ᠵᠢᠷᠭᠤᠭᠠᠨ 《ᠠᠩᠬᠠᠳᠠᠭ᠍ᠴᠢ》᠄ ᠪᠠᠢᠩᠭᠤ᠎ᠶ᠋ᠢᠨ ᠬᠤᠷᠢᠶ᠎ᠠ᠎ᠶ᠋ᠢᠨ ᠬᠢᠨᠠᠯᠳᠠ ᠲᠠᠯᠪᠢᠬᠤ ᠠᠵᠢᠯ᠎ᠤᠨ ᠱᠢᠨ᠎ᠠ ᠪᠠᠢᠷᠢᠱᠢᠯ᠎ᠢ ᠪᠦᠷᠢᠯᠳᠤᠭᠦᠯᠪᠠ
2021-01-31 12:22:31
ᠵᠣᠬᠢᠶᠠᠭ᠍ᠴᠢ᠄
ᠶᠤᠸᠠᠢ ᠶᠢᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 28 ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠬᠤᠶᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ 2020 ᠤᠨ᠎ᠤ ᠬᠢᠨᠠᠯᠳᠠ ᠲᠠᠯᠪᠢᠬᠤ ᠠᠵᠢᠯ᠎ᠤᠨ ᠵᠢᠷᠭᠤᠭᠠᠨ 《ᠠᠩᠬᠠᠳᠠᠭ᠍ᠴᠢ》 ᠎ᠶ᠋ᠢᠨ ᠱᠢᠨ᠎ᠠ ᠡᠭᠦᠳᠤᠯᠳᠠ᠂ ᠱᠢᠨ᠎ᠠ ᠬᠢᠯᠡᠰ ᠴᠡᠭ᠎ᠨᠢ ᠲᠦᠯᠦᠭᠡᠯᠡᠭ᠌ᠴᠢᠳ᠎ᠤᠨ ᠲᠤᠮᠳᠡ ᠬᠠᠯᠠᠮᠱᠢᠯ ᠵᠤᠭᠤᠭ ᠪᠤᠯᠵᠣ ᠳᠠᠮᠵᠢᠭ᠍ᠳᠠᠨ᠎ᠠ᠃

ᠦᠡᠭ᠌ᠭᠡᠷᠡᠭ᠌ᠰᠡᠨ ᠨᠢᠭᠡ ᠵᠢᠯ᠎ᠳᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ ᠲᠦᠪ ᠶᠤᠰᠤ᠎ᠶ᠋ᠢ ᠰᠠᠭᠢᠵᠦ᠍᠂ ᠠᠵᠢᠯ᠎ᠤᠨ ᠠᠷᠭ᠎ᠠ ᠬᠡᠯᠪᠡᠷᠢ᠎ᠪᠠᠨ ᠱᠢᠨᠡᠴᠢᠯᠡᠵᠦ᠍᠂ 《ᠱᠢᠨ᠎ᠠ᠎ᠶ᠋ᠢ ᠡᠭᠦᠳᠭᠦ᠌》 ᠎ᠶ᠋ᠢ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠴᠢᠨᠰᠠᠭ᠎ᠠ᠎ᠪᠠᠨ ᠴᠢᠨᠠᠬ᠍ᠰᠢᠳᠠ ᠳᠡᠭᠡᠭ᠌ᠰᠢᠯᠡᠭᠦᠯᠬᠦ᠌ ᠬᠦᠳᠡᠯᠭᠡᠭᠦ᠌ ᠬᠦᠴᠤᠨ ᠪᠠ ᠱᠢᠨ᠎ᠠ ᠴᠠᠬ ᠦᠶ᠎ᠠ᠎ᠶ᠋ᠢᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠳᠠ ᠲᠠᠯᠪᠢᠬᠤ ᠠᠵᠢᠯ᠎ᠤᠨ ᠴᠢᠬᠤᠯᠠ ᠬᠡᠪ ᠴᠢᠨᠠᠷ ᠪᠤᠯᠭᠠᠪᠠ᠃ 2020 ᠤᠨ᠎ᠳᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ ᠪᠦᠭᠦ᠌ ᠤᠯᠤᠰ᠎ᠤᠨ ᠠᠩᠬᠠᠳᠠᠭ᠍ᠴᠢ 《ᠦᠨᠳᠦᠰᠦᠨ ᠱᠠᠳᠤᠨ᠎ᠤ ᠶᠡᠷᠦᠩᠭᠡᠢᠯᠡᠭ᠌ᠰᠡᠨ ᠵᠠᠰᠠᠬ ᠵᠠᠬᠢᠷᠭᠠᠨ᠎ᠤ ᠬᠠᠤᠯᠢ ᠬᠡᠷᠡᠭ᠌ᠵᠢᠭᠦᠯᠭᠦ᠌ ᠲᠦᠷᠢᠮ》 ᠎ᠢ ᠲᠤᠬ᠍ᠳᠠᠭᠠᠵᠦ᠍᠂ ᠰᠤᠮᠤ ᠱᠢᠶᠠᠩ ᠪᠠᠯᠭᠠᠰᠤᠨ᠎ᠤ ᠠᠷᠠᠳ᠎ᠤᠨ ᠵᠠᠰᠠᠬ᠎ᠤᠨ ᠤᠷᠳᠤᠨ ᠪᠠ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠭᠦ᠌ ᠭᠠᠵᠠᠷ᠎ᠲᠤ ᠬᠠᠤᠯᠢ ᠶᠤᠰᠤᠭᠠᠷ ᠶᠡᠷᠦᠩᠭᠡᠢᠯᠡᠭ᠌ᠰᠡᠨ ᠵᠠᠰᠠᠬ ᠵᠠᠬᠢᠷᠭᠠᠨ᠎ᠤ ᠬᠠᠤᠯᠢ ᠬᠡᠷᠡᠭ᠌ᠵᠢᠭᠦᠯᠭᠦ᠌ ᠭᠤᠤᠯ ᠴᠤᠬ᠍ᠴᠠ᠎ᠶ᠋ᠢᠨ ᠪᠠᠢᠷᠢ ᠰᠠᠭᠤᠷᠢ ᠤᠯᠭᠤᠪᠠ; ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠳᠠ ᠲᠠᠯᠪᠢᠬᠤ ᠠᠵᠢᠯ᠎ᠢᠶᠠᠨ ᠤᠯᠠᠮ ᠨᠢᠭᠡ ᠠᠯᠬᠤᠮ ᠦᠷᠭᠡᠳᠭᠡᠨ ᠬᠦᠨᠵᠡᠭᠡᠢᠷᠡᠭᠦᠯᠵᠦ᠍᠂ ᠠᠩᠬ᠎ᠠ ᠤᠳᠠᠭ᠎ᠠ ᠦᠪᠡᠷᠳᠡᠭᠡᠨ ᠵᠠᠰᠠᠬᠤ ᠤᠷᠤᠨ᠎ᠤ ᠬᠢᠨᠠᠨ ᠪᠠᠢᠴᠠᠭᠠᠬᠤ ᠵᠦᠪᠯᠡᠯ᠎ᠤᠨ ᠠᠵᠢᠯ᠎ᠳᠤ ᠬᠠᠮᠳᠤ᠎ᠶ᠋ᠢᠨ ᠪᠠᠢᠴᠠᠭᠠᠯᠳᠠ ᠬᠢᠪᠠ; ᠠᠩᠬ᠎ᠠ ᠤᠳᠠᠭ᠎ᠠ ᠬᠢᠨᠠᠨ ᠪᠤᠳᠤᠬᠤ᠎ᠪᠠᠷ ᠳᠠᠮᠵᠢᠨ ᠪᠠᠢᠴᠠᠭᠠᠵᠦ᠍ ᠭᠠᠷᠭᠠᠬ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠬ᠍ᠰᠠᠨ ᠪᠠᠢᠳᠠᠯ᠎ᠤᠨ ᠬᠠᠨᠤᠮᠵᠢ᠎ᠶ᠋ᠢᠨ ᠬᠡᠮᠵᠢᠶ᠎ᠠ᠎ᠶ᠋ᠢ ᠦᠨᠡᠯᠡᠵᠦ᠍᠂ 《ᠤᠯᠠᠨ ᠣᠳᠠᠭ᠎ᠠ ᠬᠢᠨᠠᠨ ᠪᠤᠳᠤᠭ᠍ᠰᠠᠨ ᠴᠦ᠍ ᠪᠠᠢᠨ ᠳᠠᠬᠢᠨ ᠡᠭᠦᠰᠭᠦ᠌》 ᠎ᠶ᠋ᠢ ᠰᠡᠷᠭᠡᠢᠯᠡᠪᠡ; ᠪᠦᠭᠦ᠌ ᠤᠯᠤᠰ᠎ᠤᠨ ᠮᠤᠵᠢ᠎ᠶ᠋ᠢᠨ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠲᠤᠳᠤᠷ᠎ᠠ ᠬᠠᠮᠤᠭ᠎ᠤᠨ ᠲᠦᠷᠦᠭᠦᠨ᠎ᠳᠤ ᠨᠠᠰᠤᠨ᠎ᠳᠤ ᠦᠯᠦ᠍ ᠬᠦᠷᠦᠭ᠌ᠰᠡᠳ᠎ᠤᠨ ᠬᠡᠷᠡᠭ᠎ᠢ ᠪᠠᠢᠴᠠᠭᠠᠬᠤ ᠠᠵᠢᠯ᠎ᠢ ᠴᠢᠨᠠᠬ᠍ᠰᠢᠳᠠ ᠴᠢᠩᠭᠠᠳᠭᠠᠬᠤ ᠲᠤᠬᠠᠢ ᠲᠤᠬ᠍ᠳᠠᠭᠠᠯ ᠭᠠᠷᠭᠠᠵᠦ᠍᠂ ᠨᠠᠰᠤᠨ᠎ᠳᠤ ᠦᠯᠦ᠍ ᠬᠦᠷᠦᠭ᠌ᠰᠡᠳ᠎ᠤᠨ ᠶᠡᠷᠦᠩᠭᠡᠢᠯᠡᠭ᠌ᠰᠡᠨ ᠬᠠᠤᠯᠢ ᠪᠠᠷᠢᠯᠳᠠ᠎ᠶ᠋ᠢᠨ ᠬᠠᠮᠠᠭᠠᠯᠠᠯᠳᠠ᠎ᠶ᠋ᠢ ᠴᠢᠩᠭᠠᠳᠭᠠᠪᠠ; ᠪᠠᠢᠡᠭ᠌ᠭᠤ᠎ᠶ᠋ᠢᠨ ᠬᠤᠷᠢᠶ᠎ᠠ᠎ᠶ᠋ᠢᠨ ᠬᠤᠷᠠᠯ᠎ᠳᠤ ᠰᠤᠯᠠ ᠤᠷᠤᠯᠴᠠᠬᠤ ᠲᠦᠯᠦᠭᠡᠯᠡᠭ᠌ᠴᠢ᠎ᠲᠠᠢ ᠶᠠᠷᠢᠯᠴᠠᠨ ᠰᠤᠯᠢᠯᠴᠠᠬᠤ ᠪᠠᠢᠡᠭ᠌ᠭᠤᠵᠢᠬ᠍ᠰᠠᠨ ᠠᠵᠢᠯ᠎ᠤᠨ ᠲᠤᠬ᠍ᠳᠠᠴᠠ᠎ᠶ᠋ᠢ ᠪᠠᠢᠭᠤᠯᠵᠦ᠍᠂ ᠲᠤᠮᠳᠠᠳᠤ᠎ᠶ᠋ᠢᠨ ᠦᠨᠳᠤᠰᠦᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ᠎ᠪᠠᠷ ᠭᠤᠤᠯ ᠰᠡᠳᠦᠪ ᠪᠤᠯᠭᠠᠨ ᠠᠩᠬ᠎ᠠ ᠤᠳᠠᠭ᠎ᠠ ᠶᠠᠷᠢᠯᠴᠠᠬᠤ ᠬᠤᠷᠠᠯ ᠬᠢᠵᠦ᠍᠂ ᠠᠷᠠᠳ᠎ᠤᠨ ᠲᠦᠯᠦᠭᠡᠯᠡᠭ᠌ᠴᠢ ᠠᠷᠠᠳ ᠲᠦᠮᠡᠨ᠎ᠤ ᠬᠦᠰᠡᠯ ᠪᠤᠳᠤᠯ᠎ᠢ ᠱᠢᠭᠤᠳ ᠪᠠᠢᠡᠭ᠌ᠭᠤ᠎ᠶ᠋ᠢᠨ ᠬᠤᠷᠢᠶ᠎ᠠ᠎ᠳᠤ ᠲᠠᠮᠵᠢᠭᠤᠯᠪᠠ; ᠠᠩᠬ᠎ᠠ ᠤᠳᠠᠭ᠎ᠠ ᠠᠢᠮᠠᠬ ᠬᠤᠳᠠ᠎ᠶ᠋ᠢᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠳᠤ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠤᠨ᠎ᠤ ᠠᠵᠢᠯ᠎ᠤᠨ ᠪᠠᠢᠳᠠᠯ᠎ᠢ ᠮᠡᠳᠡᠭ᠌ᠳᠡᠵᠦ᠍᠂ ᠠᠵᠢᠯ᠎ᠤᠨ ᠰᠤᠯᠢᠯᠴᠠᠭ᠎ᠠ᠎ᠪᠠᠨ ᠴᠢᠩᠭᠠᠳᠭᠠᠵᠦ᠍᠂ ᠠᠵᠢᠯ᠎ᠤᠨ ᠬᠠᠮᠵᠢᠯᠴᠠᠭ᠎ᠠ᠎ᠪᠠᠨ ᠨᠢᠬ᠍ᠳᠠᠷᠠᠭᠤᠯᠪᠠ᠃

ᠬᠢᠨᠠᠯᠳᠠ ᠲᠠᠯᠪᠢᠬᠤ ᠠᠷᠭ᠎ᠠ ᠬᠡᠮᠵᠢᠶ᠎ᠡ᠎ᠪᠠᠨ ᠲᠠᠰᠤᠷᠠᠯᠳᠠ ᠦᠭᠡᠢ ᠱᠢᠨᠡᠴᠢᠯᠡᠭᠦ᠎ᠪᠠᠷ ᠲᠠᠮᠵᠢᠵᠦ᠍᠂ ᠠᠷᠠᠳ ᠲᠦᠮᠡᠨ᠎ᠳᠤ ᠨᠡᠩ ᠰᠠᠢᠳᠤᠷ ᠦᠢᠯᠡᠴᠢᠯᠡᠭᠦ᠌ ᠪᠤᠯ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠠᠵᠢᠯ᠎ᠤᠨ 《ᠱᠢᠨ᠎ᠠ᠎ᠶ᠋ᠢ ᠡᠭᠦᠳᠭᠦ᠌》 ᠡᠭᠦᠰᠤᠴᠡ ᠵᠤᠬ᠍ᠰᠤᠯᠳᠠ ᠪᠣᠯᠬᠤ ᠮᠦᠷᠳᠡᠭᠡᠨ ᠬᠡᠪ ᠨᠠᠮᠪᠠ ᠪᠣᠯᠣᠨ᠎ᠠ᠃ ᠲᠡᠳᠡ ᠪᠦᠲᠦᠮᠵᠢᠳᠠᠢ ᠠᠷᠭ᠎ᠠ ᠬᠢᠳᠠᠯ᠂ ᠠᠮᠵᠢᠯᠳᠠ᠎ᠲᠠᠢ ᠲᠤᠷᠱᠢᠯᠭ᠎ᠠ᠎ᠪᠠᠨ ᠲᠠᠰᠤᠷᠠᠯᠳᠠ ᠦᠭᠡᠢ ᠳ᠋ᠦᠡᠭ᠌ᠨᠡᠭᠦ᠎ᠪᠠᠷ ᠲᠠᠮᠵᠢᠵᠦ᠍᠂ ᠴᠠᠬ ᠦᠶ᠎ᠠ᠎ᠲᠠᠢ ᠵᠡᠷᠭᠡ᠎ᠪᠠᠷ ᠤᠷᠤᠬ᠍ᠰᠢᠯᠠᠵᠦ᠍᠂ ᠵᠤᠷᠢᠬ᠍ᠳᠠᠢ᠎ᠪᠠᠷ ᠱᠢᠨ᠎ᠠ᠎ᠶ᠋ᠢ ᠡᠭᠦᠳᠤᠨ ᠬᠢᠨᠠᠯᠳᠠ ᠲᠠᠯᠪᠢᠬᠤ ᠠᠵᠢᠯ᠎ᠤᠨ ᠦᠷ᠎ᠠ ᠪᠦᠳᠤᠮᠵᠢ᠎ᠶ᠋ᠢ ᠵᠢᠯ ᠲᠤᠳᠤᠮ ᠲᠡᠭᠡᠭ᠌ᠰᠢᠯᠡᠭᠦᠯᠵᠦ᠍᠂ ᠬᠠᠤᠯᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠬᠤ ᠤᠯᠠᠮᠵᠢᠯᠠᠯᠳᠤ ᠬᠢᠨᠠᠯᠳᠠ ᠲᠠᠯᠪᠢᠬᠤ ᠬᠡᠯᠪᠡᠷᠢ᠎ᠳᠤ ᠱᠢᠨ᠎ᠠ ᠰᠤᠷᠭᠤᠭ ᠠᠮᠢᠵᠢᠷᠠᠯ᠎ᠤᠨ ᠬᠦᠴᠤᠨ ᠤᠯᠭᠤᠵᠦ᠍᠂ ᠬᠢᠨᠠᠯᠳᠠ ᠲᠠᠯᠪᠢᠬᠤ ᠠᠵᠢᠯ᠎ᠤᠨ ᠱᠢᠨ᠎ᠠ ᠪᠠᠢᠷᠢᠱᠢᠯ᠎ᠢ ᠪᠦᠷᠢᠯᠳᠤᠬᠦᠯᠪᠠ᠃

ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠳᠤ ᠤᠷᠤᠯᠴᠠᠬ᠍ᠰᠠᠨ ᠲᠦᠯᠦᠭᠡᠯᠡᠭ᠌ᠴᠢᠳ᠂ ᠪᠠᠢᠡᠭ᠌ᠭᠤ᠎ᠶ᠋ᠢᠨ ᠬᠤᠷᠢᠶ᠎ᠠ᠎ᠶ᠋ᠢᠨ ᠬᠢᠨᠠᠯᠳᠠ ᠲᠠᠯᠪᠢᠬᠤ ᠠᠵᠢᠯ᠎ᠳᠠᠬᠢ ᠱᠢᠨ᠎ᠠ᠎ᠶ᠋ᠢ ᠡᠭᠦᠳᠭᠦ᠌ ᠦᠢᠯᠡᠳᠤᠯᠭᠡ᠎ᠨᠢ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠨᠡᠩ ᠡᠷᠴᠢᠮ᠎ᠲᠠᠢ᠂ ᠨᠡᠩ ᠦᠷ᠎ᠠ ᠪᠦᠲᠦᠮᠵᠢ᠎ᠲᠠᠢ ᠪᠤᠯᠭᠠᠬ᠍ᠰᠠᠨ᠎ᠢᠶᠠᠷ ᠪᠠᠷᠠᠬᠤ ᠦᠭᠡᠢ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠡᠷᠭᠡ ᠰᠦᠷ᠎ᠢ ᠨᠡᠩ ᠭᠦᠢᠴᠡᠳ ᠢᠯᠡᠷᠡᠭᠦᠯᠪᠠ᠃ ᠡᠳᠡᠭᠡᠷ ᠠᠩᠬᠠᠳᠠᠭ᠍ᠴᠢ ᠪᠣᠯᠬᠤ ᠵᠢᠱ᠌ᠢᠶ᠎ᠠ᠎ᠨᠦᠭᠦᠳ᠎ᠨᠢ ᠦᠨᠳᠤᠰᠤᠨ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠳᠤ ᠵᠢᠱ᠌ᠢᠶ᠎ᠠ ᠲᠠᠭᠤᠷᠢᠶᠠᠯ ᠪᠤᠯᠤᠬ᠍ᠰᠠᠨ᠎ᠢᠶᠠᠷ ᠪᠠᠷᠠᠬᠤ ᠦᠭᠡᠢ᠂ ᠤᠯᠠᠨ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠰᠠᠢᠳᠤᠷ ᠬᠠᠨᠭ᠌ᠭᠠᠵᠦ᠍᠂ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠳᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠨᠡᠮᠡᠭ᠌ᠳᠡᠭᠦᠯᠵᠠᠢ ᠭᠡᠵᠦ᠍ ᠢᠯᠡᠷᠭᠡᠢᠯᠡᠵᠡᠭᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号