1 ᠰᠠᠷ᠎ᠠ᠎ᠶ᠋ᠢᠨ 30 ᠤ ᠦᠳᠡ᠎ᠶ᠋ᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ ᠭᠤᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠬᠢᠵᠠᠢ᠃
ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠳᠤ ᠤᠷᠤᠯᠴᠠᠬᠤ ᠶᠤᠰᠤᠳᠠᠢ ᠲᠦᠯᠦᠭᠡᠯᠡᠭ᠌ᠴᠢ 520 ᠬᠦᠮᠦᠨ ᠪᠣᠢ᠂ ᠡᠨᠡ ᠤᠳᠠᠭ᠎ᠠ᠎ᠶ᠋ᠢᠨ ᠪᠦᠭᠦᠳᠡ ᠬᠤᠷᠠᠯ᠎ᠳᠤ 491 ᠲᠦᠯᠦᠭᠡᠯᠡᠭ᠌ᠴᠢ ᠤᠷᠤᠯᠴᠠᠵᠤ᠂ ᠬᠠᠤᠯᠢ᠎ᠳᠤ ᠲᠤᠬ᠍ᠳᠠᠭᠠᠬ᠍ᠰᠠᠨ ᠬᠦᠮᠦᠨ᠎ᠤ ᠲᠤᠭᠠᠳᠤ ᠨᠡᠢᠴᠡᠪᠡ᠃
ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠠᠢᠡᠭ᠌ᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭᠦ᠌ ᠲᠡᠷᠢᠭᠦᠯᠡᠭ᠌ᠴᠢ ᠯᠢᠶᠠᠨ ᠰᠤ᠌ ᠬᠤᠷᠠᠯ᠎ᠢ ᠡᠷᠬᠢᠯᠡᠵᠠᠢ᠃ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠠᠢᠡᠭ᠌ᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭᠦ᠌ ᠲᠡᠷᠢᠭᠦᠯᠡᠭ᠌ᠴᠢ ᠱ᠌ᠢ ᠸᠧᠨ ᠱᠢᠤᠸᠠᠢ᠂ ᠶᠡᠭᠡ ᠬᠤᠷᠠᠯ᠎ᠤᠨ ᠭᠦᠢᠴᠡᠳᠭᠡᠭᠦ᠌ ᠲᠡᠷᠢᠭᠦᠯᠡᠭ᠌ᠴᠢ ᠵᠠᠩ ᠶᠢᠩ ᠺᠦᠢ᠂ ᠮᠸᠡᠭ ᠱᠢᠶᠠᠨ ᠳ᠋ᠦᠡᠭ᠂ ᠹᠸᠢ ᠳ᠋ᠦᠡᠭ ᠪᠢᠨ᠂ ᠯᠢᠤ ᠵᠢᠶᠠᠨ ᠰᠢ᠂ ᠸᠠᠨ ᠴᠤᠤ ᠴᠢ᠂ ᠵᠤᠤ ᠵᠢᠶᠠᠩ ᠲᠤᠤ᠂ ᠴᠠᠩ ᡁᠢ ᠭᠠᠨᠭ᠌ ᠲᠡᠷᠢᠭᠦᠯᠡᠭ᠌ᠴᠢᠳ᠎ᠤᠨ ᠲᠠᠢᠰᠠᠨ᠎ᠤ ᠡᠮᠦᠨ᠎ᠠ ᠮᠦᠷ᠎ᠲᠤ ᠰᠠᠭᠠᠳᠠᠪᠠ᠃
ᠱ᠌ᠢ᠎ᠲᠠᠢ ᠹᠸᠡᠭ᠂ ᠯᠢ ᠱᠢᠤ ᠯᠢᠩ᠂ ᠯᠢᠨ ᠱᠤᠤ ᠴᠦᠨ᠂ ᠸᠠᠩ ᠯᠢ ᠱᠢᠶᠠ᠂ ᠯᠢᠤ ᠴᠢ ᠹᠠᠨ᠂ ᠪᠠᠢ ᠢᠤᠢ ᠭᠠᠨᠭ᠍᠂ ᠮᠸᠡᠭ ᠹᠠᠨ ᠯᠢ᠂ ᠶᠠᠩ ᠸᠧᠢ ᠳ᠋ᠦᠡᠭ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠡᠸᠨ ᠬᠤᠢ᠂ ᠮᠠ ᠴᠢᠩ ᠯᠸᠢ ᠵᠡᠷᠭᠡ ᠦᠪᠡᠷᠳᠡᠭᠡᠨ ᠵᠠᠰᠠᠬᠤ ᠤᠷᠤᠨ᠎ᠤ ᠤᠳᠤᠷᠢᠳᠤᠯᠭ᠎ᠠ ᠵᠢᠴᠢ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠭᠦᠮ᠎ᠤᠨ ᠪᠦᠷᠢᠯᠳᠦᠭᠦᠨ ᠲᠡᠷᠢᠭᠦᠯᠡᠭ᠌ᠴᠢᠳ᠎ᠤᠨ ᠲᠠᠢᠰᠠᠨ᠎ᠳᠤ ᠰᠠᠭᠠᠳᠠᠪᠠ᠃
ᠬᠤᠷᠠᠯ᠎ᠠᠴᠠ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠰᠤᠷᠭᠠᠨ ᠬᠦᠮᠦᠵᠢᠯ ᠱᠢᠨᠵᠢᠯᠡᠭᠦ᠌ ᠤᠬᠠᠭᠠᠨ ᠰᠤᠶᠤᠯ ᠡᠷᠡᠭᠦᠯ ᠬᠠᠮᠠᠭᠠᠯᠠᠯ᠎ᠤᠨ ᠵᠦᠪᠯᠡᠯ᠎ᠤᠨ ᠡᠷᠬᠢᠯᠡᠭ᠌ᠴᠢ ᠭᠡᠱᠢᠭᠦᠨ᠎ᠤ ᠵᠢᠱ᠌ᠢᠭ᠌ᠳᠡᠭ᠌ᠴᠢ᠎ᠶ᠋ᠢ ᠪᠠᠳᠤᠯᠠᠬᠤ ᠠᠷᠭ᠎ᠠ》 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠰᠤᠷᠭᠠᠨ ᠬᠦᠮᠦᠵᠢᠯ ᠱᠢᠨᠵᠢᠯᠡᠭᠦ᠌ ᠤᠬᠠᠭᠠᠨ ᠰᠤᠶᠤᠯ ᠡᠷᠡᠭᠦᠯ ᠬᠠᠮᠠᠭᠠᠯᠠᠯ᠎ᠤᠨ ᠵᠦᠪᠯᠡᠯ᠎ᠤᠨ ᠡᠷᠬᠢᠯᠡᠭ᠌ᠴᠢ ᠭᠡᠱᠢᠭᠦᠨ᠎ᠤ ᠨᠡᠷᠡᠰ》 ᠢ ᠪᠠᠳᠤᠯᠠᠵᠦ᠍᠂ ᠵᠠᠩ ᠶᠤᠸᠠᠨ ᠵᠦᠡᠭ᠎ᠢᠶᠠᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠰᠤᠷᠭᠠᠨ ᠬᠦᠮᠦᠵᠢᠯ ᠱᠢᠨᠵᠢᠯᠡᠭᠦ᠌ ᠤᠬᠠᠭᠠᠨ ᠰᠤᠶᠤᠯ ᠡᠷᠡᠭᠦᠯ ᠬᠠᠮᠠᠭᠠᠯᠠᠯ᠎ᠤᠨ ᠵᠦᠪᠯᠡᠯ᠎ᠤᠨ ᠡᠷᠬᠢᠯᠡᠭ᠌ᠴᠢ ᠭᠡᠱᠢᠭᠦᠨ᠎ᠤ ᠲᠤᠱᠢᠶᠠᠯ᠎ᠢ ᠡᠭᠦᠷᠭᠡᠯᠡᠭᠦᠯᠪᠡ᠃
ᠬᠤᠷᠠᠯ᠎ᠠᠴᠠ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠶᠡᠷᠦᠩᠭᠡᠢ ᠪᠢᠯᠧᠲ ᠬᠢᠨᠠᠬ᠍ᠴᠢ᠂ ᠲᠡᠳ᠋ ᠶᠡᠷᠦᠩᠭᠡᠢ ᠪᠢᠯᠧᠲ ᠬᠢᠨᠠᠬ᠍ᠴᠢ᠂ ᠪᠢᠯᠧᠲ ᠬᠢᠨᠠᠬ᠍ᠴᠢ᠎ᠶ᠋ᠢᠨ ᠨᠡᠷᠡᠰ》 ᠢ ᠪᠠᠳᠤᠯᠠᠪᠠ᠃ ᠬᠤᠷᠠᠯ᠎ᠳᠤ ᠤᠷᠤᠯᠴᠠᠬ᠍ᠰᠠᠨ ᠲᠦᠯᠦᠭᠡᠯᠡᠭ᠌ᠴᠢᠳ ᠪᠢᠯᠧᠲ ᠦᠭ᠌ᠴᠦ ᠰᠤᠩᠭᠤᠬᠤ᠎ᠪᠠᠷ ᠲᠠᠮᠵᠢᠨ᠂ ᠯᠢᠤ ᠸᠠᠨ ᠬᠤᠸᠠ᠂ ᠱᠢᠤᠢ ᠲᠢᠩ ᠵᠠᠩ᠂ ᠯᠢ ᠭᠠᠨᠭ᠍᠂ ᠯᠢ ᠴᠢᠤᠸᠠᠨ ᠸᠧᠨ᠂ ᠶᠠᠩ ᠴᠦᠨ ᠱᠠᠨ᠂ ᠵᠠᠩ ᠴᠧᠨ᠂ ᠴᠧᠨ ᠵᠢᠶᠧ᠂ ᠴᠢ᠎ᠶ᠋ᠢᠨ ᠢᠤᠢ᠂ ᠶᠤᠸᠠᠢ ᡁᠢ ᠵᠢᠶᠦ᠋ᠨ᠂ ᠵᠢᠶᠠᠩ ᠪᠦᠸᠧ ᠶᠠᠨ᠂ ᠭᠦᠡᠭ ᠵᠢᠶᠠ ᠳ᠋ᠦᠡᠭ᠂ ᠲᠠᠨ ᠵᠢᠩ ᠹᠸᠡᠭᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠭᠡᠱᠢᠭᠦᠨ᠎ᠢᠶᠠᠷ ᠰᠤᠩᠭᠤᠪᠠ᠃