ᠤᠢ᠍ᠢᠷ᠎ᠠ᠎ᠶ᠋ᠢᠨ ᠡᠳᠦᠷ᠂ ᠤᠯᠠᠭᠠᠨᠬᠠᠳᠠ ᠬᠤᠲᠠ᠎ᠶ᠋ᠢᠨ ᠡᠯ᠎ᠠ ᠬᠤᠱᠢᠭᠤ ᠱᠢᠶᠠᠨ ᠲᠤᠭᠤᠷᠢᠭ᠎ᠤᠨ ᠺᠠᠳ᠋ᠷ ᠤᠯᠠᠨ ᠲᠦᠮᠡᠨ ᠰᠤᠨᠢᠨ ᠰᠡᠳᠭᠦᠯ᠂ ᠭᠠᠷ ᠤᠲᠠᠰᠤ᠂ ᠵᠢᠷᠬᠢᠶ᠎ᠡ ᠲᠡᠪᠴᠡᠩ᠂ ᠰᠦᠯᠵᠢᠶ᠎ᠡ᠎ᠪᠠᠷ ᠪᠦᠭᠦ᠌ ᠤᠷᠤᠨ᠎ᠤ 《ᠬᠤᠶᠠᠷ ᠬᠤᠷᠠᠯ》 ᠤᠨ ᠠᠭᠤᠯᠭ᠎ᠠ᠎ᠶ᠋ᠢ ᠴᠠᠭ ᠲᠤᠬᠠᠢᠳᠤᠨᠢ ᠤᠢ᠍ᠢᠯᠠᠭᠠᠵᠤ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠳᠤᠷᠠᠳᠤᠭ᠍ᠰᠠᠨ ᠲᠦᠯᠦᠪᠯᠡᠭᠡ ᠬᠠᠷᠠᠯᠲᠠ᠎ᠳᠤ ᠤᠷᠮᠠᠱᠢᠨ ᠵᠤᠷᠢᠭ᠍ᠵᠢᠵᠤ᠂ ᠢᠷᠡᠬᠦ᠌ ᠮᠠᠷᠭᠠᠰᠢ᠎ᠶ᠋ᠢᠨ ᠰᠠᠢᠨ ᠰᠠᠢᠬᠠᠨ ᠠᠮᠢᠳᠤᠷᠠᠯ᠎ᠢᠶᠠᠨ ᠴᠤᠭ᠍ᠴᠠᠯᠠᠬᠤ᠎ᠳᠤ ᠢᠲᠡᠭᠡᠯ ᠲᠡᠭᠦᠯᠳᠡᠷ ᠪᠠᠢᠨ᠎ᠠ᠃
《ᠪᠦ᠋ ᠱᠢᠶᠤᠤ ᠯᠢᠨ ᠲᠡᠷᠢᠭᠦᠯᠡᠭ᠌ᠴᠢ᠎ᠶ᠋ᠢᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ 〈ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ〉 ᠭᠡᠵᠦ᠍ ᠳᠤᠷᠠᠳᠤᠭ᠍ᠰᠠᠨ᠎ᠨᠢ ᠦᠨᠳᠦᠰᠦᠨ ᠱᠠᠲᠤᠨ᠎ᠤ ᠺᠠᠳ᠋ᠷ ᠠᠵᠢᠯᠲᠠᠳ᠎ᠤᠨ ᠡᠷᠴᠢ ᠵᠤᠷᠢᠭ᠎ᠢ ᠬᠦᠪᠴᠢᠯᠡᠯ᠎ᠡ᠃ 2019 ᠣᠨ᠎ᠤ 5 ᠰᠠᠷ᠎ᠠ᠎ᠳᠤ ᠬᠥᠳᠡᠭᠡ ᠲᠣᠰᠭᠤᠨ᠎ᠤ ᠵᠣᠷᠯᠣᠩ᠎ᠢ ᠥᠭᠡᠷᠡᠴᠢᠯᠡᠨ ᠪᠠᠢᠭᠤᠯᠬᠤ ᠠᠵᠢᠯ᠎ᠢ ᠡᠬᠢᠯᠡᠭᠦᠯᠦᠭ᠌ᠰᠡᠨ᠎ᠠᠴᠠ ᠨᠠᠭᠠᠰᠢ᠂ ᠬᠠᠷᠠᠴᠢᠨ ᠬᠤᠱᠢᠭᠤ ᠵᠣᠷᠯᠣᠩ᠎ᠢ ᠥᠭᠡᠷᠡᠴᠢᠯᠡᠬᠦ᠌ ᠭᠤᠷᠪᠠᠨ ᠵᠦᠢᠯ᠎ᠤᠨ ᠵᠠᠭ᠍ᠪᠤᠷ ᠲᠣᠭ᠍ᠲᠠᠭᠠᠬᠤ᠎ᠶ᠋ᠢᠨ ᠬᠠᠮᠲᠤ ᠬᠥᠳᠡᠭᠡ ᠲᠣᠰᠭᠤᠨ᠎ᠤ ᠣᠷᠣᠱᠢᠨ ᠠᠮᠢᠳᠤᠷᠠᠬᠤ ᠣᠷᠴᠢᠨ ᠨᠦᠭᠦᠴᠡᠯ᠎ᠢ ᠴᠡᠭ᠌ᠴᠡᠯᠡᠨ ᠵᠠᠰᠠᠬᠤ ᠵᠢᠱ᠌ᠢᠶ᠎ᠡ ᠦᠵᠡᠭᠦᠯᠬᠦ᠌ ᠪᠦᠰᠡ᠂ ᠵᠢᠱ᠌ᠢᠶ᠎ᠡ ᠦᠵᠡᠭᠦᠯᠬᠦ᠌ ᠲᠣᠰᠭᠤᠨ ᠪᠠ ᠵᠢᠭᠤᠯᠴᠢᠯᠠᠯ᠎ᠤᠨ ᠭᠤᠣᠯᠳᠠᠯᠭ᠎ᠠ᠎ᠲᠠᠢ ᠣᠷᠣᠨ᠎ᠢᠶᠠᠷ ᠭᠤᠤᠯ ᠪᠣᠯᠭᠠᠨ ᠲᠥᠪᠯᠡᠷᠡᠭᠦᠯᠦᠨ ᠠᠬᠢᠭᠤᠯᠵᠤ᠂ 11 ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢᠨ 148 ᠵᠠᠰᠠᠭ ᠵᠠᠬᠢᠷᠭᠠᠨ᠎ᠤ ᠲᠣᠰᠭᠤᠨ᠎ᠢ ᠪᠦᠷᠬᠦᠵᠦ᠍᠂ ᠲᠤᠰ ᠵᠢᠯ᠎ᠳᠡᠭᠡᠨ 1525 ᠵᠣᠷᠯᠣᠩ᠎ᠢ ᠥᠭᠡᠷᠡᠴᠢᠯᠡᠵᠦ᠍᠂ ᠨᠢᠳᠤᠨᠤᠠ 1.65 ᠲᠦᠮᠡᠡ ᠵᠣᠷᠯᠣᠩ᠎ᠢ ᠥᠭᠡᠷᠡᠴᠢᠯᠡᠵᠡᠢ᠃ ᠲᠠᠷᠠᠭᠠᠴᠢ᠎ᠪᠠᠷ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠠᠵᠢᠯ᠎ᠳᠤ ᠨᠡᠩ ᠬᠦᠴᠦ᠍ ᠲᠠᠯᠪᠢᠨ᠂ ᠠᠷᠠᠳ ᠤᠯᠠᠠ᠎ᠤ ᠵᠢᠷᠭᠠᠯᠳᠤ ᠲᠦᠷᠦᠭ᠌ᠳᠡᠯ᠂ ᠬᠦᠷᠲᠡᠮᠵᠢ᠎ᠶ᠋ᠢᠨ ᠲᠦᠷᠦᠭ᠌ᠳᠡᠯ᠎ᠢ ᠤᠯᠠᠮ ᠨᠢᠭᠡ ᠠᠯᠬᠤᠮ ᠨᠡᠮᠡᠭ᠌ᠳᠡᠭᠦᠯᠦᠨ᠎ᠡ》 ᠭᠡᠵᠦ᠍ ᠬᠠᠷᠠᠴᠢᠨ ᠬᠤᠱᠢᠭᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠲᠤᠪᠴᠢᠶ᠎ᠠ᠎ᠶ᠋ᠢᠨ ᠳᠠᠷᠤᠭ᠎ᠠ ᠪᠢᠯᠢᠭ᠌ᠲᠦ ᠶᠠᠷᠢᠨ᠎ᠠ᠃
ᠪᠠᠭᠠᠷᠢᠨ ᠵᠡᠭᠦᠨ ᠬᠤᠱᠢᠭᠤᠨ᠎ᠤ ᠹᠦ᠋ ᠾᠧ ᠪᠠᠯᠭᠠᠰᠤᠨ᠎ᠤ ᠤᠯᠠᠭᠠᠨᠳᠠᠪᠠᠭ᠎ᠠ ᠲᠣᠰᠭᠤᠨ᠎ᠤ ᠡᠳᠦᠷ ᠰᠥᠨᠢ᠎ᠶ᠋ᠢᠨ ᠳᠤᠯᠠᠭᠠᠨ᠎ᠤ ᠵᠥᠷᠢᠶ᠎ᠡ ᠶᠡᠭᠡ᠂ ᠡᠪᠡᠰᠦᠨ ᠡᠮ ᠲᠠᠷᠢᠬᠤ᠎ᠳᠤ ᠮᠠᠰᠢ ᠲᠣᠬᠢᠷᠠᠮᠵᠢᠲᠠᠶ᠃ ᠸᠠᠩ ᠯᠢ ᠬᠤᠢ ᠣᠯᠠᠨ ᠵᠢᠯ᠎ᠤᠨ ᠲᠤᠷᠰᠢ ᠡᠪᠡᠰᠦᠨ ᠡᠮ ᠬᠤᠳᠠᠯᠳᠤᠵᠤ ᠪᠤᠷᠤᠯᠠᠭᠤᠯᠤᠭ᠍ᠰᠠᠨ ᠲᠤᠷᠱᠢᠯᠭ᠎ᠠ᠎ᠳᠠᠭᠠᠨ ᠲᠦᠱᠢᠭ᠌ᠯᠡᠨ᠂ ᠲᠤᠰᠭᠤᠨ᠎ᠳᠠᠭᠠᠨ ᠬᠠᠮᠤᠭ ᠲᠦᠷᠦᠭᠦᠨ᠎ᠳᠤ ᠡᠪᠡᠰᠦᠨ ᠡᠮ ᠲᠤᠷᠱᠢᠨ ᠲᠠᠷᠢᠵᠤ᠂ ᠲᠣᠰᠭᠤᠨ᠎ᠤ ᠠᠷᠠᠳ᠎ᠢᠶᠠᠨ ᠳᠠᠭᠠᠭᠤᠯᠤᠨ ᠪᠠᠶᠠᠵᠢᠯ᠎ᠤᠨ ᠵᠠᠮ᠎ᠢᠶᠠᠷ ᠵᠠᠮᠨᠠᠪᠠ᠃ 《ᠲᠣᠰᠭᠤᠨ᠎ᠤ ᠶᠠᠳᠠᠭᠤ ᠬᠦᠴᠢᠷᠳᠡᠯᠲᠡᠶ ᠡᠷᠦᠬᠡ ᠪᠠᠰᠠ ᠲᠠᠷᠢᠶᠠᠯᠠᠩ᠎ᠤᠨ ᠰᠡᠯᠡᠭᠦᠦ ᠴᠠᠭ᠎ᠢᠶᠠᠷ᠎ᠢᠶᠠᠨ ᠡᠪᠡᠰᠤᠨ ᠡᠮ᠎ᠤᠨ ᠲᠤᠰᠭᠠᠢ ᠬᠤᠷᠱᠢᠶᠠᠨ᠎ᠳᠤ ᠢᠷᠡᠭᠡᠳ ᠡᠪᠡᠰᠦᠨ ᠡᠮ ᠳᠠᠷᠢᠵᠤ ᠠᠷᠠᠴᠢᠯᠠᠬᠤ ᠠᠵᠢᠯ ᠬᠢᠵᠦ᠍ ᠤᠷᠤᠯᠭ᠎ᠠ᠎ᠪᠠᠨ ᠨᠡᠮᠡᠭ᠌ᠳᠡᠭᠦᠯᠵᠦ᠍ ᠪᠤᠯᠤᠨ᠎ᠠ᠃ ᠣᠳᠣ ᠬᠤᠷᠱᠢᠶ᠎ᠠ᠎ᠶ᠋ᠢᠨ ᠡᠪᠡᠰᠦᠨ ᠡᠮ᠎ᠤᠨ ᠲᠠᠷᠢᠮᠠᠯ᠎ᠤᠨ ᠲᠠᠯᠠᠪᠠᠢ 1300 ᠭᠠᠷᠤᠢ ᠮᠦ᠍᠎ᠳᠤ ᠬᠦᠷᠴᠦ᠍᠂ ᠮᠦ᠍ ᠳᠤᠮᠳᠠᠴᠢ᠎ᠶ᠋ᠢᠨ ᠴᠡᠪᠡᠷ ᠤᠷᠤᠯᠭ᠎ᠠ 2000 ᠲᠥᠭᠦᠷᠢᠭ᠎ᠢ ᠲᠡᠪᠠᠵᠥ᠍ ᠪᠤᠢ᠃ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ 〈ᠰᠠᠭᠤᠭᠠᠯᠢ ᠠᠷᠠᠳ᠎ᠤᠨ ᠤᠷᠤᠯᠭ᠎ᠠ᠎ᠶ᠋ᠢ ᠲᠤᠭ᠍ᠲᠠᠭᠤᠨ᠎ᠢᠶᠠᠷ ᠨᠡᠮᠡᠭ᠌ᠳᠡᠭᠦᠯᠦᠨ᠎ᠡ〉 ᠭᠡᠵᠦ᠍ ᠳᠤᠷᠠᠳᠪᠠ᠂ ᠪᠢ ᠴᠤ᠌ ᠡᠨᠡ ᠬᠦ᠌ ᠶᠡᠭᠡ ᠬᠠᠷᠠᠯᠲᠠ᠎ᠶ᠋ᠢᠨ ᠲᠤᠭᠤᠷᠢᠨ᠎ᠳᠤ ᠦᠪᠡᠷ᠎ᠤᠨ ᠬᠠᠷᠠᠯᠲᠠ᠎ᠪᠠᠨ ᠲᠤᠭ᠍ᠲᠠᠭᠠᠵᠠᠢ᠃ ᠲᠣᠰᠭᠤᠨ᠎ᠤ ᠠᠷᠠᠳ᠎ᠢᠶᠠᠨ ᠳᠠᠢᠴᠢᠯᠠᠨ ᠡᠪᠡᠰᠦᠨ ᠡᠮ ᠲᠠᠷᠢᠵᠤ᠂ ᠣᠷᠣᠯᠭ᠎ᠠ᠎ᠶ᠋ᠢ ᠨᠡᠮᠡᠭ᠌ᠳᠡᠭᠦᠯᠬᠦ᠌ ᠪᠤᠯ ᠮᠢᠨᠦ᠍ ᠱᠢᠨ᠎ᠡ ᠵᠢᠯ᠎ᠤᠨ ᠲᠡᠮᠡᠴᠡᠬᠦ᠌ ᠬᠠᠷᠠᠯᠲᠠ ᠪᠤᠯᠤᠨ᠎ᠠ》 ᠭᠡᠵᠦ᠍ ᠸᠠᠩ ᠯᠢ ᠬᠤᠢ ᠶᠠᠷᠢᠨ᠎ᠠ᠃