
《ᠳ᠋ᠤᠭᠠᠷᠯᠠᠬᠤ ᠴᠠᠭ᠎ᠢ 20 — 30 ᠮᠢᠨᠦ᠋ᠲ ᠪᠠᠢᠭ᠍ᠰᠠᠨ᠎ᠠᠴᠠ 1 ᠮᠢᠨᠦ᠋ᠲ ᠪᠣᠯᠭᠠᠨ ᠪᠣᠭᠤᠨᠢᠰᠭᠠᠵᠤ᠂ ᠡᠮᠨᠡᠭᠦᠯᠬᠦ᠌ ᠴᠠᠭ᠎ᠢ 40 — 60 ᠮᠢᠨᠦ᠋ᠲ ᠪᠠᠢᠭ᠍ᠰᠠᠨ᠎ᠠᠴᠠ 13 ᠮᠢᠨᠦ᠋ᠲ ᠪᠣᠯᠭᠠᠨ ᠪᠣᠭᠤᠨᠢᠰᠭᠠᠯᠠ᠃ ᠰᠦᠶᠳᠭᠡᠯ ᠲᠤᠱᠢᠶᠠᠵᠤ ᠡᠮ ᠠᠪᠬᠤ ᠴᠠᠭ᠎ᠢ 15 ᠮᠢᠨᠦ᠋ᠲ ᠪᠠᠢᠭ᠍ᠰᠠᠨ᠎ᠠᠴᠠ 3 ᠮᠢᠨᠦ᠋ᠲ ᠪᠣᠯᠭᠠᠨ ᠪᠣᠭᠤᠨᠢᠰᠭᠠᠪᠠ᠂ ᠪᠠᠰᠠ ᠲᠦᠷᠭᠡᠨ ᠬᠦᠷᠭᠡᠯᠲᠡ᠎ᠪᠠᠷ ᠬᠡᠷ᠎ᠲᠤ᠎ᠨᠢ ᠬᠦᠷᠭᠡᠵᠦ᠍ ᠪᠣᠯᠤᠨ᠎ᠠ》᠃ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠦᠪᠡᠷᠳᠡᠭᠡᠨ ᠵᠠᠰᠠᠬᠤ ᠤᠷᠤᠨ᠎ᠤ ᠬᠠᠪᠤᠳᠠᠷ᠎ᠤᠨ ᠡᠮᠨᠡᠯᠬᠡ᠎ᠶ᠋ᠢᠨ ᠬᠤᠷᠢᠶ᠎ᠠ (ᠦᠪᠤᠷ ᠮᠤᠩᠭᠤᠯ᠎ᠤᠨ ᠠᠨᠠᠭᠠᠬᠤ ᠤᠠᠬ᠍ᠭᠠᠨᠤ ᠶᠡᠭᠡ ᠰᠤᠷᠭᠠᠭᠤᠯᠢ᠎ᠶ᠋ᠢᠨ ᠬᠠᠷᠢᠶᠠᠳᠤ ᠠᠷᠠᠳ᠎ᠤᠨ ᠡᠮᠨᠡᠯᠭᠡ᠎ᠶ᠋ᠢᠨ ᠬᠤᠷᠢᠶ᠎ᠠ) ᠶ᠋ᠢᠨ ᠲᠠᠷᠤᠭ᠎ᠠ ᠵᠣᠣ ᠬᠠᠶ ᠫᠢᠩ ᠣᠶᠤᠨᠴᠢ ᠡᠮᠨᠡᠯᠭᠡ᠎ᠶ᠋ᠢᠨ ᠬᠤᠷᠢᠶ᠎ᠠ ᠪᠣᠯᠤᠨ ᠢᠨᠲ᠋ᠧᠷ ᠰᠦᠯᠵᠢᠶᠡᠨ᠎ᠤ ᠡᠮᠨᠡᠯᠭᠡ᠎ᠶ᠋ᠢᠨ ᠬᠤᠷᠢᠶ᠎ᠠ᠎ᠶ᠋ᠢᠨ ᠡᠪᠡᠳᠴᠢᠲᠡᠨ᠎ᠳᠤ ᠠᠪᠴᠢᠷᠠᠭ᠍ᠰᠠᠨ ᠲᠥᠬᠦᠮ ᠨᠥᠬᠦᠴᠡᠯ᠎ᠤᠨ ᠲᠤᠬᠠᠢ ᠰᠤᠷᠪᠤᠯᠵᠢᠯᠠᠬ᠍ᠴᠢ᠎ᠳᠤ ᠢᠩᠬᠢᠵᠦ᠍ ᠲᠠᠨᠢᠯᠴᠠᠭᠤᠯᠤᠯ᠎ᠡ᠃
ᠵᠣᠣ ᠬᠠᠶ ᠫᠢᠩ ᠬᠡᠱᠢᠬᠦᠨ᠄ 《2020 ᠣᠨ᠎ᠤ 5 ᠰᠠᠷ᠎ᠠ᠎ᠶ᠋ᠢᠨ 12 ᠤᠨ ᠡᠳᠦᠷ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶᠠᠨ᠎ᠤ ᠡᠭᠦᠯᠡᠨ ᠡᠮᠴᠢᠯᠡᠭᠡᠨ᠎ᠤ ᠲᠠᠰᠤᠭ᠎ᠤᠨ᠎ᠬᠢᠨ ᠸᠢᠳᠢᠣ᠋᠎ᠪᠠᠷ ᠠᠰᠠᠭᠤᠨ ᠣᠨᠣᠱᠢᠯᠠᠬᠤ ᠠᠵᠢᠯᠯᠠᠭ᠎ᠠ ᠥᠷᠨᠢᠭᠦᠯᠪᠡ᠃ 2021 ᠣᠨ᠎ᠤ 1 ᠰᠠᠷ᠎ᠠ᠎ᠶ᠋ᠢᠨ 4 ᠤ ᠡᠳᠦᠷ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶ᠎ᠠ ᠥᠪᠥᠷ ᠮᠣᠩᠭᠤᠯ ᠣᠷᠣᠨ᠎ᠤ ᠠᠩᠬᠠᠳᠠᠭ᠍ᠴᠢ ᠢᠨᠲ᠋ᠧᠷ ᠰᠦᠯᠵᠢᠶᠡᠨ᠎ᠤ ᠡᠮᠨᠡᠯᠭᠡ᠎ᠶ᠋ᠢᠨ ᠬᠤᠷᠢᠶᠠᠨ᠎ᠤ ᠫᠠᠢᠰᠠ ᠦᠨᠡᠮᠯᠡᠯ᠎ᠢ ᠤᠯᠪᠠ᠃ ᠣᠳᠣᠬᠠᠨ ᠪᠣᠯᠲᠠᠯ᠎ᠠ᠂ 35 ᠲᠤᠰᠭᠠᠶ ᠮᠡᠷᠭᠡᠵᠢᠯᠲᠡᠨ ᠡᠭᠦᠯᠡᠨ ᠡᠮᠴᠢᠯᠡᠭᠡᠨ᠎ᠤ ᠲᠠᠰᠤᠭ᠎ᠢᠶᠠᠷ ᠳᠠᠮᠵᠢᠭᠤᠯᠤᠨ ᠡᠪᠡᠳᠴᠢᠲᠡᠨ᠎ᠳᠤ ᠰᠤᠳᠠᠯ ᠪᠠᠷᠢᠵᠤ ᠣᠨᠣᠱᠢᠯᠠᠯᠲᠠ ᠬᠢᠵᠦ᠍᠂ 50 ᠭᠠᠷᠤᠶ ᠲᠤᠰᠭᠠᠶ ᠮᠡᠷᠭᠡᠵᠢᠯᠲᠡᠨ ᠢᠨᠲ᠋ᠧᠷ ᠰᠦᠯᠵᠢᠶᠡᠨ᠎ᠤ ᠡᠮᠨᠡᠯᠭᠡ᠎ᠶ᠋ᠢᠨ ᠬᠤᠷᠢᠶ᠎ᠠ᠎ᠶ᠋ᠢ ᠠᠱᠢᠭ᠍ᠯᠠᠨ ᠰᠦᠯᠵᠢᠶᠡᠨ᠎ᠤ ᠠᠨᠠᠭᠠᠬᠤ ᠤᠬᠠᠭᠠᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠱᠢᠭᠤᠳ ᠨᠡᠪᠲᠡᠷᠡᠭᠦᠯᠭᠡ ᠬᠢᠵᠦ᠍ ᠪᠠᠢᠨ᠎ᠠ᠃ ᠣᠶᠤᠨᠴᠢ ᠡᠮᠨᠡᠯᠭᠡ᠎ᠶ᠋ᠢᠨ ᠬᠤᠷᠢᠶ᠎ᠠ ᠪᠣᠯᠤᠨ ᠢᠨᠲ᠋ᠧᠷ ᠰᠦᠯᠵᠢᠶᠡᠨ᠎ᠤ ᠡᠮᠨᠡᠯᠭᠡ᠎ᠶ᠋ᠢᠨ ᠬᠤᠷᠢᠶ᠎ᠠ᠎ᠨᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ᠂ ᠠᠷᠠᠳ ᠤᠯᠠᠨ᠎ᠤ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠵᠡᠷᠭᠡ ᠲᠠᠯ᠎ᠠ᠎ᠪᠠᠷ ᠢᠳᠡᠪᠬᠢᠲᠡᠢ ᠦᠢᠯᠡᠳᠦᠯ ᠦᠵᠡᠭᠦᠯᠵᠤ ᠪᠤᠢ》 ᠬᠡᠪᠠ᠃
《ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶ᠎ᠠ ᠢᠨᠲ᠋ᠧᠷ ᠰᠦᠯᠵᠢᠶᠡᠨ᠎ᠤ ᠡᠮᠨᠡᠯᠭᠡ᠎ᠶ᠋ᠢᠨ ᠬᠤᠷᠢᠶᠠᠨ᠎ᠤ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶᠯ᠎ᠢ ᠦᠷᠭᠦᠯᠵᠢᠯᠡᠨ ᠨᠠᠷᠢᠯᠢᠬ᠍ᠵᠢᠭᠤᠯᠵᠤ᠂ ᠳᠠᠬᠢᠨ ᠣᠨᠣᠱᠢᠯᠠᠬᠤ ᠪᠠᠢᠳᠠᠯ᠎ᠳᠤ ᠴᠢᠭ᠌ᠯᠡᠭᠦᠯᠦᠨ ᠪᠥᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠡᠮᠴᠢᠯᠡᠬᠦ᠌᠎ᠶ᠋ᠢ ᠪᠡᠶᠡᠯᠡᠭᠦᠯᠵᠠᠢ᠂ ᠡᠭᠦᠨ᠎ᠠᠴᠠ ᠭᠠᠳᠠᠨ᠎ᠠ ᠡᠮ ᠡᠮᠨᠡᠯᠭᠡ᠎ᠶ᠋ᠢᠨ ᠳᠠᠭᠠᠳᠭᠠᠯ᠎ᠤᠨ ᠰᠦᠯᠵᠢᠶᠡᠨ ᠳᠡᠭᠡᠷ᠎ᠡ ᠲᠤᠭᠠᠴᠠᠭ᠎ᠠ ᠬᠢᠬᠦ᠌᠎ᠶ᠋ᠢ ᠴᠤ᠌ ᠠᠯᠢ ᠲᠦᠷᠭᠡᠨ ᠨᠡᠪᠲᠡᠷᠡᠭᠦᠯᠵᠦ᠍᠂ ᠨᠠᠩ ᠣᠯᠠᠨ ᠡᠪᠡᠳᠴᠢᠲᠡᠨ᠎ᠳᠤ ᠢᠨᠲ᠋ᠧᠷ ᠰᠦᠯᠵᠢᠶᠡᠨ᠎ᠤ ᠡᠮᠨᠡᠯᠭᠡ᠎ᠶ᠋ᠢᠨ ᠬᠤᠷᠢᠶᠠᠨ᠎ᠤ ᠲᠥᠬᠦᠮ ᠨᠥᠬᠦᠴᠡᠯ᠎ᠢ ᠡᠳ᠋ᠯᠡᠭᠦᠯᠦᠨ᠎ᠡ》 ᠬᠡᠵᠦ᠍ ᠵᠤᠤ ᠬᠠᠢ ᠫᠢᠩ ᠬᠡᠱᠢᠬᠦᠨ ᠰᠤᠷᠪᠤᠯᠵᠢᠯᠠᠬ᠍ᠴᠢ᠎ᠳᠤ ᠭᠡᠯᠠᠵᠦ᠍ ᠪᠠᠢᠯ᠎ᠠ᠃