ᠤᠷᠠᠨ ᠵᠢᠷᠤᠭ᠎ᠤᠨ ᠶᠢᠷᠳᠢᠨᠴᠤ᠎ᠶ᠋ᠢ ᠨᠡᠭᠡᠭᠡᠭ᠌ᠰᠡᠨ 230 ᠭᠠᠷᠤᠶ ᠲᠠᠯᠠᠪᠠᠢ ᠦᠵᠡᠰᠭᠦᠯᠡᠩ
2021-01-07 09:55:35
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

— 《ᠠᠷᠪᠠᠨ ᠭᠤᠷᠪᠠᠳᠤᠭᠠᠷ ᠲᠠᠪᠤᠨ ᠵᠢᠯ》 ᠎ᠳᠠᠬᠢ ᠦᠪᠦᠷ ᠮᠤᠩᠭᠤᠯ᠎ᠤᠨ ᠤᠷᠠᠨ ᠵᠢᠷᠤᠭ᠎ᠤᠨ ᠤᠷᠳᠤᠨ᠎ᠤ ᠠᠮᠵᠢᠯᠳᠠ᠎ᠶ᠋ᠢ ᠲᠡᠮᠲᠡᠭ᠌ᠯᠡᠪᠡ

2017 ᠣᠨ᠎ᠤ 8 ᠰᠠᠷ᠎ᠠ᠎ᠶ᠋ᠢᠨ 4 ᠎ᠤ ᠡᠳᠦᠷ᠂ ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ᠎ᠤ ᠱᠢᠨ᠎ᠡ ᠣᠷᠳᠣᠨ ᠵᠢᠩᠬᠢᠨᠢ᠎ᠪᠠᠷ ᠡᠭᠦᠳᠡ᠎ᠪᠠᠨ ᠨᠡᠭᠡᠭᠡᠭ᠌ᠰᠡᠨ ᠪᠥᠭᠡᠳ ᠣᠯᠠᠨ ᠨᠡᠢᠲᠡ᠎ᠳᠤ ᠰᠦᠢᠳᠭᠡᠯ ᠬᠤᠷᠢᠶᠠᠬᠤ ᠦᠭᠡᠢ᠎ᠪᠠᠷ ᠨᠡᠭᠡᠭᠡᠪᠠ᠃ ᠱᠢᠨ᠎ᠡ ᠬᠠᠭᠤᠴᠢᠨ ᠬᠤᠶᠠᠷ ᠣᠷᠳᠣᠨ᠎ᠨᠢ ᠵᠡᠷᠭᠡ᠎ᠪᠠᠷ ᠨᠡᠭᠡᠭᠡᠵᠦ᠍ ᠪᠠᠢᠭ᠍ᠰᠠᠨ᠎ᠠᠴᠠ᠎ᠪᠠᠨ 2018 ᠣᠨ᠎ᠤ 12 ᠰᠠᠷ᠎ᠠ ᠪᠤᠯᠬᠤ᠎ᠳᠤ᠂ ᠤᠷᠠᠨ ᠵᠢᠷᠤᠭ᠎ᠤᠨ ᠱᠢᠨ᠎ᠡ ᠣᠷᠳᠣᠨ ᠪᠦᠬᠦ᠌ ᠲᠠᠯ᠎ᠠ᠎ᠪᠠᠷ ᠨᠡᠬᠡᠬᠡᠯᠳᠡ ᠬᠢᠵᠤ᠂ ᠲᠠᠪᠤᠨ ᠵᠢᠯ᠎ᠤᠨ ᠲᠤᠷᠰᠢ ᠡᠯ᠎ᠡ ᠵᠦᠢᠯ᠎ᠤᠨ ᠤᠷᠠᠯᠢᠭ᠎ᠤᠨ ᠪᠦᠲᠦᠭᠡᠯ᠎ᠤᠨ ᠦᠵᠡᠰᠭᠦᠯᠡᠩ᠎ᠢ ᠨᠡᠢᠲᠡ 230 ᠭᠠᠷᠤᠶ ᠲᠠᠯᠠᠪᠠᠢ ᠡᠷᠬᠢᠯᠡᠭ᠌ᠰᠡᠨ ᠪᠠᠢᠳᠠᠭ᠃

ᠡᠨᠡ ᠮᠡᠳᠦ᠎ᠪᠠᠷ ᠦᠪᠦᠷ ᠮᠤᠩᠭᠤᠯ᠎ᠤᠨ ᠤᠷᠠᠨ ᠵᠢᠷᠤᠭ᠎ᠤᠨ ᠤᠷᠳᠤᠨ᠎ᠤ᠎ᠬᠢᠨ ᠱᠢᠨ᠎ᠡ ᠴᠠᠭ ᠦᠶ᠎ᠡ᠎ᠶ᠋ᠢᠨ ᠭᠤᠣᠯ ᠰᠡᠳᠦᠪ᠎ᠢ ᠳᠤᠰᠭᠠᠭ᠍ᠰᠠᠨ ᠦᠵᠡᠰᠭᠦᠯᠡᠩ᠂ ᠴᠢᠬᠤᠯᠠ ᠶᠡᠭᠡ ᠲᠡᠦᠬᠡᠳᠤ ᠵᠠᠩᠭᠢᠯᠠᠭ᠎ᠠ᠎ᠶ᠋ᠢᠨ ᠴᠡᠭ᠎ᠢ ᠲᠤᠰᠭᠠᠭ᠍ᠰᠠᠨ ᠵᠢᠴᠢ ᠡᠷᠳᠡᠮ ᠱᠢᠨᠵᠢᠯᠡᠭᠡᠨ᠎ᠤ ᠴᠢᠨᠠᠷ ᠤᠷᠠᠯᠢᠭ᠎ᠤᠨ ᠴᠢᠨᠠᠷ ᠪᠦᠬᠦᠢ ᠲᠤᠰᠭᠠᠢ ᠮᠡᠷᠭᠡᠵᠢᠯ᠎ᠤᠨ ᠤᠷᠠᠨ ᠵᠢᠷᠤᠭ᠎ᠤᠨ ᠤᠷᠠᠯᠢᠭ᠎ᠤᠨ ᠦᠵᠡᠰᠭᠦᠯᠡᠩ᠎ᠢ ᠭᠤᠣᠯᠯᠠᠨ ᠡᠷᠬᠢᠯᠡᠬᠦ᠌ ᠪᠠ ᠳᠠᠭᠠᠭᠠᠴᠢᠯᠠᠨ ᠡᠷᠬᠢᠯᠡᠬᠦ᠌᠎ᠪᠠᠷ ᠭᠤᠣᠯ ᠠᠭᠤᠯᠭ᠎ᠠ ᠪᠤᠯᠭᠠᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠤᠨ ᠣᠶ᠎ᠶ᠋ᠢ ᠪᠡᠯᠭᠡᠯᠡᠬᠦ᠌》᠂ 《ᠥᠭᠡᠷᠡᠴᠢᠯᠡᠯᠲᠡ ᠨᠡᠭᠡᠭᠡᠯᠲᠡ ᠬᠢᠭ᠌ᠰᠡᠨ 40 ᠵᠢᠯ᠎ᠤᠨ ᠣᠶ᠎ᠶ᠋ᠢ ᠪᠡᠯᠭᠡᠯᠡᠬᠦ᠌》᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠣᠶ᠎ᠶ᠋ᠢ ᠪᠡᠯᠭᠡᠯᠡᠬᠦ᠌》᠂ 《ᠤᠯᠠᠭᠠᠨᠮᠥ᠋ᠴᠢᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ》᠂ 《ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ》᠂ 《ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠯᠲᠠ᠎ᠶ᠋ᠢᠨ ᠱᠢᠶᠳᠪᠦᠷᠢᠲᠦ ᠢᠯᠠᠯᠲᠠ᠎ᠶ᠋ᠢ ᠤᠯᠰᠤᠭᠠᠢ》 ᠵᠡᠷᠭᠡ ᠤᠯᠠᠨ ᠭᠤᠤᠯ ᠰᠡᠳᠦᠪᠲᠦ ᠦᠵᠡᠰᠭᠦᠯᠡᠩ᠎ᠢ ᠡᠷᠬᠢᠯᠡᠭ᠌ᠰᠡᠨ ᠪᠠᠢᠳᠠᠭ; ᠤᠷᠠᠨ ᠵᠢᠷᠤᠭ᠎ᠤᠨ᠎ᠬᠢᠨ᠎ᠤ ᠬᠦᠷᠢᠶᠡᠨ᠎ᠳᠤ ᠡᠷᠳᠡᠮ ᠱᠢᠨᠵᠢᠯᠡᠭᠡᠨ᠎ᠤ ᠨᠥᠯᠥᠭᠡᠯᠡᠬᠦ᠌ ᠬᠦᠴᠦᠨ᠎ᠢᠶᠠᠷ ᠶᠡᠬᠡᠲᠡᠶ ᠲᠤᠰᠭᠠᠶ ᠮᠡᠷᠭᠡᠵᠢᠯ᠎ᠤᠨ ᠴᠢᠨᠠᠷᠲᠠᠶ ᠦᠵᠡᠰᠭᠦᠯᠡᠩ᠎ᠳᠤ 《ᠲᠠᠯ᠎ᠠ ᠨᠤᠲᠤᠭ᠎ᠢᠶᠠᠨ ᠮᠠᠭ᠍ᠲᠠᠨ ᠳᠠᠭᠤᠯᠠᠵᠤ ᠳᠤᠮᠳᠠᠳᠤ᠎ᠶ᠋ᠢᠨ ᠵᠡᠭᠦᠳᠦ᠎ᠪᠠᠨ ᠲᠡᠷᠭᠡᠯᠱᠢᠭᠦᠯᠦᠶ᠎ᠡ 〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠤᠨ ᠣᠶ᠎ᠶ᠋ᠢ ᠪᠡᠯᠭᠡᠯᠡᠶ᠎ᠡ — ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ᠎ᠤ ᠱᠢᠷᠢᠰ ᠦᠵᠡᠰᠭᠦᠯᠡᠩ》᠂ 《ᠱᠢᠤᠢ ᠪᠸᠢ ᠬᠤᠩ ᠪᠠ ᠲᠡᠭᠦᠨ᠎ᠤ ᠴᠠᠭ ᠦᠶ᠎ᠡ ᠪᠦᠬᠦ᠌ ᠤᠯᠤᠰ᠎ᠤᠨ ᠲᠣᠭᠤᠷᠢᠨ ᠦᠵᠡᠭᠦᠯᠭᠡ᠎ᠶ᠋ᠢᠨ ᠥᠪᠥᠷ ᠮᠣᠩᠭᠤᠯ᠎ᠳᠠᠬᠢ ᠦᠵᠡᠰᠭᠦᠯᠡᠩ》᠂ 《ᠦᠬᠠᠨ᠎ᠤ ᠰᠠᠭᠤᠭ᠍ᠳᠠᠯ ᠦᠬᠠᠨ᠎ᠤ ᠤᠷᠠᠨ ᠵᠢᠷᠤᠭ᠎ᠤᠨ ᠣᠷᠳᠣᠨ᠎ᠤ ᠬᠠᠳᠠᠭᠠᠯᠠᠮᠠᠯ ᠪᠦᠲᠦᠭᠡᠯ᠎ᠤᠨ ᠦᠵᠡᠭᠦᠯᠭᠡ》᠂ 《ᠰᠤᠳᠤᠨ ᠵᠢᠷᠤᠭ — ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠵᠠᠯᠠᠭᠤᠴᠤᠳ᠎ᠤᠨ ᠲᠣᠰᠣᠨ ᠪᠤᠳᠤᠭ᠎ᠤᠨ ᠪᠦᠲᠦᠭᠡᠯ᠎ᠤᠨ ᠦᠵᠡᠰᠭᠦᠯᠡᠩ》᠂ 《ᠨᠤᠲᠤᠭ — ᠱᠢᠳᠤᠷᠤᠸ · ᠲᠦᠮᠦᠰᠦ᠎ᠶ᠋ᠢᠨ ᠲᠤᠰᠤᠨ ᠵᠢᠷᠤᠭ᠎ᠤᠨ ᠦᠵᠡᠭᠦᠯᠭᠡ》 ᠵᠡᠷᠭᠡ ᠠᠯᠢ ᠤᠯᠠᠨ ᠦᠵᠡᠰᠭᠦᠯᠡᠩ᠎ᠢ ᠡᠷᠬᠢᠯᠡᠵᠦ᠍᠂ ᠬᠡᠯᠪᠡᠷᠢ ᠲᠦᠷᠦᠯ᠎ᠨᠢ ᠡᠳᠦᠷ ᠢᠷᠡᠬᠦᠶ᠎ᠡ ᠪᠠᠶᠠᠯᠢᠭ᠍ᠵᠢᠨ᠂ ᠦᠵᠡᠰᠭᠦᠯᠡᠩ᠎ᠤᠨ ᠱᠢᠰᠲ᠋ᠧᠮ᠎ᠤᠨ ᠪᠤᠰᠤᠭ᠎ᠠ ᠴᠤᠭ᠍ᠴᠠᠵᠢᠭ᠍ᠰᠠᠨ᠂ ᠲᠤᠰᠭᠠᠢᠵᠢᠭ᠍ᠰᠠᠨ᠂ ᠣᠯᠠᠨ ᠡᠱᠢᠵᠢᠭ᠌ᠰᠡᠨ ᠰᠦᠪᠡᠭ᠌ᠴᠢᠯᠡᠯᠲᠡ ᠪᠠ ᠦᠢᠯᠡᠳᠦᠯᠭᠡ᠎ᠶ᠋ᠢᠨ ᠴᠢᠭ᠌ᠯᠡᠯ᠎ᠢ ᠭᠦᠢᠴᠡᠳ ᠢᠯᠡᠷᠡᠭᠦᠯᠦᠭ᠌ᠰᠡᠨ ᠪᠠᠢᠳᠠᠭ᠃

《ᠠᠷᠪᠠᠨ ᠭᠤᠷᠪᠠᠳᠤᠭᠠᠷ ᠲᠠᠪᠤᠨ ᠵᠢᠯ》 ᠎ᠳᠤ᠂ ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ᠎ᠤ᠎ᠬᠢᠨ ᠲᠠᠯ᠎ᠠ ᠨᠤᠲᠤᠭ᠎ᠤᠨ ᠰᠣᠶᠣᠯ᠎ᠤᠨ ᠣᠨᠴᠠᠯᠢᠭ᠎ᠲᠠᠢ ᠣᠷᠳᠣᠨ᠎ᠤ ᠬᠠᠳᠠᠭᠠᠯᠠᠮᠵᠢ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠵᠤᠷᠢᠵᠤ᠂ ᠬᠤᠷᠢᠶᠠᠨ ᠬᠠᠳᠠᠭᠠᠯᠠᠬᠤ ᠠᠵᠢᠯ᠎ᠢᠶᠠᠨ ᠪᠥᠬᠦ᠌ ᠤᠯᠤᠰ᠎ᠤᠨ ᠨᠠᠷᠠᠲᠤ ᠵᠢᠷᠤᠭ᠍ᠴᠢᠳ᠎ᠤᠨ ᠤᠷᠠᠨ ᠵᠢᠷᠤᠭ᠎ᠤᠨ ᠪᠦᠲᠦᠭᠡᠯ᠂ ᠣᠷᠣᠨ᠎ᠤ ᠭᠠᠳᠠᠨᠠᠬᠢ ᠥᠪᠥᠷ ᠮᠣᠩᠭᠤᠯ ᠨᠤᠲᠤᠭ᠍ᠲᠠᠶ ᠨᠠᠷᠠᠲᠤ ᠤᠷᠠᠨ ᠵᠢᠷᠤᠭ᠍ᠴᠢᠳ᠎ᠤᠨ ᠤᠷᠠᠨ ᠵᠢᠷᠤᠭ᠎ᠤᠨ ᠪᠦᠲᠦᠭᠡᠯ᠂ ᠪᠥᠬᠦ᠌ ᠤᠯᠤᠰ᠎ᠤᠨ ᠴᠢᠨᠠᠷᠲᠠᠶ ᠤᠷᠠᠨ ᠵᠢᠷᠤᠭ᠎ᠤᠨ ᠪᠦᠲᠦᠭᠡᠯ᠎ᠤᠨ ᠦᠵᠡᠰᠭᠦᠯᠡᠩ᠎ᠳᠤ ᠡᠯᠰᠡᠭ᠌ᠳᠡᠭ᠌ᠰᠡᠨ ᠥᠪᠥᠷ ᠮᠣᠩᠭᠤᠯ᠎ᠤᠨ ᠱᠢᠯᠢᠳᠡᠭ ᠪᠦᠲᠦᠭᠡᠯ᠂ ᠪᠥᠬᠦ᠌ ᠣᠷᠣᠨ᠎ᠤ ᠱᠢᠯᠢᠳᠡᠭ ᠵᠠᠯᠠᠭᠤ ᠵᠢᠷᠤᠭ᠍ᠴᠢᠨ᠎ᠢ ᠲᠡᠳᠬᠦᠨ ᠳᠡᠮᠵᠢᠬᠦ᠌ ᠲᠥᠯᠥᠪᠯᠡᠭᠡ᠎ᠶ᠋ᠢᠨ ᠤᠷᠠᠨ ᠵᠢᠷᠤᠭ᠎ᠤᠨ ᠪᠦᠲᠦᠭᠡᠯ ᠵᠢᠴᠢ ᠠᠪᠤᠷᠠᠯᠳᠠ᠎ᠶ᠋ᠢᠨ ᠴᠢᠨᠠᠷᠲᠠᠶ ᠬᠤᠷᠢᠶᠠᠨ ᠬᠠᠳᠠᠭᠠᠯᠠᠭ᠍ᠰᠠᠨ ᠠᠬᠠᠮᠠᠳ ᠤᠷᠠᠯᠢᠭ᠍ᠴᠢᠨ᠎ᠤ ᠤᠷᠠᠨ ᠵᠢᠷᠤᠭ᠎ᠤᠨ ᠪᠦᠲᠦᠭᠡᠯ ᠵᠡᠷᠭᠡ ᠲᠠᠪᠤᠨ ᠶᠡᠭᠡ ᠬᠡᠰᠡᠭ᠎ᠢᠶᠠᠷ ᠭᠤᠤᠯᠯᠠᠭᠤᠯᠤᠨ ᠶᠠᠪᠤᠭ᠍ᠳᠠᠭᠤᠯᠪᠠ᠃ ᠣᠳᠣ ᠪᠤᠯᠬᠤ᠎ᠳᠤ ᠬᠢᠳᠡᠳ ᠵᠢᠷᠤᠭ᠂ ᠲᠣᠰᠣᠨ ᠪᠤᠳᠤᠭ᠎ᠤᠨ ᠵᠢᠷᠤᠭ᠂ ᠪᠠᠷ ᠵᠢᠷᠤᠭ᠂ ᠤᠰᠤᠨ ᠪᠤᠳᠤᠭ᠎ᠤᠨ ᠵᠢᠷᠤᠭ᠂ ᠱᠤᠭᠤᠮᠠᠯ᠂ ᠤᠷᠠᠨ ᠪᠢᠴᠢᠯᠭᠡ᠂ ᠭᠤᠷ ᠰᠡᠢᠯᠦᠮᠡᠯ ᠵᠡᠷᠭᠡ᠎ᠶ᠋ᠢᠨ ᠪᠦᠲᠦᠭᠡᠯ᠎ᠢ ᠬᠠᠮᠤᠷᠤᠭ᠍ᠰᠠᠨ ᠬᠠᠳᠠᠭᠠᠯᠠᠮᠵᠢ ᠨᠡᠢᠲᠡ 1000 ᠭᠠᠷᠤᠢ ᠬᠤᠪᠢ ᠪᠠᠢᠳᠠᠭ᠃

ᠲᠠᠪᠤᠨ ᠵᠢᠯ᠎ᠤᠨ ᠲᠤᠷᠰᠢ᠂ ᠦᠪᠦᠷ ᠮᠤᠩᠭᠤᠯ᠎ᠤᠨ ᠤᠷᠠᠨ ᠵᠢᠷᠤᠭ᠎ᠤᠨ ᠤᠷᠳᠤᠨ᠎ᠤ᠎ᠬᠢᠨ ᠰᠠᠢᠨ ᠲᠤᠷᠠᠴᠤᠳ᠎ᠤᠨ ᠪᠣᠯᠪᠠᠰᠤᠷᠠᠯ᠎ᠤᠨ ᠱᠢᠰᠲ᠋ᠧᠮ᠎ᠢ ᠵᠣᠬᠢᠶᠠᠨ ᠪᠠᠢᠭᠤᠯᠤᠨ ᠥᠷᠨᠢᠭᠦᠯᠬᠦ᠌᠎ᠶ᠋ᠢᠨ ᠬᠠᠮᠲᠤ ᠡᠳᠦᠷ ᠢᠷᠡᠬᠦᠶ᠎ᠡ ᠲᠡᠭᠦᠯᠳᠡᠷᠵᠢᠭᠦᠯᠵᠦ᠍᠂ ᠰᠠᠢᠨ ᠲᠤᠷᠠᠴᠤᠳ᠎ᠤᠨ ᠦᠢᠯᠡᠴᠢᠯᠡᠭᠡᠨ᠎ᠤ ᠠᠭᠤᠯᠭ᠎ᠠ᠎ᠶ᠋ᠢ ᠱᠢᠯᠢᠳᠡᠭ᠌ᠵᠢᠭᠦᠯᠦᠨ᠂ ᠣᠯᠠᠨ ᠨᠡᠢᠲᠡ᠎ᠶ᠋ᠢᠨ ᠦᠶᠯᠡᠴᠢᠯᠡᠭᠡᠨ᠎ᠤ ᠲᠦᠪᠱᠢᠨ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃ ᠨᠡᠢᠲᠡ᠎ᠶ᠋ᠢᠨ ᠠᠰᠠᠷᠠᠮᠵᠢ᠎ᠶ᠋ᠢᠨ ᠱᠢᠷᠢᠰ ᠲᠠᠢᠯᠤᠮᠵᠢ᠂ ᠰᠤᠳᠤᠯᠤᠨ ᠶᠠᠷᠢᠯᠴᠠᠬᠤ ᠬᠤᠷᠠᠯ᠂ ᠶᠠᠷᠢᠯᠴᠠᠬᠤ ᠬᠤᠷᠠᠯ ᠵᠡᠷᠭᠡ᠎ᠶ᠋ᠢ ᠪᠠᠭ᠍ᠲᠠᠭᠠᠭ᠍ᠰᠠᠨ ᠤᠯᠠᠨ ᠠᠵᠢᠯᠯᠠᠭ᠎ᠠ᠎ᠶ᠋ᠢ ᠵᠤᠬᠢᠶᠠᠨ ᠪᠠᠢᠭᠤᠯᠤᠨ ᠦᠷᠨᠢᠭᠦᠯᠬᠦ᠌᠎ᠶ᠋ᠢᠨ ᠬᠠᠮᠲᠤ ᠥᠪᠥᠷ ᠮᠣᠩᠭᠤᠯ᠎ᠤᠨ ᠤᠷᠠᠨ ᠪᠢᠴᠢᠯᠭᠡᠲᠡᠨ᠎ᠤ ᠨᠡᠢᠭᠡᠮᠯᠢᠭ᠎ᠲᠠᠢ ᠬᠠᠮᠲᠤᠷᠠᠯᠴᠠᠵᠤ᠂ 《ᠳᠤᠮᠳᠠᠳᠤ ᠤᠯᠤᠰ᠎ᠤᠨ ᠤᠷᠠᠨ ᠪᠢᠴᠢᠯᠭᠡᠲᠡᠨ᠎ᠤ ᠨᠡᠷᠡᠲᠦ ᠬᠦᠮᠦᠰ᠎ᠤᠨ ᠱᠢᠷᠢᠰ ᠲᠠᠢᠯᠤᠮᠵᠢ》 ᠎ᠶ᠋ᠢᠨ ᠲᠥᠷᠥᠯ ᠲᠡᠮᠳᠡᠭ᠎ᠢ ᠪᠦᠷᠢᠯᠳᠦᠭᠦᠯᠬᠦ᠌᠎ᠶ᠋ᠢᠨ ᠵᠡᠷᠭᠡ᠎ᠪᠠᠷ᠂ ᠡᠯ᠎ᠡ ᠶᠡᠭᠡ ᠳᠡᠭᠡᠳᠦ ᠰᠤᠷᠭᠠᠭᠤᠯᠢ᠎ᠲᠠᠢ ᠬᠠᠮᠲᠤᠷᠠᠨ ᠠᠵᠢᠯᠯᠠᠬᠤ ᠲᠣᠭ᠍ᠲᠠᠴᠠ ᠪᠠᠢᠭᠤᠯᠵᠤ᠂ ᠤᠷᠠᠨ ᠵᠢᠷᠤᠭ᠎ᠤᠨ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠵᠦ᠍᠂ ᠤᠷᠠᠨ ᠵᠢᠷᠤᠭ᠎ᠤᠨ ᠣᠷᠳᠣᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢ ᠤᠯᠠᠮ ᠰᠠᠢᠳᠤᠷ ᠳᠣᠪᠤᠢᠯᠭᠠᠭ᠍ᠰᠠᠨ ᠪᠠᠢᠨ᠎ᠠ᠃ 《ᠤᠶᠤᠨᠲᠤ ᠤᠷᠠᠨ ᠵᠢᠷᠤᠭ᠎ᠤᠨ ᠣᠷᠳᠣᠨ》 ᠎ᠤ ᠱᠢᠰᠲ᠋ᠧᠮ᠎ᠢ ᠵᠢᠩᠬᠢᠨᠢ᠎ᠪᠠᠷ ᠠᠵᠢᠯᠯᠠᠭᠤᠯᠬᠤ᠎ᠶ᠋ᠢᠨ ᠬᠠᠮᠲᠤ 《ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ᠎ᠤ ᠲᠣᠭᠠᠴᠢᠯᠠᠭ᠍ᠰᠠᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ》 ᠎ᠢ ᠠᠱᠢᠬ᠍ᠯᠠᠯᠲᠠ᠎ᠳᠤ ᠣᠷᠣᠭᠤᠯᠵᠤ᠂ ᠡᠯ᠎ᠡ ᠰᠠᠯᠠᠭ᠎ᠠ ᠮᠥᠴᠢᠷ᠎ᠤᠨ ᠠᠵᠢᠯ᠎ᠢᠶᠠᠨ ᠥᠷᠨᠢᠭᠦᠯᠬᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠬᠠᠮᠲᠤᠷᠠᠨ ᠠᠵᠢᠯᠯᠠᠬᠤ᠎ᠳᠤ ᠬᠦᠴᠦᠷᠬᠡᠭ ᠶᠡᠭᠡ ᠲᠤᠭ᠎ᠠ ᠪᠠᠷᠢᠮᠲᠠ᠎ᠶ᠋ᠢᠨ ᠳᠡᠮᠵᠢᠯᠭᠡ ᠬᠠᠩᠭᠠᠵᠤ᠂ ᠠᠵᠢᠯ᠎ᠤᠨ ᠦᠷ᠎ᠡ ᠪᠦᠲᠦᠮᠵᠢ᠎ᠶ᠋ᠢ ᠶᠡᠭᠡ᠎ᠪᠠᠷ ᠳᠡᠭᠡᠭ᠌ᠰᠢᠯᠡᠭᠦᠯᠦᠭ᠌ᠰᠡᠨ ᠪᠠᠢᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠎ᠳᠤ᠂ ᠦᠪᠦᠷ ᠮᠤᠩᠭᠤᠯ᠎ᠤᠨ ᠤᠷᠠᠨ ᠵᠢᠷᠤᠭ᠎ᠤᠨ ᠤᠷᠳᠤᠨ᠎ᠤ᠎ᠬᠢᠨ ᠪᠠᠰᠠ ᠪᠦᠬᠦ᠌ ᠤᠯᠤᠰ᠎ᠤᠨ ᠡᠯ᠎ᠡ ᠱᠠᠲᠤᠨ᠎ᠤ ᠤᠷᠠᠨ ᠵᠢᠷᠤᠭ᠎ᠤᠨ ᠣᠷᠳᠣᠨ᠂ ᠤᠷᠠᠯᠢᠭ᠎ᠤᠨ ᠪᠠᠢᠭᠤᠯᠤᠮᠵᠢ᠎ᠯᠤᠭ᠎ᠠ᠎ᠶ᠋ᠢᠨ ᠡᠷᠳᠡᠮ ᠱᠢᠨᠵᠢᠯᠡᠭᠡᠨ᠎ᠤ ᠰᠣᠯᠢᠯᠴᠠᠭ᠎ᠠ᠎ᠶ᠋ᠢᠨ ᠠᠵᠢᠯᠯᠠᠭ᠎ᠠ ᠵᠢᠴᠢ ᠬᠡᠯᠪᠡᠷᠢ᠎ᠶ᠋ᠢ ᠦᠷᠭᠦᠯᠵᠢᠯᠡᠨ ᠴᠢᠩᠭᠠᠳᠭᠠᠪᠠ᠃ ᠬᠠᠮᠲᠤᠷᠠᠭ᠍ᠰᠠᠨ ᠦᠵᠡᠭᠦᠯᠭᠡ᠂ ᠲᠣᠭᠤᠷᠢᠨ ᠦᠵᠡᠭᠦᠯᠭᠡ᠂ ᠲᠤᠰᠭᠠᠶ ᠦᠵᠡᠭᠦᠯᠭᠡ ᠵᠡᠷᠭᠡ᠎ᠶ᠋ᠢ ᠡᠷᠬᠢᠯᠡᠵᠦ᠍᠂ ᠤᠷᠳᠤ ᠬᠤᠭᠤᠴᠠᠭᠠᠨ᠎ᠤ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠪᠠ᠃ ᠳᠤᠮᠳᠠᠳᠤ ᠤᠯᠤᠰ᠎ᠤᠨ ᠤᠷᠠᠨ ᠵᠢᠷᠤᠭ᠎ᠤᠨ ᠣᠷᠳᠣᠨ᠂ ᠪᠡᠭᠡᠵᠢᠩ᠎ᠤᠨ ᠤᠷᠠᠨ ᠵᠢᠷᠤᠭ᠎ᠤᠨ ᠬᠦᠷᠢᠶᠡᠯᠡᠩ᠂ ᠲᠥᠪ᠎ᠤᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠂ ᠦᠬᠠᠨ᠎ᠤ ᠤᠷᠠᠨ ᠵᠢᠷᠤᠭ᠎ᠤᠨ ᠣᠷᠳᠣᠨ᠂ ᠱᠧᠨᠵᠧᠨ᠎ᠤ ᠤᠷᠠᠨ ᠵᠢᠷᠤᠭ᠎ᠤᠨ ᠣᠷᠳᠣᠨ ᠵᠡᠷᠭᠡ ᠤᠯᠠᠨ ᠪᠠᠢᠭᠤᠯᠭ᠎ᠠ᠎ᠲᠠᠢ ᠬᠠᠮᠲᠤᠷᠠᠨ ᠠᠯᠢ ᠣᠯᠠᠨ ᠴᠢᠬᠤᠯᠠ ᠶᠡᠭᠡ ᠦᠵᠡᠰᠭᠦᠯᠡᠩ᠎ᠢ ᠡᠷᠬᠢᠯᠡᠭ᠌ᠰᠡᠨ᠎ᠤ ᠵᠡᠷᠭᠡ᠎ᠪᠠᠷ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠣᠷᠳᠣᠨ ᠲᠠᠯᠠᠪᠤᠷ᠎ᠤᠨ ᠬᠥᠭ᠌ᠵᠢᠭᠦᠯᠦᠯᠲᠡ᠂ ᠥᠭᠡᠷᠡᠴᠢᠯᠡᠯᠲᠡ᠎ᠶ᠋ᠢᠨ ᠴᠢᠭ᠌ᠯᠡᠯ᠂ ᠬᠡᠪ ᠵᠠᠭ᠍ᠪᠤᠷ᠂ ᠲᠤᠷᠱᠢᠯᠭ᠎ᠠ ᠵᠢᠴᠢ ᠦᠷ᠎ᠡ ᠪᠦᠲᠦᠭᠡᠯ᠎ᠢ ᠭᠦᠨᠵᠡᠭᠡᠢ ᠰᠣᠯᠢᠯᠴᠠᠭ᠍ᠰᠠᠨ ᠪᠠᠢᠨ᠎ᠠ᠃

ᠦᠢᠷ᠎ᠡ᠎ᠶ᠋ᠢᠨ ᠵᠢᠯ᠎ᠳᠤ᠂ ᠦᠪᠦᠷ ᠮᠤᠩᠭᠤᠯ᠎ᠤᠨ ᠤᠷᠠᠨ ᠵᠢᠷᠤᠭ᠎ᠤᠨ ᠣᠷᠳᠣᠨ᠎ᠤ᠎ᠬᠢᠨ ᠡᠯ᠎ᠡ ᠵᠦᠶᠯ᠎ᠤᠨ ᠡᠭᠦᠷᠭᠡ ᠴᠢᠳᠠᠪᠤᠷᠢ᠎ᠪᠠᠨ ᠭᠦᠶᠴᠡᠳ ᠪᠠᠳᠠᠷᠠᠭᠤᠯᠤᠨ᠂ ᠤᠷᠠᠨ ᠵᠢᠷᠤᠭ᠎ᠤᠨ ᠣᠷᠳᠣᠨ᠎ᠤ ᠡᠷᠳᠡᠮ ᠱᠢᠨᠵᠢᠯᠡᠭᠡᠨ᠎ᠤ ᠰᠤᠳᠤᠯᠭᠠᠨ ᠪᠠ ᠤᠷᠠᠯᠢᠭ ᠰᠤᠨᠢᠷᠬᠠᠭᠤᠯᠬᠤ ᠲᠠᠯ᠎ᠠ᠎ᠪᠠᠷ᠎ᠬᠢ ᠬᠥᠲᠥᠯᠥᠨ ᠳᠠᠭᠠᠭᠤᠯᠬᠤ ᠦᠢᠯᠡᠳᠦᠯ᠎ᠢᠶᠠᠨ ᠦᠷᠭᠦᠯᠵᠢᠯᠡᠨ ᠪᠠᠳᠠᠷᠠᠭᠤᠯᠬᠤ᠎ᠶ᠋ᠢᠨ ᠵᠡᠷᠭᠡ᠎ᠪᠠᠷ᠂ ᠲᠠᠯᠠᠪᠤᠷ ᠣᠷᠳᠣᠨ᠎ᠤ ᠡᠯ᠎ᠡ ᠵᠦᠢᠯ᠎ᠤᠨ ᠴᠢᠳᠠᠮᠵᠢ᠎ᠪᠠᠨ ᠤᠯᠠᠮ ᠨᠢᠭᠡ ᠠᠯᠬᠤᠮ ᠴᠢᠩᠭᠠᠳᠭᠠᠨ᠂ ᠱᠢᠨᠵᠢᠯᠡᠬᠦ᠌ ᠤᠬᠠᠭᠠᠨᠴᠢ ᠠᠵᠢᠯᠯᠠᠭᠠᠨ ᠵᠢᠴᠢ ᠬᠠᠮᠢᠶᠠᠷᠤᠯᠲᠠ᠎ᠶ᠋ᠢᠨ ᠲᠣᠭ᠍ᠲᠠᠴᠠ᠎ᠪᠠᠨ ᠲᠡᠭᠦᠯᠳᠡᠷᠵᠢᠭᠦᠯᠵᠦ᠍ ᠤᠯᠠᠨ ᠨᠡᠢᠲᠡ᠎ᠶ᠋ᠢᠨ ᠦᠢᠯᠡᠴᠢᠯᠡᠭᠡ᠎ᠪᠠᠨ ᠲᠠᠰᠤᠷᠠᠯᠲᠠ ᠦᠭᠡᠢ ᠱᠢᠯᠢᠳᠡᠭ᠌ᠵᠢᠭᠦᠯᠦᠨ ᠱᠢᠯᠢᠳᠡᠭ ᠠᠮᠵᠢᠯᠲᠠ ᠡᠭᠦᠳᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号