ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠡᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠲᠡᠬᠦᠰᠭᠦ ᠬᠤᠷᠠᠯ ᠳᠡᠭᠡᠷᠡᠬᠢ ᠶᠠᠷᠢᠶ᠎ᠠ
2021-01-31 10:03:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

                (2021 ᠤᠨ᠎ᠤ 1 ᠰᠠᠷ᠎ᠠ᠎ᠶ᠋ᠢᠨ 30 ᠎ᠤ ᠡᠳᠦᠷ)

                           ᠱ᠌ᠢ᠎ᠲᠠᠢ ᠹᠧᠩ

ᠲᠦᠯᠦᠭᠡᠯᠡᠭ᠌ᠴᠢᠳ ᠡ᠂ ᠨᠦᠬᠦᠳ ᠡ᠄

ᠤᠯᠠᠨ᠎ᠤ ᠬᠠᠮᠳᠦ᠎ᠶ᠋ᠢᠨ ᠴᠢᠷᠮᠠᠢᠯᠭ᠎ᠠ᠎ᠪᠠᠷ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ ᠡᠯ᠎ᠠ ᠵᠦᠪᠯᠡᠬᠦ᠌ ᠵᠦᠢᠯ᠎ᠢᠶᠠᠨ ᠠᠮᠵᠢᠯᠳᠠ᠎ᠲᠠᠢ ᠲᠠᠭᠤᠰᠭᠠᠭᠠᠳ ᠲᠡᠬᠦᠰᠭᠦ ᠪᠤᠯᠤᠯ᠎ᠠ᠃

ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠤᠷᠤᠯᠴᠠᠭ᠍ᠰᠠᠨ ᠪᠦᠬᠦ᠌ ᠲᠦᠯᠦᠭᠡᠯᠡᠭ᠌ᠴᠢ ᠪᠦᠬᠦ᠌ ᠤᠷᠤᠨ᠎ᠤ 2500 ᠭᠠᠷᠤᠢ ᠲᠦᠮᠡᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠬᠦᠨᠳᠦ ᠨᠠᠢᠳᠠᠯᠭ᠎ᠠ᠎ᠶ᠋ᠢ ᠡᠬᠦᠷᠭᠡᠯᠡᠨ᠂ ᠴᠤᠬ ᠵᠤᠷᠢᠭ ᠪᠠᠳᠠᠷᠠᠩᠭᠤᠢ᠎ᠪᠠᠷ ᠬᠤᠷᠠᠯ᠎ᠳᠤ ᠤᠷᠤᠯᠴᠠᠵᠦ᠍᠂ ᠰᠡᠳᠭᠢᠯ ᠰᠠᠨᠠᠭ᠎ᠠ᠎ᠪᠠᠨ ᠲᠦᠪᠯᠡᠷᠡᠬᠦᠯᠦᠨ ᠪᠢᠴᠢᠭ ᠮᠠᠲᠧᠷᠢᠶᠠᠯ᠎ᠢ ᠬᠢᠨᠡᠨ ᠵᠦᠪᠯᠡᠵᠦ᠍᠂ ᠰᠤᠩᠭᠤᠭᠤᠯᠢ᠎ᠳᠤ ᠨᠠᠷᠢᠨ ᠬᠢᠨᠠᠮᠠᠭᠠᠢ ᠬᠠᠷᠢᠭᠤᠴᠠᠯᠭ᠎ᠠ᠎ᠲᠠᠢ ᠤᠷᠤᠯᠴᠠᠨ᠂ ᠲᠦᠯᠦᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠤᠰᠤᠭᠠᠷ ᠬᠦᠢᠴᠡᠳᠭᠡᠵᠦ᠍᠂ ᠠᠷᠠᠳᠴᠢᠯᠠᠯ᠎ᠤᠨ ᠡᠷᠭᠡ᠎ᠪᠠᠨ ᠲᠦᠪ ᠬᠢᠴᠢᠶᠠᠩᠬᠦᠢ᠎ᠪᠠᠷ ᠭᠡᠷᠡᠭ᠌ᠵᠢᠬᠦᠯᠦᠨ᠂ ᠤᠬᠠᠮᠰᠠᠷ᠎ᠠᠴᠠ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠵᠢᠷᠤᠮᠯᠠᠵᠦ᠍᠂ ᠳᠡᠭᠡᠳᠦ ᠭᠡᠮᠵᠢᠶᠠᠨ᠎ᠤ ᠤᠯᠤᠰ ᠲᠦᠷᠦ᠎ᠶ᠋ᠢᠨ ᠤᠬᠠᠮᠰᠠᠷ ᠪᠠ ᠮᠠᠰᠢ ᠴᠢᠩᠭ᠎ᠠ ᠬᠠᠷᠢᠭᠤᠴᠠᠯᠭ᠎ᠠ ᠡᠬᠦᠷᠭᠡᠯᠡᠯ᠎ᠢᠶᠠᠨ ᠢᠯᠡᠷᠡᠬᠦᠯᠦᠨ᠂ ᠡᠷᠡᠮᠡᠬᠡᠢᠯᠡᠨ ᠤᠷᠤᠭ᠍ᠰᠢᠯᠠᠵᠤ ᠦᠭᠡᠳᠡᠯᠡᠨ ᠲᠠᠪᠱᠢᠬᠤ ᠤᠶᠤᠨ ᠰᠠᠨᠠᠭᠠᠨ᠎ᠤ ᠲᠦᠷᠰᠤ ᠪᠠᠢᠳᠠᠯ᠎ᠢᠶᠠᠨ ᠬᠠᠷᠠᠭᠤᠯᠵᠠᠢ᠃ ᠬᠤᠷᠠᠯ᠎ᠠᠴᠠ ᠬᠢᠨᠡᠨ ᠪᠠᠢᠴᠠᠭᠠᠵᠦ᠍ ᠵᠦᠪᠱᠢᠶᠡᠷᠡᠭ᠌ᠰᠡᠨ 《ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠠ᠎ᠶ᠋ᠢᠨ ᠠᠷᠪᠡᠨ ᠲᠦᠷᠪᠡᠳᠦᠭᠡᠷ ᠲᠠᠪᠤᠨ ᠵᠢᠯ᠎ᠤᠨ ᠲᠦᠯᠦᠪᠵᠢᠬᠦᠯᠭᠡ ᠪᠠ 2035 ᠤᠨ᠎ᠤ ᠠᠯᠤᠰ᠎ᠤᠨ ᠬᠠᠷᠠᠯᠳᠠ᠎ᠶ᠋ᠢᠨ ᠬᠦᠳᠦᠯᠪᠦᠷᠢ》 ᠪᠤᠯᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠵᠡᠷᠭᠡ ᠡᠯ᠎ᠠ ᠵᠦᠢᠯ᠎ᠤᠨ ᠢᠯᠡᠳᠭᠡᠯ ᠮᠡᠳᠡᠬᠦᠯᠦᠯᠳᠠ᠎ᠨᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠲᠤᠭᠤᠱᠢᠯᠠᠭᠤᠯᠵᠦ᠍᠂ ᠶᠡᠷᠦᠩᠭᠡᠢ ᠱᠦᠵᠢ ᠰᠢ᠎ᠶ᠋ᠢᠨ ᠫᠢᠩ᠎ᠤᠨ ᠥᠪᠦᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ᠎ᠶ᠋ᠢ ᠬᠦᠨᠵᠡᠭᠡᠢ ᠲᠤᠭᠤᠱᠢᠯᠠᠭᠤᠯᠤᠨ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠡᠨ ᠭᠤᠷᠪᠠᠳᠤᠭᠠᠷ ᠤᠳᠠᠭ᠎ᠠ᠎ᠶ᠋ᠢᠨ ᠪᠦᠬᠦᠳᠠ ᠬᠤᠷᠠᠯ ᠵᠢᠴᠢ ᠪᠦᠬᠦ᠌ ᠤᠷᠤᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠱᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ ᠪᠤᠯᠤᠨ ᠠᠵᠢᠯ᠎ᠤᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠢᠯᠡᠷᠡᠬᠦᠯᠵᠠᠢ᠃ ᠡᠨᠡ ᠪᠤᠯ ᠪᠢᠳᠠᠨ᠎ᠤ 《ᠠᠷᠪᠡᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠭᠦᠯᠵᠤ᠂ 《ᠠᠷᠪᠡᠨ ᠲᠦᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ ᠡᠷᠡᠮᠡᠭᠡᠢᠯᠡᠨ ᠲᠡᠮᠡᠴᠡᠬᠦ᠌ ᠡᠬᠦᠷᠭᠡ᠎ᠶ᠋ᠢᠨ ᠪᠢᠴᠢᠭ ᠪᠤᠯᠤᠨ ᠠᠵᠢᠯᠯᠠᠭᠠᠨ᠎ᠤ ᠵᠢᠷᠤᠭ ᠮᠦᠨ᠃ ᠬᠤᠷᠠᠯ᠎ᠠᠴᠠ ᠬᠢᠨᠡᠨ ᠵᠦᠪᠯᠡᠵᠦ᠍ ᠪᠠᠳᠤᠯᠠᠭ᠍ᠰᠠᠨ 《ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠦᠨᠳᠦᠰᠦᠳᠡᠨ᠎ᠤ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠦᠷᠢᠮ》 ᠎ᠨᠢ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦᠨ ᠠᠱᠢᠬ ᠲᠤᠰᠠ ᠪᠠ ᠬᠠᠮᠳᠦ᠎ᠶ᠋ᠢᠨ ᠰᠡᠳᠭᠢᠯ᠎ᠤᠨ ᠳᠠᠭᠤᠨ᠎ᠢ ᠬᠦᠢᠴᠡᠳ ᠲᠤᠰᠭᠠᠵᠦ᠍᠂ ᠪᠢᠳᠠᠨ᠎ᠤ ᠳᠤᠮᠳᠠᠳᠤ᠎ᠶ᠋ᠢᠨ ᠦᠨᠳᠦᠰᠦᠳᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠠᠵᠢᠯ᠎ᠢ ᠰᠠᠢᠳᠤᠷ ᠬᠢᠬᠦ᠂ ᠦᠨᠳᠦᠰᠦᠳᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠴᠢᠬᠤᠯᠠ ᠬᠠᠤᠯᠢᠵᠢᠯ᠎ᠤᠨ ᠪᠠᠳᠤᠯᠠᠭ᠎ᠠ ᠬᠠᠩᠭᠠᠪᠠ᠃ ᠬᠤᠷᠠᠯ᠎ᠠᠴᠠ ᠰᠤᠩᠭᠤᠭᠤᠯᠢ᠎ᠪᠠᠷ ᠳᠠᠮᠵᠢᠨ ᠪᠠᠳᠤᠯᠠᠭ᠍ᠰᠠᠨ ᠬᠤᠯᠪᠤᠭ᠍ᠳᠠᠯ ᠪᠦᠬᠦᠢ ᠠᠵᠢᠯᠳᠠᠨ᠎ᠤ ᠶᠠᠪᠤᠳᠠᠯ᠎ᠤᠨ ᠵᠦᠢᠯ᠎ᠨᠢ ᠨᠠᠮ᠎ᠤᠨ ᠵᠤᠷᠢᠯᠳᠠ ᠪᠤᠯᠤᠨ ᠠᠷᠠᠳ᠎ᠤᠨ ᠵᠤᠷᠢᠭ ᠰᠠᠨᠠᠭᠠᠨ᠎ᠤ ᠳᠡᠭᠡᠳᠦ ᠭᠡᠮᠵᠢᠶᠠᠨ᠎ᠤ ᠨᠢᠭᠡᠳᠦᠯ᠎ᠢ ᠪᠡᠶᠡᠯᠡᠬᠦᠯᠵᠡᠢ᠃ ᠬᠤᠷᠠᠯ ᠮᠠᠰᠢ ᠠᠮᠵᠢᠯᠳᠠ᠎ᠲᠠᠢ ᠶᠠᠪᠤᠭ᠍ᠳᠠᠵᠤ᠂ ᠨᠢᠭᠡᠨ ᠤᠳᠠᠭ᠎ᠠ᠎ᠶ᠋ᠢᠨ ᠲᠤᠭ᠎ᠢ ᠦᠨᠳᠦᠷ ᠮᠠᠨᠳᠤᠭᠤᠯᠤᠭ᠍ᠰᠠᠨ᠂ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠭ᠌ᠰᠡᠨ᠂ ᠤᠷᠤᠬ᠍ᠰᠢᠯᠠᠨ ᠳᠠᠪᠱᠢᠭ᠍ᠰᠠᠨ ᠶᠡᠭᠡ ᠬᠤᠷᠠᠯ ᠪᠤᠯᠵᠠᠢ᠂ ᠨᠢᠭᠡᠨ ᠤᠳᠠᠭ᠎ᠠ᠎ᠶ᠋ᠢᠨ ᠠᠷᠠᠳᠴᠢᠯᠠᠯ᠎ᠢ ᠪᠠᠳᠠᠷᠠᠭᠤᠯᠤᠭ᠍ᠰᠠᠨ᠂ ᠤᠶᠤᠨ ᠤᠬᠠᠭᠠᠨ᠎ᠢ ᠲᠦᠪᠯᠡᠷᠡᠬᠦᠯᠦᠭ᠌ᠰᠡᠨ᠂ ᠪᠦᠯᠬᠦᠮᠳᠡᠨ ᠨᠢᠭ᠍ᠳᠠᠷᠠᠵᠤ ᠪᠤᠳᠠᠳᠠᠢ᠎ᠶ᠋ᠢ ᠡᠷᠬᠢᠮᠯᠡᠭ᠌ᠰᠡᠨ ᠶᠡᠭᠡ ᠬᠤᠷᠠᠯ ᠪᠤᠯᠵᠠᠢ᠂ ᠡᠨᠡ ᠤᠳᠠᠭ᠎ᠠ᠎ᠶ᠋ᠢᠨ ᠶᠡᠭᠡ ᠬᠤᠷᠠᠯ᠎ᠨᠢ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠪᠦᠯᠬᠦᠮᠳᠡᠨ ᠨᠢᠭᠡᠳᠴᠦ᠍᠂ ᠢᠯᠡᠯᠳᠠ᠎ᠶ᠋ᠢᠨ ᠡᠷᠴᠢᠨ ᠳᠡᠭᠡᠷ᠎ᠠ᠎ᠪᠠᠨ ᠤᠷᠤᠭ᠍ᠰᠢᠯᠠᠨ ᠳᠠᠪᠱᠢᠬᠤ᠎ᠶ᠋ᠢ ᠴᠢᠨᠠᠭ᠍ᠰᠢᠳᠠ ᠤᠷᠮᠠᠱᠢᠭᠤᠯᠤᠨ ᠵᠤᠷᠢᠡᠡᠵᠢᠭᠤᠯᠵᠤ᠂ 《ᠠᠷᠪᠡᠨ ᠲᠦᠷᠪᠡᠳᠦᠭᠡᠷ ᠲᠠᠪᠤᠨ ᠵᠢᠯ》 ᠎ᠳᠤ ᠡᠷᠡᠯᠭᠡᠭ᠌ᠯᠡᠨ ᠲᠡᠮᠡᠴᠡᠵᠤ ᠱᠢᠨ᠎ᠠ ᠠᠶᠠᠨ ᠵᠠᠮ᠎ᠳᠠᠭᠠᠨ ᠡᠷᠡᠮᠡᠬᠡᠢᠯᠡᠨ ᠤᠷᠤᠬ᠍ᠰᠢᠯᠠᠬᠤ ᠠᠤᠭ᠎ᠠ ᠬᠦᠴᠦᠨ᠎ᠢ ᠪᠦᠷᠢᠯᠳᠦᠬᠦᠯᠬᠦ᠌᠎ᠨᠢ ᠯᠠᠪᠳᠠᠢ᠃

ᠲᠦᠯᠦᠭᠡᠯᠡᠭ᠌ᠴᠢᠳ ᠡ᠂ ᠨᠦᠬᠦᠳ ᠡ!

ᠰᠠᠢᠬᠠᠨ ᠦᠩᠭᠡᠷᠡᠭ᠌ᠰᠡᠨ 2020 ᠤᠨ ᠪᠤᠯ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠮᠦᠨ᠂ ᠥᠪᠦᠷ ᠮᠤᠩᠭᠤᠯ᠎ᠤᠨ ᠬᠦᠭ᠌ᠵᠢᠯᠳᠠ᠎ᠶ᠋ᠢᠨ ᠶᠠᠪᠤᠴᠠ ᠳᠤᠮᠳᠠ ᠶᠡᠭᠡ ᠶᠠᠪᠤᠳᠠᠯ ᠴᠢᠬᠤᠯᠠ ᠶᠠᠪᠤᠳᠠᠯ ᠤᠯᠠᠨ᠂ ᠪᠠᠴᠢᠮ ᠶᠠᠪᠤᠳᠠᠯ ᠬᠦᠴᠢᠷ ᠶᠠᠪᠤᠳᠠᠯ ᠴᠦ᠍ ᠤᠯᠠᠨ ᠭᠠᠷᠴᠠᠢ᠃ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠪᠠ ᠲᠤᠳᠤᠨᠤ ᠬᠠᠯᠠᠮᠵᠢᠯᠠᠯ ᠳᠤᠤᠷ᠎ᠠ᠂ ᠪᠢᠳᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠠ᠎ᠶ᠋ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠍᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠢᠵᠢᠭ᠎ᠲᠠᠢ ᠲᠡᠮᠡᠴᠡᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨ ᠬᠢᠵᠦ᠍᠂ ᠶᠡᠷᠦᠩᠭᠡᠢᠯᠡᠨ ᠠᠷᠭ᠎ᠠ ᠪᠤᠳᠤᠯᠭ᠎ᠠ ᠭᠡᠷᠡᠭ᠌ᠵᠢᠬᠦᠯᠵᠦ᠍ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢ ᠠᠳᠭᠤᠨ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》 ᠠᠵᠢᠯ᠎ᠢ ᠠᠬᠢᠭᠤᠯᠵᠦ᠍᠂ ᠤᠯᠤᠰ ᠲᠦᠷᠦ᠎ᠶ᠋ᠢᠨ ᠠᠮᠢ ᠠᠬᠤᠢ᠎ᠶ᠋ᠢ ᠡᠷᠡᠰ ᠱᠢᠭᠤᠷᠬᠠᠢ ᠡᠷᠴᠢᠮᠳᠠᠢ᠎ᠪᠠᠷ ᠴᠡᠪᠡᠷᠱᠢᠭᠦᠯᠤᠨ᠂ ᠪᠠᠢᠭᠠᠯᠢ᠎ᠶ᠋ᠢᠨ ᠠᠮᠢ ᠠᠬᠤᠢ᠎ᠶ᠋ᠢ ᠵᠠᠰᠠᠨ ᠰᠡᠷᠬᠦᠭᠡᠬᠦ᠌᠎ᠪᠠᠷ ᠦᠷᠬᠦᠯᠵᠢᠯᠡᠨ ᠬᠦᠴᠦᠯᠡᠵᠦ᠍᠂ ᠤᠨᠢᠨ ᠳᠡᠭᠡᠷ᠎ᠠ᠎ᠨᠢ ᠬᠦᠴᠦᠯᠡᠨ ᠴᠢᠬᠤᠯᠠ ᠶᠡᠭᠡ ᠠᠶᠦᠯ ᠲᠦᠭ᠌ᠰᠢᠬᠦᠷᠢ᠎ᠶ᠋ᠢ ᠰᠡᠷᠭᠡᠢᠯᠡᠨ ᠡᠵᠡᠮᠳᠡᠵᠦ᠍᠂ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠤᠷᠢᠯᠡᠨ᠂ ᠠᠯᠢ ᠤᠯᠠᠨ ᠬᠠᠳᠠᠭᠤ ᠲᠠᠢᠯᠠᠯᠳᠤᠭᠠᠨ᠎ᠳᠤ ᠢᠯᠠᠯᠳᠠ ᠤᠯᠵᠦ᠍᠂ ᠮᠠᠰᠢ ᠤᠯᠠᠨ ᠪᠡᠷᠬᠡ ᠠᠰᠠᠭᠤᠳᠠᠯ᠎ᠢ ᠱᠢᠢᠳᠪᠤᠷᠢᠯᠡᠨ᠂ ᠪᠦᠬᠦ᠌ ᠤᠷᠤᠨ᠎ᠤ ᠠᠵᠤ ᠠᠬᠤᠢ ᠲᠤᠭ᠍ᠳᠠᠭᠤᠨ᠎ᠢᠶᠠᠷ ᠰᠡᠷᠬᠦᠵᠦ᠍᠂ ᠰᠦᠭᠡᠷᠬᠦ᠌ ᠨᠡᠮᠡᠭ᠌ᠳᠡᠯ᠎ᠲᠠᠢ ᠪᠠᠢᠬ᠍ᠰᠠᠨ᠎ᠠᠴᠠ᠎ᠪᠠᠨ ᠡᠶᠡᠷᠬᠦ᠌ ᠨᠡᠮᠡᠭ᠌ᠳᠡᠯ᠎ᠲᠠᠢ ᠪᠤᠯᠵᠦ᠍᠂ ᠭᠤᠷᠪᠡᠨ ᠶᠡᠭᠡ ᠪᠤᠭᠤᠮᠳᠠ ᠱᠢᠪᠳᠤᠯᠬᠤ ᠲᠠᠢᠯᠠᠯᠳᠤᠭᠠᠨ᠎ᠳᠤ ᠱᠢᠢᠳᠪᠤᠷᠢᠳᠦ ᠴᠢᠨᠠᠷᠳᠠᠢ ᠠᠮᠵᠢᠯᠳᠠ ᠪᠦᠳᠦᠮᠵᠢ ᠤᠯᠵᠦ᠍᠂ 《ᠠᠷᠪᠡᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠬᠦᠯᠭᠡ᠎ᠳᠤ ᠲᠤᠭ᠍ᠳᠠᠭᠠᠭ᠍ᠰᠠᠨ ᠬᠠᠷᠠᠯᠳᠠ ᠡᠬᠦᠷᠭᠡ᠎ᠶ᠋ᠢ ᠦᠨᠳᠦᠰᠦᠨ᠎ᠳᠡᠭᠡᠨ ᠪᠡᠶᠡᠯᠡᠬᠦᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠢᠯᠠᠯᠳᠠ᠎ᠶ᠋ᠢ ᠤᠯᠤᠮᠠᠷ ᠪᠠᠢᠨ᠎ᠠ᠃ ᠡᠨᠡ ᠨᠢᠭᠡ ᠵᠢᠯ᠎ᠳᠤ᠂ ᠪᠢᠳᠠᠨ᠎ᠤ ᠠᠶᠠᠨ ᠵᠠᠮ ᠪᠡᠷᠭᠡ ᠪᠠᠷᠳᠠᠭ᠎ᠠ᠎ᠪᠠᠷ ᠲᠦᠬᠦᠷᠴᠦ᠍ ᠪᠠᠢᠭ᠍ᠰᠠᠨ ᠴᠤ᠌ ᠪᠢᠳᠡᠨ᠎ᠤ ᠠᠯᠬᠤᠭ᠎ᠠ ᠢᠳᠡᠷᠡᠬᠦᠨ ᠬᠦᠴᠦᠳᠠᠢ ᠪᠠᠢᠵᠦ᠍᠂ ᠬᠦᠮᠦᠰ᠎ᠢ ᠤᠷᠮᠠᠱᠢᠭᠤᠯᠤᠮ᠎ᠠ ᠠᠮᠵᠢᠯᠳᠠ ᠤᠯᠵᠤ᠂ 《ᠠᠷᠪᠡᠨ ᠭᠤᠷᠪᠠᠳᠤᠭᠠᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢ ᠲᠡᠬᠦᠰ ᠠᠮᠵᠢᠯᠳᠠ᠎ᠲᠠᠢ ᠪᠡᠶᠡᠯᠡᠬᠦᠯᠤᠨ᠂ ᠤᠳᠤᠬᠢᠴᠢᠯᠠᠬ᠍ᠰᠨᠨ ᠥᠪᠦᠷ ᠮᠤᠩᠭᠤᠯ᠎ᠤᠨ ᠪᠦᠳᠦᠭᠡᠨ ᠪᠠᠢᠭᠤᠯᠤᠯᠳᠠ᠎ᠶ᠋ᠢ ᠪᠤᠤᠬᠢᠶ᠎ᠠ ᠳᠠᠮᠵᠢᠭᠤᠯᠤᠨ ᠠᠬᠢᠭᠤᠯᠬᠤ᠎ᠳᠤ ᠪᠠᠳᠤ ᠰᠠᠭᠤᠷᠢ ᠲᠠᠯᠪᠢᠵᠠᠢ᠃

ᠲᠦᠯᠦᠭᠡᠯᠡᠭ᠌ᠴᠢᠳ ᠡ᠂ ᠨᠦᠬᠦᠳ ᠡ!

ᠤᠳᠤ ᠪᠢᠳᠠ ᠨᠢᠭᠡᠨᠳᠡ ᠮᠠᠨ᠎ᠤ ᠤᠯᠤᠰ᠎ᠤᠨ ᠬᠦᠭ᠌ᠵᠢᠯᠳᠠ᠎ᠶ᠋ᠢᠨ ᠠᠬᠢᠴᠠ ᠳᠤᠮᠳᠠᠬᠢ ᠬᠦᠱᠢᠶ᠎ᠠ ᠲᠡᠮᠳᠡᠭ᠎ᠤᠨ ᠠᠴᠢ ᠬᠤᠯᠪᠤᠭ᠍ᠳᠠᠯ᠎ᠲᠠᠢ ᠱᠢᠨ᠎ᠠ ᠬᠦᠭ᠌ᠵᠢᠯᠳᠠ᠎ᠶ᠋ᠢᠨ ᠱᠠᠳᠤᠨ᠎ᠳᠤ ᠤᠷᠤᠪᠠ᠃ ᠱᠢᠨ᠎ᠠ ᠭᠠᠷᠤᠭ᠎ᠠ ᠲᠡᠬᠡᠷ᠎ᠠ ᠱᠢᠨ᠎ᠠ᠎ᠢ ᠡᠬᠢᠯᠡᠬᠦᠯᠬᠦ᠌᠎ᠳᠤ᠂ ᠪᠢᠳᠠ ᠲᠡᠦᠭᠡ᠎ᠶ᠋ᠢᠨ ᠪᠤᠤᠬᠢᠶ᠎ᠠ᠎ᠶ᠋ᠢ ᠲᠤᠰᠤᠨ ᠠᠪᠴᠦ᠍᠂ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠤ ᠱᠢᠨ᠎ᠠ ᠬᠠᠭᠤᠳᠠᠰᠤ᠎ᠶ᠋ᠢ ᠪᠢᠴᠢᠭ᠌ᠯᠡᠬᠦ᠌ ᠬᠠᠷᠢᠭᠤᠴᠠᠯᠭᠠᠳᠦ ᠰᠡᠳᠭᠢᠯᠭᠡ ᠪᠠ ᠡᠬᠦᠷᠭᠡᠳᠦ ᠪᠤᠳᠤᠯ᠎ᠢᠶᠠᠨ ᠦᠨᠡᠨ ᠬᠦ᠌ ᠴᠢᠩᠭᠠᠷᠠᠭᠤᠯᠵᠤ᠂ ᠱᠢᠷᠭᠠᠭᠤ ᠬᠠᠳᠠᠭᠤᠵᠢᠯᠳᠠᠢ ᠲᠡᠮᠡᠴᠡᠬᠦ᠌ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠂ ᠲᠠᠢᠴᠢᠯᠠᠵᠦ᠍ ᠪᠤᠯᠬᠤ ᠢᠳᠡᠪᠬᠢ ᠬᠦᠴᠦᠨ ᠵᠦᠢᠯ ᠪᠦᠬᠦᠨ᠎ᠢ ᠲᠠᠢᠴᠢᠯᠠᠨ ᠪᠦᠯᠬᠦᠮᠳᠡᠵᠦ᠍ ᠪᠤᠯᠬᠤ ᠬᠦᠴᠦᠨ ᠪᠦᠬᠦᠨ᠎ᠢ ᠪᠦᠯᠬᠦᠮᠳᠡᠬᠦᠯᠵᠦ᠍᠂ ᠲᠠᠷᠤᠤ ᠬᠢᠴᠢᠶᠡᠩᠬᠦᠢ᠂ ᠢᠳᠡᠪᠬᠢᠳᠠᠢ ᠲᠠᠪᠱᠢᠯᠳᠠ᠎ᠲᠠᠢ᠂ ᠯᠠᠪᠳᠠᠭᠤᠨ ᠬᠢᠨᠠᠭᠤᠷ ᠪᠤᠳᠠᠳᠠᠢ᠎ᠶ᠋ᠢ ᠡᠷᠬᠢᠮᠯᠡᠨ ᠠᠵᠢᠯ᠎ᠢᠶᠠᠨ ᠰᠠᠢᠳᠤᠷ ᠬᠢᠵᠦ᠍᠂ ᠮᠠᠨ᠎ᠤ ᠲᠤᠬ᠍ᠳᠠᠭ᠍ᠰᠠᠨ ᠬᠠᠷᠠᠯᠳᠠ ᠲᠠᠢᠰᠢ᠎ᠪᠠᠨ ᠴᠦᠬᠦᠷᠡᠰᠢ ᠦᠭᠡᠢ᠎ᠪᠠᠷ ᠡᠷᠡᠮᠡᠬᠡᠢᠯᠡᠨ ᠤᠷᠤᠬ᠍ᠰᠢᠯᠠᠬᠤ ᠭᠡᠷᠡᠭ᠌ᠲᠡᠢ᠃ ᠡᠨᠡ ᠵᠢᠯ ᠪᠤᠯ 《ᠠᠷᠪᠡᠨ ᠲᠦᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠭᠡ᠎ᠶ᠋ᠢ ᠭᠡᠷᠡᠭ᠌ᠵᠢᠬᠦᠯᠬᠦ᠂ ᠨᠡᠢᠭᠡᠮ ᠵᠢᠷᠤᠮᠳᠦ ᠤᠳᠤᠬᠢᠴᠢᠯᠠᠬ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠠ ᠵᠠᠮ᠎ᠢ ᠡᠬᠢᠯᠡᠬᠦᠯᠬᠦ᠌ ᠠᠩᠬᠠᠨ᠎ᠤ ᠵᠢᠯ ᠪᠤᠯᠤᠨ᠎ᠠ᠂ ᠪᠢᠳᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠱᠢᠨ᠎ᠠ ᠬᠦᠭ᠌ᠵᠢᠯᠳᠠ᠎ᠶ᠋ᠢᠨ ᠱᠠᠳᠤ᠎ᠶ᠋ᠢ ᠤᠨᠤᠪᠴᠢᠳᠠᠢ ᠡᠵᠡᠮᠳᠡᠬᠦ᠂ ᠱᠢᠨ᠎ᠠ ᠬᠦᠭ᠌ᠵᠢᠯᠳᠠ᠎ᠶ᠋ᠢᠨ ᠤᠢ᠍ᠢᠯᠠᠭᠠᠭ᠍ᠳᠠᠬᠤᠨ᠎ᠢ ᠬᠦᠨᠵᠡᠭᠡᠢ ᠲᠤᠭᠤᠱᠢᠯᠠᠭᠤᠯᠬᠤ᠂ ᠱᠢᠨ᠎ᠠ ᠬᠦᠭ᠌ᠵᠢᠯᠳᠠ᠎ᠶ᠋ᠢᠨ ᠪᠠᠢᠷᠢᠱᠢᠯ᠎ᠢ ᠲᠦᠷᠬᠡᠳᠭᠡᠨ ᠴᠤᠭ᠍ᠴᠠᠯᠠᠬᠤ ᠲᠤᠬᠠᠢ ᠨᠠᠮ᠎ᠤᠨ ᠲᠦᠪ ᠬᠤᠷᠢᠶᠠᠨ᠎ᠤ ᠴᠢᠬᠤᠯᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠤᠢ᠍ᠢᠯᠠᠭᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠠᠵᠤ ᠠᠬᠤᠢ ᠨᠡᠢᠭᠡᠮ᠎ᠤᠨ ᠬᠦᠭ᠌ᠵᠢᠯᠳᠠ᠎ᠶ᠋ᠢᠨ ᠡᠯ᠎ᠠ ᠵᠦᠢᠯ᠎ᠤᠨ ᠠᠵᠢᠯ᠎ᠢᠶᠠᠨ ᠯᠠᠪᠳᠠᠭᠤᠨ ᠪᠠᠳᠤᠳᠠᠢ ᠰᠠᠢᠳᠤᠷ ᠬᠢᠵᠦ᠍᠂ 《ᠠᠷᠪᠡᠨ ᠲᠦᠷᠪᠡᠳᠦᠭᠡᠷ ᠲᠠᠪᠤᠨ ᠵᠢᠯ》 ᠎ᠳᠤ ᠰᠠᠢᠨ ᠡᠬᠢᠯᠡᠯᠳᠡ᠎ᠲᠠᠢ ᠪᠠᠢᠬᠤ᠎ᠶ᠋ᠢ ᠦᠨᠡᠨ ᠬᠦ᠌ ᠪᠠᠳᠤᠯᠠᠨ᠂ ᠱᠢᠯᠢᠳᠡᠭ ᠠᠮᠵᠢᠯᠳᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠳᠦ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠭᠡᠷᠡᠭ᠌ᠲᠡᠢ᠃

《ᠠᠷᠪᠡᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠬᠦᠯᠵᠦ᠍ ᠱᠢᠨ᠎ᠠ ᠠᠶᠠᠨ ᠵᠠᠮ᠎ᠳᠠᠭᠠᠨ ᠮᠤᠷᠳᠠᠬᠤ᠎ᠳᠤ᠂ ᠡᠷᠭᠡᠪᠰᠢ ᠲᠤᠬ ᠳᠡᠮᠳᠡᠭ ᠳᠤᠳᠤᠷᠬᠠᠢ᠎ᠪᠠᠷ ᠤᠯᠤᠰ ᠲᠦᠷᠦ᠎ᠶ᠋ᠢ ᠡᠷᠬᠢᠮᠯᠡᠵᠦ᠍᠂ ᠡᠷᠡᠰ ᠪᠠᠳᠤ ᠰᠠᠨᠠᠭᠠᠴᠢᠯᠠᠭ᠎ᠠ᠎ᠠᠴᠠ᠎ᠪᠠᠨ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠬᠦᠯᠬᠦ᠌ ᠭᠡᠷᠡᠭ᠌ᠲᠡᠢ᠃ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠬᠦᠯᠬᠦ᠌ ᠪᠤᠯ ᠮᠠᠨ᠎ᠤ ᠨᠠᠮ ᠪᠠ ᠲᠦᠷᠦ᠎ᠶ᠋ᠢᠨ ᠤᠯᠤᠰ ᠲᠦᠷᠦ᠎ᠶ᠋ᠢᠨ ᠠᠮᠢᠨ ᠰᠤᠳᠠᠰᠤ ᠮᠦᠨ᠂ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠠᠱᠢᠬ ᠲᠤᠰᠠ ᠠᠵᠠ ᠵᠢᠷᠭᠠᠯ᠎ᠳᠤ ᠬᠤᠯᠪᠤᠭ᠍ᠳᠠᠬᠤ ᠪᠦᠭᠡᠳ ᠮᠠᠨ᠎ᠤ ᠪᠦᠬᠦ᠋ᠢᠯᠡ ᠠᠵᠢᠯ᠎ᠢᠶᠠᠨ ᠰᠠᠢᠳᠤᠷ ᠬᠢᠬᠦ᠌᠎ᠶ᠋ᠢᠨ ᠬᠠᠮᠤᠭ᠎ᠤᠨ ᠴᠢᠬᠤᠯᠠ ᠱᠠᠭᠠᠷᠳᠠᠯᠭ᠎ᠠ᠂ ᠬᠠᠮᠤᠭ᠎ᠤᠨ ᠦᠨᠳᠦᠰᠦᠨ ᠪᠠᠳᠤᠯᠠᠭ᠎ᠠ ᠮᠦᠨ᠃ ᠤᠳᠤᠬᠢᠴᠢᠯᠠᠬ᠍ᠰᠠᠨ ᠥᠪᠦᠷ ᠮᠤᠩᠭᠤᠯ᠎ᠢ ᠪᠦᠳᠦᠭᠡᠨ ᠪᠠᠢᠭᠤᠯᠬᠤ ᠱᠢᠨ᠎ᠠ ᠠᠶᠠᠨ ᠵᠠᠮ᠎ᠳᠠᠭᠠᠨ ᠪᠢᠳᠠ ᠡᠷᠡᠰ ᠪᠠᠳᠤ ᠤᠬᠠᠮᠰᠠᠷ᠎ᠠᠴᠠ᠎ᠪᠠᠨ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠬᠦᠯᠵᠦ᠍᠂ ᠦᠵᠡᠯ ᠰᠠᠨᠠᠭᠠᠨ᠎ᠤ ᠲᠠᠯ᠎ᠠ᠎ᠪᠠᠷ ᠤᠯᠤᠰ ᠲᠦᠷᠦ᠎ᠶ᠋ᠢᠨ ᠲᠠᠯ᠎ᠠ᠎ᠪᠠᠷ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠬ᠍ᠳᠠ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠦᠪ ᠬᠤᠷᠢᠶ᠎ᠠ᠎ᠲᠠᠢ ᠳᠡᠭᠡᠳᠦ ᠭᠡᠮᠵᠢᠶ᠎ᠠ᠎ᠪᠠᠷ ᠨᠢᠭᠡᠳᠦᠯᠲᠠᠢ ᠪᠠᠢᠵᠦ᠍᠂ ᠥᠪᠦᠷ ᠮᠤᠩᠭᠤᠯ᠎ᠤᠨ ᠡᠯ᠎ᠠ ᠵᠦᠢᠯ᠎ᠤᠨ ᠠᠵᠢᠯ ᠦᠢᠯᠡᠰ᠎ᠤᠨ ᠢᠮᠠᠬ᠍ᠳᠠ ᠵᠦᠪ ᠴᠢᠭ᠌ᠯᠡᠯ᠎ᠢᠶᠠᠷ ᠤᠷᠤᠬ᠍ᠰᠢᠯᠠᠬᠤ᠎ᠶ᠋ᠢ ᠪᠠᠳᠤᠯᠠᠬᠤ ᠭᠡᠷᠡᠭ᠌ᠲᠡᠢ᠃ ᠤᠯᠠᠮ ᠴᠢᠨᠠᠬ᠍ᠰᠢᠳᠠ ᠤᠯᠤᠰ ᠲᠦᠷᠦ᠎ᠶ᠋ᠢᠨ ᠤᠬᠠᠮᠰᠠᠷ᠎ᠢᠶᠠᠨ ᠴᠢᠩᠭᠠᠳᠭᠠᠵᠦ᠍᠂ ᠤᠯᠤᠰ ᠲᠦᠷᠦ᠎ᠶ᠋ᠢᠨ ᠡᠬᠦᠷᠭᠡᠯᠡᠯ᠎ᠢᠶᠠᠨ ᠴᠢᠩᠭᠠᠳᠭᠠᠨ᠂ ᠤᠯᠤᠰ ᠲᠦᠷᠦ᠎ᠶ᠋ᠢᠨ ᠴᠢᠭ᠌ᠯᠡᠯ᠎ᠢ ᠡᠵᠡᠮᠳᠡᠵᠦ᠍᠂ ᠭᠡᠬᠦᠳᠡᠭ ᠴᠡᠭᠡᠵᠢᠨ᠎ᠳᠡᠭᠡᠨ 《ᠬᠤᠶᠠᠷ ᠶᠡᠭᠡ ᠲᠠᠯ᠎ᠠ》 ᠎ᠶ᠋ᠢ ᠪᠠᠭ᠍ᠳᠠᠭᠠᠨ᠂ ᠪᠤᠳᠤᠯ ᠰᠡᠳᠭᠢᠯ᠎ᠳᠡᠭᠡᠨ 《ᠤᠯᠤᠰ᠎ᠤᠨ ᠶᠡᠭᠡ ᠶᠠᠪᠤᠳᠠᠯ》 ᠎ᠢ ᠬᠠᠳᠠᠩᠱᠢᠭᠤᠯᠬᠤ ᠬᠡᠷᠡᠭ᠌ᠳᠠᠢ᠂ ᠨᠠᠮ᠎ᠤᠨ ᠲᠦᠪ ᠬᠤᠷᠢᠶ᠎ᠠ ᠶᠠᠭᠤ᠎ᠶ᠋ᠢ ᠬᠠᠯᠠᠮᠵᠢᠯᠠᠵᠦ᠍ ᠪᠠᠢᠬᠤ᠂ ᠶᠠᠭᠤ᠎ᠶ᠋ᠢ ᠴᠢᠬᠤᠯᠠᠴᠢᠯᠠᠵᠦ᠍ ᠪᠠᠢᠬᠤ᠎ᠶ᠋ᠢ ᠢᠮᠠᠬ᠍ᠳᠠ ᠠᠩᠬᠠᠷᠴᠦ᠍᠂ ᠤᠯᠤᠰ ᠲᠦᠷᠦ᠎ᠶ᠋ᠢᠨ ᠲᠠᠯ᠎ᠠ᠎ᠠᠴᠠ ᠠᠰᠠᠭᠤᠳᠠᠯ᠎ᠢ ᠠᠵᠢᠬ᠍ᠯᠠᠨ ᠵᠦᠷᠢᠴᠡᠯ᠎ᠢ ᠵᠠᠳᠠᠯᠵᠦ᠍᠂ ᠠᠵᠢᠯ᠎ᠢᠶᠠᠨ ᠠᠬᠢᠭᠤᠯᠬᠤ᠎ᠳᠠᠭᠠᠨ ᠴᠢᠳᠠᠮᠠᠭᠠᠢ ᠪᠠᠢᠵᠦ᠍᠂ ᠤᠬᠠᠮᠰᠠᠷ᠎ᠠᠴᠠ᠎ᠪᠠᠨ ᠶᠡᠭᠡ ᠲᠠᠯ᠎ᠠ᠎ᠠᠴᠠ ᠪᠤᠳᠤᠯᠬᠢᠯᠠᠨ ᠶᠡᠭᠡ ᠲᠠᠯ᠎ᠠ᠎ᠶ᠋ᠢᠨ ᠲᠤᠤᠷ᠎ᠠ ᠠᠵᠢᠯᠯᠠᠵᠦ᠍᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶ᠋ᠢᠨ ᠭᠦᠢᠴᠡᠳᠭᠡᠬᠦ᠌ ᠴᠢᠳᠠᠪᠤᠷᠢ᠎ᠪᠠᠨ ᠳᠠᠰᠤᠷᠠᠯᠳᠠ ᠦᠭᠡᠢ ᠴᠢᠩᠭᠠᠷᠠᠭᠤᠯᠬᠤ ᠭᠡᠷᠡᠭ᠌ᠲᠡᠢ᠃ ᠰᠢ᠎ᠶ᠋ᠢᠨ ᠫᠢᠩ᠎ᠤᠨ ᠱᠢᠨ᠎ᠠ ᠴᠠᠭ ᠦᠶ᠎ᠠ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠠᠢᠳᠤᠷ ᠤᠢ᠍ᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢᠵᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠪᠤᠳᠠᠳᠠᠢ ᠦᠷ᠎ᠠ ᠪᠦᠲᠦᠮᠵᠢ ᠤᠯᠬᠤ᠎ᠶ᠋ᠢ ᠡᠷᠬᠢᠮᠯᠡᠨ᠂ 《ᠬᠤᠶᠠᠷ᠎ᠢ ᠬᠠᠮᠠᠭᠠᠯᠠᠬᠤ》 ᠎ᠶ᠋ᠢ ᠦᠨᠡᠨ ᠬᠦ᠌ ᠠᠵᠢᠯ᠎ᠳᠠᠭᠠᠨ ᠨᠠᠢᠳᠠᠪᠤᠷᠢᠵᠢᠭᠤᠯᠵᠤ ᠠᠵᠢᠯᠯᠠᠭ᠎ᠠ ᠳᠡᠭᠡᠷ᠎ᠠ᠎ᠪᠠᠨ ᠢᠯᠡᠷᠡᠭᠦᠯᠬᠦ᠌ ᠬᠡᠷᠡᠭ᠌ᠳᠠᠢ᠃ ᠨᠠᠮ᠎ᠤᠨ ᠤᠯᠤᠰ ᠲᠦᠷᠦ᠎ᠶ᠋ᠢᠨ ᠰᠠᠬᠢᠯᠭ᠎ᠠ ᠪᠠᠳᠤ ᠪᠤᠯᠤᠨ ᠤᠯᠤᠰ ᠲᠦᠷᠦ᠎ᠶ᠋ᠢᠨ ᠶᠤᠰᠤ ᠳᠦᠷᠢᠮ᠎ᠢ ᠴᠢᠩᠭ᠎ᠠ ᠵᠢᠷᠤᠮᠯᠡᠵᠤ᠂ ᠶᠠᠮᠠᠷᠪᠠ ᠠᠵᠢᠯ᠎ᠢ ᠠᠬᠢᠭᠤᠯᠬᠤ᠎ᠳᠠᠭᠠᠨ ᠪᠦᠷ ᠤᠬᠠᠮᠰᠠᠷ᠎ᠠᠴᠠ᠎ᠪᠠᠨ ᠨᠠᠮ᠎ᠤᠨ ᠲᠦᠪ ᠬᠤᠷᠢᠶᠠᠨ᠎ᠤ ᠵᠤᠷᠢᠭ ᠰᠠᠨᠠᠭ᠎ᠠ᠎ᠲᠠᠢ ᠪᠠᠷᠢᠮᠵᠢᠶᠠᠯᠠᠨ ᠬᠠᠷᠭᠤᠭᠤᠯᠵᠤ᠂ ᠴᠠᠭ ᠲᠤᠬᠠᠢ᠎ᠳᠤᠨᠢ ᠰᠠᠨᠠᠭᠠᠴᠢᠯᠠᠭ᠎ᠠ᠎ᠠᠴᠠ᠎ᠪᠠᠨ ᠲᠤᠬᠢᠷᠠᠭᠤᠯᠤᠯᠳᠠ ᠬᠢᠵᠤ᠂ ᠪᠤᠷᠤᠭᠤ᠎ᠪᠠᠨ ᠵᠠᠰᠠᠨ ᠵᠦᠷᠢᠶ᠎ᠠ᠎ᠪᠠᠨ ᠵᠠᠯᠠᠷᠠᠭᠤᠯᠵᠤ᠂ ᠨᠠᠮ᠎ᠤᠨ ᠲᠦᠪ ᠬᠤᠷᠢᠶᠠᠨ᠎ᠠᠴᠠ ᠰᠠᠨᠠᠭᠠᠴᠢᠯᠠᠭ᠍ᠰᠠᠨ᠎ᠢ ᠡᠷᠡᠰ ᠴᠤᠤᠷᠢᠶᠠᠳᠤᠬᠤ᠂ ᠨᠠᠮ᠎ᠤᠨ ᠲᠦᠪ ᠬᠤᠷᠢᠶᠠᠨ᠎ᠠᠴᠠ ᠲᠤᠭ᠍ᠳᠠᠭᠠᠭ᠍ᠰᠠᠨ᠎ᠢ ᠡᠷᠡᠰ ᠬᠡᠷᠡᠭ᠌ᠵᠢᠭᠦᠯᠬᠦ᠂ ᠨᠠᠮ᠎ᠤᠨ ᠲᠦᠪ ᠬᠤᠷᠢᠶᠠᠨ᠎ᠠᠴᠠ ᠴᠠᠭᠠᠵᠠᠯᠠᠭ᠍ᠰᠠᠨ᠎ᠢ ᠡᠷᠡᠰ ᠬᠢᠬᠦ᠌ ᠦᠭᠡᠢ ᠪᠠᠢᠬᠤ᠎ᠶ᠋ᠢ ᠦᠨᠡᠨ ᠬᠦ᠌ ᠪᠡᠶᠡᠯᠡᠭᠦᠯᠵᠤ᠂ ᠵᠤᠷᠢᠯᠳᠠ᠎ᠪᠠᠨ ᠨᠢᠭᠡᠳᠭᠡᠵᠤ ᠦᠢᠯᠠ ᠠᠵᠢᠯᠯᠠᠭ᠎ᠠ᠎ᠪᠠᠨ ᠨᠢᠭᠡᠳᠭᠡᠨ ᠠᠯᠬᠤᠮ᠎ᠢᠶᠠᠨ ᠨᠢᠭᠡᠳᠭᠡᠨ ᠤᠷᠤᠭ᠍ᠰᠢᠯᠠᠬᠤ ᠬᠡᠷᠡᠭ᠌ᠳᠠᠢ᠃

《ᠠᠷᠪᠠᠨ ᠳᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠬᠦᠯᠵᠦ᠍ ᠱᠢᠨ᠎ᠠ ᠠᠶᠠᠨ ᠵᠠᠮ᠎ᠳᠠᠭᠠᠨ ᠮᠤᠷᠳᠠᠬᠤ᠎ᠳᠤ᠂ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠳᠠᠢ᠃ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭ᠌ᠵᠢᠬᠦᠯᠬᠦ᠌᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠤᠯᠤᠨ 《ᠨᠢᠭᠡ ᠪᠠᠬᠢᠯᠡᠯᠳᠡ》 ᠎ᠶ᠋ᠢ ᠲᠦᠷᠭᠡᠪᠴᠢᠯᠡᠨ ᠪᠦᠳᠦᠬᠡᠨ ᠪᠠᠢᠭᠤᠯᠬᠤ ᠪᠤᠯ ᠨᠠᠮ᠎ᠤᠨ ᠲᠦᠪ ᠬᠤᠷᠢᠶ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠪᠠᠢᠳᠠᠯ᠎ᠳᠤ ᠲᠤᠬᠢᠷᠠᠭᠤᠯᠤᠨ ᠲᠤᠭ᠍ᠳᠠᠭᠠᠵᠤ ᠦᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠤᠭ᠍ᠳᠠᠭᠠᠯᠳᠠ ᠪᠠ ᠠᠵᠢᠯᠯᠠᠭᠠᠨ᠎ᠤ ᠬᠦᠳᠦᠯᠪᠦᠷᠢ᠎ᠶ᠋ᠢ ᠦᠨᠳᠦᠰᠦᠯᠡᠨ᠂ ᠨᠠᠮ᠎ᠤᠨ ᠲᠦᠪ ᠬᠤᠷᠢᠶᠠᠨ᠎ᠤ ᠵᠤᠷᠢᠭ ᠰᠠᠨᠠᠭ᠎ᠠ᠎ᠪᠠᠷ ᠪᠠᠷᠢᠮᠵᠢᠶᠠᠯᠠᠵᠤ᠂ ᠪᠦᠬᠦ᠌ ᠤᠯᠤᠰ᠎ᠤᠨ ᠬᠦᠭ᠌ᠵᠢᠯᠳᠡ᠎ᠶ᠋ᠢᠨ ᠶᠡᠭᠡ ᠲᠠᠯ᠎ᠠ᠎ᠳᠤ ᠰᠠᠭᠤᠷᠢᠯᠠᠨ᠂ ᠦᠪᠡᠷᠳᠡᠭᠡᠨ ᠵᠠᠰᠠᠬᠤ ᠤᠷᠤᠨ᠎ᠤ ᠠᠯᠤᠰ ᠭᠡᠳᠦ᠎ᠶ᠋ᠢᠨ ᠬᠦᠭ᠌ᠵᠢᠯᠳᠡ᠎ᠶ᠋ᠢ ᠪᠤᠳᠤᠯᠬᠢᠯᠠᠵᠤ᠂ ᠦᠪᠡᠷᠳᠡᠭᠡᠨ ᠵᠠᠰᠠᠬᠤ ᠤᠷᠤᠨ᠎ᠤ ᠤᠨᠴᠠᠯᠢᠭ ᠪᠠᠢᠳᠠᠯ᠂ ᠬᠦᠭ᠌ᠵᠢᠯᠳᠡ᠎ᠶ᠋ᠢᠨ ᠪᠤᠳᠠᠳᠤ ᠪᠠᠢᠳᠠᠯ ᠪᠠ ᠬᠠᠷᠢᠴᠠᠭᠤᠯᠤᠭ᠍ᠰᠠᠨ ᠳᠠᠪᠠᠭᠤᠯᠢᠭ᠎ᠢ ᠭᠦᠢᠴᠡᠳ ᠡᠵᠡᠮᠳᠡᠵᠤ ᠪᠠᠢᠭᠠᠳ ᠲᠤᠭ᠍ᠳᠠᠭᠠᠭ᠍ᠰᠠᠨ ᠶᠡᠷᠦᠩᠬᠡᠢ ᠰᠡᠳᠭᠢᠮᠵᠢ ᠪᠤᠯᠤᠨ᠎ᠠ᠃ ᠨᠢᠳᠤᠨᠤᠨ᠎ᠤ ᠵᠢᠯ᠎ᠤᠨ ᠰᠡᠬᠦᠯᠴᠢ᠎ᠪᠠᠷ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ᠎ᠠᠴᠠ ᠬᠢᠨᠠᠨ ᠵᠦᠪᠯᠡᠵᠤ ᠪᠠᠳᠤᠯᠠᠭ᠍ᠰᠠᠨ ᠲᠦᠯᠦᠪᠵᠢᠭᠦᠯᠭᠡ᠎ᠶ᠋ᠢᠨ ᠰᠠᠨᠠᠭᠤᠯᠭ᠎ᠠ ᠪᠤᠯ ᠳᠠᠷᠤᠢ ᠡᠨᠡ ᠬᠦ᠌ ᠱᠢᠨ᠎ᠠ ᠵᠠᠮ᠎ᠢᠶᠠᠷ ᠰᠠᠢᠳᠤᠷ ᠵᠠᠮᠨᠠᠬᠤ᠎ᠲᠠᠢ ᠤᠶᠠᠯᠳᠤᠭᠤᠯᠤᠨ ᠪᠠᠢᠷᠢᠱᠢᠭᠤᠯᠤᠯᠳᠠ ᠬᠢᠵᠤ᠂ ᠠᠷᠭ᠎ᠠ ᠪᠤᠳᠤᠯᠭ᠎ᠠ ᠲᠤᠭ᠍ᠳᠠᠭᠠᠨ ᠬᠡᠷᠡᠭ᠌ᠵᠢᠭᠦᠯᠦᠭ᠌ᠰᠡᠨ ᠶᠤᠮ᠂ ᠲᠤᠰ ᠤᠳᠠᠭ᠎ᠠ᠎ᠶ᠋ᠢᠨ ᠶᠡᠭᠡ ᠬᠤᠷᠠᠯ᠎ᠠᠴᠠ ᠬᠢᠨᠡᠨ ᠵᠦᠪᠯᠡᠵᠤ ᠪᠠᠳᠤᠯᠠᠭ᠍ᠰᠠᠨ ᠲᠦᠯᠦᠪᠵᠢᠭᠦᠯᠭᠡ᠎ᠶ᠋ᠢᠨ ᠬᠦᠳᠦᠯᠪᠦᠷᠢ᠎ᠳᠤ ᠡᠨᠡ ᠬᠦ᠌ ᠱᠢᠨ᠎ᠠ ᠵᠠᠮ᠎ᠢᠶᠠᠷ ᠰᠠᠢᠳᠤᠷ ᠵᠠᠮᠨᠠᠬᠤ ᠲᠤᠬᠠᠢ ᠴᠢᠨᠠᠭ᠍ᠰᠢᠳᠠ ᠨᠠᠷᠢᠯᠢᠭ᠍ᠵᠢᠭᠤᠯᠤᠨ ᠪᠤᠳᠠᠳᠠᠢᠵᠢᠭᠤᠯᠵᠤ ᠳᠤᠳᠤᠷᠬᠠᠢᠯᠠᠵᠠᠢ᠃ ᠬᠤᠢᠱᠢᠳᠠ᠎ᠶ᠋ᠢᠨ 5 ᠵᠢᠯ᠂ ᠴᠢᠨᠠᠭ᠍ᠰᠢᠯᠠᠭᠠᠳ ᠨᠡᠩ ᠤᠷᠳᠤ ᠬᠤᠭᠤᠴᠠᠭᠠᠨ᠎ᠳᠤ᠂ ᠦᠪᠦᠷ ᠮᠤᠩᠭᠤᠯ᠎ᠤᠨ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠡᠨᠡ ᠬᠦ᠌ ᠱᠢᠨ᠎ᠠ ᠵᠠᠮ᠎ᠢᠶᠠᠷ ᠰᠠᠢᠳᠤᠷ ᠵᠠᠮᠨᠠᠭᠤᠯᠵᠤ᠂ ᠪᠦᠬᠦ᠌ ᠤᠷᠤᠨ ᠪᠦᠰᠡ᠂ ᠪᠦᠬᠦ᠌ ᠬᠦᠷᠢᠶ᠎ᠠ ᠴᠠᠷᠠᠭ᠎ᠠ᠂ ᠪᠦᠬᠦ᠌ ᠠᠵᠤ ᠦᠢᠯᠡᠰ᠂ ᠪᠦᠬᠦ᠌ ᠠᠵᠢᠯ ᠲᠦᠷᠦᠯ ᠴᠦᠮ ᠡᠨᠡ ᠬᠦ᠌ ᠱᠢᠨ᠎ᠠ ᠵᠠᠮ᠎ᠢᠶᠠᠷ ᠰᠠᠢᠳᠤᠷ ᠵᠠᠮᠨᠠᠭᠤᠯᠬᠤ᠎ᠪᠠᠷ ᠬᠦᠴᠦᠯᠡᠬᠦ᠌ ᠬᠡᠷᠡᠭ᠌ᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ᠎ᠤᠨ᠎ᠬᠢᠨ ᠪᠦᠷ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠦᠬᠦᠳᠠ ᠬᠤᠷᠠᠯ ᠪᠤᠯᠤᠨ ᠲᠤᠰ ᠤᠳᠠᠭ᠎ᠠ᠎ᠶ᠋ᠢᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠵᠤᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠤᠬᠠᠮᠰᠠᠷ᠎ᠠᠴᠠ᠎ᠪᠠᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠤᠭ᠍ᠳᠠᠭᠠᠭ᠍ᠰᠠᠨ ᠶᠡᠭᠡ ᠴᠢᠭ᠌ᠯᠡᠯ᠂ ᠶᠡᠭᠡ ᠪᠤᠷᠤ ᠲᠦᠯᠦᠪ ᠳᠤᠳᠤᠷ᠎ᠠ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ᠎ᠤᠨ᠎ᠢᠶᠠᠨ ᠠᠵᠢᠯ᠎ᠢ ᠲᠦᠯᠦᠪᠵᠢᠭᠦᠯᠦᠨ ᠠᠬᠢᠭᠤᠯᠵᠤ᠂ 《ᠠᠷᠪᠠᠨ ᠳᠦᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠤ ᠴᠢᠨᠠᠷ ᠰᠠᠢᠳᠠᠢ ᠬᠦᠭ᠌ᠵᠢᠯᠳᠡ᠎ᠶ᠋ᠢᠨ ᠬᠠᠷᠠᠯᠳᠠ ᠡᠭᠦᠷᠭᠡ᠂ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠠ ᠪᠤᠯᠤᠨ ᠴᠢᠬᠤᠯᠠ ᠶᠡᠭᠡ ᠲᠦᠷᠦᠯ ᠵᠦᠢᠯ᠎ᠢ ᠦᠨᠡᠨ ᠬᠦ᠌ ᠭᠦᠨᠵᠡᠭᠡᠢ ᠪᠤᠳᠠᠳᠠᠢ ᠲᠦᠯᠦᠪᠵᠢᠭᠦᠯᠤᠨ᠂ ᠴᠢᠭ᠌ᠯᠡᠯ ᠬᠡᠯᠪᠠᠢᠬᠦ᠌ ᠦᠭᠡᠢ᠂ ᠭᠤᠤᠯᠳᠠᠯᠭ᠎ᠠ ᠬᠠᠵᠠᠢᠬᠤ ᠦᠭᠡᠢ᠂ ᠲᠤᠭᠤᠱᠢᠯᠠᠭᠤᠯᠤᠯᠳᠠ ᠬᠡᠯᠪᠡᠷᠢ ᠬᠤᠪᠢᠷᠠᠬᠤ ᠦᠭᠡᠢ᠂ ᠨᠠᠢᠳᠠᠪᠤᠷᠢᠵᠢᠭᠤᠯᠤᠯᠳᠠ ᠦᠷ᠎ᠠ ᠪᠦᠲᠦᠮᠵᠢ᠎ᠲᠠᠢ ᠪᠠᠢᠬᠤ᠎ᠶ᠋ᠢ ᠪᠠᠳᠤᠯᠠᠬᠤ ᠬᠡᠷᠡᠭ᠌ᠳᠠᠢ᠃ ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ᠎ᠪᠠᠷ ᠤᠳᠤᠷᠢᠳᠤᠮᠵᠢ ᠪᠤᠯᠭᠠᠬᠤ᠂ ᠦᠷ᠎ᠠ ᠳ᠋ᠦᠩ᠎ᠢᠶᠠᠷ ᠤᠳᠤᠷᠢᠳᠤᠮᠵᠢ ᠪᠤᠯᠭᠠᠬᠤ᠎ᠶ᠋ᠢ ᠪᠠᠷᠢᠮᠳᠠᠯᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠳᠠᠢ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠬᠦ᠌᠎ᠪᠠᠷ ᠭᠤᠤᠯ ᠱᠢᠵᠢᠮ ᠪᠤᠯᠭᠠᠬᠤ᠎ᠶ᠋ᠢ ᠪᠠᠷᠢᠮᠳᠠᠯᠠᠨ᠂ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠤ᠂ 《ᠵᠢᠷᠭᠤᠭ᠎ᠠ᠎ᠶ᠋ᠢ ᠪᠠᠳᠤᠯᠠᠬᠤ》 ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠢ᠎ᠶ᠋ᠢᠨ ᠦᠷᠭᠦᠯᠵᠢᠯᠡᠨ ᠰᠡᠷᠭᠦᠵᠤ ᠲᠤᠭ᠍ᠳᠠᠭᠤᠨ᠎ᠢᠶᠠᠷ ᠨᠡᠮᠡᠭ᠌ᠳᠡᠭᠦ᠎ᠶ᠋ᠢ ᠪᠦᠬᠦ᠌ ᠬᠦᠴᠦᠨ᠎ᠢᠶᠠᠷ ᠠᠬᠢᠭᠤᠯᠬᠤ ᠬᠡᠷᠡᠭ᠌ᠳᠠᠢ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠤ᠂ ᠠᠵᠤ ᠦᠢᠯᠡᠰ᠎ᠤᠨ ᠰᠠᠭᠤᠷᠢ᠎ᠤᠨ ᠳᠡᠭᠡᠳᠤ ᠳᠡᠰᠵᠢᠬᠦ᠂ ᠠᠵᠤ ᠦᠢᠯᠡᠰ᠎ᠤᠨ ᠬᠡᠯᠬᠢᠶ᠎ᠠ᠎ᠶ᠋ᠢᠨ ᠤᠳᠤᠬᠢᠴᠢᠯᠠᠬᠤ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠤ᠂ ᠳᠤᠳᠤᠭᠠᠳᠤ ᠬᠡᠷᠡᠭ᠌ᠴᠡᠭᠡ᠎ᠶ᠋ᠢᠨ ᠨᠦᠬᠡᠴᠡ ᠬᠦᠴᠦᠨ᠎ᠢ ᠭᠦᠢᠴᠡᠳ ᠠᠭᠤᠳᠠᠯᠤᠨ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠭᠡᠷᠡᠴᠢᠯᠡᠯᠳᠡ ᠨᠡᠬᠡᠬᠡᠯᠳᠡ᠎ᠶ᠋ᠢ ᠨᠡᠩ ᠶᠡᠭᠡ ᠡᠷᠴᠢᠮ᠎ᠢᠶᠠᠷ ᠠᠬᠢᠭᠤᠯᠬᠤ ᠬᠡᠷᠡᠭ᠌ᠳᠠᠢ᠂ ᠪᠤᠬᠢᠷᠳᠤᠯ᠎ᠢ ᠰᠡᠷᠭᠡᠢᠯᠡᠨ ᠵᠠᠰᠠᠬᠤ ᠪᠤᠯᠤᠨ ᠠᠮᠢ ᠠᠬᠤᠢ᠎ᠶ᠋ᠢᠨ ᠪᠦᠲᠦᠭᠡᠨ ᠪᠠᠢᠭᠤᠯᠤᠯᠳᠠ᠎ᠶ᠋ᠢ ᠦᠷᠭᠦᠯᠵᠢᠯᠡᠨ ᠰᠠᠢᠳᠤᠷ ᠠᠳᠭᠤᠵᠤ᠂ ᠢᠳᠡ ᠬᠦᠴᠤᠳᠠᠢ ᠠᠷᠭ᠎ᠠ ᠬᠡᠮᠵᠢᠶ᠎ᠠ᠎ᠪᠠᠷ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠭᠦᠯᠵᠤ᠂ ᠬᠡᠯᠪᠡᠷᠢ᠎ᠶ᠋ᠢ ᠬᠤᠪᠢᠷᠠᠭᠤᠯᠬᠤ᠂ ᠪᠦᠲᠦᠴᠡ᠎ᠶ᠋ᠢ ᠲᠤᠬᠢᠷᠠᠭᠤᠯᠬᠤ᠂ ᠬᠦᠳᠡᠯᠭᠡᠬᠦ᠌ ᠡᠨᠧᠷᠬᠢ᠎ᠶ᠋ᠢ ᠰᠤᠯᠢᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠪᠳᠤᠯᠤᠯᠳᠠ᠎ᠶ᠋ᠢᠨ ᠴᠢᠨᠠᠷᠳᠠᠢ ᠠᠬᠢᠴᠠ ᠭᠠᠷᠭᠠᠬᠤ᠎ᠪᠠᠷ ᠬᠦᠴᠦᠯᠡᠨ ᠴᠢᠷᠮᠠᠢᠵᠤ᠂ ᠦᠪᠦᠷ ᠮᠤᠩᠭᠤᠯ᠎ᠤᠨ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠂ ᠲᠦᠢᠯᠪᠤᠷᠢᠳᠠᠢ ᠦᠭᠡᠷᠡᠴᠢᠯᠡᠭ᠌ᠳᠡᠨ ᠱᠢᠨᠡᠴᠢᠯᠡᠬᠦ᠂ ᠳᠠᠬᠢᠨ ᠴᠤᠭ᠍ᠴᠠᠯᠠᠭ᠍ᠳᠠᠬᠤ᠎ᠶ᠋ᠢ ᠠᠬᠢᠭᠤᠯᠬᠤ ᠬᠡᠷᠡᠭ᠌ᠳᠠᠢ᠃

《ᠠᠷᠪᠠᠨ ᠳᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠬᠦᠯᠵᠦ᠍ ᠱᠢᠨ᠎ᠠ ᠠᠶᠠᠨ ᠵᠠᠮ᠎ᠳᠠᠭᠠᠨ ᠮᠤᠷᠳᠠᠬᠤ᠎ᠳᠤ᠂ ᠡᠷᠬᠡᠪᠰᠢ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠰᠠᠢᠳᠦᠷ ᠬᠠᠩᠭᠠᠬᠤ ᠬᠡᠷᠡᠭ᠌ᠳᠠᠢ᠃ ᠠᠷᠠᠳ ᠲᠦᠮᠡᠨ᠎ᠳᠤ ᠵᠤᠯ ᠵᠢᠷᠭᠠᠯ ᠡᠳ᠋ᠯᠡᠭᠦᠯᠵᠦ᠍᠂ ᠦᠨᠳᠦᠰᠤᠳᠠᠨ᠎ᠤ ᠰᠡᠷᠭᠦᠨ ᠮᠠᠨᠳᠤᠯᠳᠠ᠎ᠶ᠋ᠢ ᠪᠡᠶᠡᠯᠡᠭᠦᠯᠬᠦ᠌ ᠪᠤᠯ ᠮᠠᠨ᠎ᠤ ᠨᠠᠮ᠎ᠤᠨ ᠤᠳᠤᠬᠢᠴᠢᠯᠠᠯᠳᠠ᠎ᠶ᠋ᠢᠨ ᠪᠦᠲᠦᠭᠡᠨ ᠪᠠᠢᠭᠤᠯᠤᠯᠳᠠ᠎ᠶ᠋ᠢ ᠤᠳᠤᠷᠢᠳᠭᠤ᠎ᠶ᠋ᠢᠨ ᠵᠤᠷᠢᠯᠳᠠ ᠪᠠ ᠳᠤᠰᠤᠯᠳᠠ ᠪᠤᠯᠤᠨ᠎ᠠ᠂ ᠪᠠᠰᠠ ᠴᠤ᠌ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠭ᠍ᠳᠠᠬᠤᠨ᠎ᠤ 《ᠦᠨᠳᠦᠰᠦ》 ᠪᠠ 《ᠰᠦᠭ ᠰᠦᠨᠡᠰᠦ》 ᠪᠤᠯᠤᠨ᠎ᠠ᠃ ᠪᠢᠳᠡ ᠵᠦᠪ ᠬᠦᠭ᠌ᠵᠢᠯᠳᠡ᠎ᠶ᠋ᠢᠨ ᠦᠵᠡᠯᠳᠠ ᠪᠠ ᠤᠳᠤᠬᠢᠴᠢᠯᠠᠯᠳᠠ᠎ᠶ᠋ᠢᠨ ᠦᠵᠡᠯᠳᠡ᠎ᠶ᠋ᠢ ᠪᠤᠢ ᠪᠤᠯᠭᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠳᠠ ᠪᠠᠷᠢᠮᠳᠠᠯᠠᠨ᠂ ᠠᠷᠠᠳ ᠲᠦᠮᠡᠨ᠎ᠤ ᠠᠱᠢᠭ ᠲᠤᠰᠠ᠎ᠶ᠋ᠢ ᠢᠯᠡᠷᠡᠭᠦᠯᠬᠦ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠳᠤᠰᠭᠠᠬᠤ᠂ ᠠᠷᠠᠳ ᠲᠦᠮᠡᠨ᠎ᠤ ᠠᠱᠢᠭ ᠲᠤᠰᠠ᠎ᠶ᠋ᠢ ᠬᠠᠮᠠᠭᠠᠯᠠᠬᠤ᠂ ᠠᠷᠠᠳ ᠲᠦᠮᠡᠨ᠎ᠤ ᠵᠤᠯ ᠵᠢᠷᠭᠠᠯ᠎ᠢ ᠨᠡᠮᠡᠭ᠌ᠳᠡᠭᠦᠯᠬᠦ᠌᠎ᠶ᠋ᠢ ᠤᠳᠤᠬᠢᠴᠢᠯᠠᠯᠳᠠ᠎ᠶ᠋ᠢᠨ ᠪᠦᠲᠦᠭᠡᠨ ᠪᠠᠢᠭᠤᠯᠤᠯᠳᠠ᠎ᠶ᠋ᠢᠨ ᠪᠦᠬᠦ᠌ ᠶᠠᠪᠤᠴᠠ ᠪᠠ ᠡᠯ᠎ᠠ ᠲᠠᠯ᠎ᠠ᠎ᠳᠤ ᠨᠠᠢᠳᠠᠪᠤᠷᠢᠵᠢᠭᠤᠯᠵᠤ᠂ ᠳᠤᠳᠠᠭᠤᠳᠠᠯ ᠪᠠ ᠪᠠᠭᠤᠷᠠᠢ ᠲᠠᠯ᠎ᠠ᠎ᠪᠠᠨ ᠲᠦᠷᠬᠡᠳᠭᠡᠨ ᠨᠦᠬᠦᠪᠦᠷᠢᠯᠡᠵᠤ᠂ ᠬᠠᠮᠳᠤ᠎ᠪᠠᠷ ᠴᠢᠨᠡᠭᠡᠯᠢᠭ᠌ᠵᠢᠬᠦ᠌᠎ᠶ᠋ᠢ ᠯᠠᠪᠳᠠᠭᠤᠨ ᠪᠠᠳᠤᠳᠠᠢ ᠠᠬᠢᠭᠤᠯᠵᠤ᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠤᠨ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠢ ᠪᠤᠳᠠᠰ᠎ᠤᠨ ᠲᠠᠯ᠎ᠠ᠎ᠠᠴᠠ ᠤᠶᠤᠨ᠎ᠤ ᠲᠠᠯ᠎ᠠ ᠪᠤᠯᠳᠠᠯ᠎ᠠ ᠴᠦᠮ ᠪᠠᠶᠠᠯᠢᠭ ᠰᠠᠢᠬᠠᠨ ᠠᠮᠢᠳᠤᠷᠠᠭᠤᠯᠬᠤ ᠬᠡᠷᠡᠭ᠌ᠳᠠᠢ᠃ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠬᠤ ᠪᠠ ᠦᠷᠭᠡᠳᠭᠡᠵᠤ᠂ ᠠᠵᠤ ᠠᠬᠤᠢ᠍ᠢᠯᠠᠯ᠎ᠳᠤ ᠲᠤᠰᠠᠯᠠᠨ ᠠᠵᠢᠯ᠎ᠤᠨ ᠪᠠᠢᠷᠢ᠎ᠶ᠋ᠢ ᠲᠤᠭ᠍ᠳᠠᠪᠤᠷᠢᠵᠢᠭᠤᠯᠬᠤ ᠪᠤᠯᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠤ᠂ ᠶᠡᠭᠡ ᠳᠡᠭᠡᠳᠤ ᠰᠤᠷᠭᠠᠭᠤᠯᠢ᠎ᠠᠴᠠ ᠲᠡᠭᠦᠰᠦᠭ᠌ᠰᠡᠨ ᠤᠶᠤᠲᠠᠳ᠂ ᠠᠵᠢᠯ ᠠᠯᠳᠠᠭ᠍ᠰᠠᠳ᠂ ᠬᠦᠯᠦᠰᠦᠨ ᠮᠠᠯᠴᠢᠨ ᠲᠠᠷᠢᠶᠠᠴᠢᠳ᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ ᠵᠡᠷᠭᠡ ᠭᠤᠤᠯᠳᠠᠯᠭ᠎ᠠ᠎ᠲᠠᠢ ᠬᠦᠮᠦᠰ᠎ᠤᠨ ᠠᠵᠢᠯ ᠤᠯᠭᠤᠯᠳᠠ᠎ᠶ᠋ᠢᠨ ᠠᠰᠠᠭᠤᠳᠠᠯ᠎ᠢ ᠰᠠᠢᠳᠤᠷ ᠱᠢᠢᠳᠪᠦᠷᠢᠯᠡᠵᠤ᠂ ᠬᠦᠳᠡᠯᠮᠦᠷᠢᠯᠡᠬᠦ᠌ ᠴᠢᠳᠠᠪᠤᠷᠢ᠎ᠲᠠᠢ ᠬᠦᠮᠦᠨ ᠨᠢᠭᠡᠪᠤᠷᠢ᠎ᠶ᠋ᠢ ᠬᠢᠬᠦ᠌ ᠠᠵᠢᠯ᠎ᠲᠠᠢ᠂ ᠠᠵᠢᠯᠯᠠᠬᠤ ᠪᠠᠢᠷᠢ᠎ᠲᠠᠢ ᠪᠤᠯᠭᠠᠬᠤ᠎ᠪᠠᠷ ᠴᠢᠷᠮᠠᠢᠬᠤ ᠬᠡᠷᠡᠭ᠌ᠳᠠᠢ᠃ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠤᠯᠳᠠ᠎ᠶ᠋ᠢᠨ ᠦᠷ᠎ᠠ ᠪᠦᠲᠦᠭᠡᠯ᠎ᠢᠶᠠᠨ ᠪᠠᠳᠤᠳᠭᠠᠨ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠳᠠᠢ ᠵᠤᠯᠭᠠᠭᠤᠯᠬᠤ ᠠᠵᠢᠯ᠎ᠢ ᠰᠠᠢᠳᠤᠷ ᠬᠢᠵᠤ᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠢᠨᠠᠨ ᠡᠵᠡᠮᠳᠡᠬᠦ᠌ ᠪᠠ ᠬᠠᠪᠰᠤᠷᠤᠨ ᠳᠡᠳᠬᠦᠬᠦ᠌ ᠲᠤᠭ᠍ᠳᠠᠴᠠ᠎ᠶ᠋ᠢ ᠪᠦᠷᠢᠨᠱᠢᠭᠦᠯᠤᠨ᠂ ᠠᠵᠤ ᠦᠢᠯᠡᠰ᠎ᠢᠶᠠᠷ ᠶᠠᠳᠠᠭᠤ᠎ᠶ᠋ᠢ ᠳᠡᠳᠭᠦᠬᠦ᠂ ᠠᠵᠢᠯ ᠤᠯᠭᠤᠯᠳᠠ᠎ᠪᠠᠷ ᠶᠠᠳᠠᠭᠤ᠎ᠶ᠋ᠢ ᠳᠡᠳᠭᠦᠬᠦ᠂ ᠤᠨᠳᠤᠤ ᠭᠠᠵᠠᠷ᠎ᠲᠤ ᠨᠡᠬᠦᠯᠭᠡᠨ ᠶᠠᠳᠠᠭᠤ᠎ᠶ᠋ᠢ ᠳᠡᠳᠬᠦᠭ᠌ᠰᠡᠨ᠎ᠤ ᠳᠠᠷᠠᠭ᠎ᠠ ᠦᠷᠭᠦᠯᠵᠢᠯᠡᠨ ᠬᠠᠪᠰᠤᠷᠤᠨ ᠳᠡᠳᠭᠦᠬᠦ᠌ ᠵᠡᠷᠭᠡ ᠭᠤᠤᠯᠳᠠᠯᠭ᠎ᠠ᠎ᠲᠠᠢ ᠠᠵᠢᠯ᠎ᠢ ᠰᠠᠢᠳᠤᠷ ᠠᠳᠭᠤᠵᠤ᠂ ᠶᠠᠳᠠᠭᠤ᠎ᠠᠴᠠ ᠠᠩᠭᠢᠵᠢᠷᠠᠭ᠍ᠰᠠᠨ ᠤᠯᠠᠨ ᠲᠦᠮᠡᠨ᠎ᠢ ᠨᠡᠩ ᠰᠠᠢᠨ ᠰᠠᠢᠬᠠᠨ ᠠᠮᠢᠳᠤᠷᠠᠭᠤᠯᠬᠤ ᠬᠡᠷᠡᠭ᠌ᠳᠠᠢ᠃ ᠦᠨᠳᠦᠰᠦᠨ ᠤᠯᠠᠨ ᠨᠡᠢᠳᠡ᠎ᠶ᠋ᠢᠨ ᠦᠢᠯᠡᠴᠢᠯᠡᠭᠡᠨ᠎ᠤ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠤ᠂ ᠲᠦᠭᠡᠮᠡᠯ ᠬᠠᠷᠠᠭᠠᠯᠵᠠᠯ᠎ᠤᠨ ᠴᠢᠨᠠᠷᠳᠠᠢ᠂ ᠰᠠᠭᠤᠷᠢ ᠴᠢᠨᠠᠷᠳᠠᠢ᠂ ᠦᠨᠳᠦᠰᠦᠨ ᠵᠦᠢᠯ᠎ᠢ ᠪᠠᠳᠤᠯᠠᠬᠤ ᠴᠢᠨᠠᠷᠳᠠᠢ ᠠᠷᠠᠳ᠎ᠤᠨ ᠠᠮᠢᠳᠤᠷᠠᠯ᠎ᠤᠨ ᠠᠵᠢᠯ᠎ᠢ ᠬᠦᠴᠦ᠎ᠪᠠᠨ ᠲᠦᠪᠯᠡᠷᠡᠭᠦᠯᠦᠨ ᠰᠠᠢᠳᠤᠷ ᠬᠢᠵᠤ᠂ ᠤᠯᠠᠨ ᠲᠦᠮᠡᠨ᠎ᠤ ᠠᠩᠬᠠᠷᠴᠤ᠌ ᠪᠠᠢᠭ᠎ᠠ ᠰᠤᠷᠭᠠᠨ ᠬᠦᠮᠦᠵᠢᠯ᠂ ᠨᠡᠢᠭᠡᠮ᠎ᠤᠨ ᠪᠠᠳᠤᠯᠠᠭ᠎ᠠ᠂ ᠡᠮᠴᠢᠯᠡᠭᠡᠨ᠂ ᠨᠠᠰᠤᠵᠢᠯ᠎ᠤᠨ ᠠᠰᠠᠷᠠᠮᠵᠢ᠂ ᠤᠷᠤᠨ ᠰᠠᠭᠤᠴᠠ᠂ ᠢᠳᠡᠭᠡᠨ᠎ᠤ ᠠᠮᠤᠷ ᠲᠦᠪᠱᠢᠨ ᠵᠡᠷᠭᠡ ᠪᠤᠳᠠᠳᠠᠢ ᠠᠰᠠᠭᠤᠳᠠᠯ᠎ᠤᠳ᠎ᠢ ᠨᠠᠷᠢᠨ ᠬᠢᠨᠠᠮᠠᠭᠠᠢ ᠱᠢᠢᠳᠪᠦᠷᠢᠯᠡᠵᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠨᠡᠩ ᠰᠠᠢᠳᠦᠷ ᠬᠠᠩᠭᠠᠨ᠂ ᠬᠦᠮᠦᠨ᠎ᠤ ᠪᠦᠬᠦ᠌ ᠲᠠᠯ᠎ᠠ᠎ᠶ᠋ᠢᠨ ᠬᠦᠭ᠌ᠵᠢᠯᠳᠡ᠂ ᠨᠡᠢᠭᠡᠮ᠎ᠤᠨ ᠪᠦᠬᠦ᠌ ᠲᠠᠯ᠎ᠠ᠎ᠶ᠋ᠢᠨ ᠳᠠᠪᠱᠢᠯᠳᠠ᠎ᠶ᠋ᠢ ᠠᠬᠢᠭᠤᠯᠬᠤ ᠬᠡᠷᠡᠭ᠌ᠳᠠᠢ᠃

《ᠠᠷᠪᠠᠠ ᠲᠦᠷᠪᠡᠲᠦᠭᠡᠷ ᠲᠠᠪᠤᠨ ᠵᠢᠯ》 ᠎ᠢ ᠰᠠᠢᠬᠠᠨ ᠡᠬᠢᠯᠡᠬᠦᠯᠵᠦ᠍ ᠱᠢᠨ᠎ᠠ ᠠᠶᠠᠨ ᠵᠠᠮ᠎ᠳᠠᠭᠠᠨ ᠮᠤᠷᠳᠠᠬᠤ᠎ᠳᠤ᠂ ᠡᠷᠭᠡᠪᠰᠢ ᠬᠦᠭ᠌ᠵᠢᠯᠲᠠ ᠪᠠ ᠠᠮᠤᠷ ᠲᠦᠪᠱᠢᠨ ᠬᠤᠶᠠᠷ ᠶᠡᠭᠡ ᠶᠠᠪᠤᠳᠠᠯ᠎ᠢ ᠨᠢᠭᠡᠲᠦᠯᠲᠡᠢ ᠰᠠᠢᠳᠦᠷ ᠲᠦᠯᠦᠪᠵᠢᠭᠦᠯᠬᠦ᠌ ᠬᠡᠷᠡᠭ᠌ᠲᠡᠢ᠃ ᠠᠮᠤᠷ ᠲᠦᠪᠱᠢᠨ ᠪᠤᠯ ᠬᠦᠭ᠌ᠵᠢᠯᠲᠠ᠎ᠶ᠋ᠢᠨ ᠤᠷᠢᠲᠠᠯ᠂ ᠬᠦᠭ᠌ᠵᠢᠯᠲᠠ ᠪᠤᠯ ᠠᠮᠤᠷ ᠲᠦᠪᠱᠢᠨ᠎ᠤ ᠪᠠᠲᠤᠯᠠᠭ᠎ᠠ ᠮᠦᠨ᠃ ᠦᠪᠦᠷ ᠮᠤᠩᠭᠤᠯ ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠦᠪᠱᠢᠨ᠂ ᠠᠮᠢ ᠠᠬᠤᠢ᠎ᠶ᠋ᠢᠨ ᠠᠮᠤᠷ ᠲᠦᠪᠱᠢᠨ᠂ ᠠᠮᠤ ᠪᠤᠲᠠᠭᠠᠠ᠎ᠤ ᠠᠮᠤᠷ ᠲᠦᠪᠱᠢᠨ᠂ ᠡᠨᠧᠷᠬᠢ᠎ᠶ᠋ᠢᠨ ᠠᠮᠤᠷ ᠲᠦᠪᠱᠢᠠ᠂ ᠠᠵᠦ᠍ ᠦᠢᠯᠡᠰ᠎ᠤᠨ ᠠᠮᠤᠷ ᠲᠦᠪᠱᠢᠨ᠎ᠢ ᠬᠠᠮᠠᠭᠠᠯᠠᠬᠤ ᠵᠡᠷᠭᠡ ᠲᠠᠯ᠎ᠠ᠎ᠪᠠᠷ ᠴᠢᠬᠤᠯᠠ ᠶᠡᠭᠡ ᠤᠯᠤᠰ ᠲᠦᠷᠦ᠎ᠶ᠋ᠢᠨ ᠬᠠᠷᠢᠭᠤᠴᠠᠯᠭ᠎ᠠ ᠡᠬᠦᠷᠭᠡᠯᠡᠵᠦ᠍ ᠪᠠᠢᠳᠠᠭ᠂ ᠪᠢᠲᠠ ᠤᠯᠤᠰ᠎ᠤᠨ ᠶᠡᠷᠦᠩᠭᠡᠢ ᠠᠮᠤᠷ ᠲᠦᠪᠱᠢᠨ᠎ᠤ ᠦᠵᠡᠯᠲᠡ᠎ᠶ᠋ᠢ ᠪᠠᠷᠢᠮᠲᠠᠯᠠᠨ ᠰᠠᠨᠠᠭᠠᠱᠢᠷᠠᠬᠤ ᠤᠬᠠᠮᠰᠠᠷ᠂ ᠠᠶᠤᠯ ᠲᠦᠭ᠌ᠰᠢᠬᠦᠷᠢ᠎ᠶ᠋ᠢᠨ ᠤᠬᠠᠮᠰᠠᠷ᠎ᠢᠶᠠᠨ ᠴᠢᠩᠭᠠᠳᠭᠠᠵᠦ᠍᠂ ᠬᠦᠭ᠌ᠵᠢᠯᠲᠠ ᠲᠤᠮᠲᠠ ᠠᠮᠤᠷ ᠲᠦᠪᠱᠢᠨ᠎ᠤ ᠡᠯᠧᠮᠧᠨ᠋ᠲ᠎ᠢ ᠨᠡᠩ ᠤᠯᠠᠠ ᠪᠤᠲᠤᠯᠬᠢᠯᠠᠵᠦ᠍᠂ ᠠᠮᠤᠷ ᠲᠦᠪᠱᠢᠨ ᠬᠦᠭ᠌ᠵᠢᠯᠳᠡ᠎ᠶ᠋ᠢᠨ ᠬᠤᠷᠢᠭ᠎ᠠ ᠱᠤᠭᠤᠮ᠎ᠢ ᠪᠠᠲᠤ ᠰᠠᠬᠢᠵᠦ᠍᠂ ᠴᠢᠨᠠᠷ ᠰᠠᠢᠲᠠᠢ ᠬᠦᠭ᠌ᠵᠢᠯᠲᠠ ᠪᠤᠯᠤᠨ ᠦᠨᠲᠦᠷ ᠲᠦᠪᠱᠢᠨ ᠪᠦᠬᠦᠢ ᠠᠮᠤᠷ ᠲᠦᠪᠱᠢᠨ᠎ᠤ ᠰᠠᠢᠨ ᠰᠠᠢᠬᠠᠨ ᠤᠶᠠᠯᠳᠤᠯ᠎ᠢ ᠠᠬᠢᠭᠤᠯᠬᠤ ᠭᠡᠷᠡᠭ᠌ᠲᠡᠢ᠃ ᠤᠯᠤᠰ᠎ᠤᠨ ᠲᠦᠷᠦ᠎ᠶ᠋ᠢᠨ ᠡᠷᠭᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠠ᠎ᠢ ᠡᠷᠡᠰ ᠬᠠᠮᠠᠭᠠᠯᠠᠵᠦ᠍᠂ ᠲᠠᠢᠰᠤᠩᠨᠠᠬᠠᠴᠢ ᠬᠦᠴᠤᠨ᠎ᠤ ᠡᠯ᠎ᠠ ᠵᠦᠢᠯ᠎ᠤᠨ ᠨᠡᠪᠴᠢᠯᠳᠡ ᠡᠪᠲᠡᠯᠡᠭᠡ ᠨᠤᠷᠠᠭᠠᠯᠲᠠ᠎ᠶ᠋ᠢᠨ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠬᠦ᠌ ᠮᠦᠷᠳᠡᠭᠡᠨ ᠴᠢᠩᠭ᠎ᠠ ᠴᠤᠬᠢᠯᠲᠠ ᠦᠭ᠌ᠴᠤ᠂ ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠬᠤ ᠭᠡᠷᠡᠭ᠌ᠲᠡᠢ᠃ ᠦᠨᠲᠦᠰᠦᠲᠠᠠ᠎ᠤ ᠪᠦᠯᠬᠦᠮᠲᠡᠯ ᠪᠤᠯ ᠦᠨᠲᠦᠰᠦᠲᠠᠠ᠎ᠨᠦᠭᠦᠳ᠎ᠤᠨ ᠠᠷᠠᠳ ᠲᠦᠮᠠᠠ᠎ᠤ ᠠᠮᠢ ᠨᠠᠰᠤᠨ᠎ᠤ ᠱᠤᠭᠤᠮ ᠮᠦᠨ᠂ ᠪᠢᠲᠠ ᠲᠤᠮᠲᠠᠲᠤ᠎ᠶ᠋ᠢᠨ ᠦᠨᠲᠦᠰᠦᠲᠠᠠ᠎ᠤ ᠬᠠᠮᠲᠤ ᠴᠤᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠪᠠᠷ ᠭᠤᠤᠯ ᠱᠤᠭᠤᠮ ᠪᠤᠯᠭᠠᠨ ᠱᠢᠨ᠎ᠠ ᠴᠠᠭ ᠦᠶ᠎ᠠ᠎ᠶ᠋ᠢᠨ ᠦᠨᠲᠦᠰᠦᠲᠠᠠ᠎ᠤ ᠠᠵᠢᠯ᠎ᠢ ᠰᠠᠢᠲᠤᠷ ᠬᠢᠵᠦ᠍᠂ ᠦᠪᠡᠷᠲᠡᠭᠡᠡ ᠵᠠᠰᠠᠬᠤ ᠤᠷᠤᠨ᠎ᠤ ᠦᠨᠲᠦᠰᠦᠲᠠᠠ᠎ᠤ ᠪᠦᠯᠬᠦᠲᠡᠯ ᠲᠠᠪᠱᠢᠯᠲᠠ᠎ᠶ᠋ᠢ ᠠᠬᠢᠭᠤᠯᠬᠤ ᠲᠦᠷᠢᠮ᠎ᠢ ᠬᠦᠨᠵᠡᠭᠡᠢ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ᠂ ᠮᠠᠠ᠎ᠤ ᠤᠷᠤᠨ᠎ᠤ ᠦᠨᠲᠦᠰᠦᠲᠠᠠ᠎ᠤ ᠠᠵᠢᠯ᠎ᠤᠨ ᠵᠢᠯᠤᠭᠤᠳᠭᠤ ᠦᠵᠡᠯ ᠰᠠᠨᠠᠭᠠᠨ᠎ᠤ ᠲᠠᠯ᠎ᠠ᠎ᠪᠠᠷ᠎ᠬᠢ ᠵᠦᠷᠢᠶ᠎ᠠ ᠪᠤᠷᠤᠭᠤ᠎ᠶ᠋ᠢ ᠡᠷᠡᠰ ᠵᠠᠯᠠᠷᠠᠭᠤᠯᠵᠦ᠍᠂ 《ᠭᠤᠷᠪᠠᠠ ᠰᠠᠯᠵᠦ᠍ ᠪᠤᠯᠤᠰᠢ ᠦᠭᠡᠢ》᠂ 《ᠲᠠᠪᠤᠠ ᠬᠠᠮᠳᠦ᠎ᠶ᠋ᠢᠨ ᠲᠠᠨᠢᠯᠳᠠ》 ᠎ᠶ᠋ᠢᠨ ᠦᠵᠡᠯ ᠰᠠᠨᠠᠭ᠎ᠠ᠎ᠶ᠋ᠢ ᠦᠨᠲᠦᠰᠦᠲᠠᠠ᠎ᠨᠦᠭᠦᠳ᠎ᠤᠨ ᠠᠷᠠᠳ ᠲᠦᠮᠠᠠ᠎ᠤ ᠰᠡᠳᠭᠢᠯ᠎ᠳᠤ ᠬᠦᠨ ᠦᠨᠲᠦᠰᠦᠯᠡᠭᠦᠯᠬᠦ᠌ ᠬᠡᠷᠡᠭ᠌ᠲᠡᠢ᠃ ᠠᠵᠦ᠍ ᠠᠬᠤᠢ᠎ᠶ᠋ᠢᠨ ᠠᠮᠤᠷ ᠲᠦᠪᠱᠢᠨ᠎ᠤ ᠠᠶᠤᠯ ᠲᠦᠭ᠌ᠰᠢᠬᠦᠷᠢ᠎ᠶ᠋ᠢ ᠤᠷᠢᠳᠴᠢᠯᠠᠠ ᠰᠡᠷᠡᠮᠵᠢᠯᠡᠭᠦᠯᠬᠦ᠂ ᠰᠡᠷᠭᠡᠢᠯᠡᠡ ᠡᠵᠡᠮᠲᠡᠬᠦ᠌ ᠲᠤᠭ᠍ᠲᠠᠴᠠ ᠪᠠ ᠴᠢᠲᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠠ᠂ ᠵᠠᠰᠠᠭ᠎ᠤᠨ ᠤᠷᠲᠤᠨ᠎ᠤ ᠦᠷᠢ ᠦᠭ᠌ᠴᠡᠭᠡ᠂ ᠮᠦᠩᠭᠦᠨ ᠬᠦᠢᠯᠭᠡᠭᠡᠨ᠂ ᠡᠨᠧᠷᠬᠢ᠂ ᠠᠮᠤ ᠪᠤᠲᠠᠭ᠎ᠠ᠂ ᠴᠢᠬᠤᠯᠠ ᠰᠠᠭᠤᠷᠢ ᠲᠦᠭᠦᠭᠡᠷᠦᠮᠵᠢ ᠵᠡᠷᠭᠡ ᠵᠠᠩᠭᠢᠯᠠᠭ᠎ᠠ᠎ᠶ᠋ᠢᠨ ᠬᠦᠷᠢᠶᠠᠠ᠎ᠳᠠᠬᠢ ᠠᠶᠤᠯ ᠲᠦᠭ᠌ᠰᠢᠬᠦᠷᠢ᠎ᠶ᠋ᠢ ᠰᠡᠷᠭᠡᠢᠯᠡᠡ ᠡᠵᠡᠮᠲᠡᠬᠦ᠌ ᠪᠠ ᠠᠮᠤᠷ ᠲᠦᠪᠱᠢᠨ᠎ᠤ ᠪᠠᠲᠤᠯᠠᠭ᠎ᠠ᠎ᠶ᠋ᠢ ᠨᠢᠭᠡᠲᠦᠯᠲᠡᠢ ᠲᠦᠯᠦᠪᠵᠢᠭᠦᠯᠦᠨ ᠰᠠᠢᠲᠤᠷ ᠠᠳᠭᠤᠬᠤ ᠭᠡᠷᠡᠭ᠌ᠲᠡᠢ᠃ ᠠᠮᠢ ᠠᠬᠤᠢ ᠤᠷᠴᠢᠨ ᠲᠤᠭᠤᠷᠢᠨ᠎ᠤ ᠠᠶᠤᠯ ᠲᠦᠭ᠌ᠰᠢᠬᠦᠷᠢ᠎ᠶ᠋ᠢ ᠰᠡᠷᠭᠡᠢᠯᠡᠬᠦ᠌ ᠱᠢᠰᠲ᠋ᠧᠮ᠎ᠢ ᠱᠢᠰᠲ᠋ᠧᠮ᠎ᠲᠠᠢ ᠪᠠᠢᠭᠤᠯᠵᠦ᠍᠂ ᠠᠮᠢ ᠠᠬᠤᠢ ᠤᠷᠴᠢᠨ ᠲᠤᠭᠤᠷᠢᠨ᠎ᠤ ᠠᠶᠤᠯ ᠲᠦᠭ᠌ᠰᠢᠬᠦᠷᠢ᠎ᠶ᠋ᠢ ᠰᠡᠷᠭᠡᠢᠯᠡᠡ ᠡᠵᠡᠮᠲᠡᠬᠦ᠌ ᠠᠷᠭ᠎ᠠ ᠬᠡᠮᠵᠢᠶ᠎ᠠ᠎ᠶ᠋ᠢ ᠴᠢᠩᠭ᠎ᠠ ᠭᠡᠷᠡᠭ᠌ᠵᠢᠭᠦᠯᠵᠦ᠍᠂ ᠠᠮᠢ ᠠᠬᠤᠢ᠎ᠶ᠋ᠢᠨ ᠱᠢᠰᠲ᠋ᠧᠮ᠎ᠤᠨ ᠰᠠᠢᠨ ᠰᠠᠢᠬᠠᠨ ᠤᠷᠴᠢᠯ᠎ᠢ ᠠᠬᠢᠭᠤᠯᠬᠤ ᠭᠡᠷᠡᠭ᠌ᠲᠡᠢ᠃ ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠠ ᠱᠢᠨᠡᠴᠢᠯᠡᠵᠦ᠍᠂ ᠬᠠᠷ᠎ᠠ ᠪᠦᠯᠦᠭ᠌ᠲᠡᠡ ᠬᠠᠷᠬᠢᠰ ᠬᠦᠴᠤᠨ᠎ᠢ ᠠᠷᠢᠯᠭᠠᠬᠤ ᠠᠵᠢᠯᠯᠠᠭ᠎ᠠ᠎ᠶ᠋ᠢ ᠪᠠᠢᠩᠭᠤᠵᠢᠭᠤᠯᠤᠨ ᠦᠷᠨᠢᠭᠦᠯᠵᠦ᠍᠂ ᠵᠦᠷᠢᠴᠡᠯ ᠵᠢᠭᠤᠷᠠᠯᠲᠤᠭᠠᠠ᠎ᠢ ᠵᠢᠬ᠍ᠰᠠᠭᠠᠨ ᠪᠠᠢᠴᠠᠭᠠᠵᠦ᠍ ᠱᠢᠢᠳᠪᠤᠷᠢᠯᠡᠨ ᠨᠠᠮᠲᠠᠭᠤᠯᠬᠤ ᠠᠵᠢᠯ᠎ᠢ ᠯᠠᠪᠲᠠᠭᠤᠨ ᠪᠠᠲᠤᠲᠠᠢ ᠰᠠᠢᠲᠤᠷ ᠬᠢᠵᠦ᠍᠂ ᠤᠯᠠᠠ ᠨᠡᠢᠲᠡ᠎ᠶ᠋ᠢᠨ ᠠᠮᠤᠷ ᠲᠦᠪᠱᠢᠨ᠎ᠤ ᠠᠶᠤᠯ ᠲᠦᠭ᠌ᠰᠢᠬᠦᠷᠢ᠎ᠶ᠋ᠢᠨ ᠳᠠᠯᠳᠠ ᠬᠡᠮ ᠰᠤᠭᠤᠭ᠎ᠢ ᠴᠡᠭ᠌ᠴᠡᠯᠡᠡ ᠵᠠᠰᠠᠵᠦ᠍ ᠠᠷᠢᠯᠭᠠᠬᠤ᠎ᠪᠠᠷ ᠬᠦᠴᠦᠯᠡᠨ᠂ ᠨᠡᠢᠭᠡᠮ᠎ᠤᠨ ᠶᠡᠭᠡ ᠲᠠᠯ᠎ᠠ ᠡᠶ᠎ᠡ ᠵᠤᠬᠢᠴᠠᠩᠭᠤᠢ ᠲᠤᠭ᠍ᠲᠠᠭᠤᠨ᠂ ᠠᠷᠠᠳ ᠤᠯᠠᠠ ᠵᠤᠯ ᠵᠢᠷᠭᠠᠯ᠎ᠲᠠᠢ ᠠᠮᠤᠷ ᠠᠮᠤᠭᠤᠯᠠᠩ ᠪᠠᠢᠬᠤ᠎ᠶ᠋ᠢ ᠪᠠᠲᠤᠯᠠᠬᠤ ᠭᠡᠷᠡᠭ᠌ᠲᠡᠢ᠃ ᠤᠲᠤᠬᠠᠠ᠎ᠳᠤ᠂ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠬᠦ᠌ ᠠᠵᠢᠯ᠎ᠢ ᠲᠡᠭᠡᠲᠦ ᠬᠡᠮᠵᠢᠶ᠎ᠠ᠎ᠪᠠᠷ ᠴᠢᠬᠤᠯᠠᠴᠢᠯᠠᠠ ᠰᠠᠢᠲᠤᠷ ᠬᠢᠵᠦ᠍᠂ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠬᠦ᠌ ᠡᠷᠴᠢᠮ᠎ᠢᠶᠠᠨ ᠴᠠᠭ ᠢᠮᠠᠭ᠍ᠲᠠ ᠴᠢᠩᠭᠠᠷᠠᠭᠤᠯᠤᠨ᠂ 《ᠲᠦᠷᠪᠠᠠ ᠲᠠᠯ᠎ᠠ᠎ᠶ᠋ᠢᠨ ᠬᠠᠷᠢᠭᠤᠴᠠᠯᠭ᠎ᠠ》 ᠪᠤᠯᠤᠨ 《ᠲᠦᠷᠪᠡᠡ ᠡᠷᠲᠡ ᠪᠠᠢᠬᠤ》 ᠱᠠᠭᠠᠷᠲᠠᠯᠭ᠎ᠠ᠎ᠶ᠋ᠢ ᠴᠢᠩᠭ᠎ᠠ ᠨᠢᠮᠪᠠᠢ ᠪᠤᠲᠠᠲᠠᠢ ᠨᠠᠢᠲᠠᠪᠤᠷᠢᠵᠢᠭᠤᠯᠵᠦ᠍᠂ ᠳᠤᠭ᠍ᠳᠠᠭ᠍ᠰᠠᠨ ᠠᠷᠭ᠎ᠠ ᠬᠡᠮᠵᠢᠶ᠎ᠠ᠎ᠪᠠᠷ ᠳᠤᠭ᠍ᠳᠠᠪᠤᠷᠢ ᠦᠭᠡᠢ ᠬᠦᠴᠦᠨ ᠵᠦᠢᠯ᠎ᠢ ᠠᠷᠭᠠᠴᠠᠭᠠᠵᠦ᠍᠂ ᠬᠢᠵᠢᠭ ᠲᠠᠬᠢᠨ ᠳᠡᠯᠭᠡᠷᠡᠬᠦ᠌ ᠦᠭᠡᠢ ᠪᠠᠢᠬᠤ᠎ᠶ᠋ᠢ ᠪᠠᠲᠤᠯᠠᠬᠤ ᠭᠡᠷᠡᠭ᠌ᠲᠡᠢ᠃

ᠲᠦᠯᠦᠭᠡᠯᠡᠭ᠌ᠴᠢᠳ ᠡ᠂ ᠨᠦᠬᠦᠳ ᠡ!

ᠠᠯᠤᠰ᠎ᠤᠨ ᠲᠦᠯᠦᠪ᠎ᠢ ᠨᠢᠭᠡᠨᠲᠡ ᠵᠢᠷᠤᠭ᠍ᠯᠠᠪᠠ᠂ ᠵᠠᠩᠭᠢᠯᠠᠭ᠎ᠠ᠎ᠨᠢ ᠨᠠᠢᠲᠠᠪᠤᠷᠢᠵᠢᠭᠤᠯᠬᠤ᠎ᠳᠤ ᠪᠠᠢᠨ᠎ᠠ᠃ ᠪᠢᠲᠠ ᠪᠤᠲᠠᠲᠠᠢ ᠠᠵᠢᠯᠯᠠᠬᠤ᠎ᠶ᠋ᠢ ᠴᠢᠬᠤᠯᠠᠴᠢᠯᠠᠨ᠂ ᠬᠠᠲᠠᠭᠠᠰᠤ ᠬᠠᠲᠠᠬᠤ ᠵᠤᠷᠢᠭ ᠰᠠᠨᠠᠭ᠎ᠠ᠎ᠪᠠᠷ ᠡᠯ᠎ᠠ ᠵᠦᠢᠯ᠎ᠤᠨ ᠠᠵᠢᠯ᠎ᠢᠶᠠᠨ ᠨᠠᠷᠢᠨ ᠨᠢᠮᠪᠠᠢ ᠪᠤᠲᠠᠲᠠᠢ ᠬᠢᠵᠦ᠍᠂ ᠳᠤᠭ᠍ᠳᠠᠭ᠍ᠰᠠᠨ ᠬᠠᠷᠠᠯᠲᠠ ᠲᠡᠢᠰᠢ᠎ᠪᠠᠨ ᠠᠯᠬᠤᠮ ᠠᠯᠬᠤᠮ᠎ᠢᠶᠠᠷ ᠤᠷᠤᠭ᠍ᠰᠢᠯᠠᠵᠦ᠍᠂ ᠬᠠᠷᠠᠯᠲᠠ᠎ᠳᠠᠭᠠᠨ ᠬᠦᠷᠬᠦ᠌ ᠦᠭᠡᠢ ᠪᠤᠯ ᠶᠠᠭᠠᠬᠢᠭ᠍ᠰᠠᠨ ᠴᠦ᠍ ᠪᠤᠴᠠᠬᠤ ᠦᠭᠡᠢ ᠪᠠᠢᠬᠤ ᠭᠡᠷᠡᠭ᠌ᠲᠡᠢ᠃ ᠦᠨᠡᠡ᠎ᠢ ᠪᠠᠷᠢᠮᠳᠠᠯᠠᠨ ᠪᠤᠲᠠᠲᠠᠢ᠎ᠶ᠋ᠢ ᠡᠷᠬᠢᠮᠯᠡᠬᠦ᠂ ᠦᠨᠡᠡ ᠬᠦ᠌ ᠠᠳᠭᠤᠵᠦ᠍ ᠪᠤᠲᠠᠲᠠᠢ ᠠᠵᠢᠯᠯᠠᠬᠤ᠎ᠶ᠋ᠢ ᠪᠠᠷᠢᠮᠲᠠᠯᠠᠵᠦ᠍᠂ ᠪᠤᠲᠠᠲᠠᠢ ᠠᠷᠭ᠎ᠠ ᠭᠠᠷᠭᠠᠨ᠂ ᠦᠨᠡᠡ ᠬᠦ᠌ ᠬᠦᠴᠦᠯᠡᠵᠦ᠍᠂ ᠪᠤᠲᠠᠳᠠᠢ ᠦᠷ᠎ᠠ ᠪᠦᠲᠦᠮᠵᠢ᠎ᠶ᠋ᠢ ᠡᠷᠬᠢᠮᠯᠡᠨ᠂ ᠬᠡᠯᠪᠡᠷᠢᠴᠢ ᠦᠵᠡᠯ ᠨᠤᠶᠠᠠᠴᠢ ᠰᠤᠷᠲᠠᠯ᠎ᠢ ᠬᠦᠴᠦᠯᠡᠨ ᠲᠡᠪᠴᠢᠵᠦ᠍᠂ ᠰᠠᠨᠠᠭᠠᠴᠢᠯᠠᠭ᠎ᠠ᠎ᠠᠴᠠ᠎ᠪᠠᠨ ᠨᠠᠢᠲᠠᠪᠤᠷᠢᠵᠢᠭᠤᠯᠤᠯᠲᠠ᠎ᠶ᠋ᠢ ᠠᠳᠭᠤᠬᠤ᠂ ᠨᠠᠢᠲᠠᠪᠤᠷᠢᠵᠢᠭᠤᠯᠤᠯᠲᠠ᠎ᠶ᠋ᠢ ᠠᠳᠭᠤᠬᠤ᠎ᠳᠠᠭᠠᠨ ᠴᠢᠲᠠᠮᠠᠭᠠᠢ ᠪᠠᠢᠬᠤ᠂ ᠱᠠᠲᠤ ᠱᠠᠲᠤ᠎ᠪᠠᠷ ᠨᠠᠢᠲᠠᠪᠤᠷᠢᠵᠢᠭᠤᠯᠤᠯᠳᠠ᠎ᠶ᠋ᠢ ᠠᠳᠭᠤᠬᠤ ᠰᠠᠢᠨ ᠰᠠᠢᠬᠠᠨ ᠪᠠᠢᠳᠠᠯ᠎ᠢ ᠪᠦᠷᠢᠯᠳᠦᠬᠦᠯᠬᠦ᠌ ᠭᠡᠷᠡᠭ᠌ᠲᠡᠢ᠃ ᠡᠷᠳᠡᠮ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠲᠤᠯᠭᠠᠮ ᠰᠡᠳᠭᠢᠯᠭᠡ᠎ᠪᠠᠨ ᠴᠢᠩᠭᠠᠳᠭᠠᠨ᠂ ᠶᠠᠭᠤ ᠬᠢᠪᠡᠯ ᠶᠠᠭᠤᠨ᠎ᠤ ᠲᠤᠬᠠᠢ ᠰᠤᠷᠤᠯᠴᠠᠵᠦ᠍᠂ ᠶᠠᠭᠤ ᠳᠤᠳᠠᠪᠠᠯ ᠶᠠᠭᠤ᠎ᠶ᠋ᠢ ᠨᠦᠬᠦᠪᠦᠷᠢᠯᠡᠨ᠂ ᠱᠢᠨ᠎ᠠ ᠮᠡᠲᠡᠯᠭᠡ᠎ᠶ᠋ᠢ ᠲᠠᠰᠤᠷᠠᠯᠲᠠ ᠦᠭᠡᠢ ᠡᠵᠡᠮᠱᠢᠵᠦ᠍᠂ ᠱᠢᠨ᠎ᠠ ᠬᠦᠷᠢᠶ᠎ᠠ ᠴᠠᠷᠠᠭ᠎ᠠ᠎ᠶ᠋ᠢ ᠤᠢ᠍ᠢᠯᠠᠭᠠᠨ᠂ ᠬᠠᠷᠠᠭᠠᠰᠤ᠎ᠪᠠᠨ ᠦᠷᠭᠡᠳᠭᠡᠵᠦ᠍᠂ ᠱᠢᠨ᠎ᠠ ᠬᠦᠭ᠌ᠵᠢᠯᠲᠠ᠎ᠶ᠋ᠢᠨ ᠤᠢ᠍ᠢᠯᠠᠭᠠᠬ᠍ᠲᠠᠬᠤᠨ᠎ᠢ ᠲᠤᠭᠤᠱᠢᠯᠠᠭᠤᠯᠬᠤ᠂ ᠴᠢᠨᠠᠷ ᠰᠠᠢᠲᠠᠢ ᠬᠦᠭ᠌ᠵᠢᠯᠲᠠ᠎ᠶ᠋ᠢ ᠠᠬᠢᠭᠤᠯᠬᠤ ᠲᠤᠰᠭᠠᠢᠵᠢᠬ᠍ᠰᠠᠨ ᠴᠢᠲᠠᠪᠤᠷᠢ᠎ᠪᠠᠨ ᠴᠢᠷᠮᠠᠢᠨ ᠳᠡᠭᠡᠭ᠌ᠰᠢᠯᠡᠭᠦᠯᠬᠦ᠌ ᠬᠡᠷᠡᠭ᠌ᠳᠠᠢ᠃ ᠬᠠᠷᠢᠭᠤᠴᠠᠯᠭᠠᠳᠦ ᠤᠬᠠᠮᠰᠠᠷ᠎ᠢᠶᠠᠨ ᠴᠢᠩᠭᠠᠳᠭᠠᠠ ᠬᠠᠷᠢᠭᠤᠴᠠᠯᠭ᠎ᠠ᠎ᠪᠠᠨ ᠮᠡᠳᠡᠵᠦ᠍᠂ ᠬᠠᠷᠢᠭᠤᠴᠠᠯᠭ᠎ᠠ ᠡᠬᠦᠷᠭᠡᠯᠡᠨ ᠬᠠᠷᠢᠭᠤᠴᠠᠯᠭ᠎ᠠ᠎ᠪᠠᠨ ᠬᠦᠢᠴᠡᠳᠭᠡᠵᠦ᠍᠂ ᠵᠤᠷᠢᠬ᠍ᠳᠠᠢ ᠲᠡᠮᠡᠴᠡᠨ ᠴᠢᠳᠠᠮᠠᠭᠠᠢ᠎ᠪᠠᠷ ᠲᠡᠮᠡᠴᠡᠵᠤ᠂ ᠱᠢᠨᠳᠠᠰᠤ ᠴᠢᠩᠭᠠᠯᠠᠨ ᠬᠦᠨᠳᠦ ᠡᠬᠦᠷᠭᠡ᠎ᠶ᠋ᠢ ᠡᠬᠦᠷᠭᠡᠯᠡᠵᠤ᠂ ᠤᠲᠤᠬᠢᠴᠢᠯᠠᠯᠲᠠ᠎ᠶ᠋ᠢᠨ ᠪᠦᠲᠦᠭᠡᠡ ᠪᠠᠢᠭᠤᠯᠤᠯᠲᠠ᠎ᠶ᠋ᠢᠨ ᠦᠢᠯᠡᠲᠦᠯᠭᠡᠵᠢᠭᠦᠯᠦᠭ᠌ᠴᠢ᠂ ᠤᠷᠤᠯᠴᠠᠭ᠍ᠴᠢ ᠪᠠ ᠡᠷᠡᠮᠡᠬᠡᠢᠯᠡᠨ ᠤᠷᠤᠭ᠍ᠰᠢᠯᠠᠭ᠍ᠴᠢ ᠪᠤᠯᠬᠤ ᠭᠡᠷᠡᠭ᠌ᠲᠡᠢ᠃ ᠬᠦᠮᠦᠨ ᠭᠡᠷᠡᠭ᠌ᠯᠡᠬᠦ᠌ ᠵᠦᠪ ᠤᠲᠤᠷᠢᠲᠤᠮᠵᠢ᠎ᠪᠠᠷ ᠠᠵᠢᠯ ᠬᠢᠵᠦ᠍ ᠦᠢᠯᠡᠰ ᠪᠤᠰᠭᠠᠬᠤ ᠤᠲᠤᠷᠢᠲᠤᠮᠵᠢ᠎ᠶ᠋ᠢ ᠬᠦᠲᠦᠯᠦᠨ ᠲᠠᠭᠠᠭᠤᠯᠵᠦ᠍᠂ ᠠᠵᠢᠯ ᠬᠢᠬᠦ᠌ ᠰᠠᠨᠠᠭ᠎ᠠ᠎ᠲᠠᠢ ᠬᠦᠮᠦᠰ᠎ᠲᠤ ᠲᠤᠬᠢᠶᠠᠯ ᠤᠯᠭᠤᠨ ᠠᠵᠢᠯ ᠬᠢᠵᠦ᠍ ᠲᠡᠢᠯᠬᠦ᠌ ᠬᠦᠮᠦᠰ᠎ᠲᠤ ᠲᠠᠪᠴᠠᠩ ᠬᠠᠩᠭᠠᠵᠦ᠍᠂ ᠠᠵᠢᠯ ᠪᠦᠲᠦᠭᠡᠭ᠌ᠰᠡᠨ ᠬᠦᠮᠦᠰ᠎ᠢ ᠬᠦᠬᠢᠭᠦᠯᠦᠨ ᠱᠠᠩᠨᠠᠵᠦ᠍᠂ ᠦᠷᠭᠡᠡ ᠤᠯᠠᠠ ᠺᠠᠳ᠋ᠷ ᠪᠤᠯᠤᠨ ᠤᠯᠠᠠ ᠲᠦᠮᠠᠠ᠎ᠤ ᠲᠤᠰ ᠲᠤᠰ᠎ᠤᠨ ᠬᠦᠷᠢᠶᠠᠠ᠎ᠳᠡᠭᠡᠨ᠂ ᠲᠤᠰ ᠲᠤᠰ᠎ᠤᠨ ᠠᠵᠢᠯ᠎ᠤᠨ ᠪᠠᠢᠷᠢᠨ᠎ᠳᠠᠭᠠᠨ ᠱᠢᠨ᠎ᠠ᠎ᠶ᠋ᠢ ᠡᠭᠦᠳᠴᠤ᠌ ᠦᠢᠯᠡᠰ ᠪᠤᠰᠭᠠᠨ ᠭᠠᠪᠢᠶ᠎ᠠ ᠵᠢᠳᠭᠦᠯ ᠦᠵᠡᠭᠦᠯᠵᠤ᠂ ᠤᠲᠤᠬᠢᠴᠢᠯᠠᠯᠲᠠ᠎ᠶ᠋ᠢᠨ ᠱᠢᠨ᠎ᠠ ᠠᠶᠠᠠ ᠵᠠᠮ᠎ᠳᠤ ᠨᠡᠩ ᠶᠡᠭᠡ ᠡᠷᠴᠢ ᠵᠤᠷᠢᠭ᠎ᠢᠶᠠᠷ ᠠᠵᠢᠯᠯᠠᠵᠤ᠂ ᠨᠡᠩ ᠭᠢᠯᠠᠯᠵᠠᠮ᠎ᠠ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠵᠤᠷᠢᠡᠡᠵᠢᠭᠤᠯᠤᠨ ᠵᠢᠯᠤᠭᠤᠳᠭᠤ ᠬᠡᠷᠡᠭ᠌ᠳᠠᠢ᠃

ᠲᠦᠯᠦᠭᠡᠯᠡᠭ᠌ᠴᠢᠳ ᠡ᠂ ᠨᠦᠬᠦᠳ ᠡ!

ᠱᠢᠨ᠎ᠠ ᠬᠦᠭ᠌ᠵᠢᠯᠲᠠ᠎ᠶ᠋ᠢᠨ ᠱᠠᠲᠤᠨ᠎ᠳᠤ ᠤᠷᠤᠵᠦ᠍᠂ ᠱᠢᠨ᠎ᠠ ᠬᠦᠭ᠌ᠵᠢᠯᠳᠠ᠎ᠶ᠋ᠢᠨ ᠠᠶᠠᠠ ᠵᠠᠮ᠎ᠢ ᠡᠬᠢᠯᠡᠭᠦᠯᠬᠦ᠌᠎ᠨᠢ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠰᠠᠢᠲᠤᠷ ᠬᠢᠬᠦ᠌᠎ᠳᠤ ᠨᠡᠩ ᠦᠨᠲᠦᠷ ᠱᠢᠨ᠎ᠠ ᠱᠠᠭᠠᠷᠲᠠᠯᠭ᠎ᠠ ᠲᠤᠷᠠᠳᠴᠠᠢ᠃ ᠪᠢᠲᠠ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠤᠯᠤᠨ ᠶᠡᠷᠦᠩᠭᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠠ ᠲᠡᠭᠦᠯᠲᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠬᠦᠨᠵᠡᠭᠡᠢ ᠰᠤᠷᠤᠯᠴᠠᠠ ᠲᠤᠭᠤᠱᠢᠯᠠᠭᠤᠯᠵᠦ᠍᠂ ᠨᠠᠮ᠎ᠤᠨ ᠤᠲᠤᠷᠢᠲᠤᠯᠭ᠎ᠠ᠂ ᠠᠷᠠᠳ ᠲᠦᠮᠠᠠ ᠡᠷᠭᠡ ᠮᠡᠲᠡᠵᠦ᠍ ᠡᠵᠡᠡ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠤᠷᠭᠠᠨᠢᠭ᠎ᠢᠶᠠᠷ ᠨᠢᠭᠡᠳᠭᠡᠬᠦ᠌᠎ᠶ᠋ᠢ ᠢᠮᠠᠭ᠍ᠳᠠ ᠪᠠᠷᠢᠮᠲᠠᠯᠠᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠤᠯᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠠᠭ ᠦᠶ᠎ᠠ᠎ᠲᠠᠢ ᠵᠡᠷᠭᠡ᠎ᠪᠠᠷ ᠤᠷᠤᠭ᠍ᠰᠢᠯᠠᠨ ᠱᠢᠨ᠎ᠠ᠎ᠶ᠋ᠢ ᠡᠬᠦᠲᠦᠨ ᠬᠦᠭ᠌ᠵᠢᠬᠦ᠌᠎ᠶ᠋ᠢ ᠠᠬᠢᠭᠤᠯᠵᠦ᠍᠂ ᠪᠠᠢᠭᠤᠯᠤᠯ᠎ᠤᠨ ᠲᠠᠪᠠᠭᠤᠯᠢᠭ᠎ᠢ ᠦᠨᠡᠡ ᠬᠦ᠌ ᠵᠠᠰᠠᠯᠲᠠ᠎ᠶ᠋ᠢᠨ ᠪᠦᠲᠦᠮᠵᠢ ᠴᠢᠳᠠᠪᠤᠷᠢ ᠪᠤᠯᠭᠠᠠ ᠬᠤᠪᠢᠷᠠᠭᠤᠯᠬᠤ ᠭᠡᠷᠡᠭ᠌ᠲᠡᠢ᠃ ᠪᠦᠬᠦ᠌ ᠤᠷᠤᠨ᠎ᠤ ᠡᠯ᠎ᠠ ᠱᠠᠲᠤᠨ᠎ᠤ ᠨᠠᠮ᠎ᠤᠨ ᠬᠤᠷᠢᠶ᠎ᠠ᠎ᠶ᠋ᠢᠨ᠎ᠬᠢᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠠᠬᠢ ᠤᠲᠤᠷᠢᠲᠤᠯᠭ᠎ᠠ᠎ᠪᠠᠨ ᠴᠢᠩᠭᠠᠳᠭᠠᠠ ᠰᠠᠢᠵᠢᠷᠠᠭᠤᠯᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌᠎ᠳᠤ ᠢᠳᠡᠪᠬᠢᠳᠠᠢ᠎ᠪᠠᠷ ᠲᠡᠮᠵᠢᠯᠭᠡ ᠬᠠᠩᠭᠠᠨ ᠨᠦᠬᠦᠴᠡᠯ ᠪᠦᠷᠢᠯᠳᠤᠬᠦᠯᠵᠤ ᠦᠭ᠌ᠬᠦ ᠭᠡᠷᠡᠭ᠌ᠲᠡᠢ᠃ ᠡᠯ᠎ᠠ ᠱᠠᠲᠤᠠ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ᠎ᠶ᠋ᠢᠨ᠎ᠬᠢᠨ ᠭᠤᠤᠯ ᠠᠵᠢᠯ᠎ᠤᠨ ᠲᠤᠭᠤᠷᠢᠨ᠎ᠳᠤ ᠶᠡᠭᠡ ᠲᠠᠯ᠎ᠠ᠎ᠳᠤ ᠦᠢᠯᠡᠴᠢᠯᠡᠵᠦ᠍᠂ ᠪᠤᠲᠠᠲᠤ ᠪᠠᠢᠲᠠᠯ᠎ᠲᠠᠢ᠎ᠪᠠᠨ ᠨᠢᠭ᠍ᠲᠠ ᠤᠶᠠᠯᠲᠤᠭᠤᠯᠤᠨ ᠬᠠᠤᠯᠢ ᠲᠤᠭ᠍ᠲᠠᠭᠠᠬᠤ᠂ ᠬᠢᠨᠠᠯᠲᠠ ᠲᠠᠯᠪᠢᠬᠤ᠂ ᠲᠦᠯᠦᠭᠡᠯᠡᠭ᠌ᠴᠢ ᠵᠡᠷᠭᠡ ᠠᠵᠢᠯ᠎ᠢᠶᠠᠨ ᠰᠠᠢᠲᠤᠷ ᠬᠢᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠦᠢᠯᠡᠰ᠎ᠤᠨ ᠬᠦᠭ᠌ᠵᠢᠯᠲᠠ᠎ᠶ᠋ᠢᠨ ᠱᠢᠨ᠎ᠠ ᠪᠠᠢᠲᠠᠯ᠎ᠢ ᠡᠬᠦᠳᠬᠦ᠌᠎ᠪᠠᠷ ᠴᠢᠷᠮᠠᠢᠬᠤ ᠬᠡᠷᠡᠭ᠌ᠲᠡᠢ᠃ ᠡᠯ᠎ᠠ ᠱᠠᠲᠤᠨ᠎ᠤ ᠵᠠᠰᠠᠭ ᠵᠠᠬᠢᠷᠭᠠᠠ᠎ᠤ ᠪᠠᠢᠭᠤᠯᠭ᠎ᠠ᠂ ᠬᠢᠨᠠᠠ ᠪᠠᠢᠴᠠᠭᠠᠬᠤ ᠪᠠᠢᠭᠤᠯᠭ᠎ᠠ᠂ ᠱᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ᠎ᠶ᠋ᠢᠨ᠎ᠬᠢᠨ ᠤᠬᠠᠮᠰᠠᠷ᠎ᠠᠴᠠ᠎ᠪᠠᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢ ᠬᠦᠯᠢᠶᠡᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠠ᠎ᠤ ᠱᠢᠢᠳᠪᠦᠷᠢ ᠲᠤᠭ᠍ᠲᠠᠭᠠᠯ ᠪᠤᠯᠤᠨ ᠬᠢᠨᠡᠡ ᠵᠦᠪᠯᠡᠭ᠌ᠰᠡᠨ ᠰᠠᠨᠠᠯ᠎ᠢ ᠨᠠᠷᠢᠨ ᠬᠢᠨᠠᠮᠠᠭᠠᠢ ᠨᠠᠢᠲᠠᠪᠤᠷᠢᠵᠢᠭᠤᠯᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠲᠦᠪ ᠭᠤᠤᠯᠴᠢ᠎ᠪᠠᠷ ᠬᠠᠤᠯᠢ ᠪᠠᠷᠢᠬᠤ ᠲᠦᠪᠱᠢᠨ᠎ᠢᠶᠠᠨ ᠲᠠᠰᠤᠷᠠᠯᠲᠠ ᠦᠭᠡᠢ ᠲᠡᠭᠡᠭ᠌ᠰᠢᠯᠡᠭᠦᠯᠬᠦ᠌ ᠬᠡᠷᠡᠭ᠌ᠲᠡᠢ᠃ ᠡᠯ᠎ᠠ ᠱᠠᠲᠤᠨ᠎ᠤ ᠠᠷᠠᠳ᠎ᠤᠨ ᠲᠦᠯᠦᠭᠡᠯᠡᠭ᠌ᠴᠢᠳ ᠨᠠᠮ ᠪᠠ ᠠᠷᠠᠳ ᠲᠦᠮᠠᠠ᠎ᠤ ᠢᠲᠡᠭᠡᠯ ᠨᠠᠢᠳᠠᠯᠭ᠎ᠠ᠎ᠶ᠋ᠢ ᠬᠤᠪᠢ ᠳ᠋ᠠᠬᠢᠨ ᠨᠠᠠᠲᠢᠩᠨᠠᠨ᠂ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌ ᠴᠢᠲᠠᠪᠤᠷᠢ᠎ᠪᠠᠨ ᠪᠦᠬᠦ᠌ ᠲᠠᠯ᠎ᠠ᠎ᠪᠠᠷ ᠲᠡᠭᠡᠭ᠌ᠰᠢᠯᠡᠭᠦᠯᠵᠦ᠍᠂ ᠤᠯᠠᠨ ᠲᠦᠮᠡᠨ᠎ᠲᠠᠢ ᠤᠢ᠍ᠢᠷᠠᠳᠤᠨ᠂ ᠠᠷᠠᠳ᠎ᠤᠨ ᠪᠠᠢᠲᠠᠯ᠎ᠢ ᠤᠢ᠍ᠢᠯᠠᠭᠠᠵᠤ᠂ ᠤᠯᠠᠨ᠎ᠤ ᠤᠶᠤᠨ ᠤᠬᠠᠭᠠᠠ᠎ᠢ ᠲᠦᠪᠯᠡᠷᠡᠭᠦᠯᠤᠨ᠂ ᠠᠷᠠᠳ ᠲᠦᠮᠠᠠ᠎ᠤ ᠬᠦᠰᠡᠯ ᠰᠠᠨᠠᠯ᠎ᠢ ᠨᠡᠩ ᠰᠠᠢᠳᠦᠷ ᠢᠯᠡᠷᠡᠭᠦᠯᠵᠦ᠍᠂ ᠠᠷᠠᠳ ᠲᠦᠮᠠᠠ᠎ᠤ ᠲᠦᠯᠦᠭᠡ ᠦᠬᠡ ᠬᠡᠯᠡᠵᠤ᠂ ᠲᠤᠱᠢᠶᠠᠯ᠎ᠪᠠᠨ ᠬᠦᠢᠴᠡᠳᠭᠡᠨ᠂ ᠠᠷᠠᠳ ᠲᠦᠮᠠᠠ᠎ᠳᠤ ᠪᠤᠶᠠᠠ ᠦᠢᠯᠡᠳᠬᠦ᠌ ᠭᠡᠷᠡᠭ᠌ᠲᠡᠢ᠃

ᠲᠦᠯᠦᠭᠡᠯᠡᠭ᠌ᠴᠢᠳ ᠡ᠂ ᠨᠦᠬᠦᠳ ᠡ!

ᠲᠡᠮᠡᠴᠡᠯ ᠲᠡᠤᠬᠡ᠎ᠶ᠋ᠢ ᠪᠦᠲᠦᠭᠡᠵᠦ᠍ ᠢᠷᠡᠭᠡᠲᠦᠢ᠎ᠶ᠋ᠢ ᠴᠤᠭ᠍ᠴᠠᠯᠠᠳᠠᠭ ᠶᠤᠮ᠃ ᠪᠢᠲᠠ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠠ ᠨᠠᠮ᠎ᠤᠨ ᠲᠦᠪ ᠬᠤᠷᠢᠶᠠᠠ᠎ᠤ ᠲᠤᠭᠤᠷᠢᠨ᠎ᠳᠤ ᠨᠡᠩ ᠨᠢᠭ᠍ᠲᠠᠷᠠᠠ ᠪᠦᠯᠬᠦᠮᠲᠡᠵᠦ᠍᠂ ᠤᠭ ᠰᠠᠨᠠᠭ᠎ᠠ᠎ᠪᠠᠨ ᠦᠯᠦ᠍ ᠮᠠᠷᠲᠠᠨ ᠡᠬᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ ᠰᠠᠬᠢᠨ ᠪᠠᠷᠠᠯᠠᠵᠦ᠍ ᠬᠠᠷᠢᠯᠴᠠᠠ ᠬᠠᠪᠰᠤᠷᠤᠯᠴᠠᠨ ᠪᠦᠯᠬᠦᠮᠲᠠᠠ ᠲᠡᠮᠡᠴᠡᠵᠦ᠍᠂ ᠡᠷᠡᠮᠡᠭᠡᠢᠯᠡᠡ ᠳᠠᠪᠱᠢᠵᠤ ᠵᠢᠳᠭᠦᠯ ᠴᠢᠷᠮᠠᠢᠯᠭ᠎ᠠ ᠭᠠᠷᠭᠠᠬᠤ ᠵᠤᠷᠢᠭ ᠰᠠᠨᠠᠭᠠᠠ᠎ᠤ ᠳᠦᠷᠰᠦ ᠪᠠᠢᠲᠠᠯ᠎ᠢᠶᠠᠷ ᠨᠡᠢᠭᠡᠮ ᠵᠢᠷᠤᠮᠲᠦ ᠤᠲᠤᠬᠢᠴᠢᠯᠠᠬ᠍ᠰᠠᠨ ᠤᠯᠤᠰ᠎ᠢ ᠪᠦᠲᠦᠭᠡᠡ ᠪᠠᠢᠭᠤᠯᠬᠤ ᠱᠢᠨ᠎ᠠ ᠠᠶᠠᠠ ᠵᠠᠮ᠎ᠳᠤ ᠦᠪᠦᠷ ᠮᠤᠩᠭᠤᠯ᠎ᠤᠨ ᠬᠦᠭ᠌ᠵᠢᠯᠲᠠ᠎ᠶ᠋ᠢᠨ ᠱᠢᠨ᠎ᠠ ᠬᠠᠭᠤᠲᠠᠰᠤ᠎ᠶ᠋ᠢ ᠪᠢᠴᠢᠭ᠌ᠯᠡᠰᠦᠭᠡᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号