ᠱᠢᠨ᠎ᠡ ᠠᠶᠠᠨ᠎ᠢᠶᠠᠨ ᠡᠭᠢᠯᠡᠭᠦᠯᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠨᠠᠮ
2021-01-31 12:22:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠬᠢᠯᠠᠰ ᠬᠤᠷᠤᠮ

1 ᠰᠠᠷ᠎ᠠ᠎ᠶ᠋ᠢᠨ 26 ᠎ᠠᠴᠠ 30 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠬᠥᠬᠡᠬᠤᠲᠠ᠎ᠳᠤ ᠬᠤᠷᠠᠯᠳᠤᠪᠠ᠃

 

QQ截图20210131121520.jpg

 

ᠬᠤᠷᠠᠯ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠡ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ》 ᠎ᠶ᠋ᠢ ᠬᠢᠨᠠᠨ ᠪᠠᠢᠴᠠᠭᠠᠵᠤ ᠵᠥᠪᠱᠢᠶᠡᠷᠡᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠡᠷᠭᠡ ᠡᠯ᠎ᠡ ᠵᠦᠢᠯ᠎ᠤᠨ ᠢᠯᠡᠳᠭᠡᠯ ᠮᠡᠳᠡᠭᠦᠯᠦᠯᠲᠡ᠎ᠶ᠋ᠢ ᠬᠢᠨᠠᠨ ᠵᠦᠪᠯᠡᠵᠤ ᠪᠠᠳᠤᠯᠠᠭ᠍ᠰᠠᠨ ᠪᠦᠬᠡᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠎ᠢ ᠬᠢᠨᠠᠨ ᠵᠥᠪᠯᠡᠵᠦ᠍ ᠪᠠᠲᠤᠯᠠᠨ᠂ 《ᠠᠷᠪᠠᠨ ᠳᠥᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠬᠦᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ ᠡᠷᠡᠮᠡᠬᠡᠢᠯᠡᠨ ᠲᠡᠮᠡᠴᠡᠬᠦ᠌ ᠡᠭᠦᠷᠭᠡ᠎ᠶ᠋ᠢᠨ ᠪᠢᠴᠢᠭ ᠪᠣᠯᠤᠨ ᠠᠵᠢᠯᠯᠠᠭᠠᠨ᠎ᠤ ᠵᠢᠷᠤᠭ᠎ᠢ ᠵᠢᠷᠤᠭ᠍ᠯᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠠᠢ᠃ ᠪᠦᠬᠦ᠌ ᠣᠷᠣᠨ᠎ᠤ ᠡᠯ᠎ᠡ ᠭᠠᠵᠠᠷ᠂ ᠡᠯ᠎ᠡ ᠹᠷᠣᠨᠲ᠎ᠠᠴᠠ ᠬᠦᠷᠦᠯᠴᠡᠨ ᠢᠷᠡᠭ᠌ᠰᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ 2500 ᠭᠠᠷᠤᠶ ᠲᠦᠮᠡᠨ ᠠᠷᠠᠳ ᠲᠦᠮᠡᠨ᠎ᠤ ᠬᠦᠨᠳᠦ ᠨᠠᠢᠳᠠᠯᠭ᠎ᠠ᠎ᠶ᠋ᠢ ᠡᠭᠦᠷᠭᠡᠯᠡᠨ᠂ ᠵᠢᠪᠬᠤᠭ᠎ᠠ ᠳᠡᠭᠦᠯᠳᠡᠷ᠎ᠢᠶᠠᠷ ᠬᠤᠷᠠᠯ᠎ᠳᠤ ᠣᠷᠣᠯᠴᠠᠵᠤ᠂ ᠠᠩᠬᠠᠷᠤᠯ᠎ᠢᠶᠠᠨ ᠲᠦᠪᠯᠡᠷᠡᠭᠦᠯᠦᠨ ᠶᠡᠭᠡ ᠬᠤᠷᠠᠯ᠎ᠤᠨ ᠪᠢᠴᠢᠭ ᠮᠠᠲ᠋ᠧᠷᠢᠶᠠᠯ᠎ᠢ ᠬᠢᠨᠠᠨ ᠵᠦᠪᠯᠡᠵᠤ᠂ ᠰᠣᠩᠭᠤᠭᠤᠯᠢ᠎ᠳᠤ ᠬᠢᠨᠠᠮᠠᠭᠠᠶ᠎ᠪᠠᠷ ᠣᠷᠣᠯᠴᠠᠨ᠂ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠨ᠂ ᠠᠷᠠᠳᠴᠢᠯᠠᠯ᠎ᠤᠨ ᠡᠷᠬᠡ᠎ᠪᠠᠨ ᠲᠥᠪ ᠴᠢᠩᠭ᠎ᠠ ᠬᠡᠷᠡᠭ᠌ᠵᠢᠭᠦᠯᠵᠤ᠂ ᠤᠬᠠᠮᠰᠠᠷ᠎ᠠᠴᠠ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠱᠠᠭᠠᠷᠳᠠᠯᠭ᠎ᠠ᠎ᠶ᠋ᠢ ᠵᠢᠷᠤᠮᠯᠠᠨ᠂ ᠳᠡᠭᠡᠳᠦ ᠬᠡᠮᠵᠢᠶᠡᠨ᠎ᠤ ᠤᠯᠤᠰ ᠲᠦᠷᠦ᠎ᠶ᠋ᠢᠨ ᠤᠬᠠᠮᠰᠠᠷ ᠪᠠ ᠪᠠᠳᠤ ᠴᠢᠩᠭ᠎ᠠ ᠡᠭᠦᠷᠭᠡ ᠬᠠᠷᠢᠭᠤᠴᠠᠯᠭᠠᠳᠤ ᠤᠪᠤᠷ᠎ᠢ ᠢᠯᠡᠷᠡᠭᠦᠯᠵᠦ᠍᠂ ᠡᠷᠡᠮᠡᠬᠡᠢᠯᠡᠨ ᠤᠷᠤᠭ᠍ᠰᠢᠯᠠᠵᠤ ᠥᠭᠡᠳᠡᠯᠡᠨ ᠲᠠᠪᠱᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠦᠭ᠌ᠰᠡᠨ ᠪᠠᠢᠨ᠎ᠠ᠃


QQ截图20210131121537.jpg


《ᠠᠷᠪᠠᠨ ᠲᠦᠷᠪᠡᠳᠦᠭᠡᠷ ᠲᠠᠪᠤᠨ ᠵᠢᠯ》 ᠎ᠢ ᠰᠠᠢᠬᠠᠨ ᠡᠬᠢᠯᠡᠭᠦᠯᠵᠦ᠍ ᠱᠢᠨ᠎ᠠ ᠠᠶᠠᠨ ᠵᠠᠮ᠎ᠳᠠᠭᠠᠨ ᠮᠤᠷᠳᠠᠨ᠎ᠠ᠃ 《ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬ ᠰᠠᠨᠠᠭ᠎ᠠ᠎ᠪᠠᠨ ᠦᠯᠦ᠍ ᠮᠠᠷᠲᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠵᠠᠮ᠎ᠳᠤ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》 ᠭᠡᠵᠦ᠍ ᠲᠦᠯᠦᠭᠡᠯᠡᠭ᠌ᠴᠢᠳ ᠢᠯᠡᠳᠭᠡᠵᠡᠭᠡᠨ᠎ᠠ᠃


QQ截图20210131121546.jpg

QQ截图20210131121633.jpg

QQ截图20210131121606.jpg

QQ截图20210131121623.jpg

QQ截图20210131121654.jpg

QQ截图20210131121705.jpg

 

ᠦᠪᠦᠷ ᠮᠤᠩᠭ᠍᠊ ᠊ᠤᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭ᠍ᠴᠢ᠎ᠶ᠋ᠢᠨ ᠴᠢᠤᠸᠠᠨ ᠢᠦᠶ ᠲᠤᠤ ᠶᠤᠸᠠᠨ ᠶᠦᠩ ᠬᠤᠩ ᠬᠡᠷᠡᠯ ᠵᠢᠷᠤᠭ᠎ᠢᠶᠠᠷ ᠮᠡᠳᠡᠭᠡᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号