦ᠍ ᠤᠯᠪᠠ᠃ ᠲᠠᠬᠡᠬᠡᠳ ᠲᠤᠰᠠ᠎ᠬᠢ ᠬᠤᠷᠱᠢᠶ᠎ᠠ ᠲᠠᠩᠰᠠᠯᠠᠭᠤᠯᠤᠨ ᠲᠠᠷᠢᠶᠠᠴᠢᠳ᠎ᠢᠶᠠᠨ ᠲᠠᠭᠠᠭᠤᠯᠵᠦ᠍ ᠬᠦᠷᠢᠶ᠎ᠠ ᠬᠠᠱᠢᠶ᠎ᠠ᠎ᠶ᠋ᠢᠨ ᠠᠵᠦ᠍ ᠠᠬᠤᠢ ᠡᠵᠡᠩᠨᠡᠵᠦ᠍᠂ ᠲᠠᠷᠢᠶᠠᠴᠢᠳ᠎ᠤᠨ ᠤᠷᠤᠯᠭ᠎ᠠ᠎ᠶ᠋ᠢᠨ ᠨᠡᠮᠡᠭ᠌ᠳᠡᠯ᠎ᠢ ᠮᠡᠳᠡᠭ᠌ᠳᠡᠮ᠎ᠠ ᠲᠠᠬᠡᠭ᠌ᠰᠢᠯᠡᠬᠦᠯᠦᠭ᠌ᠰᠡᠨ ᠪᠠᠢᠨ᠎ᠠ᠃ 2018 ᠤᠨ᠎ᠳᠤ᠂ ᠲᠡᠳᠡ ᠲᠠᠬᠢᠨᠳᠠ ᠡᠵᠡᠩᠨᠡᠯᠳᠡ᠎ᠶ᠋ᠢᠨ ᠬᠡᠯᠪᠡᠷᠢ᠎ᠪᠠᠨ ᠬᠤᠪᠢᠷᠠᠭᠤᠯᠵᠦ᠍᠂ ᠲᠠᠷᠢᠶᠠᠴᠢᠳ᠎ᠠᠴᠠ ᠭᠠᠵᠠᠷ ᠱᠢᠷᠤᠢ᠎ᠶ᠋ᠢᠨ ᠡᠵᠡᠩᠨᠡᠯᠳᠡ᠎ᠶ᠋ᠢᠨ ᠡᠷᠬᠡ᠎ᠶ᠋ᠢ ᠱᠢᠯᠵᠢᠭᠦᠯᠦᠨ ᠠᠪᠴᠤ᠌᠂ ᠤᠷᠭᠠᠨᠢᠭ ᠱᠢᠬᠢᠷᠯᠢᠭ ᠡᠷᠳᠡᠨᠢ ᠱᠢᠰᠢ ᠲᠠᠷᠢᠵᠦ᠍ ᠪᠤᠷᠤᠯᠠᠭᠤᠯᠪᠠ᠃ ᠭᠤᠷᠪᠠᠨ ᠵᠢᠯ᠎ᠤᠨ ᠲᠤᠷᠰᠢ᠂ ᠭᠦᠸᠧ ᠯᠢ ᠯᠢ᠎ᠶ᠋ᠢᠨ ᠡᠷᠳᠡᠨᠢ ᠱᠢᠰᠢ᠎ᠶ᠋ᠢᠨ ᠪᠤᠷᠤᠯᠠᠭᠤᠯᠭ᠎ᠠ ᠵᠢᠯ ᠲᠤᠳᠤᠮ ᠳᠡᠭᠡᠭ᠌ᠰᠢᠯᠡᠵᠦ᠍᠂ ᠤᠷᠤᠯᠭ᠎ᠠ᠎ᠨᠢ ᠨᠡᠮᠡᠭ᠌ᠳᠡᠭ᠌ᠰᠡᠨ᠎ᠢᠶᠠᠷ ᠪᠠᠷᠠᠬᠤ ᠦᠭᠡᠢ ᠬᠠᠮᠳᠤᠷᠠᠨ ᠠᠵᠢᠯᠯᠠᠬ᠍ᠰᠠᠨ ᠲᠤᠰᠭᠠᠢ ᠬᠤᠷᠱᠢᠶ᠎ᠠ᠎ᠶ᠋ᠢᠨ ᠲᠠᠷᠢᠶᠠᠴᠢᠳ᠎ᠤᠨ ᠤᠷᠤᠯᠭ᠎ᠠ ᠴᠤ᠌ ᠶᠡᠭᠡ᠎ᠪᠠᠷ ᠨᠡᠮᠡᠭ᠌ᠳᠡᠵᠠᠢ᠃ ᠨᠢᠳᠤᠨᠤᠨ ᠲᠡᠷᠡ 5000 ᠲᠡᠭ᠌ᠰᠢ ᠲᠦᠷᠪᠡᠯᠵᠢᠨ ᠮᠧᠲᠷ ᠲᠠᠯᠠᠪᠠᠢ ᠪᠦᠭᠦᠢ ᠠᠯᠪᠠᠯᠠᠬᠤ ᠭᠠᠵᠠᠷ᠎ᠲᠤ ᠱᠢᠯᠵᠢᠨ ᠲᠠᠷᠢᠬᠤ᠂ ᠬᠤᠷᠢᠶᠠᠬᠤ᠂ ᠪᠤᠭᠤᠳᠠᠯᠯᠠᠬᠤ᠂ ᠪᠤᠷᠤᠯᠠᠭᠤᠯᠬᠤ᠎ᠶ᠋ᠢ ᠤᠶᠠᠯᠳᠤᠭᠤᠯᠤᠬ᠍ᠰᠠᠨ ᠬᠤᠷᠱᠢᠶᠠᠵᠢᠯ᠎ᠤᠨ ᠡᠵᠡᠩᠨᠡᠯᠳᠡ᠎ᠪᠠᠷ ᠲᠤᠬᠠᠢ᠎ᠶ᠋ᠢᠨ ᠭᠠᠵᠠᠷ ᠤᠷᠤᠨ᠎ᠳᠠᠭᠠᠨ ᠲᠠᠭᠠᠭᠤᠯᠤᠭ᠍ᠴᠢ ᠠᠵᠦ᠍ ᠠᠬᠤᠢ᠍ᠢᠯᠠᠯ᠎ᠤᠨ ᠦᠢᠯᠡᠳᠤᠯ᠎ᠢ ᠪᠠᠳᠠᠷᠠᠭᠤᠯᠵᠣ ᠡᠬᠢᠯᠡᠪᠡ᠃ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠠᠬᠢ ᠮᠠᠯᠵᠢᠬᠤ ᠲᠠᠷᠢᠶᠠᠯᠠᠬᠤ ᠤᠷᠤᠨ᠎ᠤ ᠤᠳᠤᠭᠢᠴᠢᠯᠠᠯᠳᠠ᠎ᠶ᠋ᠢ ᠲᠦᠷᠭᠡᠳᠭᠡᠭᠦ᠌ ᠲᠤᠬᠠᠢ ᠲᠤᠷᠠᠳᠤᠯᠭ᠎ᠠ᠎ᠨᠢ ᠲᠡᠭᠦᠨ᠎ᠳᠤ ᠨᠡᠩ ᠶᠡᠭᠡ ᠵᠤᠷᠢᠬ᠍ᠵᠢᠭᠤᠯᠤᠯ ᠪᠤᠯᠤᠯ᠎ᠠ᠃ 《ᠲᠠᠷᠢᠶᠠᠯᠠᠩ ᠬᠢᠬᠡᠳ ᠲᠠᠷᠢᠶᠠᠯᠠᠬᠤ ᠤᠷᠤᠨ᠎ᠤ ᠤᠳᠤᠭᠢᠴᠢᠯᠠᠯᠳᠠ᠎ᠶ᠋ᠢ ᠲᠦᠷᠭᠡᠳᠭᠡᠭᠦ᠎ᠳᠤ ᠵᠦᠪᠭᠡᠨ ᠨᠢᠭᠡᠳᠦᠭᠡᠷ ᠠᠵᠦ᠍ ᠦᠢᠯᠡᠰ᠎ᠲᠤ ᠲᠦᠱᠢᠭ᠌ᠯᠡᠵᠦ᠍᠂ ᠳ᠋ᠠᠩ ᠭᠠᠭ᠍ᠴᠠ ᠲᠠᠷᠢᠶ᠎ᠠ ᠲᠠᠷᠢᠬᠤ᠎ᠳᠤ ᠲᠦᠱᠢᠭ᠌ᠯᠡᠵᠦ᠍ ᠪᠤᠯᠬᠤ ᠦᠭᠡᠢ᠂ ᠪᠤᠷᠤᠯᠠᠭᠤᠯᠭ᠎ᠠ᠎ᠶ᠋ᠢᠨ ᠵᠠᠮ᠎ᠢ ᠰᠦᠪᠡᠭ᠌ᠴᠢᠯᠡᠬᠦ᠌᠎ᠨᠢ ᠨᠡᠩ ᠴᠢᠬᠤᠯᠠ》 ᠭᠡᠵᠦ᠍ ᠲᠡᠷᠡ ᠤᠴᠢᠷᠳᠠᠢᠬᠠᠨ ᠶᠠᠷᠢᠨ᠎ᠠ᠃
ᠱᠢᠯᠢ᠎ᠶ᠋ᠢᠨ ᠭᠤᠤᠯ ᠠᠢᠮᠠᠬ᠎ᠤᠨ ᠮᠠᠯᠴᠢᠨ ᠲᠦᠯᠦᠭᠡᠯᠡᠭ᠌ᠴᠢ ᠬᠤᠪᠢᠰᠭᠠᠯᠳᠤ ᠮᠠᠯᠴᠢᠨ ᠲᠦᠮᠡᠨ᠎ᠤ ᠦᠢᠯᠡᠳᠪᠤᠷᠢᠯᠡᠯ ᠡᠵᠡᠩᠨᠡᠯᠳᠡ ᠲᠤᠮᠳᠡ ᠬᠦᠳᠡᠯᠮᠦᠷᠢ ᠬᠦᠴᠤᠨ᠎ᠤ ᠦᠢᠯᠡᠴᠢᠯᠡᠭᠡ᠂ ᠡᠪᠡᠰᠦ ᠪᠤᠷᠳᠤᠭ᠎ᠠ ᠨᠠᠢᠷᠠᠭᠤᠯᠬᠤ᠂ ᠮᠠᠯ᠎ᠤᠨ ᠭᠡᠮ ᠬᠢᠵᠢᠭ᠎ᠢ ᠰᠡᠷᠭᠡᠢᠯᠡᠭᠦ᠌᠂ ᠮᠠᠱᠢᠨᠴᠢᠯᠠᠯᠳᠠ ᠵᠡᠷᠭᠡ ᠨᠡᠢᠭᠡᠮᠴᠢᠯᠡᠭ᠌ᠰᠡᠨ ᠦᠢᠯᠡᠴᠢᠯᠡᠭᠡ ᠲᠤᠳᠠᠬ᠍ᠳᠠᠵᠦ᠍ ᠪᠠᠢᠬᠤ ᠮᠠᠯᠵᠢᠬᠤ ᠤᠷᠤᠨ᠎ᠤ ᠪᠤᠳᠠᠳᠣ ᠪᠠᠢᠳᠠᠯ᠎ᠲᠠᠢ ᠤᠶᠠᠯᠳᠤᠭᠤᠯᠵᠦ᠍᠂ ᠱᠢᠨ᠎ᠠ ᠬᠡᠯᠪᠡᠷᠢ᠎ᠶ᠋ᠢᠨ ᠬᠦᠳᠡᠭᠡ ᠲᠤᠰᠭᠤᠨ᠎ᠤ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠬᠤ ᠠᠬᠢᠴᠠ᠎ᠶ᠋ᠢ ᠲᠦᠷᠭᠡᠳᠭᠡᠨ ᠮᠠᠯᠵᠢᠬᠤ ᠤᠷᠤᠨ᠎ᠤ ᠴᠢᠨᠠᠷ ᠰᠠᠢᠳᠠᠢ ᠬᠦᠭ᠌ᠵᠢᠯᠳᠠ᠎ᠶ᠋ᠢ ᠠᠬᠢᠭᠤᠯᠬᠤ ᠲᠤᠬᠠᠢ ᠰᠠᠨᠠᠭᠤᠯᠭ᠎ᠠ᠎ᠪᠠᠨ ᠶᠡᠭᠡ ᠬᠤᠷᠠᠯ᠎ᠳᠤ ᠲᠡᠪᠱᠢᠭᠦᠯᠪᠠ᠃ 《ᠬᠡᠪᠴᠢᠶᠡᠵᠢᠬᠦᠯᠵᠤ ᠡᠷᠴᠢᠮᠵᠢᠭᠦᠯᠦᠨ ᠡᠵᠡᠩᠨᠡᠭᠦ᠌ ᠲᠦᠷᠦ᠎ᠶ᠋ᠢᠨ ᠪᠤᠳᠤᠯᠭ᠎ᠠ᠎ᠪᠠᠷ ᠲᠠᠮᠵᠢᠨ ᠠᠮᠢ ᠠᠬᠤᠢ᠎ᠶ᠋ᠢᠨ ᠮᠠᠯᠵᠢᠯ᠎ᠤᠨ ᠲᠤᠭᠤᠷᠢᠭ ᠪᠠᠢᠭᠤᠯᠵᠦ᠍᠂ ᠭᠠᠴᠠᠭᠠᠨ᠎ᠤ ᠬᠠᠮᠳᠤ᠎ᠶ᠋ᠢᠨ ᠬᠤᠷᠱᠢᠶ᠎ᠠ᠎ᠪᠠᠷ ᠬᠠᠮᠢᠶᠠᠷᠤᠯᠳᠠ᠎ᠶ᠋ᠢᠨ ᠭᠤᠤᠯ ᠴᠤᠬ᠍ᠴᠠ ᠪᠤᠯᠭᠠᠨ᠂ ᠠᠮᠢ ᠠᠬᠤᠢ᠎ᠶ᠋ᠢᠨ ᠮᠠᠯ ᠠᠵᠦ᠍ ᠠᠬᠤᠢ᠎ᠶ᠋ᠢ ᠬᠦᠭ᠌ᠵᠢᠭᠦᠯᠵᠦ᠍᠂ ᠮᠠᠯᠵᠢᠬᠤ ᠤᠷᠤᠨ᠎ᠤ ᠰᠠᠭᠤᠷᠢ ᠲᠦᠭᠦᠭᠡᠷᠦᠮᠵᠢ᠎ᠶ᠋ᠢ ᠴᠢᠩᠭᠠᠳᠭᠠᠪᠠᠯ ᠵᠤᠬᠢᠨ᠎ᠠ》 ᠭᠡᠵᠦ᠍ ᠳᠡᠷᠡ ᠰᠤᠷᠪᠤᠯᠵᠢᠯᠠᠬ᠍ᠴᠢ᠎ᠳᠤ ᠬᠡᠯᠡᠨ᠎ᠡ᠃