ᠬᠠᠢ ᠴᠢᠩ ᠲᠦᠯᠦᠭᠡᠯᠡᠭ᠌ᠴᠢ᠄ ᠬᠦᠲᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠣᠷᠣᠨ᠎ᠢ ᠪᠦᠳᠦᠬᠡᠨ ᠪᠠᠢᠭᠤᠯᠤᠨ᠎ᠠ
2021-01-31 10:50:02
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆


QQ截图20210131104040.jpg


《〈ᠠᠷᠪᠠᠨ ᠭᠤᠷᠪᠠᠳᠤᠭᠠᠷ ᠲᠠᠪᠤᠨ ᠵᠢᠯ〉 ᠎ᠳᠤ᠂ ᠮᠠᠨ᠎ᠤ ᠬᠤᠱᠢᠭᠤᠨ᠎ᠤ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠱᠢᠨ᠎ᠡ ᠠᠬᠢᠯᠳᠠ᠎ᠲᠠᠢ ᠪᠣᠯᠵᠣ᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠴᠢᠨᠠᠷ ᠴᠢᠨᠰᠠᠭ᠎ᠠ ᠪᠠ ᠦᠷ᠎ᠡ ᠠᠱᠢᠭ ᠵᠡᠷᠭᠡ᠎ᠪᠠᠷ ᠳᠡᠭᠡᠭ᠌ᠰᠢᠯᠡᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠠᠩ ᠴᠢᠩᠭᠠᠷᠠᠵᠣ᠂ ᠶᠡᠷᠦᠩᠬᠡᠢᠯᠡᠭ᠌ᠰᠡᠨ ᠪᠣᠳᠠᠲᠤ ᠬᠦᠴᠦᠨ ᠶᠡᠭᠡ᠎ᠪᠠᠷ ᠳᠡᠭᠡᠭ᠌ᠰᠢᠯᠡᠵᠦ᠍᠂ ᠮᠠᠯᠴᠢᠳ᠎ᠤᠨ ᠵᠢᠷᠭᠠᠯᠲᠤ ᠲᠥᠷᠥᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ ᠲᠠᠰᠤᠷᠠᠯᠲᠠ ᠦᠭᠡᠢ ᠳᠡᠭᠡᠭ᠌ᠰᠢᠯᠡᠵᠦ᠍᠂ ᠲᠤᠪᠤᠢᠮ᠎ᠠ ᠦᠷ᠎ᠡ ᠪᠦᠲᠦᠮᠵᠢ ᠤᠯᠪᠠ》 ᠬᠡᠵᠦ᠍ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢ᠂ ᠱᠢᠨ᠎ᠡ ᠪᠠᠷᠭᠤ ᠵᠡᠭᠦᠨ ᠬᠤᠱᠢᠭᠤᠨ᠎ᠤ ᠳᠠᠷᠤᠭ᠎ᠠ ᠬᠠᠢ ᠴᠢᠩ ᠰᠤᠷᠪᠤᠯᠵᠢᠯᠠᠬ᠍ᠴᠢ᠎ᠳᠤ ᠬᠡᠯᠡᠨ᠎ᠡ᠃

ᠬᠠᠢ ᠴᠢᠩ᠎ᠤᠨ ᠲᠠᠨᠢᠯᠴᠠᠭᠤᠯᠤᠬ᠍ᠰᠠᠨ᠎ᠢᠶᠠᠷ᠂ ᠬᠤᠢᠱᠢᠲᠠ᠎ᠶ᠋ᠢᠨ ᠲᠠᠪᠤᠨ ᠵᠢᠯ᠎ᠳᠤ ᠱᠢᠨ᠎ᠡ ᠪᠠᠷᠭᠤ ᠵᠡᠭᠦᠨ ᠬᠤᠱᠢᠭᠤ 《ᠪᠣᠬᠢᠷᠲᠤᠯ ᠥᠬᠡᠶ》᠂ 《ᠮᠠᠯᠵᠢᠬᠤ ᠣᠷᠣᠨ》 ᠭᠡᠰᠡᠨ ᠬᠤᠶᠠᠷ ᠣᠨᠴᠠᠯᠢᠭ᠎ᠢᠶᠠᠨ ᠳᠣᠪᠤᠢᠯᠭᠠᠨ᠂ ᠮᠠᠯ ᠠᠵᠤ ᠠᠬᠤᠶ ᠲᠠᠷᠢᠶᠠᠯᠠᠩ᠎ᠤᠨ ᠠᠵᠤ ᠦᠶᠯᠡᠰᠵᠢᠯᠳᠡ᠎ᠶ᠋ᠢᠨ ᠬᠤᠯᠪᠣᠭᠠᠲᠤ ᠴᠣᠭ᠍ᠴᠠ᠎ᠶ᠋ᠢ ᠪᠠᠢᠭᠤᠯᠵᠤ᠂ 《ᠨᠢᠬᠡᠳᠤᠬᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠠᠭᠤᠰᠤᠯᠴᠠᠭ᠍ᠰᠠᠨ᠂ ᠬᠤᠲᠠ ᠬᠥᠳᠡᠭᠡ ᠨᠥᠬᠦᠪᠥᠷᠢᠯᠡᠯᠴᠡᠭ᠌ᠰᠡᠨ᠂ ᠰᠣᠶᠣᠯ ᠬᠦᠭ᠌ᠵᠢᠨ ᠴᠡᠴᠡᠭ᠌ᠯᠡᠭ᠌ᠰᠡᠨ᠂ ᠱᠢᠨ᠎ᠡ᠎ᠶ᠋ᠢ ᠡᠭᠦᠳᠦᠭ᠌ᠰᠡᠨ᠂ ᠵᠣᠬᠢᠶᠠᠨ ᠪᠠᠢᠭᠤᠯᠤᠯᠲᠠ ᠲᠡᠭᠦᠯᠳᠡᠷᠵᠢᠭ᠌ᠰᠡᠨ》 ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠣᠷᠣᠨ ᠪᠠ ᠪᠣᠬᠢᠷᠲᠤᠯ ᠦᠭᠡᠢ ᠣᠷᠭᠠᠨᠢᠭ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ ᠭᠠᠷᠭᠠᠯᠲᠠ᠎ᠶ᠋ᠢᠨ ᠰᠠᠭᠤᠷᠢᠨ᠎ᠢ ᠪᠦᠳᠦᠬᠡᠨ ᠪᠠᠢᠭᠤᠯᠤᠨ᠎ᠠ᠃ ᠪᠠᠢᠭᠠᠯᠢ᠎ᠶ᠋ᠢᠨ ᠪᠡᠯᠴᠢᠭᠡᠷ᠎ᠤᠨ ᠡᠬᠢ ᠪᠠᠶᠠᠯᠢᠭ ᠪᠤᠯᠤᠨ ᠣᠳᠣ ᠦᠶ᠎ᠠ᠎ᠶ᠋ᠢᠨ ᠮᠠᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠰᠠᠭᠤᠷᠢ᠎ᠳᠠᠭᠠᠨ ᠲᠦᠱᠢᠭ᠌ᠯᠡᠨ᠂ ᠣᠷᠭᠠᠨᠢᠭ ᠠᠮᠢ ᠠᠬᠤᠢ᠎ᠶ᠋ᠢᠨ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠤ ᠨᠡᠷᠡᠲᠦ ᠲᠦᠷᠦᠯ ᠲᠡᠮᠳᠡᠭ᠎ᠢ ᠴᠤᠭ᠍ᠴᠠᠯᠠᠨ᠎ᠠ᠃ ᠮᠠᠯ ᠠᠵᠤ ᠠᠬᠤᠶ᠂ ᠡᠪᠡᠰᠦ ᠪᠣᠷᠳᠤᠭ᠎ᠠ᠎ᠶ᠋ᠢᠨ ᠦᠢᠯᠡᠰ᠂ ᠲᠠᠷᠢᠮᠠᠯ᠎ᠤᠨ ᠦᠢᠯᠡᠰ᠎ᠤᠨ ᠬᠦᠷᠢᠶᠡᠨ᠎ᠳᠠᠬᠢ ᠮᠣᠩᠭᠤᠯ ᠤᠯᠤᠰ᠎ᠯᠤᠭ᠎ᠠ᠎ᠶ᠋ᠢᠨ ᠬᠠᠮᠳᠤᠷᠠᠯᠴᠠᠭ᠎ᠠ᠎ᠶ᠋ᠢ ᠴᠢᠩᠭᠠᠳᠭᠠᠨ᠂ ᠮᠣᠩᠭᠤᠯ ᠣᠯᠣᠰ᠎ᠲᠤ ᠬᠠᠨᠳᠤᠭᠤᠯᠤᠭ᠍ᠰᠠᠨ ᠮᠠᠯ ᠠᠵᠤ ᠠᠬᠤᠶ ᠲᠠᠷᠢᠶᠠᠯᠠᠩ᠎ᠤᠨ ᠮᠡᠷᠭᠡᠵᠢᠯ ᠪᠣᠯᠤᠨ ᠱᠢᠯᠢᠳᠡᠭ ᠡᠭᠦᠯᠳᠡᠷ᠎ᠤᠨ ᠮᠠᠯ ᠰᠠᠢᠨ ᠲᠠᠷᠢᠶᠠᠨ ᠦᠷ᠎ᠠ᠎ᠶ᠋ᠢ ᠭᠠᠳᠠᠭ᠍ᠰᠢ ᠭᠠᠷᠭᠠᠬᠤ᠎ᠶ᠋ᠢ ᠥᠷᠭᠡᠳᠭᠡᠵᠦ᠍᠂ ᠣᠯᠠᠨ ᠤᠯᠤᠰᠴᠢᠯᠠᠭ᠍ᠰᠠᠨ ᠣᠳᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠲᠣᠮᠣ ᠬᠡᠯᠪᠡᠷᠢ᠎ᠶ᠋ᠢᠨ ᠠᠵᠤ ᠦᠢᠯᠡᠰ᠎ᠤᠨ ᠪᠦᠯᠦᠭ᠌ᠵᠢᠯ᠎ᠢ ᠪᠠᠢᠭᠤᠯᠤᠨ᠎ᠠ; ᠪᠥᠬᠦ᠌ ᠤᠯᠤᠰ᠎ᠲᠤ ᠨᠡᠷ᠎ᠡ ᠠᠯᠳᠠᠷᠱᠢᠭ᠍ᠰᠠᠨ ᠠᠮᠢ ᠠᠬᠤᠶ᠎ᠶ᠋ᠢᠨ ᠵᠢᠭᠤᠯᠴᠢᠯᠠᠯ ᠰᠡᠯᠡᠭᠦᠴᠡᠯ ᠪᠡᠶ᠎ᠡ ᠰᠤᠪᠢᠯᠠᠯᠲᠠ᠎ᠶ᠋ᠢᠨ ᠠᠮᠠᠷᠠᠯᠲᠠ᠎ᠶ᠋ᠢᠨ ᠭᠠᠵᠠᠷ᠎ᠢ ᠪᠦᠳᠦᠬᠡᠨ ᠪᠠᠢᠭᠤᠯᠤᠨ᠎ᠠ᠃ ᠲᠠᠯ᠎ᠠ ᠨᠤᠲᠤᠭ᠎ᠤᠨ ᠥᠩᠭᠡ ᠦᠵᠡᠮᠵᠢ᠂ ᠠᠷᠠᠳ᠎ᠤᠨ ᠵᠠᠩ ᠦᠢᠯᠡ᠂ ᠲᠡᠦᠬᠡ ᠰᠣᠶᠣᠯ᠂ ᠠᠮᠲᠠᠲᠤ ᠢᠳᠡᠭᠡᠨ ᠣᠨᠴᠠ ᠭᠠᠷᠤᠯᠲᠠ᠂ ᠮᠣᠩᠭᠤᠯ ᠡᠮ ᠡᠮᠨᠡᠯᠭᠡ ᠵᠡᠷᠭᠡ ᠣᠨᠴᠠᠯᠢᠭ᠍ᠲᠤ ᠡᠬᠢ ᠪᠠᠶᠠᠯᠢᠭ᠎ᠢᠶᠠᠨ ᠭᠦᠢᠴᠡᠳ ᠠᠱᠢᠭ᠍ᠯᠠᠵᠤ᠂ ᠦᠨᠳᠦᠰᠦᠲᠡᠨ᠎ᠤ ᠣᠨᠴᠠᠯᠢᠭ᠎ᠲᠠᠢ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠣᠷᠣᠨ᠎ᠢ ᠢᠳᠡᠪᠬᠢᠲᠡᠶ ᠪᠠᠢᠭᠤᠯᠵᠤ᠂ ᠪᠦᠬᠦ᠌ ᠤᠯᠤᠰ᠎ᠤᠨ ᠰᠣᠩᠭᠤᠳᠠᠭ ᠵᠢᠭᠤᠯᠴᠢᠯᠠᠯ᠎ᠤᠨ ᠱᠤᠭᠤᠮ᠎ᠤᠨ ᠵᠢᠭᠤᠯᠴᠢᠯᠠᠭ᠍ᠰᠠᠳ᠎ᠢ ᠲᠥᠪᠯᠡᠷᠡᠭᠦᠯᠦᠨ ᠲᠠᠷᠬᠠᠭᠠᠬᠤ ᠴᠢᠬᠤᠯᠠ ᠭᠠᠵᠠᠷ ᠪᠣᠯᠭᠠᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡᠳᠦᠯᠲᠡᠶ ᠲᠥᠯᠥᠪᠵᠢᠭᠦᠯᠦᠨ ᠵᠠᠰᠠᠵᠣ᠂ ᠪᠠᠢᠭᠠᠯᠢ᠎ᠶ᠋ᠢᠨ ᠨᠤᠲᠤᠭ ᠪᠡᠯᠴᠢᠭᠡᠷ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠤᠨ᠂ ᠨᠤᠲᠤᠭ ᠪᠡᠯᠴᠢᠭᠡᠷ᠎ᠢ ᠦᠨᠡᠨ ᠬᠦ᠌ ᠰᠠᠢᠲᠤᠷ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号