ᠮᠦᠩᠭᠡᠳᠠᠯᠠᠢ ᠲᠦᠯᠦᠭᠡᠯᠡᠭ᠌ᠴᠢ᠄ ᠴᠢᠨᠠᠷ ᠰᠠᠢᠳᠠᠢ ᠬᠦᠭ᠌ᠵᠢᠯᠳᠡ᠎ᠶ᠋ᠢ ᠪᠠᠷᠢᠮᠳᠠᠯᠠᠵᠤ ᠲᠠᠪᠠᠭᠤᠯᠢᠭ ᠠᠵᠤ ᠦᠢᠯᠡᠰ᠎ᠤᠨ ᠪᠦᠯᠦᠭ᠌ᠵᠢᠯ᠎ᠢ ᠴᠤᠬ᠍ᠴᠠᠯᠠᠨ᠎ᠠ
2021-01-31 11:01:44
ᠵᠣᠬᠢᠶᠠᠭ᠍ᠴᠢ᠄
ᠯᠢ ᠰᠠᠷᠠᠭᠤᠯ
ᠣᠩᠱᠢᠭ᠍ᠰᠠᠨ ᠣᠳᠠᠭ᠎ᠠ᠄
★★★☆☆


QQ截图20210131105613.jpg


《ᠪᠦ᠋ ᠱᠢᠶᠣᠣ ᠯᠢᠨ ᠲᠡᠷᠢᠭᠦᠯᠡᠭ᠌ᠴᠢ᠎ᠶ᠋ᠢᠨ ᠬᠢᠭ᠌ᠰᠡᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠪᠢᠳᠡᠨ᠎ᠤ ᠬᠤᠢᠱᠢᠳᠠ᠎ᠶ᠋ᠢᠨ ᠠᠵᠢᠯ᠎ᠢᠶᠠᠨ ᠰᠠᠢᠳᠤᠷ ᠬᠢᠭᠦ᠎ᠳᠤ ᠴᠢᠭ᠌ᠯᠡᠯ᠎ᠢ ᠵᠢᠭᠠᠨ ᠦᠭ᠌ᠴᠠᠢ》 ᠬᠡᠵᠤ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢ᠂ ᠪᠠᠭᠠᠷᠢᠨ ᠵᠡᠭᠦᠨ ᠬᠤᠱᠢᠭᠤᠨ᠎ᠤ ᠲᠠᠷᠤᠭ᠎ᠠ ᠮᠦᠩᠭᠡᠳᠡᠯᠡᠢ ᠤᠷᠮᠠᠳᠠᠢ ᠬᠡᠯᠡᠨ᠎ᠠ᠃

ᠮᠦᠩᠭᠡᠳᠠᠯᠠᠢ ᠲᠦᠯᠦᠭᠡᠯᠡᠭ᠌ᠴᠢ᠎ᠶ᠋ᠢᠨ ᠦᠵᠡᠭᠦ᠎ᠪᠠᠷ᠂ 《ᠠᠷᠪᠠᠨ ᠭᠤᠷᠪᠠᠳᠤᠭᠠᠷ ᠲᠠᠪᠤᠨ ᠵᠢᠯ》 ᠪᠤᠯ ᠪᠠᠭᠠᠷᠢᠨ ᠵᠡᠭᠦᠨ ᠬᠤᠱᠢᠭᠤᠨ᠎ᠤ ᠬᠦᠭ᠌ᠵᠢᠯᠳᠡ᠎ᠶ᠋ᠢᠨ ᠲᠡᠤᠭᠡᠨ ᠳᠡᠭᠡᠷᠡᠬᠢ ᠶᠡᠷᠦ᠍ ᠪᠤᠰᠤ᠎ᠶ᠋ᠢᠨ ᠲᠠᠪᠤᠨ ᠵᠢᠯ ᠪᠤᠯᠣᠨ᠎ᠠ᠃ 2018 ᠤᠨ᠎ᠤ ᠪᠦᠬᠦ᠌ ᠤᠯᠤᠰ᠎ᠤᠨ ᠬᠤᠶᠠᠷ ᠬᠤᠷᠠᠯ ᠲᠡᠭᠡᠷ᠎ᠠ᠂ ᠶᠡᠷᠦᠩᠬᠡᠢ ᠱᠦᠵᠢ ᠰᠢ᠎ᠶ᠋ᠢᠨ ᠫᠢᠩ ᠪᠠᠭᠠᠷᠢᠨ ᠵᠡᠭᠦᠨ ᠬᠤᠱᠢᠭᠤ᠎ᠶ᠋ᠢ ᠲᠦᠢᠯ᠎ᠢᠶᠠᠷ ᠠᠩᠬᠠᠷᠤᠨ ᠬᠠᠯᠠᠮᠵᠢᠯᠠᠵᠤ᠂ ᠦᠪᠡᠷᠳᠡᠭᠡᠨ ᠵᠠᠰᠠᠬᠤ ᠤᠷᠤᠨ ᠪᠠ ᠤᠯᠠᠭᠠᠬᠠᠠᠳᠠ ᠬᠤᠳᠠ᠎ᠶ᠋ᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ ᠴᠦ᠍ ᠤᠯᠠᠨ ᠬᠠᠷᠠᠭᠠᠯᠵᠠᠯ ᠦᠵᠡᠭᠦᠯᠦᠭ᠌ᠰᠡᠨ᠎ᠠᠴᠠ ᠪᠦᠬᠦ᠌ ᠬᠤᠱᠢᠭᠤᠨ᠎ᠤ ᠠᠵᠤ ᠠᠬᠤᠢ ᠲᠤᠬ᠍ᠳᠠᠭᠤᠨ᠎ᠢᠶᠠᠷ ᠬᠦᠭ᠌ᠵᠢᠵᠦ᠍᠂ ᠬᠤᠳᠠ ᠬᠦᠳᠡᠭᠡ ᠴᠤ᠋ ᠱᠢᠨ᠎ᠠ ᠲᠦᠷᠰᠦ ᠪᠠᠢᠳᠠᠯ ᠢᠯᠡᠷᠡᠨ᠂ ᠠᠮᠢ ᠠᠬᠤᠢ ᠤᠷᠴᠢᠨ ᠲᠤᠭᠤᠷᠢᠨ ᠢᠯᠡᠳᠳᠡ ᠰᠠᠢᠵᠢᠷᠠᠵᠦ᠍᠂ ᠠᠷᠠᠳ᠎ᠤᠨ ᠠᠮᠢᠳᠤᠷᠠᠯ᠎ᠤᠨ ᠲᠦᠪᠱᠢᠨ ᠮᠡᠳᠡᠭ᠌ᠳᠡᠮ᠎ᠡ ᠲᠡᠭᠡᠭ᠌ᠰᠢᠯᠡᠭ᠌ᠰᠡᠨ ᠢᠷᠠᠭᠤ ᠬᠠᠭᠤᠳᠠᠰᠦ᠎ᠶ᠋ᠢ ᠪᠢᠴᠢᠭ᠌ᠯᠡᠵᠠᠢ᠃

ᠲᠡᠭᠦᠨ᠎ᠤ ᠳᠠᠨᠢᠯᠴᠠᠭᠤᠯᠣᠭ᠍ᠰᠠᠨ᠎ᠢᠶᠠᠷ᠂ ᠦᠩᠭᠡᠷᠡᠭ᠌ᠰᠡᠨ ᠲᠠᠪᠤᠨ ᠵᠢᠯ᠎ᠳᠤ ᠪᠠᠭᠠᠷᠢᠨ ᠵᠡᠭᠦᠨ ᠬᠤᠱᠢᠭᠤ ᠱᠦᠭᠦᠷ ᠡᠪᠡᠰᠦ᠂ ᠮᠢᠬᠠᠨ᠎ᠤ ᠦᠭᠡᠷ᠂ ᠮᠢᠬᠠᠨ᠎ᠤ ᠡᠯᠵᠢᠭᠡ ᠭᠤᠷᠪᠠᠨ ᠶᠡᠭᠡ ᠭᠤᠤᠯᠯᠠᠬᠤ ᠠᠵᠤ ᠦᠢᠯᠡᠰ᠎ᠤᠨ ᠬᠡᠪᠴᠢᠶ᠎ᠡ᠎ᠪᠠᠨ ᠲᠠᠰᠤᠷᠠᠯᠳᠠ ᠦᠭᠡᠢ ᠦᠷᠭᠡᠳᠭᠡᠵᠤ᠂ ᠬᠢᠳᠡᠳ ᠡᠮ᠎ᠤᠨ ᠮᠠᠲ᠋ᠧᠷᠢᠶᠠᠯ᠂ ᠬᠠᠪᠳᠠᠭᠠᠢ ᠬᠦᠢᠯᠡᠰᠦ᠂ ᠲᠦᠭᠦᠭᠡᠷᠦᠮᠵᠢᠳᠦ ᠲᠠᠷᠢᠶᠠᠯᠠᠩ ᠵᠡᠷᠭᠡ ᠤᠨᠴᠠᠯᠢᠬ᠍ᠳᠦ ᠠᠵᠤ ᠦᠢᠯᠡᠰ᠎ᠢ ᠶᠡᠭᠡᠪᠡᠷ ᠬᠦᠭ᠌ᠵᠢᠭᠦᠯᠵᠦ᠍᠂ ᠬᠡᠪᠴᠢᠶᠡᠵᠢᠯ᠎ᠠᠴᠠ ᠲᠡᠭᠡᠭ᠌ᠰᠢᠬᠢ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠤᠨ ᠦᠷᠳᠡᠭ᠎ᠨᠢ 47.5 ᠳ᠋ᠦᠩᠱᠢᠭᠤᠷ ᠲᠦᠭᠦᠷᠢᠭ᠎ᠲᠤ ᠬᠦᠷᠴᠠᠢ᠃ ᠰᠤᠶᠤᠯ ᠵᠢᠭᠤᠯᠴᠢᠯᠠᠯ᠎ᠤᠨ ᠦᠢᠯᠡᠰ᠎ᠲᠤ 30 ᠳ᠋ᠦᠩᠱᠢᠭᠤᠷ ᠲᠦᠭᠦᠷᠢᠭ᠎ᠤᠨ ᠪᠡᠯᠡ ᠤᠷᠤᠭᠤᠯᠵᠦ᠍᠂ ᠯᠢᠶᠤᠤ᠎ᠶ᠋ᠢᠨ ᠲᠡᠭᠡᠳᠦ ᠨᠡᠢᠰᠯᠡᠯ᠎ᠤᠨ ᠮᠦᠽᠸᠢ᠎ᠨᠢ ᠤᠯᠤᠰ᠎ᠤᠨ ᠬᠤᠶᠠᠳᠤᠭᠠᠷ ᠲᠡᠰ᠎ᠤᠨ ᠮᠦᠽᠸᠢ᠂ ᠬᠢᠯᠦᠭᠡᠷ ᠵᠤᠤ᠎ᠶ᠋ᠢᠨ ᠦᠵᠡᠮᠵᠢ᠎ᠶ᠋ᠢᠨ ᠤᠷᠤᠨ᠎ᠨᠢ ᠤᠯᠤᠰ᠎ᠤᠨ 4A ᠲᠡᠰ᠎ᠤᠨ ᠦᠵᠡᠮᠵᠢ᠎ᠶ᠋ᠢᠨ ᠤᠷᠤᠨ ᠪᠤᠯᠤᠬ᠍ᠰᠠᠨ ᠪᠦᠭᠡᠳ ᠦᠪᠡᠷᠳᠡᠭᠡᠨ ᠵᠠᠰᠠᠬᠤ ᠤᠷᠤᠨ᠎ᠤ ᠲᠡᠰ᠎ᠤᠨ ᠪᠦᠬᠦ᠌ ᠤᠷᠤᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠠ ᠦᠵᠡᠭᠦᠯᠭᠦ᠌ ᠤᠷᠤᠨ᠎ᠢ ᠡᠭᠦᠳᠦᠨ ᠪᠠᠢᠭᠤᠯᠵᠠᠢ᠃ ᠨᠡᠩ ᠲᠤᠷᠠᠳᠤᠭᠤᠱᠢᠳᠠᠢ᠎ᠨᠢ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠭᠤᠤᠯᠳᠠᠯᠭ᠎ᠠ᠎ᠶ᠋ᠢᠨ ᠭᠤᠤᠯᠳᠠᠯᠭ᠎ᠠ ᠪᠤᠯᠭᠠᠨ ᠠᠳᠭᠤᠵᠤ᠂ 32078 ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠵᠤ᠂ ᠤᠯᠤᠰ᠎ᠤᠨ ᠲᠡᠰ᠎ᠤᠨ ᠶᠠᠳᠠᠭᠤ ᠬᠦᠴᠢᠷᠳᠡᠯᠳᠡᠢ ᠱᠢᠶᠠᠨ᠎ᠤ ᠡᠩᠨᠡᠭᠡ᠎ᠠᠴᠠ ᠤᠬᠤᠷᠢᠨ ᠭᠠᠷᠤᠬ᠍ᠰᠡᠨ ᠪᠠᠢᠨ᠎ᠠ᠃

ᠠᠮᠵᠢᠯᠳᠡ᠎ᠪᠠᠨ ᠪᠠᠭ᠍ᠠᠳᠤᠬᠤ᠎ᠨᠢ ᠢᠷᠡᠭᠡᠳᠦᠢ᠎ᠪᠠᠨ ᠨᠡᠩ ᠰᠠᠢᠨ ᠪᠠᠷᠠᠯᠠᠬᠤ᠎ᠶ᠋ᠢᠨ ᠲᠦᠯᠦᠭᠡ᠃ 《ᠱᠢᠨ᠎ᠠ ᠱᠠᠳᠤᠨ᠎ᠤ ᠱᠢᠨ᠎ᠡ ᠭᠠᠷᠤᠭ᠎ᠠ ᠳᠡᠭᠡᠷ᠎ᠡ ᠪᠠᠭᠠᠷᠢᠨ ᠵᠡᠭᠦᠨ ᠬᠤᠱᠢᠭᠤ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠬᠦᠨᠵᠡᠭᠡᠢ ᠲᠤᠭᠤᠱᠢᠯᠠᠭᠤᠯᠤᠨ᠂ ᠤᠨᠴᠠᠯᠢᠭ ᠲᠠᠪᠠᠭᠤᠯᠢᠭ᠎ᠢᠶᠠᠨ ᠬᠦᠢᠴᠡᠳ ᠪᠠᠳᠠᠷᠠᠭᠤᠯᠵᠤ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠢ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ ᠠᠵᠤ ᠦᠢᠯᠡᠰ᠎ᠤᠨ ᠪᠦᠯᠦᠭ᠌ᠵᠢᠯ᠎ᠢ ᠪᠠᠢᠭᠤᠯᠤᠨ᠎ᠠ᠃ ᠰᠤᠶᠤᠯ ᠵᠢᠭᠤᠯᠴᠢᠯᠠᠯ᠎ᠤᠨ ᠠᠵᠤ ᠦᠢᠯᠡᠰ᠎ᠤᠨ ᠪᠦᠯᠦᠭ᠌ᠵᠢᠯ᠎ᠢ ᠪᠠᠢᠭᠤᠯᠵᠦ᠍᠂ ᠪᠦᠬᠦ᠌ ᠬᠤᠱᠢᠭᠤᠨ᠎ᠤ ᠠᠵᠤ ᠦᠢᠯᠡᠰ᠎ᠤᠨ ᠬᠡᠯᠬᠢᠶ᠎ᠠ᠎ᠪᠠᠨ ᠤᠷᠳᠤᠳᠭᠠᠨ᠎ᠠ》 ᠬᠡᠵᠤ ᠮᠦᠩᠭᠡᠳᠡᠯᠠᠢ ᠲᠦᠯᠦᠭᠡᠯᠡᠭ᠌ᠴᠢ ᠬᠤᠱᠢᠭᠤᠨ᠎ᠤ᠎ᠪᠠᠨ 《ᠠᠷᠪᠠᠨ ᠲᠦᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠠᠬᠢ ᠬᠠᠷᠠᠯᠳᠠ ᠲᠦᠯᠦᠪᠯᠡᠭᠡ᠎ᠪᠠᠨ ᠳᠠᠨᠢᠯᠴᠠᠭᠤᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号