
《ᠪᠢᠳᠡ 〈ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ〉 ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠲᠤᠭᠤᠱᠢᠯᠠᠭᠤᠯᠵᠦ᠍᠂ ᠬᠤᠱᠢᠭᠤᠨ᠎ᠤ᠎ᠪᠠᠨ ᠪᠤᠳᠠᠳᠠᠢ᠎ᠲᠠᠢ᠎ᠪᠠᠨ ᠤᠶᠠᠯᠳᠤᠭᠤᠯᠤᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠭ᠍ᠰᠠᠨ᠂ ᠪᠤᠬᠢᠷᠳᠤᠯ ᠦᠬᠡᠢ ᠬᠦᠭ᠌ᠵᠢᠯᠳᠡ᠎ᠪᠠᠷ ᠣᠳᠣᠷᠢᠳᠣᠮᠵᠢ ᠪᠣᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠡᠷᠡᠰ ᠭᠤᠢᠪᠢᠰᠢ ᠦᠬᠡᠢ ᠵᠠᠮᠨᠠᠵᠣ᠂ ᠦᠪᠡᠷᠳᠡᠭᠡᠨ ᠵᠠᠰᠠᠬᠤ ᠤᠷᠤᠨ᠎ᠤ ᠡᠯ᠎ᠠ ᠵᠦᠢᠯ᠎ᠤᠨ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠤᠳᠤᠬ᠎ᠤᠨ ᠡᠮᠦᠨᠡᠳᠤ ᠬᠤᠱᠢᠭᠤᠨ᠎ᠳᠠᠭᠠᠨ ᠨᠠᠢᠳᠠᠪᠣᠷᠢᠵᠢᠭᠤᠯᠣᠨ ᠦᠷ᠎ᠡ ᠪᠦᠳᠦᠮᠵᠢ ᠭᠠᠷᠭᠠᠬᠤ᠎ᠶ᠋ᠢ ᠪᠠᠳᠤᠯᠠᠨ᠎ᠠ》 ᠬᠡᠵᠦ᠍ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢ᠂ ᠤᠳᠤᠬ᠎ᠤᠨ ᠡᠮᠦᠨᠡᠳᠤ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ ᠪᠦᠷᠢᠨᠴᠢᠮᠡᠭ ᠬᠡᠯᠡᠨ᠎ᠠ᠃
ᠪᠦᠷᠢᠨᠴᠢᠮᠡᠩ ᠠᠵᠢᠯ᠎ᠤᠨ ᠪᠤᠳᠠᠳᠣ ᠪᠠᠢᠳᠠᠯ ᠪᠠ ᠡᠩ᠎ᠤᠨ ᠴᠠᠬ᠎ᠲᠤ ᠪᠠᠢᠴᠠᠭᠠᠨ ᠰᠤᠳᠤᠯᠵᠦ᠍ ᠤᠢ᠍ᠢᠯᠠᠭᠠᠬ᠍ᠰᠠᠨ ᠪᠠᠢᠳᠠᠯ᠎ᠲᠠᠢ᠎ᠪᠠᠨ ᠤᠶᠠᠯᠳᠤᠭᠤᠯᠵᠦ᠍ ᠲᠦᠷᠪᠡᠨ ᠵᠤᠷᠪᠤᠰ ᠰᠠᠨᠠᠭᠤᠯᠭ᠎ᠠ ᠲᠤᠷᠠᠳᠴᠠᠢ᠃ ᠡᠩ ᠲᠡᠷᠢᠬᠦᠨ᠎ᠳᠤ᠂ ᠨᠤᠤᠯᠤᠭᠤᠷ᠎ᠤᠨ ᠠᠵᠦ᠍ ᠦᠢᠯᠡᠰ᠎ᠢ ᠮᠠᠨᠳᠤᠭᠤᠯᠬᠤ ᠲᠦᠯᠦᠪᠯᠡᠭᠡ᠎ᠶ᠋ᠢ ᠠᠯᠢ ᠲᠦᠷᠬᠡᠨ᠎ᠢᠶᠠᠷ ᠲᠤᠭ᠍ᠳᠠᠭᠠᠬᠤ᠎ᠶ᠋ᠢᠨ ᠬᠠᠮᠳᠤ᠂ ᠲᠡᠳᠬᠦᠨ ᠳᠡᠮᠵᠢᠵᠦ᠍ ᠵᠤᠷᠢᠬ᠍ᠵᠢᠭᠤᠯᠬᠤ ᠲᠦᠷᠦ᠎ᠶ᠋ᠢᠨ ᠪᠤᠳᠤᠯᠭ᠎ᠠ᠎ᠶ᠋ᠢ ᠳᠣᠭ᠍ᠳᠠᠭᠠᠨ ᠢᠵᠢ ᠪᠦᠷᠢᠳᠦᠬᠦᠯᠬᠦ᠌ ᠬᠡᠷᠡᠭ᠌ᠳᠡᠢ᠂ ᠢᠯᠠᠩᠭᠤᠶ᠎ᠠ ᠤᠷᠳᠤᠰ᠎ᠤᠨ ᠨᠤᠤᠯᠤᠭᠤᠷ᠎ᠤᠨ ᠠᠵᠦ᠍ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠲᠡᠮᠵᠢᠬᠦ᠌ ᠡᠷᠴᠢᠮ᠎ᠢᠶᠠᠨ ᠴᠢᠩᠭᠠᠷᠠᠭᠤᠯᠵᠣ᠂ ᠲᠦᠷᠦ᠎ᠶ᠋ᠢᠨ ᠪᠤᠳᠤᠯᠭ᠎ᠠ᠎ᠶ᠋ᠢᠨ ᠲᠤᠬ᠍ᠳᠠᠴᠠ᠂ ᠮᠡᠷᠬᠡᠵᠢᠯ᠎ᠤᠨ ᠱᠢᠨ᠎ᠠ᠎ᠶ᠋ᠢ ᠡᠬᠦᠳᠬᠦ᠂ ᠲᠦᠷᠦᠯ ᠲᠡᠮᠳᠡᠭ᠎ᠢ ᠭᠦᠭ᠌ᠵᠢᠬᠦᠯᠬᠦ᠂ ᠰᠠᠭᠤᠷᠢᠨ᠎ᠤ ᠪᠦᠲᠦᠬᠡᠨ ᠪᠠᠢᠭᠤᠯᠤᠯᠳᠠ ᠵᠡᠷᠬᠡ ᠲᠠᠯ᠎ᠠ᠎ᠪᠠᠷ ᠲᠡᠮᠵᠢᠯᠬᠡ ᠦᠵᠡᠬᠦᠯᠦᠨ᠂ ᠤᠷᠳᠤᠰ᠎ᠢ ᠨᠡᠷ᠎ᠠ ᠨᠢᠳᠡᠷ᠎ᠲᠡᠭᠡᠨ ᠲᠡᠩᠴᠡᠭ᠌ᠰᠡᠨ 《ᠨᠤᠤᠯᠤᠭᠤᠷ᠎ᠤᠨ ᠬᠤᠳᠠ》 ᠪᠤᠯᠭᠠᠨ ᠴᠤᠬ᠍ᠴᠠᠯᠠᠵᠦ᠍᠂ ᠪᠦᠬᠦ᠌ ᠤᠷᠤᠨ᠎ᠤ ᠨᠤᠤᠯᠤᠭᠤᠷ᠎ᠤᠨ ᠠᠵᠦ᠍ ᠦᠢᠯᠡᠰ᠎ᠤᠨ ᠮᠠᠨᠳᠤᠯᠳᠠ ᠬᠦᠭ᠌ᠵᠢᠯᠳᠡ᠎ᠶ᠋ᠢ ᠲᠠᠢᠴᠢᠯᠠᠪᠠᠯ ᠵᠣᠬᠢᠨ᠎ᠠ᠃ ᠲᠠᠬᠢᠪᠠᠯ᠂ ᠪᠦᠬᠦ᠌ ᠤᠷᠤᠨ᠎ᠤ ᠡᠨᠧᠷᠬᠢ᠎ᠶ᠋ᠢᠨ ᠬᠤᠷᠤᠬ᠍ᠳᠠᠯ᠎ᠤᠨ ᠬᠦᠢᠴᠡᠳᠭᠡᠬᠦ᠌ ᠲᠤᠭ᠎ᠠ᠎ᠶ᠋ᠢ ᠨᠢᠬᠡᠳᠦᠯᠳᠡᠢ ᠲᠦᠯᠦᠪᠵᠢᠬᠦᠯᠬᠦ᠌ ᠶᠠᠪᠤᠴᠠ᠎ᠳᠤ᠂ ᠤᠯᠤᠰ᠎ᠤᠨ ᠡᠨᠧᠷᠬᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠡᠬᠦᠷᠬᠡ᠎ᠶ᠋ᠢ ᠡᠬᠦᠷᠬᠡᠯᠡᠵᠦ᠍ ᠪᠠᠢᠭ᠎ᠠ ᠤᠷᠳᠤᠰ ᠤᠷᠤᠨ᠎ᠢ ᠭᠤᠤᠯᠳᠠᠯᠭ᠎ᠠ᠎ᠲᠠᠢ ᠪᠤᠳᠤᠯᠬᠢᠯᠠᠨ᠂ ᠵᠤᠬᠢᠰᠳᠠᠢ ᠬᠡᠯᠪᠠᠢᠨ ᠲᠡᠮᠵᠢᠵᠦ᠍᠂ ᠠᠵᠦ᠍ ᠦᠢᠯᠡᠰ᠎ᠤᠨ ᠬᠦᠭ᠌ᠵᠢᠯᠳᠡ᠎ᠶ᠋ᠢᠨ ᠤᠳᠤᠷᠢᠳᠤᠮᠵᠢ᠂ ᠴᠢᠨᠠᠷ ᠰᠠᠢᠳᠠᠢ ᠬᠦᠭ᠌ᠵᠢᠯᠳᠡ᠎ᠶ᠋ᠢᠨ ᠱᠠᠭᠠᠷᠳᠠᠯᠭ᠎ᠠ᠎ᠳᠤ ᠨᠡᠢᠴᠡᠭ᠌ᠰᠡᠨ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢᠨ ᠡᠨᠧᠷᠬᠢ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠳᠤᠯᠠᠪᠠᠯ ᠵᠣᠬᠢᠨ᠎ᠠ᠃ ᠲᠠᠷᠠᠭᠠᠯᠠᠪᠠᠯ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠡᠬᠦᠷᠬᠡ᠎ᠶ᠋ᠢ ᠡᠬᠦᠷᠬᠡᠯᠡᠵᠦ᠍ ᠪᠠᠢᠭ᠎ᠠ ᠭᠠᠵᠠᠷ ᠤᠷᠤᠨ᠎ᠳᠤ ᠨᠢᠬᠡ ᠪᠦᠯᠦᠭ ᠨᠡᠬᠦᠷᠡᠰᠦᠳᠦ᠋ᠷᠦᠭ᠌ᠴᠢ ᠦᠬᠡᠢ᠂ ᠪᠠᠭ᠎ᠠ ᠨᠡᠬᠦᠷᠡᠰᠦᠳᠦ᠋ᠷᠦᠭ᠌ᠴᠢ᠎ᠳᠤ ᠲᠦᠷᠦᠯ ᠵᠦᠢᠯ᠎ᠢ ᠨᠤᠳᠤᠬ᠍ᠰᠢᠭᠤᠯᠤᠨ᠂ ᠤᠷᠤᠨ ᠨᠤᠳᠤᠬ᠎ᠤᠨ ᠠᠵᠦ᠍ ᠠᠬᠤᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠬᠦᠭ᠌ᠵᠢᠬᠦ᠌᠎ᠶ᠋ᠢ ᠴᠢᠨᠠᠬ᠍ᠰᠢᠳᠠ ᠠᠬᠢᠭᠤᠯᠪᠠᠯ ᠵᠣᠬᠢᠨ᠎ᠠ᠃ ᠡᠬᠦᠨ᠎ᠠᠴᠠ ᠭᠠᠳᠠᠨ᠎ᠠ᠂ ᠤᠯᠤᠰ᠎ᠤᠨ ᠲᠠᠪᠬᠤᠷᠭ᠎ᠠ᠎ᠠᠴᠠ ᠨᠢᠬᠡᠳᠦᠯᠳᠡᠢ ᠲᠦᠯᠦᠪᠵᠢᠬᠦᠯᠬᠦ᠌᠎ᠪᠠᠷ ᠲᠠᠮᠵᠢᠵᠦ᠍᠂ ᠴᠡᠪᠡᠷ ᠡᠨᠧᠷᠬᠢ᠎ᠶ᠋ᠢ ᠤᠷᠤᠭᠤᠯᠬᠤ ᠭᠠᠵᠠᠷ᠎ᠠᠴᠠ ᠠᠳᠠᠯᠢ ᠬᠡᠮᠵᠢᠶ᠎ᠠ ᠪᠤᠶᠤ ᠬᠠᠰᠤᠬ᠍ᠳᠠᠯ ᠬᠡᠮᠵᠢᠶ᠎ᠠ᠎ᠪᠠᠷ ᠨᠢᠬᠡ ᠪᠦᠯᠦᠭ ᠡᠨᠧᠷᠬᠢ᠎ᠶ᠋ᠢᠨ ᠬᠤᠷᠤᠬ᠍ᠳᠠᠯ᠎ᠤᠨ ᠬᠦᠢᠴᠡᠳᠭᠡᠬᠦ᠌ ᠲᠤᠭ᠎ᠠ᠎ᠶ᠋ᠢ ᠰᠤᠯᠢᠵᠦ᠍᠂ ᠴᠡᠪᠡᠷ ᠡᠨᠧᠷᠬᠢ᠎ᠶ᠋ᠢ ᠭᠠᠳᠠᠬ᠍ᠰᠢ ᠬᠦᠷᠬᠡᠬᠦ᠌ ᠭᠠᠵᠠᠷ ᠤᠷᠤᠨ᠎ᠤ ᠡᠨᠧᠷᠬᠢ᠎ᠶ᠋ᠢᠨ ᠬᠤᠷᠤᠬ᠍ᠳᠠᠯ᠎ᠤᠨ ᠬᠦᠢᠴᠡᠳᠭᠡᠬᠦ᠌ ᠲᠤᠭ᠎ᠠ ᠬᠦᠷᠦᠯᠴᠡᠬᠦ᠌ ᠦᠬᠡᠢ ᠠᠰᠠᠭᠤᠳᠠᠯ᠎ᠢ ᠱᠢᠢᠳᠪᠦᠷᠢᠯᠡᠬᠦ᠌᠎ᠳᠤ ᠬᠡᠷᠡᠭ᠌ᠯᠡᠨ᠂ ᠴᠡᠪᠡᠷ ᠡᠨᠧᠷᠬᠢ᠎ᠶ᠋ᠢ ᠭᠠᠳᠠᠬ᠍ᠰᠢ ᠬᠦᠷᠬᠡᠬᠦ᠌ ᠭᠠᠵᠠᠷ ᠤᠷᠤᠨ᠎ᠤ ᠴᠠᠬᠢᠯᠭᠠᠨ ᠬᠦᠴᠦ᠎ᠶ᠋ᠢ ᠭᠠᠳᠠᠬ᠍ᠰᠢ ᠬᠦᠷᠬᠡᠬᠦ᠌ ᠴᠢᠳᠠᠪᠤᠷᠢ᠎ᠶ᠋ᠢᠨ ᠪᠦᠲᠦᠬᠡᠨ ᠪᠠᠢᠭᠤᠯᠤᠯᠳᠠ᠎ᠪᠠᠨ ᠴᠢᠩᠭᠠᠳᠭᠠᠬᠤ᠎ᠶ᠋ᠢ ᠲᠡᠮᠵᠢᠵᠦ᠍᠂ ᠱᠢᠨ᠎ᠠ ᠡᠨᠧᠷᠬᠢ᠎ᠶ᠋ᠢᠨ ᠮᠠᠱᠢᠨ ᠴᠤᠬ᠍ᠴᠠᠯᠠᠪᠤᠷᠢ ᠪᠠ ᠱᠢᠨ᠎ᠠ ᠡᠨᠧᠷᠬᠢ᠎ᠶ᠋ᠢ ᠭᠠᠳᠠᠬ᠍ᠰᠢ ᠬᠦᠷᠬᠡᠬᠦ᠌ ᠬᠡᠪᠴᠢᠶᠡᠵᠢᠯ᠎ᠢ ᠦᠷᠬᠡᠳᠭᠡᠪᠡᠯ ᠵᠤᠬᠢᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号