ᠲᠦᠮᠡᠨ ᠤᠯᠠᠨ ᠰᠡᠳᠭᠢᠯ ᠨᠢᠭᠡᠳᠦᠨ ᠬᠥᠭ᠌ᠵᠢᠯᠲᠡ᠎ᠶ᠋ᠢ ᠡᠷᠢᠯᠬᠢᠯᠡᠵᠤ ᠦᠷᠭᠦᠯᠵᠢᠯᠡᠨ ᠲᠡᠮᠡᠴᠡᠵᠦ᠍ ᠠᠬᠢᠨ ᠤᠷᠤᠭ᠍ᠰᠢᠯᠠᠶ᠎ᠠ
2021-01-31 10:35:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 — ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠠᠮᠵᠢᠯᠲᠠ᠎ᠲᠠᠢ ᠲᠡᠭᠦᠰᠦᠭ᠌ᠰᠡᠨ᠎ᠳᠤ ᠬᠠᠯᠠᠭᠤᠨ ᠪᠠᠶᠠᠷ ᠬᠦᠷᠬᠡᠶ᠎ᠠ

ᠪᠥᠬᠦ᠌ ᠣᠷᠣᠨ᠎ᠤ ᠠᠷᠠᠳ ᠲᠦᠮᠡᠨ᠎ᠤ ᠬᠠᠯᠠᠭᠤᠨ ᠠᠩᠬᠠᠷᠤᠯ᠎ᠤᠨ ᠳᠤᠮᠳᠠ᠂ ᠪᠥᠬᠦ᠌ ᠲᠥᠯᠥᠭᠡᠯᠡᠭ᠌ᠴᠢᠳ᠎ᠤᠨ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠢᠯ᠎ᠢᠶᠠᠨ ᠲᠡᠭᠦᠰ ᠠᠮᠵᠢᠯᠲᠠ᠎ᠲᠠᠢ ᠪᠡᠶᠡᠯᠡᠭᠦᠯᠦᠭᠡᠳ ᠠᠮᠵᠢᠯᠲᠠ᠎ᠲᠠᠢ ᠦᠨᠳᠦᠷᠯᠡᠯ᠎ᠡ᠃ ᠬᠤᠷᠠᠯ᠎ᠤᠨ ᠬᠤᠭᠤᠴᠠᠭᠠᠨ᠎ᠳᠤ᠂ ᠪᠦᠬᠦ᠌ ᠲᠥᠯᠥᠭᠡᠯᠡᠭ᠌ᠴᠢᠳ ᠳᠡᠭᠡᠳᠦ ᠬᠡᠮᠵᠢᠶᠡᠨ᠎ᠤ ᠤᠯᠤᠰ ᠲᠦᠷᠦ᠎ᠶ᠋ᠢᠨ ᠤᠬᠠᠮᠰᠠᠷ ᠪᠣᠯᠤᠨ ᠪᠠᠳᠤ ᠴᠢᠩᠭ᠎ᠠ ᠡᠭᠦᠷᠭᠡ ᠬᠠᠷᠢᠭᠤᠴᠠᠯᠭ᠎ᠠ᠎ᠪᠠᠷ ᠪᠦᠬᠦ᠌ ᠲᠠᠯ᠎ᠠ ᠶᠡᠭᠡ ᠪᠠᠢᠳᠠᠯ᠎ᠢ ᠠᠵᠢᠬ᠍ᠯᠠᠨ᠂ ᠶᠡᠭᠡ ᠶᠠᠪᠤᠳᠠᠯ᠎ᠢ ᠵᠥᠪᠯᠡᠵᠦ᠍᠂ ᠶᠡᠭᠡ ᠪᠤᠳᠤᠯᠭ᠎ᠠ᠎ᠶ᠋ᠢ ᠰᠦᠪᠡᠭ᠌ᠴᠢᠯᠡᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠯᠪᠡᠭ ᠪᠠᠶᠠᠯᠢᠭ ᠦᠷ᠎ᠡ ᠪᠦᠲᠦᠭᠡᠯ᠎ᠲᠠᠢ᠂ ᠦᠨᠡᠨ᠎ᠢ ᠪᠠᠷᠢᠮᠲᠠᠯᠠᠨ ᠡᠷᠡᠮᠡᠭᠡᠢᠯᠡᠨ ᠤᠷᠤᠭ᠍ᠰᠢᠯᠠᠭ᠍ᠰᠠᠨ ᠱᠢᠨ᠎ᠡ ᠬᠠᠭᠤᠳᠠᠰᠤ᠎ᠶ᠋ᠢ ᠪᠢᠴᠢᠭ᠌ᠯᠡᠯ᠎ᠠ᠃ ᠪᠢᠳᠡ ᠶᠡᠭᠡ ᠬᠤᠷᠠᠯ᠎ᠤᠨ ᠲᠡᠭᠦᠰ ᠠᠮᠵᠢᠯᠲᠠ᠎ᠲᠠᠢ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠡᠷᠴᠢᠳᠦ ᠲᠠᠪᠠᠯᠭᠠᠨ᠎ᠳᠤ ᠡᠷᠡᠮᠡᠬᠡᠢ ᠬᠦᠴᠦᠨ᠎ᠢ ᠱᠢᠯᠭᠠᠵᠤ᠂ ᠡᠩᠨᠡᠭᠡ᠎ᠶ᠋ᠢᠨ ᠲᠦᠷᠦᠬᠦᠨ᠎ᠳᠤ ᠤᠷᠤᠬ᠍ᠰᠢ ᠠᠶᠠᠨ᠎ᠢᠶᠠᠨ ᠡᠯᠬᠦᠨ᠎ᠠ᠃ ᠶᠡᠭᠡ ᠬᠤᠷᠠᠯ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠡ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠎ᠶ᠋ᠢ ᠬᠢᠨᠠᠨ ᠪᠠᠢᠴᠠᠭᠠᠵᠤ ᠵᠥᠪᠱᠢᠶᠡᠷᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠡᠷᠭᠡ ᠡᠯ᠎ᠡ ᠵᠦᠢᠯ᠎ᠤᠨ ᠮᠡᠳᠡᠭᠦᠯᠦᠯᠲᠡ ᠢᠯᠡᠳᠭᠡᠯ᠎ᠢ ᠬᠢᠨᠠᠨ ᠵᠥᠪᠯᠡᠵᠦ᠍ ᠪᠠᠲᠤᠯᠠᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠳᠦᠷᠢᠮ》 ᠎ᠢ ᠬᠢᠨᠠᠨ ᠵᠥᠪᠯᠡᠵᠦ᠍ ᠪᠠᠲᠤᠯᠠᠭᠠᠳ᠂ ᠡᠯ᠎ᠡ ᠵᠦᠢᠯ᠎ᠤᠨ ᠰᠣᠩᠭᠤᠭᠤᠯᠢ᠎ᠶ᠋ᠢᠨ ᠡᠭᠦᠷᠭᠡ᠎ᠶ᠋ᠢ ᠬᠠᠤᠯᠢ ᠶᠣᠰᠣᠭᠠᠷ ᠪᠡᠶᠡᠯᠡᠭᠦᠯᠪᠡ᠃ ᠡᠨᠡ ᠪᠣᠯ ᠨᠢᠭᠡᠨ ᠤᠳᠠᠭᠠᠨ᠎ᠤ ᠲᠤᠭ᠎ᠢ ᠥᠨᠳᠥᠷ ᠮᠠᠨᠳᠤᠭᠤᠯᠵᠤ᠂ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍᠂ ᠵᠠᠮ ᠨᠡᠭᠡᠭᠡᠨ ᠤᠷᠤᠭ᠍ᠰᠢᠯᠠᠭ᠍ᠰᠠᠨ ᠶᠡᠭᠡ ᠬᠤᠷᠠᠯ ᠪᠤᠯᠤᠨ᠎ᠠ᠂ ᠨᠢᠭᠡᠨ ᠤᠳᠠᠭᠠᠨ᠎ᠤ ᠠᠷᠠᠳᠴᠢᠯᠠᠯ᠎ᠢ ᠪᠠᠳᠠᠷᠠᠭᠤᠯᠵᠤ᠂ ᠤᠶᠤᠨ ᠤᠬᠠᠭᠠᠨ᠎ᠢ ᠲᠥᠪᠯᠡᠷᠡᠭᠦᠯᠵᠤ᠂ ᠪᠦᠯᠬᠦᠮᠳᠡᠨ ᠨᠢᠭ᠍ᠲᠠᠷᠠᠵᠤ ᠪᠣᠳᠠᠲᠠᠶ᠎ᠶ᠋ᠢ ᠡᠷᠬᠢᠮᠯᠡᠭ᠌ᠰᠡᠨ ᠶᠡᠭᠡ ᠬᠤᠷᠠᠯ ᠪᠤᠯᠤᠨ᠎ᠠ᠃ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠪᠦᠯᠬᠦᠮᠳᠡᠬᠦᠯᠦᠨ ᠨᠢᠬ᠍ᠳᠠᠷᠠᠭᠤᠯᠵᠤ᠂ ᠢᠯᠠᠯᠲᠠ᠎ᠶ᠋ᠢᠨ ᠡᠷᠴᠢᠨ ᠳᠡᠭᠡᠷ᠎ᠡ ᠠᠬᠢᠨ ᠤᠷᠤᠭ᠍ᠰᠢᠯᠠᠬᠤ᠎ᠶ᠋ᠢ ᠴᠢᠨᠠᠬ᠍ᠰᠢᠳᠠ ᠵᠣᠷᠢᠭ᠍ᠵᠢᠭᠤᠯᠤᠨ ᠬᠦᠪᠴᠢᠯᠡᠵᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠡᠷᠡᠯᠬᠡᠭ᠌ᠯᠡᠨ ᠲᠡᠮᠡᠴᠡᠵᠦ᠍᠂ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠬᠤ ᠰᠦᠷ ᠳᠠᠯᠠᠢᠴᠠᠲᠠᠶ ᠠᠤᠭ᠎ᠠ ᠬᠦᠴᠦᠨ᠎ᠢ ᠨᠢᠭ᠍ᠲᠠᠷᠠᠭᠤᠯᠬᠤ᠎ᠨᠢ ᠯᠠᠪᠳᠠᠢ ᠶᠤᠮ᠃

ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ ᠪᠠ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠡᠬᠢᠯᠡᠯᠲᠡ᠎ᠶ᠋ᠢᠨ ᠵᠢᠯ ᠪᠠᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠬ᠍ᠳᠠᠬ᠍ᠰᠠᠨ ᠵᠠᠭᠤᠨ ᠵᠢᠯ᠎ᠤᠨ ᠤᠢ᠎ᠪᠠᠨ ᠤᠭ᠍ᠲᠤᠬᠤ ᠪᠣᠯᠤᠨ᠎ᠠ᠃ ᠠᠤᠭ᠎ᠠ ᠦᠢᠯᠡᠰ᠎ᠲᠡᠭᠡᠨ ᠭᠠᠪᠱᠢᠭᠠᠢᠯᠠᠨ ᠣᠷᠣᠯᠴᠠᠬᠤᠶ᠎ᠠ᠂ ᠠᠶᠠᠨ ᠵᠠᠮ ᠲᠠᠷᠳᠠᠩ ᠰᠠᠷᠠᠭᠤᠯ; ᠠᠵᠢᠯ ᠊ᠦ᠋ᠯᠡᠰ᠎ᠲᠡᠭᠡᠨ ᠡᠷᠡᠮᠡᠬᠡᠢᠯᠡᠨ ᠱᠢᠮᠳᠠᠬᠤᠶ᠎ᠠ᠂ ᠠᠯᠤᠰ᠎ᠤᠨ ᠵᠠᠮ᠎ᠳᠤ ᠡᠬᠦᠷᠬᠡ ᠬᠦᠨᠳᠤ᠃ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠢᠮᠠᠭ᠍ᠲᠠ 《ᠬᠤᠶᠠᠷ ᠶᠡᠭᠡ ᠲᠠᠯ᠎ᠠ》 ᠎ᠶ᠋ᠢ ᠪᠤᠳᠤᠵᠤ᠂ 《ᠤᠯᠤᠰ᠎ᠤᠨ ᠶᠡᠭᠡ ᠲᠠᠯ᠎ᠠ》 ᠎ᠶ᠋ᠢ ᠠᠩᠬᠠᠷᠴᠤ᠌᠂ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢ ᠣᠨᠣᠪᠴᠢᠲᠠᠶ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠬᠡᠷᠡᠭ᠌ᠲᠡᠶ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ᠎ᠪᠠᠷ ᠭᠤᠤᠯᠳᠠᠭᠤᠯᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠣᠯᠤᠨ 《ᠨᠢᠭᠡ ᠪᠠᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠠᠨ᠎ᠤ ᠣᠷᠣᠨ᠎ᠤ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠴᠢᠬᠤᠯᠠ ᠶᠡᠭᠡ ᠵᠠᠩᠭᠢᠯᠠᠭ᠎ᠠ᠎ᠶ᠋ᠢᠨ ᠠᠰᠠᠭᠤᠳᠠᠯ᠎ᠢ ᠨᠢᠭ᠍ᠲᠠ ᠠᠩᠬᠠᠷᠴᠤ᠌᠂ ᠣᠷᠳᠣ ᠬᠤᠭᠤᠴᠠᠭ᠎ᠠ᠎ᠪᠠᠷ ᠵᠢᠳᠬᠦᠨ ᠴᠢᠷᠮᠠᠢᠵᠤ᠂ ᠱᠢᠷᠭᠠᠭᠤ ᠠᠵᠢᠯᠯᠠᠨ ᠪᠣᠳᠠᠲᠠᠶ ᠠᠵᠢᠯᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠠᠩᠬᠠᠨ᠎ᠤ ᠠᠯᠬᠤᠮ᠎ᠢ ᠰᠠᠢᠲᠤᠷ ᠠᠯᠬᠤᠬᠤ᠂ ᠱᠢᠨ᠎ᠡ ᠳᠦᠷᠰᠦ ᠪᠠᠢᠳᠠᠯ᠎ᠢ ᠢᠯᠡᠷᠡᠭᠦᠯᠬᠦ᠂ ᠱᠢᠨ᠎ᠡ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

《ᠠᠷᠪᠠᠨ ᠳᠥᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠭᠦᠯᠵᠦ᠍᠂ ᠱᠢᠨ᠎ᠡ ᠠᠶᠠᠨ᠎ᠳᠤ ᠮᠣᠷᠳᠠᠬᠤ᠎ᠨᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠰᠠᠢᠲᠤᠷ ᠬᠢᠬᠦ᠌᠎ᠳᠤ ᠪᠠᠰᠠ ᠨᠠᠩ ᠥᠨᠳᠥᠷ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠣᠣᠷ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ᠎ᠶ᠋ᠢᠨ ᠲᠣᠭᠤᠷᠢᠨ᠎ᠳᠤ ᠶᠡᠭᠡ ᠲᠠᠯ᠎ᠠ᠎ᠳᠤ ᠦᠢᠯᠡᠴᠢᠯᠡᠵᠦ᠍᠂ ᠲᠥᠪ ᠬᠤᠷᠢᠶ᠎ᠠ᠎ᠠᠴᠠ ᠲᠣᠭ᠍ᠲᠠᠭᠠᠭ᠍ᠰᠠᠨ ᠶᠡᠭᠡ ᠶᠠᠪᠤᠳᠠᠯ᠂ ᠤᠯᠠᠨ ᠲᠦᠮᠡᠨ᠎ᠤ ᠠᠩᠬᠠᠷᠴᠤ᠌ ᠪᠠᠢᠭ᠎ᠠ ᠴᠢᠬᠤᠯᠠ ᠶᠠᠪᠤᠳᠠᠯ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠬᠦᠴᠢᠷ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠰᠠᠢᠨ ᠬᠠᠤᠯᠢ᠎ᠪᠠᠷ ᠴᠢᠳᠠᠮᠠᠭᠠᠢ ᠵᠠᠰᠠᠬᠤ᠎ᠶ᠋ᠢ ᠠᠬᠢᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶ᠋ᠢ ᠴᠢᠩᠭᠠᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠵᠦ᠍᠂ ᠪᠠᠢᠭᠤᠯᠤᠯ᠎ᠤᠨ ᠳᠠᠪᠠᠭᠤᠯᠢᠭ᠎ᠢ ᠦᠨᠡᠨ ᠬᠦ᠌ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠍᠂ ᠱᠢᠨ᠎ᠡ ᠠᠶᠠᠨ᠎ᠳᠤ ᠨᠡᠩ ᠤᠯᠠᠨ ᠤᠶᠤᠨ ᠤᠬᠠᠭᠠᠨ᠎ᠢᠶᠠᠨ ᠡᠷᠬᠦᠵᠦ᠍᠂ ᠨᠡᠩ ᠶᠡᠭᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠬᠤ ᠬᠡᠷᠡᠭ᠌ᠲᠡᠢ᠃

ᠬᠦᠰᠡᠯ ᠵᠡᠭᠦᠳᠦ᠎ᠪᠠᠨ ᠲᠡᠷᠭᠡᠯᠱᠢᠭᠦᠯᠬᠦ᠌᠎ᠪᠠᠷ ᠯᠠᠪᠳᠠᠭᠤᠨ ᠪᠠᠲᠤᠲᠠᠢ ᠠᠵᠢᠯᠯᠠᠨ᠂ ᠬᠦᠴᠦᠨ ᠵᠤᠷᠢᠬ᠎ᠢᠶᠠᠨ ᠡᠷᠴᠢᠯᠡᠨ ᠤᠷᠤᠭ᠍ᠰᠢᠯᠠᠨ ᠲᠠᠪᠱᠢᠨᠠᠮ᠃ ᠱᠢᠨ᠎ᠡ ᠠᠶᠠᠨ᠎ᠳᠤ ᠲᠤᠮᠤ ᠠᠯᠬᠤᠮ᠎ᠢᠶᠠᠷ ᠤᠷᠤᠭ᠍ᠰᠢᠯᠠᠵᠤ᠂ ᠠᠤᠭ᠎ᠠ ᠵᠢᠷᠤᠭ ᠲᠥᠰᠦᠪ᠎ᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ᠂ ᠪᠢᠳᠡ ᠦᠵᠡᠯ ᠰᠠᠨᠠᠭ᠎ᠠ᠎ᠪᠠᠨ ᠴᠢᠯᠥᠭᠡᠯᠡᠬᠦ᠌᠎ᠠᠴᠠ ᠭᠠᠷᠳᠠᠵᠤ᠂ ᠤᠨᠤᠯ᠎ᠤᠨ ᠳᠤᠲᠠᠭᠤᠳᠠᠯ᠎ᠢᠶᠠᠨ ᠨᠥᠬᠦᠪᠥᠷᠢᠯᠡᠵᠦ᠍᠂ ᠬᠡᠪᠱᠢᠮᠡᠯ ᠰᠡᠳᠭᠢᠬᠦᠢ᠎ᠪᠠᠨ ᠱᠢᠨᠡᠴᠢᠯᠡᠵᠥ᠍᠂ ᠤᠬᠠᠮᠰᠠᠷ᠎ᠠᠴᠠ᠎ᠪᠠᠨ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ᠎ᠶ᠋ᠢᠨ ᠣᠨᠴᠠᠯᠢᠭ᠎ᠢ ᠣᠨᠣᠪᠴᠢᠲᠠᠢ ᠡᠵᠡᠮᠳᠡᠵᠦ᠍᠂ ᠢᠮᠠᠭ᠍ᠲᠠ ᠶᠡᠷᠦᠩᠬᠡᠢ ᠱᠦᠵᠢ᠎ᠶ᠋ᠢᠨ ᠵᠢᠭᠠᠭ᠍ᠰᠠᠨ ᠴᠢᠭ᠌ᠯᠡᠯ᠎ᠢᠶᠠᠷ ᠦᠷᠭᠦᠯᠵᠢᠯᠡᠨ ᠲᠡᠮᠡᠴᠡᠵᠦ᠍᠂ ᠡᠷᠡᠰ ᠪᠠᠲᠤ᠎ᠪᠠᠷ ᠤᠷᠤᠭ᠍ᠰᠢᠯᠠᠬᠤ᠎ᠶ᠋ᠢ ᠲᠤᠯᠭᠠᠮ ᠱᠠᠭᠠᠷᠳᠠᠵᠤ ᠪᠤᠢ; ᠪᠢᠳᠡ ᠠᠷᠠᠳ᠎ᠤᠨ ᠠᠮᠢᠳᠤᠷᠠᠯ᠎ᠢᠶᠠᠷ ᠭᠤᠤᠯ ᠪᠤᠯᠭᠠᠨ ᠬᠦᠭ᠌ᠵᠢᠯᠳᠠ᠎ᠪᠠᠨ ᠲᠦᠷᠭᠡᠳᠭᠡᠨ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠤ ᠠᠱᠢᠭ ᠲᠤᠰᠠ᠎ᠶ᠋ᠢ ᠢᠯᠡᠷᠡᠭᠦᠯᠬᠦ᠂ ᠠᠷᠠᠳ ᠲᠦᠮᠡᠨ᠎ᠤ ᠬᠦᠰᠡᠯ ᠰᠠᠨᠠᠭ᠎ᠠ᠎ᠶ᠋ᠢ ᠲᠤᠰᠭᠠᠬᠤ᠂ ᠠᠷᠠᠳ ᠲᠦᠮᠡᠨ᠎ᠤ ᠡᠷᠬᠡ ᠠᠱᠢᠭ᠎ᠢ ᠬᠠᠮᠠᠭᠠᠯᠠᠬᠤ᠂ ᠠᠷᠠᠳ ᠲᠦᠮᠡᠨ᠎ᠤ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠶᠠᠪᠤᠴᠠ ᠪᠠ ᠡᠯ᠎ᠡ ᠲᠠᠯ᠎ᠠ᠎ᠳᠤ ᠨᠠᠢᠳᠠᠪᠤᠷᠢᠵᠢᠭᠤᠯᠵᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠨᠡᠩ ᠰᠠᠢᠲᠤᠷ ᠬᠠᠩᠭᠠᠬᠤ᠎ᠶ᠋ᠢ ᠲᠤᠯᠭᠠᠮ ᠱᠠᠭᠠᠷᠳᠠᠵᠤ ᠪᠤᠢ; ᠪᠢᠳᠡ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ᠎ᠠᠴᠠ ᠬᠦᠴᠦᠯᠡᠵᠦ᠍᠂ ᠲᠡᠮᠦᠷ ᠪᠠᠷᠢᠪᠠᠯ ᠤᠷᠤᠮ ᠭᠠᠷᠭᠠᠵᠥ᠍᠂ ᠴᠢᠯᠠᠭᠤᠨ ᠳᠡᠭᠡᠷ᠎ᠡ ᠬᠢᠰᠭᠢᠪᠡᠯ ᠮᠥᠷ᠎ᠲᠠᠢ ᠪᠠᠢᠬᠤ ᠡᠷᠴᠢ ᠬᠦᠴᠦᠨ ᠪᠡ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠤᠴᠢᠷ ᠶᠠᠪᠤᠳᠠᠯ᠎ᠢ ᠨᠢᠭᠡᠳ ᠨᠢᠬᠡ᠎ᠪᠠᠷ ᠨᠠᠢᠳᠠᠪᠤᠷᠢᠵᠢᠭᠤᠯᠵᠤ᠂ ᠨᠢᠭᠡ ᠨᠢᠭᠡ ᠵᠠᠩᠭᠢᠯᠠᠭ᠎ᠠ᠎ᠶ᠋ᠢᠨ ᠴᠡᠭ᠎ᠢᠶᠠᠷ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠪᠠᠢᠳᠠᠯ᠎ᠢ ᠡᠭᠦᠳᠴᠦ᠍᠂ ᠱᠢᠷᠭᠠᠭᠤ ᠲᠡᠮᠡᠴᠡᠯ᠎ᠢᠶᠠᠷ᠎ᠢᠶᠠᠨ ᠱᠢᠨ᠎ᠡ ᠢᠷᠠᠭᠤ ᠠᠯᠳᠠᠷ᠎ᠢ ᠱᠤᠭᠤᠬᠤ᠎ᠶ᠋ᠢ ᠲᠤᠯᠭᠠᠮ ᠱᠠᠭᠠᠷᠳᠠᠵᠤ ᠪᠤᠢ᠃

ᠱᠢᠨ᠎ᠡ ᠬᠠᠭᠤᠴᠢᠨ᠎ᠤ ᠰᠤᠯᠢᠬ᠍ᠳᠠᠯ᠎ᠢᠶᠠᠷ ᠴᠠᠬ᠎ᠤᠨ ᠬᠦᠷᠳᠤ ᠤᠷᠤᠭ᠍ᠰᠢᠯᠠᠵᠤ᠂ ᠱᠢᠨᠳᠠᠷᠠᠰᠢ ᠦᠬᠡᠢ ᠴᠢᠷᠮᠠᠢᠯᠭ᠎ᠠ᠎ᠪᠠᠷ ᠬᠠᠷᠠᠯᠳᠠ ᠵᠤᠷᠢᠯᠳᠠ᠎ᠪᠠᠨ ᠪᠡᠶᠡᠯᠡᠬᠦᠯᠦᠨᠡᠮ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠨᠠᠩ ᠴᠤᠬ ᠪᠠᠳᠠᠷᠠᠩᠭᠤᠢ ᠢᠳᠡᠬᠡᠯ ᠲᠡᠬᠦᠯᠳᠡᠷ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠬᠦᠭ᠌ᠵᠢᠯᠳᠡ᠎ᠶ᠋ᠢᠨ ᠬᠤᠷᠳᠤᠴᠠ᠎ᠪᠠᠨ ᠲᠦᠷᠭᠡᠳᠭᠡᠵᠦ᠍᠂ ᠱᠢᠨ᠎ᠡ ᠳᠦᠷᠰᠦ ᠪᠠᠢᠳᠠᠯ᠎ᠢ ᠪᠤᠢ ᠪᠤᠯᠭᠠᠵᠥ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠵᠠᠮ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠰᠦᠬᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号