ᠵᠢᠷᠤᠮᠲᠦ ᠭᠡᠱᠢᠬᠦᠨ᠄ ᠪᠦᠲᠦᠮᠵᠢᠳᠡᠢ ᠠᠷᠭ᠎ᠠ ᠭᠡᠮᠵᠢᠶ᠎ᠠ ᠠᠪᠴᠤ᠌ ᠬᠡᠪᠯᠡᠯ᠎ᠤᠨ ᠦᠢᠯᠡᠰ᠎ᠤᠨ ᠴᠢᠲᠠᠪᠦᠷᠢᠲᠠᠨ᠎ᠤ ᠡᠩᠨᠡᠭᠡ᠎ᠶ᠋ᠢ ᠪᠤᠵᠠᠭᠠᠢᠷᠠᠭᠤᠯᠬᠤ ᠴᠢᠬᠤᠯᠠᠳᠠᠢ
2021-01-31 10:50:15
ᠵᠣᠬᠢᠶᠠᠭ᠍ᠴᠢ᠄
ᠱᠢᠶᠠᠩ ᠲᠤᠤ
ᠣᠩᠱᠢᠭ᠍ᠰᠠᠨ ᠣᠳᠠᠭ᠎ᠠ᠄
★★★☆☆


QQ截图20210131104109.jpg


ᠬᠡᠪᠯᠡᠯ᠎ᠤᠨ ᠦᠢᠯᠡᠰ ᠪᠤᠯ ᠱᠢᠨ᠎ᠡ ᠴᠠᠭ ᠦᠶ᠎ᠡ᠎ᠶ᠋ᠢᠨ ᠲᠤᠮᠲᠠᠲᠦ᠎ᠶ᠋ᠢᠨ ᠱᠢᠯᠢᠳᠡᠭ ᠤᠯᠠᠮᠵᠢᠯᠠᠯᠲᠦ ᠰᠤᠶᠤᠯ᠎ᠢ ᠤᠯᠠᠮᠵᠢᠯᠠᠵᠦ᠍ ᠬᠦᠭ᠌ᠵᠢᠬᠦᠯᠬᠦ᠌ ᠲᠠᠷᠬᠠᠨ ᠡᠬᠦᠷᠭᠡ᠎ᠶ᠋ᠢ ᠡᠬᠦᠷᠭᠡᠯᠡᠵᠦ᠍ ᠪᠠᠢᠲᠠᠭ ᠴᠢᠬᠤᠯᠠ ᠠᠵᠢᠯ ᠲᠦᠷᠦᠯ ᠪᠠᠢᠵᠦ᠍᠂ ᠦᠨᠲᠦᠷ ᠲᠦᠪᠱᠢᠨ ᠪᠦᠬᠦᠢ ᠨᠠᠢᠷᠠᠭᠤᠯᠤᠬ᠍ᠴᠢ᠎ᠶ᠋ᠢᠨ ᠡᠩᠨᠡᠭᠡ᠎ᠶ᠋ᠢ ᠱᠠᠭᠠᠷᠲᠠᠲᠠᠭ ᠶᠤᠮ᠃

《ᠨᠠᠢᠷᠠᠭᠤᠯᠤᠬ᠍ᠴᠢᠳ᠎ᠤᠨ ᠠᠵᠢᠯ ᠲᠦᠷᠦᠯ᠎ᠤᠨ ᠬᠢᠷᠢ ᠬᠡᠮ᠎ᠤᠨ ᠱᠢᠯᠭᠠᠯᠲᠠ᠎ᠳᠤ ᠬᠢᠷᠢ ᠲᠡᠩᠴᠡᠪᠡᠯ ᠰᠠᠶᠢ ᠬᠠᠷᠢᠭᠤᠴᠠᠭ᠍ᠰᠠᠨ ᠨᠠᠢᠷᠠᠭᠤᠯᠤᠬ᠍ᠴᠢ᠂ ᠲᠡᠳ᠋ ᠬᠢᠨᠠᠨ ᠨᠠᠢᠷᠠᠭᠤᠯᠤᠬ᠍ᠴᠢ᠂ ᠬᠢᠨᠠᠨ ᠨᠠᠢᠷᠠᠭᠤᠯᠤᠬ᠍ᠴᠢ᠎ᠶ᠋ᠢᠨ ᠬᠢᠷᠢ ᠬᠡᠮ᠎ᠲᠠᠢ ᠪᠤᠯᠵᠦ᠍ ᠲᠡᠢᠯᠦᠨ᠎ᠡ᠃ ᠬᠡᠪᠡᠴᠦ᠍ ᠮᠢᠨᠦ᠍ ᠪᠠᠢᠴᠠᠭᠠᠨ ᠰᠤᠲᠤᠯᠤᠬ᠍ᠰᠠᠨ᠎ᠢᠶᠠᠷ ᠤᠲᠤᠬᠠᠨ᠎ᠳᠤ ᠨᠠᠢᠷᠠᠭᠤᠯᠤᠬ᠍ᠴᠢᠳ᠎ᠤᠨ ᠠᠵᠢᠯ ᠲᠦᠷᠦᠯ᠎ᠤᠨ ᠬᠢᠷᠢ ᠬᠡᠮ᠎ᠤᠨ ᠱᠢᠯᠭᠠᠯᠲᠠ᠎ᠳᠤ ᠬᠢᠷᠢ ᠲᠡᠩᠴᠡᠬᠦ᠌ ᠨᠤᠷᠮ᠎ᠠ᠎ᠨᠢ ᠲᠤᠤᠷ᠎ᠠ ᠪᠠᠢᠵᠦ᠍᠂ ᠬᠡᠪᠯᠡᠯ᠎ᠤᠨ ᠦᠢᠯᠡᠰ᠎ᠤᠨ ᠴᠢᠲᠠᠪᠦᠷᠢᠲᠠᠨ᠎ᠤ ᠡᠩᠨᠡᠭᠡ᠎ᠶ᠋ᠢᠨ ᠲᠤᠬ᠍ᠲᠠᠪᠦᠷᠢᠵᠢᠯᠲᠠ᠂ ᠠᠵᠢᠯ ᠲᠦᠷᠦᠯ᠎ᠤᠨ ᠬᠦᠭ᠌ᠵᠢᠯᠳᠡ᠂ ᠴᠢᠨᠠᠭ᠍ᠰᠢᠯᠠᠨ ᠪᠦᠬᠦ᠋ᠢᠯᠡ ᠬᠡᠪᠯᠡᠯ᠎ᠤᠨ ᠠᠵᠢᠯ᠎ᠤᠨ ᠬᠦᠭ᠌ᠵᠢᠯᠳᠡ᠎ᠶ᠋ᠢ ᠨᠦᠯᠦᠬᠡᠯᠡᠵᠦ᠍ ᠪᠠᠢᠨ᠎ᠠ》 ᠭᠡᠵᠦ᠍ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠬᠦᠨ᠂ ᠦᠪᠦᠷ ᠮᠤᠩᠭᠤᠯ᠎ᠤᠨ ᠠᠷᠠᠳ᠎ᠤᠨ ᠬᠡᠪᠯᠡᠯ᠎ᠤᠨ ᠬᠤᠷᠢᠶᠠᠨ᠎ᠤ ᠨᠠᠮ᠎ᠤᠨ ᠬᠤᠷᠢᠶᠠᠨ᠎ᠤ ᠱᠦᠵᠢ᠂ ᠬᠤᠷᠢᠶᠠᠨ ᠲᠠᠷᠤᠭ᠎ᠠ ᠵᠢᠷᠤᠮᠲᠦ ᠶᠠᠷᠢᠨ᠎ᠠ᠃

ᠪᠦᠬᠦ᠌ ᠤᠷᠤᠨ᠎ᠢᠶᠠᠷ᠎ᠢᠶᠠᠨ ᠴᠢᠨᠠᠷ ᠰᠠᠢᠲᠠᠢ ᠬᠦᠭ᠌ᠵᠢᠯᠳᠡ᠎ᠶ᠋ᠢ ᠴᠢᠬᠤᠯᠠᠴᠢᠯᠠᠵᠦ᠍ ᠪᠠᠢᠭ᠎ᠠ ᠦᠨᠦᠲᠦᠷ᠂ ᠬᠡᠪᠯᠡᠯ᠎ᠤᠨ ᠦᠢᠯᠡᠰ᠎ᠨᠢ ᠤᠷᠤᠭ᠍ᠰᠢ ᠠᠬᠢᠵᠦ᠍ ᠲᠠᠪᠱᠢᠨ ᠬᠦᠭ᠌ᠵᠢᠬᠦ᠌᠎ᠳᠤ ᠵᠠᠪᠠᠯ ᠨᠢᠬᠡᠨ ᠰᠠᠯᠠᠭ᠎ᠠ ᠦᠨᠲᠦᠷ ᠭᠡᠪ ᠪᠤᠯᠪᠠᠰᠤᠷᠠᠯ᠎ᠲᠠᠢ᠂ ᠲᠤᠬᠠᠢᠯᠠᠬ᠍ᠰᠠᠨ ᠮᠡᠷᠭᠡᠵᠢᠯ᠎ᠳᠡᠭᠡᠨ ᠴᠠᠭᠠᠷᠠᠭ᠍ᠰᠠᠨ ᠨᠠᠢᠷᠠᠭᠤᠯᠤᠬ᠍ᠴᠢ᠎ᠶ᠋ᠢᠨ ᠡᠩᠨᠡᠭᠡ᠎ᠲᠠᠢ ᠪᠠᠢᠬᠤ ᠭᠡᠷᠡᠭ᠌ᠳᠡᠢ᠃ 《ᠤᠲᠤ ᠦᠪᠡᠷᠳᠡᠭᠡᠨ ᠵᠠᠰᠠᠬᠤ ᠤᠷᠤᠨ ᠶᠠᠭ 〈ᠠᠷᠪᠠᠨ ᠲᠦᠷᠪᠡᠲᠦᠭᠡᠷ ᠲᠠᠪᠤᠨ ᠵᠢᠯ〉 ᠎ᠤᠨ ᠲᠦᠯᠦᠪᠵᠢᠬᠦᠯᠬᠡ ᠪᠠ 2035 ᠤᠨ᠎ᠤ ᠠᠯᠤᠰ᠎ᠤᠨ ᠬᠠᠷᠠᠯᠲᠠ᠎ᠶ᠋ᠢ ᠲᠦᠯᠦᠪᠵᠢᠬᠦᠯᠵᠦ᠍ ᠪᠠᠢᠨ᠎ᠠ᠃ ᠬᠤᠢᠱᠢᠲᠠ ᠬᠡᠪᠯᠡᠯ᠎ᠤᠨ ᠦᠢᠯᠡᠰ᠎ᠤᠨ ᠬᠦᠭ᠌ᠵᠢᠯᠳᠡ ᠴᠢᠲᠠᠪᠦᠷᠢᠲᠠᠨ᠎ᠢ ᠨᠡᠩ ᠱᠠᠭᠠᠷᠲᠠᠨ᠎ᠠ᠃ ᠡᠨᠡ ᠪᠤᠯ ᠦᠪᠡᠷᠳᠡᠭᠡᠨ ᠵᠠᠰᠠᠬᠤ ᠤᠷᠤᠨ᠎ᠤ ᠬᠡᠪᠯᠡᠯ᠎ᠤᠨ ᠦᠢᠯᠡᠰ᠎ᠤᠨ ᠴᠢᠨᠠᠷ ᠰᠠᠢᠲᠠᠢ ᠬᠦᠭ᠌ᠵᠢᠯᠳᠡ᠎ᠲᠠᠢ ᠬᠤᠯᠪᠤᠭ᠍ᠲᠠᠬᠤ ᠴᠢᠬᠤᠯᠠ ᠠᠰᠠᠭᠤᠲᠠᠯ ᠪᠤᠯᠬᠤ ᠶᠤᠮ᠃ ᠡᠢᠮᠤ᠎ᠠᠴᠠ ᠮᠠᠨ᠎ᠤ ᠤᠷᠤᠨ ᠪᠦᠳᠤᠮᠵᠢᠳᠠᠢ ᠠᠷᠭ᠎ᠠ ᠭᠡᠮᠵᠢᠶ᠎ᠠ ᠠᠪᠴᠤ᠌᠂ ᠤᠷᠤᠱᠢᠵᠤ ᠪᠦᠬᠦᠢ ᠠᠰᠠᠭᠤᠳᠠᠯ᠎ᠢ ᠰᠠᠢᠳᠤᠷ ᠱᠢᠢᠳᠪᠤᠷᠢᠯᠡᠨ᠂ ᠬᠡᠪᠯᠡᠯ᠎ᠤᠨ ᠦᠢᠯᠡᠰ᠎ᠤᠨ ᠴᠢᠲᠠᠪᠦᠷᠢᠲᠠᠨ᠎ᠤ ᠡᠩᠨᠡᠭᠡ᠎ᠶ᠋ᠢ ᠪᠤᠵᠠᠭᠠᠢᠷᠠᠭᠤᠯᠵᠤ᠂ ᠭᠡᠪᠯᠠᠯ᠎ᠤᠨ ᠦᠢᠯᠡᠰ᠎ᠤᠨ ᠴᠢᠨᠠᠷ ᠰᠠᠢᠳᠠᠢ ᠬᠦᠭ᠌ᠵᠢᠯᠳᠠ᠎ᠶ᠋ᠢ ᠠᠬᠢᠭᠤᠯᠪᠠᠯ ᠵᠤᠬᠢᠨ᠎ᠠ》 ᠭᠡᠵᠤ ᠵᠢᠷᠤᠮᠲᠦ ᠬᠡᠱᠢᠬᠦᠨ ᠰᠠᠨᠠᠯ᠎ᠢᠶᠠᠨ ᠶᠠᠷᠢᠵᠤ ᠭᠠᠷᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号