ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ ᠠᠮᠵᠢᠯᠳᠠ᠎ᠲᠠᠢ ᠲᠡᠭᠦᠰᠪᠡ
2021-01-31 00:12:04
ᠵᠣᠬᠢᠶᠠᠭ᠍ᠴᠢ᠄
ᠶᠤᠸᠠᠢ ᠶᠢᠩ
ᠣᠩᠱᠢᠭ᠍ᠰᠠᠨ ᠣᠳᠠᠭ᠎ᠠ᠄
★★★☆☆

ᠱ᠌ᠢ᠎ᠲᠠᠢ ᠹᠸᠡᠭ ᠬᠤᠷᠠᠯ᠎ᠢ ᠡᠷᠬᠢᠯᠡᠭ᠌ᠰᠡᠨ ᠪᠦᠭᠡᠳ ᠶᠠᠷᠢᠶ᠎ᠠ ᠲᠠᠯᠪᠢᠪᠠ   ᠯᠢ ᠱᠢᠦ ᠯᠢᠩ ᠨᠠᠷ ᠬᠤᠷᠠᠯ᠎ᠳᠤ ᠤᠷᠤᠯᠴᠠᠵᠠᠢ


QQ截图20210131094449.jpg



1 ᠰᠠᠷ᠎ᠠ᠎ᠶ᠋ᠢᠨ 30 ᠎ᠤ ᠦᠳᠡ᠎ᠶ᠋ᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ ᠡᠯ᠎ᠠ ᠵᠦᠪᠯᠡᠭᠦ᠌ ᠵᠦᠢᠯ᠎ᠢᠶᠠᠨ ᠠᠮᠵᠢᠯᠳᠠ᠎ᠲᠠᠢ ᠳᠠᠭᠤᠰᠭᠠᠭᠠᠳ ᠬᠦᠭᠡᠬᠤᠳᠠ᠎ᠳᠤ ᠲᠡᠭᠦᠰᠪᠡ᠃  

    ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠰᠤᠷᠪᠤᠯᠵᠢᠯᠠᠭ᠍ᠴᠢ ᠶᠤᠸᠠᠨ ᠶᠦᠩ ᠬᠤᠩ ᠰᠡᠬᠦᠳᠡᠷᠯᠡᠪᠡ


1 ᠰᠠᠷ᠎ᠠ᠎ᠶ᠋ᠢᠨ 30 ᠎ᠤ ᠦᠳᠡ᠎ᠶ᠋ᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ ᠡᠯ᠎ᠠ ᠵᠦᠢᠯ᠎ᠤᠨ ᠵᠦᠪᠯᠡᠭᠦ᠌ ᠵᠦᠢᠯ᠎ᠢᠶᠠᠨ ᠳᠠᠭᠤᠰᠭᠠᠵᠣ᠂ ᠬᠦᠭᠡᠬᠤᠳᠠ᠎ᠳᠤ ᠠᠮᠵᠢᠯᠳᠠ᠎ᠲᠠᠢ ᠲᠡᠭᠦᠰᠪᠡ᠃

ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠠᠢᠡᠭ᠌ᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭᠦ᠌ ᠲᠡᠷᠢᠭᠦᠯᠡᠭ᠌ᠴᠢ ᠱ᠌ᠢ᠎ᠲᠠᠢ ᠹᠸᠡᠭ ᠬᠤᠷᠠᠯ᠎ᠢ ᠡᠷᠬᠢᠯᠡᠭᠦ᠎ᠶ᠋ᠢᠨ ᠬᠠᠮᠳᠤ ᠶᠠᠷᠢᠶ᠎ᠠ ᠲᠠᠯᠪᠢᠵᠠᠢ᠃ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠠᠢᠡᠭ᠌ᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭᠦ᠌ ᠲᠡᠷᠢᠭᠦᠯᠡᠭ᠌ᠴᠢ ᠨᠠᠰᠤᠨᠮᠦᠡᠭ᠌ᠭᠡ᠂ ᠸᠠᠩ ᠪᠦᠸᠧ᠂ ᠯᠢ ᠷᠦᠡᠭ ᠰᠢ᠂ ᠯᠢᠶᠠᠨ ᠰᠤ᠌᠂ ᠵᠠᠩ ᠶᠤᠸᠠᠨ ᠵᠦᠡᠭ᠂ ᠾᠧ ᠶᠠᠨ ᠯᠢᠩ᠂ ᠱ᠌ᠢ ᠸᠧᠨ ᠱᠢᠤᠸᠠᠢ ᠲᠡᠷᠢᠭᠦᠯᠡᠭ᠌ᠴᠢᠳ᠎ᠤᠨ ᠲᠠᠢᠰᠠᠨ᠎ᠤ ᠡᠮᠦᠨ᠎ᠠ ᠮᠦᠷ᠎ᠲᠤ ᠰᠠᠭᠠᠳᠠᠪᠠ᠃

ᠯᠢ ᠱᠢᠤ ᠯᠢᠩ᠂ ᠯᠢᠨ ᠱᠤᠤ ᠴᠦᠨ᠂ ᠸᠠᠩ ᠯᠢ ᠱᠢᠶᠠ᠂ ᠯᠢᠤ ᠴᠢ ᠹᠠᠨ᠂ ᠪᠠᠢ ᠢᠤᠢ ᠭᠠᠨᠭ᠍᠂ ᠮᠸᠡᠭ ᠹᠠᠨ ᠯᠢ᠂ ᠶᠠᠩ ᠸᠧᠢ ᠳ᠋ᠦᠡᠭ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠡᠸᠨ ᠬᠤᠢ᠂ ᠮᠠ ᠴᠢᠩ ᠯᠸᠢ᠂ ᠶᠠᠩ ᠱᠢᠶᠤᠤ ᠺᠠᠨᠭ᠍᠂ ᠠᠢ ᠯᠢ ᠬᠤᠸᠠ᠂ ᠯᠢ ᠪᠢᠡᠭ ᠷᠦᠡᠭ᠂ ᠪᠤᠤ ᠭᠠᠨᠭ᠍᠂ ᠵᠸᠡᠭ ᠬᠤᠨᠭ᠌ ᠹᠠᠨ᠂ ᠬᠤᠸᠠᠩ ᡁᠢ ᠴᠢᠶᠠᠩ᠂ ᠾᠸᠡᠭ ᠱᠢᠶᠤᠤ ᠹᠠᠨ᠂ ᠴᠢ ᠪᠠᠳᠤ᠂ ᠯᠦᠸᠧ ᡁᠢ ᠬᠤ᠌᠂ ᠳ᠋ᠦᠡᠭ ᠾᠸᠡᠭ ᠢᠤᠢ᠂ ᠵᠸᠡᠭ ᠹᠦ᠋ ᠲᠢᠶᠠᠨ᠂ ᠯᠢᠤ ᠱᠢᠨ ᠯᠧ᠂ ᠮᠠ ᠱᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠦ ᠶᠠᠩ ᠱᠢᠶᠤᠤ ᠬᠤᠢ᠂ ᠸᠧᠢ ᠭᠦᠸᠧ ᠨᠠᠨ᠂ ᠵᠠᠩ ᠶᠢᠩ ᠺᠦᠢ᠂ ᠸᠠᠩ ᠱᠢᠤᠸᠠᠢ ᠡᠤ᠂ ᠶᠠᠩ ᠽᠦᠡᠭ ᠷᠧᠨ᠂ ᠯᠢ ᠴᠢ ᠯᠢᠨ᠂ ᠴᠧᠨ ᠯᠦ᠍ ᠱᠸᠡᠭ᠂ ᠱᠢᠶᠤᠤ ᠹᠠᠨᠭ᠌ ᠵᠢᠤᠢ ᠵᠡᠷᠭᠡ ᠤᠳᠤᠷᠢᠳᠤᠯᠭ᠎ᠠ ᠪᠠ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠦᠷᠢᠯᠳᠤᠭᠦᠨ ᠲᠡᠷᠢᠭᠦᠯᠡᠭ᠌ᠴᠢᠳ᠎ᠤᠨ ᠲᠠᠢᠰᠠᠨ᠎ᠳᠤ ᠰᠠᠭᠠᠳᠠᠪᠠ᠃

ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ ᠤᠳᠤ 520 ᠬᠦᠮᠦᠨ ᠪᠣᠢ᠂ ᠡᠨᠡ ᠤᠳᠠᠭ᠎ᠠ᠎ᠶ᠋ᠢᠨ ᠪᠦᠭᠦᠳᠡ ᠬᠤᠷᠠᠯ᠎ᠳᠤ 491 ᠲᠦᠯᠦᠭᠡᠯᠡᠭ᠌ᠴᠢ ᠤᠷᠤᠯᠴᠠᠵᠦ᠍᠂ ᠬᠠᠤᠯᠢ᠎ᠳᠤ ᠲᠤᠬ᠍ᠳᠠᠭᠠᠬ᠍ᠰᠠᠨ ᠬᠦᠮᠦᠨ᠎ᠤ ᠲᠤᠭ᠎ᠠ᠎ᠳᠤ ᠨᠡᠢᠴᠡᠪᠡ᠃

ᠬᠤᠷᠠᠯ᠎ᠠᠴᠠ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠲᠤᠬᠠᠢ ᠱᠢᠢᠳᠪᠤᠷᠢ᠂ ᠦᠪᠡᠷᠳᠡᠭᠡᠨ ᠵᠠᠰᠠᠬᠤ ᠤᠷᠤᠨ᠎ᠤ ᠤᠯᠤᠰ ᠠᠷᠠᠳ᠎ᠤᠨ ᠠᠵᠦ᠍ ᠠᠬᠤᠢ ᠪᠠ ᠨᠡᠢᠭᠡᠮ᠎ᠤᠨ ᠬᠦᠭ᠌ᠵᠢᠯᠳᠠ᠎ᠶ᠋ᠢᠨ ᠠᠷᠪᠠᠨ ᠲᠦᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ ᠪᠠ 2035 ᠤᠨ᠎ᠤ ᠠᠯᠤᠰ᠎ᠤᠨ ᠬᠠᠷᠠᠯᠳᠠ᠎ᠶ᠋ᠢᠨ ᠬᠦᠳᠤᠯᠪᠤᠷᠢ᠎ᠶ᠋ᠢᠨ ᠲᠤᠬᠠᠢ ᠱᠢᠢᠳᠪᠤᠷᠢ᠂ ᠦᠪᠡᠷᠳᠡᠭᠡᠨ ᠵᠠᠰᠠᠬᠤ ᠤᠷᠤᠨ᠎ᠤ 2020 ᠤᠨ᠎ᠤ ᠤᠯᠤᠰ ᠠᠷᠠᠳ᠎ᠤᠨ ᠠᠵᠦ᠍ ᠠᠬᠤᠢ ᠪᠠ ᠨᠡᠢᠭᠡᠮ᠎ᠤᠨ ᠬᠦᠭ᠌ᠵᠢᠯᠳᠠ᠎ᠶ᠋ᠢᠨ ᠲᠦᠯᠦᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2021 ᠤᠨ᠎ᠤ ᠤᠯᠤᠰ ᠠᠷᠠᠳ᠎ᠤᠨ ᠠᠵᠦ᠍ ᠠᠬᠤᠢ ᠪᠠ ᠨᠡᠢᠭᠡᠮ᠎ᠤᠨ ᠬᠦᠭ᠌ᠵᠢᠯᠳᠠ᠎ᠶ᠋ᠢᠨ ᠲᠦᠯᠦᠪᠯᠡᠭᠡ᠎ᠶ᠋ᠢᠨ ᠲᠤᠬᠠᠢ ᠱᠢᠢᠳᠪᠤᠷᠢ᠂ ᠦᠪᠡᠷᠳᠡᠭᠡᠨ ᠵᠠᠰᠠᠬᠤ ᠤᠷᠤᠨ᠎ᠤ 2020 ᠤᠨ᠎ᠤ ᠲᠦᠰᠦᠪ᠎ᠢ ᠭᠦᠢᠴᠡᠳᠭᠡᠭ᠌ᠰᠡᠨ ᠪᠠᠢᠳᠠᠯ ᠵᠢᠴᠢ 2021 ᠤᠨ᠎ᠤ ᠲᠦᠰᠦᠪ᠎ᠤᠨ ᠲᠤᠬᠠᠢ ᠱᠢᠢᠳᠪᠤᠷᠢ᠎ᠶ᠋ᠢ ᠪᠠᠳᠤᠯᠠᠪᠠ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠤᠰᠤᠳᠡᠨ᠎ᠤ ᠪᠦᠯᠭᠦᠮᠳᠠᠯ ᠲᠠᠪᠱᠢᠯᠳᠠ᠎ᠶ᠋ᠢ ᠠᠬᠢᠭᠤᠯᠬᠤ ᠲᠦᠷᠢᠮ》 ᠎ᠢ ᠪᠠᠳᠤᠯᠠᠪᠠ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠠᠵᠢᠯ᠎ᠤᠨ ᠮᠡᠳᠡᠭᠦᠯᠦᠯᠳᠡ᠎ᠶ᠋ᠢᠨ ᠲᠤᠬᠠᠢ ᠱᠢᠢᠳᠪᠤᠷᠢ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠦᠨᠳᠤᠷ ᠵᠡᠷᠭᠡ᠎ᠶ᠋ᠢᠨ ᠱᠢᠭᠦᠭᠦ᠌ ᠬᠤᠷᠢᠶ᠎ᠠ᠎ᠶ᠋ᠢᠨ ᠠᠵᠢᠯ᠎ᠤᠨ ᠮᠡᠳᠡᠭᠦᠯᠦᠯᠳᠡ᠎ᠶ᠋ᠢᠨ ᠲᠤᠬᠠᠢ ᠱᠢᠢᠳᠪᠤᠷᠢ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶ᠋ᠢᠨ ᠠᠵᠢᠯ᠎ᠤᠨ ᠮᠡᠳᠡᠭᠦᠯᠦᠯᠳᠡ᠎ᠶ᠋ᠢᠨ ᠲᠤᠬᠠᠢ ᠱᠢᠢᠳᠪᠤᠷᠢ᠎ᠶ᠋ᠢ ᠪᠠᠳᠤᠯᠠᠪᠠ᠃

ᠡᠯ᠎ᠠ ᠵᠦᠢᠯ᠎ᠤᠨ ᠵᠦᠪᠯᠡᠭᠦ᠌ ᠵᠦᠢᠯ᠎ᠢ ᠲᠠᠭᠤᠰᠭᠠᠬ᠍ᠰᠠᠨ᠎ᠤ ᠲᠠᠷᠠᠭ᠎ᠠ᠂ ᠱ᠌ᠢ᠎ᠲᠠᠢ ᠹᠸᠡᠭ ᠶᠠᠷᠢᠶ᠎ᠠ ᠲᠠᠯᠪᠢᠵᠠᠢ᠃ ᠲᠡᠷᠡ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠢ ᠮᠠᠰᠢ ᠠᠮᠵᠢᠯᠳᠠ᠎ᠲᠠᠢ ᠬᠤᠷᠠᠯᠳᠤᠭᠤᠯᠵᠣ᠂ ᠲᠤᠭ᠎ᠢᠶᠠᠨ ᠦᠨᠳᠤᠷ ᠮᠠᠨᠳᠤᠭᠤᠯᠵᠦ᠍᠂ ᠤᠷᠢᠳᠡᠭᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍᠂ ᠡᠷᠡᠯᠬᠡᠭ᠌ᠯᠡᠨ ᠤᠷᠤᠬ᠍ᠰᠢᠯᠠᠬ᠍ᠰᠠᠨ ᠶᠡᠭᠡ ᠬᠤᠷᠠᠯ ᠪᠣᠯᠵᠠᠢ᠂ ᠠᠷᠠᠳᠴᠢᠯᠠᠯ᠎ᠢ ᠪᠠᠳᠠᠷᠠᠭᠤᠯᠵᠦ᠍᠂ ᠤᠶᠤᠨ ᠤᠬᠠᠭᠠᠨ᠎ᠢ ᠲᠦᠪᠯᠡᠷᠡᠭᠦᠯᠵᠦ᠍᠂ ᠪᠦᠯᠭᠦᠮᠳᠠᠨ ᠨᠢᠭ᠍ᠳᠠᠷᠠᠵᠣ ᠪᠤᠳᠠᠳᠠᠢ᠎ᠶ᠋ᠢ ᠡᠷᠬᠢᠮᠯᠡᠭ᠌ᠰᠡᠨ ᠶᠡᠭᠡ ᠬᠤᠷᠠᠯ ᠪᠤᠯᠵᠠᠢ᠂ ᠡᠨᠡ ᠣᠳᠠᠭ᠎ᠠ᠎ᠶ᠋ᠢᠨ ᠶᠡᠭᠡ ᠬᠤᠷᠠᠯ᠎ᠨᠢ ᠪᠦᠭᠦ᠌ ᠤᠷᠤᠨ᠎ᠤ ᠦᠨᠳᠤᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠪᠦᠯᠭᠦᠮᠳᠡᠨ ᠨᠢᠭᠡᠳᠴᠦ᠍᠂ ᠢᠯᠠᠯᠳᠠ᠎ᠶ᠋ᠢᠨ ᠡᠷᠴᠢᠨ ᠳᠡᠭᠡᠷ᠎ᠡ ᠣᠷᠣᠭ᠍ᠰᠢᠯᠠᠬᠤ᠎ᠶ᠋ᠢ ᠴᠢᠨᠠᠭ᠍ᠰᠢᠳᠠ ᠤᠷᠮᠠᠱᠢᠭᠤᠯᠤᠨ ᠵᠤᠷᠢᠭ᠍ᠵᠢᠭᠤᠯᠵᠦ᠍᠂ 《ᠠᠷᠪᠠᠨ ᠲᠦᠷᠪᠡᠳᠦᠭᠡᠷ ᠲᠠᠪᠤᠨ ᠵᠢᠯ》 ᠎ᠳᠤ ᠡᠷᠡᠯᠭᠡᠭ᠌ᠯᠡᠨ ᠲᠡᠮᠡᠴᠡᠵᠦ᠍᠂ ᠱᠢᠨ᠎ᠠ ᠠᠶᠠᠨ᠎ᠳᠤ ᠡᠷᠡᠮᠡᠭᠡᠢᠯᠡᠨ ᠤᠷᠤᠬ᠍ᠰᠢᠯᠠᠬᠤ ᠠᠤᠭ᠎ᠠ ᠬᠦᠴᠤᠨ᠎ᠢ ᠪᠦᠷᠢᠯᠳᠦᠭᠦᠯᠭᠦ᠎ᠨᠢ ᠯᠠᠪᠳᠠᠢ᠃ ᠤᠳᠤ᠂ ᠪᠢᠳᠡ ᠨᠢᠭᠡᠨᠳᠡ ᠮᠠᠨ᠎ᠤ ᠤᠯᠤᠰ᠎ᠤᠨ ᠬᠦᠭ᠌ᠵᠢᠯᠳᠠ᠎ᠶ᠋ᠢᠨ ᠠᠬᠢᠴᠠ ᠳᠣᠮᠳᠠᠬᠢ ᠬᠦᠱᠢᠶ᠎ᠠ ᠲᠤᠷᠠᠰᠭᠠᠯ᠎ᠤᠨ ᠠᠴᠢ ᠬᠤᠯᠪᠤᠬ᠍ᠳᠠᠯ᠎ᠲᠠᠢ ᠱᠢᠨ᠎ᠠ ᠬᠦᠭ᠌ᠵᠢᠯᠳᠠ᠎ᠶ᠋ᠢᠨ ᠱᠠᠳᠤᠨ᠎ᠳᠤ ᠤᠷᠤᠪᠠ᠃ ᠱᠢᠨ᠎ᠠ ᠭᠠᠷᠤᠭ᠎ᠠ ᠳᠡᠭᠡᠷ᠎ᠡ ᠱᠢᠨ᠎ᠠ ᠠᠶᠠᠨ᠎ᠢ ᠡᠬᠢᠯᠡᠭᠦᠯᠬᠦ᠌᠎ᠳᠤ᠂ ᠪᠢᠳᠡ ᠲᠡᠤᠭᠡ᠎ᠶ᠋ᠢᠨ ᠪᠤᠤᠬᠢᠶ᠎ᠠ᠎ᠶ᠋ᠢ ᠲᠤᠰᠤᠨ ᠠᠪᠴᠤ᠌᠂ ᠣᠷᠢᠳᠣᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍ ᠱᠢᠨ᠎ᠠ ᠬᠠᠭᠤᠳᠠᠰᠦ᠎ᠶ᠋ᠢ ᠪᠢᠴᠢᠭ᠌ᠯᠡᠭᠦ᠌ ᠬᠠᠷᠢᠭᠤᠴᠠᠯᠭᠠᠳᠤ ᠰᠡᠳᠭᠢᠯᠭᠡ ᠪᠠ ᠲᠡᠤᠭᠡᠨ ᠡᠭᠦᠷᠭᠡᠳᠦ ᠰᠡᠳᠭᠢᠯᠭᠡ᠎ᠪᠠᠨ ᠦᠨᠡᠨ ᠬᠦ᠌ ᠴᠢᠩᠭᠠᠷᠠᠭᠤᠯᠵᠦ᠍᠂ ᠱᠢᠷᠭᠠᠭᠤ ᠬᠠᠳᠠᠭᠤᠵᠢᠯᠳᠠᠢ ᠲᠡᠮᠡᠴᠡᠭᠦ᠌ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠦ᠍᠂ ᠳᠠᠢᠴᠢᠯᠠᠵᠣ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠳᠠᠢᠴᠢᠯᠠᠵᠣ᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠦ᠍᠂ ᠲᠠᠷᠤᠤ ᠬᠢᠴᠢᠶᠡᠩᠭᠦᠢ᠂ ᠢᠳᠡᠪᠬᠢᠳᠠᠢ ᠲᠠᠪᠱᠢᠯᠳᠠ᠎ᠲᠠᠢ᠂ ᠯᠠᠪᠳᠠᠭᠤᠨ ᠬᠢᠨᠠᠭᠤᠷ ᠪᠤᠳᠠᠳᠠᠢ᠎ᠶ᠋ᠢ ᠡᠷᠬᠢᠮᠯᠡᠨ ᠠᠵᠢᠯ᠎ᠢᠶᠠᠨ ᠨᠡᠩ ᠰᠠᠢᠳᠤᠷ ᠬᠢᠵᠦ᠍᠂ ᠮᠠᠨ᠎ᠤ ᠲᠤᠬ᠍ᠳᠠᠭᠠᠬ᠍ᠰᠠᠨ ᠬᠠᠷᠠᠯᠳᠠ ᠲᠡᠢᠰᠢ᠎ᠪᠠᠨ ᠴᠦᠬᠦᠷᠡᠯ ᠦᠭᠡᠢ ᠡᠷᠡᠯᠬᠡᠭ᠌ᠯᠡᠨ ᠤᠷᠤᠬ᠍ᠰᠢᠯᠠᠬᠤ ᠬᠡᠷᠡᠭ᠌ᠳᠡᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠦ᠍᠂ ᠨᠠᠮ᠎ᠤᠨ ᠲᠦᠪ ᠬᠤᠷᠢᠶ᠎ᠠ᠎ᠶ᠋ᠢᠨ ᠱᠢᠨ᠎ᠠ ᠬᠦᠭ᠌ᠵᠢᠯᠳᠠ᠎ᠶ᠋ᠢᠨ ᠱᠠᠳᠤ᠎ᠶ᠋ᠢ ᠤᠨᠤᠪᠴᠢᠳᠠᠢ ᠡᠵᠡᠮᠱᠢᠵᠦ᠍᠂ ᠱᠢᠨ᠎ᠠ ᠬᠦᠭ᠌ᠵᠢᠯᠳᠠ᠎ᠶ᠋ᠢᠨ ᠤᠢ᠍ᠢᠯᠠᠭᠠᠬ᠍ᠳᠠᠬᠤᠨ᠎ᠢ ᠬᠦᠨᠵᠡᠭᠡᠢ ᠲᠤᠭᠤᠱᠢᠯᠠᠭᠤᠯᠵᠦ᠍᠂ ᠱᠢᠨ᠎ᠠ ᠬᠦᠭ᠌ᠵᠢᠯᠳᠠ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠳᠣᠬᠠᠢ ᠴᠢᠬᠤᠯᠠ ᠱᠠᠭᠠᠷᠳᠠᠯᠭ᠎ᠠ᠎ᠶ᠋ᠢ ᠬᠢᠨᠠᠮᠠᠭᠠᠢ ᠰᠤᠷᠤᠯᠴᠠᠨ ᠤᠢ᠍ᠢᠯᠠᠭᠠᠵᠦ᠍᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠠᠵᠦ᠍ ᠠᠬᠤᠢ ᠨᠡᠢᠭᠡᠮ᠎ᠤᠨ ᠬᠦᠭ᠌ᠵᠢᠯᠳᠠ᠎ᠶ᠋ᠢᠨ ᠡᠯ᠎ᠠ ᠵᠦᠢᠯ᠎ᠤᠨ ᠠᠵᠢᠯ᠎ᠢᠶᠠᠨ ᠯᠠᠪᠳᠠᠭᠤᠨ ᠪᠠᠳᠤᠳᠠᠢ ᠰᠠᠢᠳᠤᠷ ᠬᠢᠵᠦ᠍᠂ 《ᠠᠷᠪᠠᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠭᠢᠯᠡᠭᠦᠯᠬᠦ᠌᠎ᠶ᠋ᠢ ᠦᠨᠡᠨ ᠬᠦ᠌ ᠪᠠᠳᠤᠯᠠᠬᠤ ᠬᠡᠷᠡᠭ᠌ᠳᠡᠢ ᠭᠡᠵᠦ᠍ ᠵᠢᠭᠠᠵᠦ᠍ ᠭᠠᠷᠭᠠᠪᠠ᠃

ᠱ᠌ᠢ᠎ᠲᠠᠢ ᠹᠸᠡᠭ᠂ 《ᠠᠷᠪᠠᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠭᠦᠯᠵᠦ᠍᠂ ᠱᠢᠨ᠎ᠠ ᠠᠶᠠᠨ᠎ᠳᠠᠭᠠᠨ ᠮᠣᠷᠳᠠᠬᠤ᠎ᠳᠤ᠂ ᠡᠷᠭᠡᠪᠰᠢ ᠲᠤᠭ ᠲᠡᠮᠳᠡᠭ ᠲᠤᠳᠤᠷᠬᠠᠢ᠎ᠪᠠᠷ ᠤᠯᠤᠰ ᠲᠦᠷᠦ᠎ᠶ᠋ᠢ ᠡᠷᠬᠢᠮᠯᠡᠵᠦ᠍᠂ ᠰᠢ᠎ᠶ᠋ᠢᠨ ᠫᠢᠡᠭ᠎ᠤᠨ ᠱᠢᠨ᠎ᠠ ᠴᠠᠬ ᠦᠶ᠎ᠠ᠎ᠶ᠋ᠢᠨ ᠲᠤᠮᠳᠡᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠠᠢᠳᠤᠷ ᠤᠢ᠍ᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ᠌ ᠲᠡᠭᠡᠷ᠎ᠠ ᠦᠷᠭᠦᠯᠵᠢᠯᠠᠨ ᠬᠦᠴᠤ᠌ ᠤᠷᠤᠭᠤᠯᠵᠦ᠍᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠪᠤᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ᠎ᠶ᠋ᠢ ᠬᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳᠠᠯ᠎ᠠ᠎ᠪᠠᠷ ᠪᠤᠳᠠᠳᠣ ᠦᠷ᠎ᠠ ᠪᠦᠲᠦᠮᠵᠢ᠎ᠶ᠋ᠢ ᠡᠷᠬᠢᠮᠯᠡᠵᠦ᠍᠂ ᠤᠯᠤᠰ ᠲᠦᠷᠦ᠎ᠶ᠋ᠢᠨ ᠲᠠᠯ᠎ᠠ᠎ᠠᠴᠠ ᠠᠰᠠᠭᠤᠳᠠᠯ᠎ᠢ ᠠᠵᠢᠬ᠍ᠯᠠᠵᠣ᠂ ᠵᠦᠷᠢᠴᠡᠯ᠎ᠢ ᠵᠠᠳᠠᠯᠵᠦ᠍᠂ ᠠᠵᠢᠯ᠎ᠢᠶᠠᠨ ᠠᠬᠢᠭᠤᠯᠬᠤ᠎ᠳᠠᠭᠠᠨ ᠴᠢᠳᠠᠮᠠᠭᠠᠢ ᠪᠠᠢᠵᠣ᠂ ᠤᠬᠠᠮᠰᠠᠷ᠎ᠠᠴᠠ᠎ᠪᠠᠨ ᠶᠡᠭᠡ ᠲᠠᠯ᠎ᠠ᠎ᠠᠴᠠ ᠪᠣᠳᠣᠯᠬᠢᠯᠠᠵᠣ᠂ ᠶᠡᠭᠡ ᠲᠠᠯ᠎ᠠ ᠲᠤᠤᠷ᠎ᠠ ᠠᠵᠢᠯᠯᠠᠵᠤ᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠤᠢ᠍ᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠭᠦᠢᠴᠡᠳᠭᠡᠭᠦ᠌ ᠴᠢᠳᠠᠪᠤᠷᠢ᠎ᠪᠠᠨ ᠲᠠᠰᠤᠷᠠᠯᠳᠠ ᠦᠭᠡᠢ ᠴᠢᠩᠭᠠᠷᠠᠭᠤᠯᠵᠦ᠍᠂ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠭᠦ᠌ ᠬᠡᠷᠡᠭ᠌ᠳᠡᠢ᠃ 《ᠠᠷᠪᠠᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠭᠦᠯᠵᠦ᠍᠂ ᠱᠢᠨ᠎ᠠ ᠠᠶᠠᠨ᠎ᠳᠠᠭᠠᠨ ᠮᠣᠷᠳᠠᠬᠤ᠎ᠳᠤ᠂ ᠡᠷᠭᠡᠪᠰᠢ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠭ᠍ᠰᠠᠨ᠂ ᠪᠤᠬᠢᠷᠳᠤᠯ ᠦᠭᠡᠢ ᠬᠦᠭ᠌ᠵᠢᠭᠦᠯᠭᠦ᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢᠳᠠᠢ ᠬᠦᠭ᠌ᠵᠢᠯᠳᠠ᠎ᠶ᠋ᠢᠨ ᠱᠢᠨ᠎ᠠ ᠵᠠᠮ᠎ᠢᠶᠠᠷ ᠭᠤᠢᠪᠢᠰᠢ ᠦᠭᠡᠢ ᠵᠠᠮᠨᠠᠵᠦ᠍᠂ ᠬᠠᠨᠭ᠌ᠭᠠᠯᠭ᠎ᠠ᠎ᠶ᠋ᠢᠨ ᠲᠠᠯ᠎ᠠ᠎ᠶ᠋ᠢᠨ ᠪᠦᠳᠤᠴᠠ᠎ᠶ᠋ᠢᠨ ᠴᠢᠨᠠᠷᠳᠠᠢ ᠦᠭᠡᠷᠡᠴᠢᠯᠡᠯᠳᠡ᠎ᠶ᠋ᠢ ᠬᠦᠨᠵᠡᠭᠡᠢᠷᠡᠭᠦᠯᠭᠦ᠎ᠪᠠᠷ ᠭᠤᠤᠯ ᠱᠢᠵᠢᠮ ᠪᠤᠯᠭᠠᠬᠤ᠎ᠶ᠋ᠢ ᠪᠠᠷᠢᠮᠳᠠᠯᠠᠵᠦ᠍᠂ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠦ᠍᠂ 《ᠵᠢᠷᠭᠤᠭ᠎ᠠ᠎ᠶ᠋ᠢ ᠪᠠᠳᠤᠯᠠᠬᠤ》 ᠡᠭᠦᠷᠭᠡ᠎ᠶ᠋ᠢ ᠪᠦᠭᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠠᠵᠦ᠍ ᠠᠬᠤᠢ᠎ᠶ᠋ᠢᠨ ᠦᠷᠭᠦᠯᠵᠢᠯᠠᠨ ᠰᠡᠷᠭᠦᠵᠦ᠍᠂ ᠲᠤᠬ᠍ᠳᠠᠭᠤᠨ᠎ᠢᠶᠠᠷ ᠨᠡᠮᠡᠭ᠌ᠳᠡᠭᠦ᠎ᠶ᠋ᠢ ᠪᠦᠭᠦ᠌ ᠬᠦᠴᠤᠨ᠎ᠢᠶᠠᠷ᠎ᠢᠶᠠᠨ ᠠᠬᠢᠭᠤᠯᠵᠦ᠍᠂ 《ᠱᠢᠨᠵᠢᠯᠡᠭᠦ᠌ ᠤᠬᠠᠭᠠᠨ ᠲᠧᠭ᠌ᠨᠢᠡ ᠮᠡᠷᠭᠡᠵᠢᠯ᠎ᠢᠶᠠᠷ ᠦᠪᠤᠷ ᠮᠤᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠠᠵᠦ᠍ ᠦᠢᠯᠡᠰ᠎ᠤᠨ ᠰᠠᠭᠤᠷᠢ᠎ᠶ᠋ᠢᠨ ᠲᠡᠭᠡᠳᠤ ᠲᠡᠰᠵᠢᠭᠦ᠌᠂ ᠠᠵᠦ᠍ ᠦᠢᠯᠡᠰ᠎ᠤᠨ ᠬᠡᠯᠬᠢᠶ᠎ᠠ᠎ᠶ᠋ᠢᠨ ᠤᠳᠤᠭᠢᠴᠢᠯᠠᠬᠤ ᠲᠦᠪᠱᠢᠨ᠎ᠢ ᠲᠠᠰᠤᠷᠠᠯᠳᠠ ᠦᠭᠡᠢ ᠲᠡᠭᠡᠭ᠌ᠰᠢᠯᠡᠭᠦᠯᠵᠦ᠍᠂ ᠲᠤᠳᠤᠭᠠᠳᠤ ᠬᠡᠷᠡᠭ᠌ᠴᠡᠭᠡ᠎ᠶ᠋ᠢᠨ ᠨᠦᠭᠡᠴᠡ ᠬᠦᠴᠤᠨ᠎ᠢ ᠬᠦᠢᠴᠡᠳ ᠠᠭᠤᠳᠠᠯᠯᠠᠵᠦ᠍᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠪᠦᠭᠦ᠌ ᠲᠠᠯ᠎ᠠ᠎ᠪᠠᠷ ᠠᠬᠢᠭᠤᠯᠵᠦ᠍᠂ ᠦᠭᠡᠷᠡᠴᠢᠯᠡᠯᠳᠡ ᠨᠡᠭᠡᠭᠡᠯᠳᠡ᠎ᠶ᠋ᠢ ᠨᠡᠩ ᠶᠡᠭᠡ ᠡᠷᠴᠢᠮ᠎ᠢᠶᠠᠷ ᠠᠬᠢᠭᠤᠯᠵᠦ᠍᠂ ᠪᠤᠬᠢᠷᠳᠤᠯ᠎ᠢ ᠰᠡᠷᠭᠡᠢᠯᠡᠨ ᠵᠠᠰᠠᠬᠤ ᠪᠠ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢ ᠦᠷᠭᠦᠯᠵᠢᠯᠠᠨ ᠰᠠᠢᠳᠤᠷ ᠠᠳᠭᠤᠵᠦ᠍᠂ ᠢᠳᠡ ᠬᠦᠴᠤᠳᠠᠢ ᠠᠷᠭ᠎ᠠ ᠬᠡᠮᠵᠢᠶ᠎ᠡ᠎ᠪᠠᠷ ᠬᠤᠳᠠᠯᠳᠤᠭ᠎ᠠ ᠡᠵᠡᠩᠨᠡᠭᠦ᠌ ᠤᠷᠴᠢᠨ ᠨᠦᠭᠦᠴᠡᠯ᠎ᠢ ᠱᠢᠯᠢᠳᠡᠭ᠌ᠵᠢᠭᠦᠯᠵᠦ᠍᠂ ᠬᠡᠯᠪᠡᠷᠢ᠎ᠶ᠋ᠢ ᠬᠤᠪᠢᠷᠠᠭᠤᠯᠬᠤ᠂ ᠪᠦᠳᠤᠴᠡ᠎ᠶ᠋ᠢ ᠲᠤᠬᠢᠷᠠᠭᠤᠯᠬᠤ᠂ ᠬᠦᠳᠡᠯᠭᠡᠭᠦ᠌ ᠡᠨᠧᠷᠭᠢ᠎ᠶ᠋ᠢ ᠰᠤᠯᠢᠬᠤ᠂ ᠴᠢᠨᠠᠷ᠎ᠢ ᠲᠡᠭᠡᠭ᠌ᠰᠢᠯᠡᠭᠦᠯᠭᠦ᠌ ᠲᠠᠯ᠎ᠠ᠎ᠪᠠᠷ ᠱᠢᠪᠳᠤᠯᠤᠯᠳᠠ᠎ᠶ᠋ᠢᠨ ᠴᠢᠨᠠᠷᠳᠠᠢ ᠠᠬᠢᠴᠠ᠎ᠲᠠᠢ ᠪᠤᠯᠭᠠᠬᠤ᠎ᠪᠠᠷ ᠬᠦᠴᠤᠯᠡᠭᠦ᠌ ᠬᠡᠷᠡᠭ᠌ᠳᠡᠢ᠃ 《ᠠᠷᠪᠠᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠭᠦᠯᠵᠦ᠍᠂ ᠱᠢᠨ᠎ᠠ ᠠᠶᠠᠨ᠎ᠳᠠᠭᠠᠨ ᠮᠣᠷᠳᠠᠬᠤ᠎ᠳᠤ᠂ ᠡᠷᠭᠡᠪᠰᠢ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠦ᠍᠂ ᠠᠷᠭ᠎ᠠ ᠪᠦᠭᠦᠨ᠎ᠢ ᠰᠦᠪᠡᠭ᠌ᠴᠢᠯᠡᠨ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠬᠤ ᠪᠠ ᠦᠷᠭᠡᠳᠭᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠦᠷ᠎ᠠ ᠪᠦᠲᠦᠭᠡᠯ᠎ᠢ ᠪᠠᠳᠤᠳᠭᠠᠵᠦ᠍᠂ ᠦᠨᠳᠤᠰᠤᠨ ᠤᠯᠠᠨ ᠨᠡᠢᠳᠡ᠎ᠶ᠋ᠢᠨ ᠦᠢᠯᠡᠴᠢᠯᠡᠭᠡᠨ᠎ᠤ ᠲᠦᠪᠱᠢᠨ᠎ᠢ ᠦᠷᠭᠦᠯᠵᠢᠯᠠᠨ ᠲᠡᠭᠡᠭ᠌ᠰᠢᠯᠡᠭᠦᠯᠵᠦ᠍᠂ ᠲᠤᠳᠠᠭᠤᠳᠠᠯ ᠪᠠ ᠪᠠᠭᠤᠷᠠᠢ ᠲᠠᠯ᠎ᠠ᠎ᠪᠠᠨ ᠲᠦᠷᠭᠡᠳᠭᠡᠨ ᠨᠦᠭᠦᠪᠦᠷᠢᠯᠡᠵᠦ᠍᠂ ᠬᠠᠮᠳᠤ᠎ᠪᠠᠷ ᠪᠠᠶᠠᠵᠢᠨ ᠴᠢᠨᠡᠭᠡᠯᠢᠭ᠌ᠵᠢᠭᠦ᠎ᠶ᠋ᠢ ᠯᠠᠪᠳᠠᠭᠤᠨ ᠪᠠᠳᠣᠳᠠᠢ ᠠᠬᠢᠭᠤᠯᠵᠦ᠍᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠳᠠ ᠦᠭᠡᠢ ᠲᠡᠭᠡᠭ᠌ᠰᠢᠯᠡᠭᠦᠯᠭᠦ᠌ ᠬᠡᠷᠡᠭ᠌ᠳᠡᠢ᠃ 《ᠠᠷᠪᠠᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠭᠦᠯᠵᠦ᠍᠂ ᠱᠢᠨ᠎ᠠ ᠠᠶᠠᠨ᠎ᠳᠠᠭᠠᠨ ᠮᠣᠷᠳᠠᠬᠤ᠎ᠳᠤ᠂ ᠡᠷᠭᠡᠪᠰᠢ ᠬᠦᠭ᠌ᠵᠢᠯᠳᠠ ᠪᠠ ᠠᠮᠤᠷ ᠲᠦᠪᠱᠢᠨ ᠬᠤᠶᠠᠷ ᠲᠤᠮᠤ ᠶᠠᠪᠤᠳᠠᠯ᠎ᠢ ᠰᠠᠢᠳᠤᠷ ᠨᠢᠭᠡᠳᠦᠯᠳᠡᠢ ᠲᠦᠯᠦᠪᠵᠢᠭᠦᠯᠵᠦ᠍᠂ ᠶᠡᠷᠦᠩᠭᠡᠢ ᠴᠤᠬ᠍ᠴᠠ᠎ᠶ᠋ᠢᠨ ᠤᠯᠤᠰ᠎ᠤᠨ ᠠᠮᠤᠷ ᠲᠦᠪᠱᠢᠨ᠎ᠤ ᠦᠵᠡᠯᠳᠡ᠎ᠶ᠋ᠢ ᠪᠠᠷᠢᠮᠳᠠᠯᠠᠵᠦ᠍᠂ ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠦᠪᠱᠢᠨ᠂ ᠠᠮᠢ ᠠᠬᠤᠢ᠎ᠶ᠋ᠢᠨ ᠠᠮᠤᠷ ᠲᠦᠪᠱᠢᠨ᠂ ᠠᠮᠤ ᠪᠤᠳᠠᠭ᠎ᠠ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠵᠦ᠍ ᠦᠢᠯᠡᠰ᠎ᠤᠨ ᠠᠮᠤᠷ ᠲᠦᠪᠱᠢᠨ᠎ᠢ ᠡᠷᠡᠰ ᠬᠠᠮᠠᠭᠠᠯᠠᠵᠣ᠂ ᠠᠮᠤᠷ ᠲᠦᠪᠱᠢᠨ ᠬᠦᠭ᠌ᠵᠢᠯᠳᠠ᠎ᠶ᠋ᠢᠨ ᠬᠤᠷᠢᠭ᠎ᠠ ᠱᠤᠭᠤᠮ᠎ᠢ ᠰᠠᠬᠢᠬᠤ ᠬᠡᠷᠡᠭ᠌ᠳᠡᠢ ᠭᠡᠵᠦ᠍ ᠴᠢᠬᠤᠯᠠᠴᠢᠯᠠᠪᠠ᠃

ᠱ᠌ᠢ᠎ᠲᠠᠢ ᠹᠸᠡᠭ᠂ ᠱᠢᠨ᠎ᠠ ᠬᠦᠭ᠌ᠵᠢᠯᠳᠠ᠎ᠶ᠋ᠢᠨ ᠱᠠᠳᠤᠨ᠎ᠳᠤ ᠤᠷᠤᠵᠦ᠍᠂ ᠬᠦᠭ᠌ᠵᠢᠯᠳᠠ᠎ᠶ᠋ᠢᠨ ᠱᠢᠨ᠎ᠠ ᠠᠶᠠᠨ᠎ᠢ ᠡᠭᠢᠯᠡᠭᠦᠯᠭᠦ᠎ᠨᠢ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠰᠠᠢᠳᠤᠷ ᠬᠢᠭᠦ᠎ᠳᠤ ᠱᠢᠨ᠎ᠠ ᠨᠡᠩ ᠦᠨᠳᠤᠷ ᠱᠠᠭᠠᠷᠳᠠᠯᠭ᠎ᠠ ᠲᠤᠷᠠᠳᠪᠠ᠃ ᠪᠢᠳᠡ ᠰᠢ᠎ᠶ᠋ᠢᠨ ᠫᠢᠡᠭ᠎ᠤᠨ ᠬᠠᠤᠯᠢᠵᠢᠯ᠎ᠤᠨ ᠦᠵᠡᠯ ᠰᠠᠨᠠᠭ᠎ᠠ ᠪᠠ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠳᠠᠯᠠᠨ ᠲᠡᠭᠦᠯᠳᠡᠷᠵᠢᠭᠦᠯᠭᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠦ᠍᠂ ᠢᠮᠠᠭ᠍ᠳᠠ ᠨᠠᠮ᠎ᠤᠨ ᠤᠳᠤᠷᠢᠳᠤᠯᠭ᠎ᠠ᠎ᠶ᠋ᠢ ᠪᠠᠷᠢᠮᠳᠠᠯᠠᠬᠤ᠂ ᠠᠷᠠᠳ ᠲᠦᠮᠡᠨ ᠡᠵᠡᠨ ᠰᠠᠭᠤᠵᠦ᠍ ᠡᠷᠭᠡ ᠮᠡᠳᠡᠭᠦ᠌ ᠪᠠ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠤᠷᠭᠠᠨᠢᠭ᠎ᠢᠶᠠᠷ ᠨᠢᠭᠡᠳᠭᠡᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠠ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠠᠬ ᠦᠶ᠎ᠠ᠎ᠲᠠᠢ ᠵᠡᠷᠭᠡᠪᠡᠷ ᠤᠷᠤᠬ᠍ᠰᠢᠯᠠᠨ᠂ ᠱᠢᠨ᠎ᠠ᠎ᠶ᠋ᠢ ᠡᠭᠦᠳᠤᠨ ᠬᠦᠭ᠌ᠵᠢᠭᠦ᠎ᠶ᠋ᠢ ᠠᠭᠢᠭᠤᠯᠵᠦ᠍᠂ ᠪᠠᠢᠭᠤᠯᠤᠯ᠎ᠤᠨ ᠲᠠᠪᠠᠭᠤᠯᠢᠭ᠎ᠢ ᠦᠨᠡᠨ ᠬᠦ᠌ ᠵᠠᠰᠠᠯᠳᠠ᠎ᠶ᠋ᠢᠨ ᠦᠢᠯᠡᠳᠦᠯ ᠴᠢᠳᠠᠪᠬᠢ ᠪᠤᠯᠭᠠᠨ ᠬᠤᠪᠢᠷᠠᠭᠤᠯᠬᠤ ᠬᠡᠷᠡᠭ᠌ᠳᠡᠢ᠃ ᠡᠯ᠎ᠠ ᠱᠠᠳᠤᠨ᠎ᠤ ᠨᠠᠮ᠎ᠤᠨ ᠬᠤᠷᠢᠶ᠎ᠠ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭᠠᠳᠭᠠᠨ ᠰᠠᠢᠵᠢᠷᠠᠭᠤᠯᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠤᠱᠢᠶᠠᠯ᠎ᠢᠶᠠᠨ ᠭᠦᠢᠴᠡᠳᠭᠡᠭᠦ᠎ᠳᠤ ᠢᠳᠡᠪᠭᠢᠳᠠᠢ᠎ᠪᠠᠷ ᠲᠡᠮᠵᠢᠯᠭᠡ ᠬᠠᠨᠭ᠌ᠭᠠᠵᠦ᠍᠂ ᠨᠦᠭᠦᠴᠡᠯ ᠪᠦᠷᠢᠯᠳᠦᠭᠦᠯᠦᠨ ᠦᠭ᠌ᠭᠦ ᠬᠡᠷᠡᠭ᠌ᠳᠡᠢ᠃ ᠡᠯ᠎ᠠ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠡᠭ᠌ᠭᠤ᠎ᠶ᠋ᠢᠨ ᠬᠤᠷᠢᠶ᠎ᠠ ᠭᠤᠤᠯ ᠠᠵᠢᠯ᠎ᠤᠨ ᠲᠤᠭᠤᠷᠢᠨ᠎ᠳᠤ᠂ ᠶᠡᠭᠡ ᠲᠠᠯ᠎ᠠ᠎ᠳᠤ ᠦᠢᠯᠡᠴᠢᠯᠡᠵᠦ᠍᠂ ᠪᠤᠳᠠᠳᠠᠢ᠎ᠲᠠᠢ᠎ᠪᠠᠨ ᠨᠢᠬ᠍ᠳᠠ ᠤᠶᠠᠯᠳᠤᠭᠤᠯᠤᠨ ᠬᠠᠤᠯᠢ ᠲᠤᠬ᠍ᠳᠠᠭᠠᠬᠤ᠂ ᠬᠢᠨᠠᠯᠳᠠ ᠲᠠᠯᠪᠢᠬᠤ᠂ ᠲᠦᠯᠦᠭᠡᠯᠡᠭ᠌ᠴᠢ ᠵᠡᠷᠭᠡ ᠠᠵᠢᠯ᠎ᠢᠶᠠᠨ ᠰᠠᠢᠳᠤᠷ ᠬᠢᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠦᠢᠯᠡᠰ᠎ᠤᠨ ᠬᠦᠭ᠌ᠵᠢᠯᠳᠠ᠎ᠶ᠋ᠢᠨ ᠱᠢᠨ᠎ᠠ ᠪᠠᠢᠳᠠᠯ᠎ᠢ ᠴᠢᠷᠮᠠᠢᠨ ᠨᠡᠭᠡᠭᠡᠬᠦ᠌ ᠬᠡᠷᠡᠭ᠌ᠳᠡᠢ᠃ ᠡᠯ᠎ᠠ ᠱᠠᠳᠤᠨ᠎ᠤ ᠵᠠᠰᠠᠬ ᠵᠠᠬᠢᠷᠭᠠᠨ᠎ᠤ ᠪᠠᠢᠭᠤᠯᠭ᠎ᠠ᠂ ᠬᠢᠨᠠᠨ ᠪᠠᠢᠴᠠᠭᠠᠬᠤ ᠪᠠᠢᠭᠤᠯᠭ᠎ᠠ᠂ ᠱᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ ᠤᠬᠠᠮᠰᠠᠷ᠎ᠠᠴᠠ᠎ᠪᠠᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠳᠠ᠎ᠶ᠋ᠢ ᠣᠬᠠᠮᠰᠠᠷ᠎ᠠᠴᠠ᠎ᠪᠠᠨ ᠬᠦᠯᠢᠶᠠᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠡᠭ᠌ᠭᠤ᠎ᠶ᠋ᠢᠨ ᠬᠤᠷᠢᠶ᠎ᠠ᠎ᠶ᠋ᠢᠨ ᠱᠢᠢᠳᠪᠤᠷᠢ ᠲᠤᠬ᠍ᠳᠠᠭᠠᠯ ᠪᠠ ᠬᠢᠨᠠᠨ ᠵᠦᠪᠯᠡᠭ᠌ᠰᠡᠨ ᠰᠠᠨᠠᠯ᠎ᠢ ᠬᠢᠨᠠᠮᠠᠭᠠᠢ ᠨᠠᠢᠳᠠᠪᠤᠷᠢᠵᠢᠭᠤᠯᠵᠦ᠍᠂ ᠬᠠᠤᠯᠢ ᠶᠣᠰᠣᠭᠠᠷ ᠵᠠᠰᠠᠬ ᠶᠠᠪᠤᠭᠤᠯᠬᠤ᠂ ᠲᠦᠪ ᠭᠤᠤᠯᠴᠢ᠎ᠪᠠᠷ ᠬᠠᠤᠯᠢ ᠪᠠᠷᠢᠬᠤ ᠲᠦᠪᠱᠢᠨ᠎ᠢᠶᠠᠨ ᠲᠠᠰᠤᠷᠠᠯᠳᠠ ᠦᠭᠡᠢ ᠲᠡᠭᠡᠭ᠌ᠰᠢᠯᠡᠭᠦᠯᠭᠦ᠌ ᠬᠡᠷᠡᠭ᠌ᠳᠡᠢ᠃ ᠡᠯ᠎ᠠ ᠱᠠᠳᠤᠨ᠎ᠤ ᠠᠷᠠᠳ᠎ᠤᠨ ᠲᠦᠯᠦᠭᠡᠯᠡᠭ᠌ᠴᠢᠳ ᠨᠠᠮ ᠪᠠ ᠠᠷᠠᠳ ᠲᠦᠮᠡᠨ᠎ᠤ ᠢᠳᠡᠭᠡᠯ ᠨᠠᠢᠳᠠᠯᠭ᠎ᠠ᠎ᠶ᠋ᠢ ᠨᠠᠨᠳᠢᠩᠨᠠᠵᠦ᠍᠂ ᠲᠤᠱᠢᠶᠠᠯ᠎ᠢᠶᠠᠨ ᠭᠦᠢᠴᠡᠳᠭᠡᠭᠦ᠌ ᠴᠢᠳᠠᠪᠤᠷᠢ᠎ᠪᠠᠨ ᠪᠦᠭᠦ᠌ ᠲᠠᠯ᠎ᠠ᠎ᠪᠠᠷ ᠲᠡᠭᠡᠭ᠌ᠰᠢᠯᠡᠭᠦᠯᠵᠦ᠍᠂ ᠤᠯᠠᠨ ᠲᠦᠮᠡᠨ᠎ᠲᠠᠢ ᠤᠢ᠍ᠢᠷᠠᠳᠴᠣ᠂ ᠠᠷᠠᠳ᠎ᠤᠨ ᠪᠠᠢᠳᠠᠯ᠎ᠢ ᠤᠢ᠍ᠢᠯᠠᠭᠠᠵᠦ᠍᠂ ᠤᠯᠠᠨ᠎ᠤ ᠤᠶᠤᠨ᠎ᠢ ᠲᠦᠪᠯᠡᠷᠡᠭᠦᠯᠵᠦ᠍᠂ ᠠᠷᠠᠳ ᠲᠦᠮᠡᠨ᠎ᠤ ᠲᠦᠯᠦᠭᠡ ᠨᠡᠩ ᠰᠠᠢᠳᠤᠷ ᠦᠭᠡ ᠬᠡᠯᠡᠵᠦ᠍᠂ ᠠᠷᠠᠳ ᠲᠦᠮᠡᠨ᠎ᠤ ᠲᠦᠯᠦᠭᠡ ᠲᠤᠱᠢᠶᠠᠯ᠎ᠢᠶᠠᠨ ᠭᠦᠢᠴᠡᠳᠭᠡᠵᠦ᠍᠂ ᠠᠷᠠᠳ ᠲᠦᠮᠡᠨ᠎ᠳᠤ ᠪᠤᠶᠠᠨ ᠦᠢᠯᠡᠳᠦᠨ ᠦᠭ᠌ᠭᠦ ᠬᠡᠷᠡᠭ᠌ᠳᠡᠢ ᠭᠡᠵᠦ᠍ ᠵᠢᠭᠠᠵᠦ᠍ ᠭᠠᠷᠭᠠᠪᠠ᠃

ᠦᠪᠡᠷᠳᠡᠭᠡᠨ ᠵᠠᠰᠠᠬᠤ ᠤᠷᠤᠨ᠎ᠳᠤ ᠰᠠᠭᠤᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ ᠡᠨᠡ ᠤᠳᠠᠭ᠎ᠠ᠎ᠶ᠋ᠢᠨ ᠪᠦᠭᠦᠳᠡ ᠬᠤᠷᠠᠯ᠎ᠳᠤ ᠰᠤᠯᠠ ᠤᠷᠤᠯᠴᠠᠪᠠ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠬ᠎ᠤᠨ ᠤᠷᠳᠤᠨ᠎ᠤ ᠬᠠᠮᠢᠶ᠎ᠠ ᠪᠦᠭᠦᠢ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠤᠷᠤᠨ᠎ᠤ ᠬᠢᠨᠠᠨ ᠪᠠᠢᠴᠠᠭᠠᠬᠤ ᠵᠦᠪᠯᠡᠯ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠦᠨᠳᠤᠷ ᠵᠡᠷᠭᠡ᠎ᠶ᠋ᠢᠨ ᠱᠢᠭᠦᠭᠦ᠌ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶ᠋ᠢᠨ ᠬᠠᠷᠢᠭᠤᠴᠠᠯᠭᠠᠳᠠᠨ ᠨᠦᠭᠦᠳ ᠠᠯᠤᠰ ᠡᠵᠡᠮᠱᠢᠯᠳᠤ ᠸᠢᠳᠢᠣ᠋᠎ᠪᠠᠷ ᠬᠤᠷᠠᠯ᠎ᠳᠤ ᠰᠤᠯᠠ ᠤᠷᠤᠯᠴᠠᠪᠠ᠃

ᠶᠡᠭᠡ ᠬᠤᠷᠠᠯ᠎ᠨᠢ ᠰᠦᠷ ᠵᠢᠪᠬᠤᠯᠠᠩᠳᠤ ᠤᠯᠤᠰ᠎ᠤᠨ ᠰᠦᠯᠳᠡ ᠲᠠᠭᠤᠤ᠎ᠶ᠋ᠢᠨ ᠠᠶᠠᠰ ᠲᠤᠮᠳᠠ ᠲᠡᠭᠦᠰᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号