ᠬᠠᠨ ᠵᠶ᠋ᠢ ᠢᠦᠢ ᠬᠡᠱᠢᠬᠦᠨ᠄ ᠰᠦ᠎ᠶ᠋ᠢᠨ ᠦᠢᠯᠡᠰ᠎ᠤᠨ ᠬᠦᠭ᠌ᠵᠢᠯᠳᠡ᠎ᠶ᠋ᠢᠨ ᠰᠠᠢᠨ ᠡᠷᠬᠢᠯᠳᠡ᠎ᠶ᠋ᠢ ᠲᠦᠷᠭᠡᠳᠭᠡᠨ ᠪᠠᠶᠠᠯᠠᠬᠦᠯᠬᠦ᠌ ᠴᠢᠬᠤᠯᠠᠳᠠᠢ
2021-01-31 10:50:08
ᠵᠣᠬᠢᠶᠠᠭ᠍ᠴᠢ᠄
ᠱᠢᠶᠠᠩ ᠲᠤᠤ
ᠣᠩᠱᠢᠭ᠍ᠰᠠᠨ ᠣᠳᠠᠭ᠎ᠠ᠄
★★★☆☆


QQ截图20210131104054.jpg


ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ 《ᠰᠦ᠎ᠶ᠋ᠢᠨ ᠦᠢᠯᠡᠰ᠎ᠤᠨ ᠬᠦᠭ᠌ᠵᠢᠯᠳᠠ᠎ᠶ᠋ᠢ ᠬᠦᠨᠵᠡᠭᠡᠢ ᠠᠬᠢᠭᠤᠯᠵᠦ᠍᠂ ᠤᠯᠠᠮᠵᠢᠯᠠᠯᠲᠦ ᠴᠠᠭᠠᠨ ᠢᠳᠡᠭᠡᠨ᠎ᠤ ᠦᠢᠯᠡᠰ᠎ᠢ ᠠᠵᠦ᠍ ᠦᠢᠯᠡᠰᠵᠢᠬᠦᠯᠬᠦ᠌ ᠪᠠ ᠨᠠᠷᠠᠳᠤ ᠲᠦᠷᠦᠯ ᠲᠡᠮᠳᠡᠭ ᠪᠤᠯᠭᠠᠨ ᠬᠦᠭ᠌ᠵᠢᠬᠦᠯᠬᠦ᠌᠎ᠶ᠋ᠢ ᠲᠠᠮᠵᠢᠨ᠎ᠠ》 ᠭᠡᠵᠤ ᠲᠤᠷᠠᠳᠤᠵᠠᠢ᠃ ᠡᠨᠡ᠎ᠨᠢ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠬᠦᠨ᠂ ᠢᠯᠢ ᠪᠦᠯᠦᠭ᠌ᠯᠡᠯ᠎ᠤᠨ ᠰᠠᠭᠠᠯᠢ᠎ᠶ᠋ᠢᠨ ᠦᠨᠢᠶ᠎ᠡ᠎ᠶ᠋ᠢᠨ ᠱᠢᠨᠵᠢᠯᠡᠬᠦ᠌ ᠤᠬᠠᠭᠠᠨ ᠰᠤᠲᠤᠯᠭᠠᠨ᠎ᠤ ᠬᠦᠷᠢᠶᠡᠯᠡᠩ᠎ᠤᠨ ᠱᠢᠮ᠎ᠡ ᠲᠡᠵᠢᠭᠡᠯ᠎ᠤᠨ ᠲᠦᠪ᠎ᠤᠨ ᠲᠡᠳ᠋ ᠡᠷᠬᠢᠯᠡᠭ᠌ᠴᠢ ᠬᠠᠨ ᠵᠶ᠋ᠢ ᠢᠦᠢ᠎ᠳᠤ ᠮᠠᠰᠢ ᠶᠡᠭᠡ ᠵᠤᠷᠢᠬ᠍ᠵᠢᠭᠤᠯᠤᠯ ᠪᠤᠯᠤᠭ᠍ᠰᠠᠨ ᠪᠠᠢᠨ᠎ᠠ᠃

《ᠪᠠᠷᠢᠮᠵᠢᠶᠠᠵᠢᠬ᠍ᠰᠠᠨ᠂ ᠬᠡᠪᠴᠢᠶᠡᠵᠢᠭ᠌ᠰᠡᠨ᠂ ᠡᠷᠴᠢᠮᠵᠢᠭ᠌ᠰᠡᠨ ᠮᠠᠯᠵᠢᠯ᠎ᠤᠨ ᠲᠠᠯᠠᠪᠠᠢ᠎ᠶ᠋ᠢ ᠪᠦᠲᠦᠭᠡᠨ ᠪᠠᠢᠭᠤᠯᠵᠦ᠍᠂ ᠲᠡᠵᠢᠭᠡᠪᠦᠷᠢ᠎ᠶ᠋ᠢᠨ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠵᠦ᠍ ᠲᠡᠰ ᠲᠡᠪᠱᠢᠬᠦᠯᠬᠦ᠌ ᠪᠤᠯ ᠦᠪᠡᠷᠳᠡᠭᠡᠨ ᠵᠠᠰᠠᠬᠤ ᠤᠷᠤᠨ᠎ᠤ ᠰᠦ᠎ᠶ᠋ᠢᠨ ᠦᠢᠯᠡᠰ᠎ᠤᠨ ᠢᠷᠡᠭᠡᠲᠦᠢ᠎ᠶ᠋ᠢᠨ ᠬᠦᠭ᠌ᠵᠢᠯᠳᠡ᠎ᠶ᠋ᠢᠨ ᠵᠠᠢᠯᠠᠰᠢ ᠦᠬᠡᠢ ᠰᠤᠩᠭᠤᠯᠲᠠ ᠮᠦᠨ》 ᠬᠡᠵᠤ ᠬᠠᠨ ᠵᠶ᠋ᠢ ᠢᠦᠢ ᠭᠡᠱᠢᠬᠦᠨ ᠶᠠᠷᠢᠨ᠎ᠠ᠃ ᠲᠡᠷᠡ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠲᠦᠷᠪᠠᠳᠤᠭᠡᠷ ᠬᠤᠷᠠᠯ᠎ᠳᠤ ᠰᠦ᠎ᠶ᠋ᠢᠨ ᠦᠢᠯᠡᠰ᠎ᠤᠨ ᠰᠠᠭᠤᠷᠢ ᠲᠦᠬᠦᠬᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠡᠯᠡ ᠤᠷᠤᠭᠤᠯᠤᠯᠲᠠ᠎ᠶ᠋ᠢᠨ ᠲᠠᠪᠴᠠᠩ᠎ᠢ ᠪᠠᠢᠭᠤᠯᠵᠦ᠍᠂ ᠰᠦ᠎ᠶ᠋ᠢᠨ ᠦᠢᠯᠡᠰ᠎ᠤᠨ ᠬᠦᠭ᠌ᠵᠢᠯᠳᠡ᠎ᠶ᠋ᠢᠨ ᠰᠠᠢᠨ ᠡᠷᠬᠢᠯᠳᠡ᠎ᠶ᠋ᠢ ᠲᠦᠷᠭᠡᠳᠭᠡᠨ ᠪᠠᠶᠠᠯᠠᠬᠦᠯᠬᠦ᠌ ᠲᠤᠬᠠᠢ ᠰᠠᠨᠠᠯ ᠲᠤᠷᠠᠲᠤᠯᠭ᠎ᠠ ᠲᠠᠪᠱᠢᠬᠦᠯᠪᠠ᠃

ᠬᠠᠨ ᠵᠶ᠋ᠢ ᠢᠦᠢ ᠭᠡᠱᠢᠬᠦᠨ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠲᠤᠨ ᠪᠤᠯᠤᠨ ᠰᠦ᠎ᠶ᠋ᠢᠨ ᠦᠢᠯᠡᠰ᠎ᠤᠨ ᠲᠠᠭᠠᠭᠤᠯᠤᠬ᠍ᠴᠢ ᠠᠵᠦ᠍ ᠠᠬᠤᠢ᠍ᠢᠯᠠᠯ᠎ᠨᠢ ᠬᠠᠮᠲᠦ᠎ᠪᠠᠷ ᠲᠠᠪᠴᠠᠩ᠎ᠤᠨ ᠺᠤᠮᠫᠠᠨᠢ ᠪᠠᠢᠭᠤᠯᠵᠦ᠍᠂ ᠦᠪᠡᠷᠳᠡᠭᠡᠨ ᠵᠠᠰᠠᠬᠤ ᠤᠷᠤᠨ᠎ᠤ ᠬᠠᠷᠢᠶᠠᠨ᠎ᠳᠠᠬᠢ ᠬᠡᠪᠴᠢᠶᠡᠵᠢᠭ᠌ᠰᠡᠨ ᠮᠠᠯᠵᠢᠯ᠎ᠤᠨ ᠲᠠᠯᠠᠪᠠᠢ᠎ᠶ᠋ᠢᠨ ᠰᠠᠭᠤᠷᠢ ᠲᠦᠬᠦᠬᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠪᠤᠯᠤᠨ ᠲᠦᠷᠢᠶᠡᠰᠦᠯᠡᠬᠦᠯᠬᠦ᠌ ᠬᠠᠮᠢᠶᠠᠷᠤᠯᠲᠠ᠎ᠶ᠋ᠢ ᠬᠠᠷᠢᠭᠤᠴᠠᠭᠤᠯᠵᠦ᠍᠂ ᠲᠠᠪᠴᠠᠩ᠎ᠤᠨ ᠬᠡᠯᠪᠡᠷᠢ᠎ᠶ᠋ᠢᠨ ᠠᠵᠦ᠍ ᠠᠬᠤᠢ᠍ᠢᠯᠠᠯ᠎ᠤᠨ ᠲᠠᠪᠠᠭᠤᠯᠢᠭ᠎ᠢ ᠬᠦᠢᠴᠡᠳ ᠪᠠᠲᠠᠷᠠᠭᠤᠯᠤᠨ ᠭᠠᠵᠠᠷ ᠱᠢᠷᠤᠢ᠂ ᠪᠡᠯᠡ ᠮᠦᠡᠭ᠌ᠬᠦ᠂ ᠮᠡᠷᠭᠡᠵᠢᠯ ᠪᠠ ᠵᠠᠬ᠎ᠠ ᠲᠡᠯᠭᠡᠬᠦᠷ᠎ᠤᠨ ᠠᠰᠠᠭᠤᠲᠠᠯ᠎ᠢ ᠱᠢᠢᠳᠪᠦᠷᠢᠯᠡᠵᠤ ᠪᠤᠯᠤᠨ᠎ᠠ᠃ ᠪᠡᠯᠡ ᠤᠷᠤᠭᠤᠯᠤᠬ᠍ᠴᠢᠳ ᠲᠠᠪᠴᠠᠩ᠎ᠤᠨ ᠺᠤᠮᠫᠠᠨᠢ᠎ᠪᠠᠷ ᠲᠠᠮᠵᠢᠨ ᠮᠠᠯᠵᠢᠯ᠎ᠤᠨ ᠲᠠᠯᠠᠪᠠᠢ ᠲᠦᠷᠢᠶᠡᠰᠦᠯᠡᠵᠦ᠍᠂ ᠨᠢᠬᠡᠲᠦᠯᠳᠡᠢ ᠪᠠᠷᠢᠮᠵᠢᠶ᠎ᠠ ᠪᠦᠬᠦᠢ ᠬᠠᠮᠢᠶᠠᠷᠤᠯᠲᠠ ᠲᠤᠤᠷ᠎ᠠ ᠮᠠᠯᠵᠢᠯ᠎ᠤᠨ ᠲᠠᠯᠠᠪᠠᠢ᠎ᠳᠤ ᠨᠤᠲᠤᠭ᠍ᠰᠢᠵᠦ᠍᠂ ᠮᠠᠯᠵᠢᠯ᠎ᠤᠨ ᠲᠠᠯᠠᠪᠠᠢ᠎ᠶ᠋ᠢᠨ ᠦᠢᠯᠡᠳᠪᠦᠷᠢᠯᠡᠯ ᠡᠵᠡᠩᠨᠡᠯᠳᠡ᠎ᠶ᠋ᠢ ᠬᠠᠷᠢᠭᠤᠴᠠᠵᠤ ᠪᠤᠯᠤᠨ᠎ᠠ᠃ ᠰᠦ᠎ᠶ᠋ᠢᠨ ᠦᠢᠯᠡᠰ᠎ᠤᠨ ᠲᠠᠭᠠᠭᠤᠯᠤᠬ᠍ᠴᠢ ᠠᠵᠦ᠍ ᠠᠬᠤᠢ᠍ᠢᠯᠠᠯ᠎ᠨᠢ ᠲᠦᠬᠦᠬᠡᠢ ᠰᠦ ᠬᠤᠲᠠᠯᠲᠤᠨ ᠠᠪᠬᠤ᠎ᠶ᠋ᠢ ᠪᠠᠲᠤᠯᠠᠨ᠂ ᠠᠵᠦ᠍ ᠦᠢᠯᠡᠰ᠎ᠤᠨ ᠪᠡᠯᠡ ᠤᠷᠤᠭᠤᠯᠤᠬ᠍ᠴᠢᠳ ᠰᠦ ᠬᠤᠲᠠᠯᠲᠤᠭ᠍ᠰᠠᠨ ᠵᠤᠭᠤᠰ᠎ᠢᠶᠠᠷ᠎ᠢᠶᠠᠨ ᠲᠦᠷᠢᠶᠡᠰᠦᠨ ᠮᠦᠡᠭ᠌ᠬᠦ᠎ᠪᠠᠨ ᠲᠦᠯᠦᠪᠦᠷᠢᠯᠡᠬᠦ᠌᠎ᠶ᠋ᠢ ᠪᠠᠲᠤᠯᠠᠵᠦ᠍᠂ ᠡᠴᠤᠰ᠎ᠲᠡᠭᠡᠨ ᠭᠤᠷᠪᠠᠨ ᠲᠠᠯ᠎ᠠ᠎ᠪᠠᠷ᠎ᠢᠶᠠᠨ ᠪᠦᠷ ᠠᠱᠢᠭ ᠬᠦᠷᠳᠡᠬᠦ᠌᠎ᠶ᠋ᠢ ᠪᠠᠶᠠᠯᠠᠬᠦᠯᠵᠤ ᠲᠠᠢᠯᠤᠨ᠎ᠠ ᠭᠡᠵᠤ ᠦᠪᠡᠷ᠎ᠤᠨ ᠪᠤᠳᠤᠯ ᠦᠵᠡᠯᠳᠡ᠎ᠪᠠᠨ ᠲᠡᠯᠭᠡᠵᠤ ᠭᠠᠷᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号