2020 ᠤᠨ᠎ᠢ ᠡᠷᠬᠢᠨ ᠬᠠᠷᠠᠬᠤ᠎ᠳᠤ᠂ ᠮᠠᠨ᠎ᠤ ᠤᠷᠤᠨ ᠦᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠨ᠎ᠤ ᠵᠢᠳᠬᠦᠯ ᠴᠢᠷᠮᠠᠢᠯᠭ᠎ᠠ᠎ᠪᠠᠷ ᠬᠢᠵᠢᠭ᠎ᠲᠠᠢ ᠲᠡᠮᠡᠴᠡᠬᠦ᠌ ᠳᠠᠢᠯᠠᠯᠳᠤᠭᠠᠨ᠎ᠳᠤ ᠭᠠᠪᠱᠢᠭᠠᠢᠯᠠᠨ ᠡᠯ᠎ᠡ ᠬᠦᠷᠢᠶᠡᠨ᠎ᠤ ᠱᠢᠨᠵᠢᠯᠡᠭᠡᠨ ᠰᠤᠳᠤᠯᠭᠠᠨ᠎ᠳᠤ ᠱᠢᠭᠤᠷᠬᠠᠢᠯᠠᠵᠤ᠂ ᠲᠡᠷᠢᠭᠦᠨ᠎ᠤ ᠬᠤᠱᠢᠭᠤᠷᠠᠭ᠍ᠰᠠᠨ ᠦᠷ᠎ᠡ ᠪᠦᠲᠦᠭᠡᠯ ᠭᠠᠷᠭᠠᠭ᠍ᠰᠠᠨ ᠵᠡᠷᠭᠡ ᠠᠮᠵᠢᠯᠳᠠ ᠪᠦᠲᠦᠮᠵᠢ ᠤᠯᠤᠬ᠍ᠰᠠᠨ ᠪᠦᠭᠡᠳ ᠤᠯᠠᠨ ᠬᠦᠷᠢᠶ᠎ᠠ ᠴᠠᠷᠠᠭᠠᠨ᠎ᠳᠠᠬᠢ ᠱᠢᠨ᠎ᠡ ᠡᠭᠦᠳᠦᠯᠳᠡ᠎ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠭ᠌ᠰᠡᠨ ᠶᠤᠮ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ 《ᠱᠢᠳᠢᠳᠦ ᠵᠡᠪᠰᠡᠭ》 ᠤᠨ ᠬᠦᠴᠦᠨ᠎ᠢᠶᠠᠷ ᠪᠢᠳᠡ ᠬᠢᠵᠢᠭ᠎ᠲᠠᠢ ᠳᠡᠮᠡᠴᠡᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠢᠶᠠᠷ ᠬᠦᠭ᠌ᠵᠢᠨ ᠳᠠᠪᠱᠢᠬ᠍ᠰᠠᠨ ᠶᠤᠮ᠃
ᠭᠡᠨᠡᠳᠲᠡ᠎ᠪᠠᠷ ᠢᠯᠡᠷᠡᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠭᠠᠷᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠨ᠎ᠳᠤ ᠤᠮᠠᠷᠠᠲᠤ ᠬᠢᠯᠢ᠎ᠶ᠋ᠢᠨ ᠬᠢᠵᠢᠭ᠎ᠲᠠᠢ ᠲᠡᠮᠡᠴᠡᠬᠦ᠌ ᠥᠷᠭᠡᠨ ᠠᠭᠤᠳᠠᠮ ᠳᠠᠢᠯᠠᠯᠳᠤᠭᠠᠨ᠎ᠤ ᠲᠠᠯᠠᠪᠤᠷ᠎ᠢ ᠨᠡᠭᠡᠭᠡᠭ᠌ᠰᠡᠨ ᠪᠠᠢᠨ᠎ᠠ᠃ ᠠᠮᠢᠳᠤ ᠪᠣᠳᠠᠰ᠎ᠤᠨ ᠡᠮ ᠡᠮᠨᠡᠯᠭᠡ᠂ ᠣᠶᠤᠨᠴᠢ ᠦᠢᠯᠡᠳᠬᠦ᠌ ᠦᠢᠯᠡᠰ᠂ ᠡᠯᠧᠺᠲᠷᠣᠨ ᠮᠡᠳᠡᠭᠡ ᠵᠠᠩᠭᠢ᠂ ᠱᠢᠨ᠎ᠡ ᠮᠠᠲ᠋ᠧᠷᠢᠶᠠᠯ ᠵᠡᠷᠭᠡ ᠬᠦᠷᠢᠶᠡᠨ᠎ᠳᠤ ᠬᠤᠯᠪᠣᠭ᠍ᠳᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠢᠭ᠎ᠢ ᠠᠷᠭᠠᠴᠠᠭᠠᠬᠤ ᠲᠡᠷᠢᠭᠦᠨ᠎ᠤ ᠮᠡᠷᠭᠡᠵᠢᠯ᠎ᠤᠨ ᠦᠷ᠎ᠡ ᠪᠦᠲᠦᠭᠡᠯ᠎ᠤᠳ᠎ᠨᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠂ ᠬᠢᠵᠢᠭ᠎ᠤᠨ ᠳᠠᠷᠠᠭᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠦᠶᠯᠡᠴᠢᠯᠡᠬᠦ᠌᠎ᠳᠤ ᠬᠦᠴᠦᠲᠡᠶ ᠳᠡᠮᠵᠢᠯᠭᠡ ᠬᠠᠩᠭᠠᠪᠠ᠃
ᠳᠤᠮᠳᠠᠳᠤ ᠤᠯᠤᠰ᠎ᠤᠨ ᠤᠮᠠᠷᠠᠲᠤ᠎ᠶ᠋ᠢᠨ ᠲᠤᠮᠤ ᠳ᠋ᠠᠢᠲ᠋ᠠ᠎ᠶ᠋ᠢᠨ ᠲᠥᠪ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠳᠤ ᠡᠯ᠎ᠡ ᠰᠠᠯᠠᠭ᠎ᠠ ᠮᠥᠴᠢᠷ᠎ᠤᠨ᠎ᠬᠢᠨ ᠲᠤᠮᠤ ᠳ᠋ᠠᠢᠲ᠋ᠠ᠎ᠶ᠋ᠢᠨ ᠲᠠᠪᠴᠠᠩ᠎ᠤᠨ ᠱᠢᠨ᠎ᠡ᠎ᠶ᠋ᠢ ᠡᠭᠦᠳᠴᠦ᠍᠂ ᠮᠡᠳᠡᠭᠡ ᠵᠠᠩᠭᠢ᠎ᠶ᠋ᠢ ᠴᠤᠭ᠍ᠯᠠᠭᠤᠯᠬᠤ᠂ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠂ ᠡᠬᠢ ᠪᠠᠶᠠᠯᠢᠭ᠎ᠢ ᠲᠤᠬᠢᠷᠠᠭᠤᠯᠬᠤ᠂ ᠡᠳ᠋ ᠪᠣᠳᠠᠰ᠎ᠢ ᠱᠢᠯᠵᠢᠭᠦᠯᠬᠦ᠌ ᠵᠢᠴᠢ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠳᠡᠮᠵᠢᠬᠦ᠂ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ ᠵᠡᠷᠭᠡ ᠴᠢᠬᠤᠯᠠ ᠦᠢᠯᠡᠳᠦᠯ᠎ᠢᠶᠠᠨ ᠪᠠᠳᠠᠷᠠᠭᠤᠯᠵᠤ᠂ ᠲᠤᠮᠤ ᠳ᠋ᠠᠢᠲ᠋ᠠ ᠵᠡᠷᠭᠡ ᠲᠣᠭᠠᠴᠢᠯᠠᠭ᠍ᠰᠠᠨ ᠮᠡᠷᠭᠡᠵᠢᠯ᠎ᠢ ᠠᠱᠢᠬ᠍ᠯᠠᠨ ᠲᠠᠪᠴᠠᠩ ᠪᠠᠢᠭᠤᠯᠵᠤ᠂ ᠠᠴᠢᠶᠠᠯᠠᠪᠤᠷᠢ ᠪᠠᠢᠭᠤᠯᠤᠨ ᠦᠢᠯᠡᠴᠢᠯᠡᠭᠡ ᠬᠠᠩᠭᠠᠵᠦ᠍᠂ ᠬᠢᠵᠢᠭ᠎ᠤᠨ ᠪᠠᠢᠳᠠᠯ᠎ᠢ ᠣᠨᠣᠪᠴᠢᠲᠠᠢ᠎ᠪᠠᠷ ᠰᠡᠷᠭᠡᠢᠯᠡᠨ ᠡᠵᠡᠮᠳᠡᠬᠦ᠌᠎ᠶ᠋ᠢ ᠠᠬᠢᠭᠤᠯᠤᠨ᠂ ᠰᠠᠭᠤᠭᠠᠯᠢ ᠠᠷᠠᠳ᠎ᠤᠨ ᠬᠡᠪ᠎ᠤᠨ ᠠᠮᠢᠳᠤᠷᠠᠯ᠎ᠢ ᠪᠠᠲᠤᠯᠠᠵᠤ᠂ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠌᠎ᠳᠤ ᠬᠦᠴᠦᠨ ᠨᠡᠮᠡᠷᠢᠯᠡᠪᠡ᠃
ᠮᠤᠩᠭᠤᠯ ᠡᠮ᠎ᠤᠨ ᠨᠠᠢᠷᠠᠯᠭ᠎ᠠ᠎ᠲᠠᠢ ᠵᠢᠵᠢᠭ ᠬᠠᠪᠳᠠᠭ᠎ᠠ᠂ ᠦᠯᠦ᠍ ᠬᠦᠷᠦᠯᠴᠡᠬᠦ᠌ ᠮᠠᠢᠭ᠎ᠤᠨ ᠨᠡᠢᠭᠡᠮ᠎ᠤᠨ ᠪᠠᠴᠢᠮ ᠪᠠᠢᠳᠠᠯ᠎ᠤᠨ ᠬᠠᠮᠢᠶᠠᠷᠤᠯᠳᠠ᠎ᠶ᠋ᠢᠨ ᠱᠢᠰᠲ᠋ᠧᠮ᠂ ᠳᠡᠭᠡᠳᠦ ᠤᠨᠤᠪᠴᠢ ᠪᠦᠬᠦᠢ ᠬᠦᠮᠦᠨ᠎ᠤ ᠪᠡᠶ᠎ᠡ᠎ᠶ᠋ᠢᠨ ᠲᠤᠯᠠᠭᠠᠨᠢ ᠬᠡᠮᠵᠢᠬᠦ᠌ ᠬᠢᠵᠢᠭ᠎ᠢ ᠰᠡᠷᠭᠡᠢᠯᠡᠨ ᠡᠵᠡᠮᠳᠡᠬᠦ᠌ ᠬᠠᠪᠳᠠᠭᠠᠢ ᠺᠤᠮᠫᠢᠦ᠋ᠲ᠋ᠧᠷ ᠁ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠳᠠᠪᠠᠭᠤᠯᠢᠭ᠎ᠢᠶᠠᠨ ᠪᠠᠳᠠᠷᠠᠭᠤᠯᠤᠨ᠂ ᠢᠳᠡᠪᠬᠢᠲᠡᠢ᠎ᠪᠠᠷ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ 《ᠬᠤᠷᠴᠠ ᠵᠡᠪᠰᠡᠭ》 ᠢ ᠠᠯᠢ ᠲᠦᠷᠭᠡᠨ ᠰᠤᠳᠤᠯᠤᠨ ᠦᠢᠯᠡᠳᠦᠭ᠌ᠰᠡᠨ ᠪᠥᠭᠡᠳ ᠬᠢᠵᠢᠭ᠎ᠲᠠᠢ ᠲᠡᠮᠡᠴᠡᠬᠦ᠌ ᠲᠠᠢᠯᠠᠯᠳᠤᠭᠠᠨ᠎ᠳᠤ ᠬᠡᠷᠡᠭ᠌ᠯᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ᠍ ᠬᠤᠷᠢᠬ᠍ᠯᠠᠨ ᠠᠷᠢᠯᠭᠠᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠥᠪᠥᠷ ᠮᠣᠩᠭᠤᠯ᠎ᠤᠨ ᠲᠤᠷᠱᠢᠯᠭ᠎ᠠ ᠬᠠᠩᠭᠠᠵᠤ᠂ ᠥᠪᠥᠷ ᠮᠣᠩᠭᠤᠯ᠎ᠤᠨ ᠬᠦᠴᠦᠨ ᠴᠢᠳᠠᠯ᠎ᠢᠶᠠᠨ ᠨᠡᠮᠡᠷᠢᠯᠡᠪᠡ᠃
2020 ᠤᠨ᠎ᠳᠤ ᠮᠠᠨ᠎ᠤ ᠤᠷᠤᠨ᠎ᠳᠤ ᠪᠠᠰᠠ ᠬᠤᠱᠢᠭᠤᠷᠠᠯᠢ ᠬᠥᠲᠥᠯᠥᠨ ᠳᠠᠭᠠᠭᠤᠯᠤᠭ᠍ᠰᠠᠨ ᠬᠤᠱᠢᠭᠤᠷᠠᠭ᠍ᠰᠠᠨ ᠦᠷ᠎ᠡ ᠪᠦᠲᠦᠭᠡᠯ ᠤᠯᠠᠨ ᠴᠤᠯᠭᠤᠷᠠᠬ᠍ᠰᠠᠨ ᠶᠤᠮ᠃ ᠥᠪᠥᠷ ᠮᠣᠩᠭᠤᠯ᠎ᠤᠨ ᠦᠨᠳᠦᠷ ᠴᠢᠳᠡᠪᠬᠢᠳᠦ ᠺᠣᠮᠫᠢᠦ᠋ᠲ᠋ᠧᠷ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ ᠪᠣᠯᠬᠤ 《ᠬᠥᠬᠡᠬᠤᠲᠠ᠎ᠶ᠋ᠢᠨ ᠭᠢᠯᠪᠠᠭ᠎ᠠ》 ᠨᠢ 2020 ᠣᠨ᠎ᠤ ᠳᠤᠮᠳᠠᠳᠤ ᠤᠯᠤᠰ᠎ᠤᠨ ᠦᠨᠳᠦᠷ ᠴᠢᠳᠡᠪᠬᠢᠳᠦ ᠺᠣᠮᠫᠢᠦ᠋ᠲ᠋ᠧᠷ᠎ᠤᠨ 4 ᠳ᠋ᠦ᠍ᠭᠡᠷ᠂ ᠣᠯᠠᠨ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ 500 ᠶ᠋ᠢᠨ ᠵᠢᠭ᠍ᠰᠠᠭᠠᠯᠲᠠ᠎ᠳᠤ 6 ᠳ᠋ᠤᠭᠠᠷ᠎ᠲᠤ ᠤᠷᠤᠵᠤ᠂ ᠳᠤᠮᠳᠠᠳᠤ ᠤᠯᠤᠰ᠎ᠤᠨ ᠪᠣᠳᠣᠯᠲᠠ᠎ᠶ᠋ᠢᠨ ᠴᠢᠳᠠᠪᠤᠷᠢ᠎ᠪᠠᠷ ᠬᠠᠮᠤᠭ᠎ᠤᠨ ᠴᠢᠩᠭ᠎ᠠ ᠲᠠᠰ᠎ᠠᠴᠠ ᠳᠠᠪᠠᠭ᠍ᠰᠠᠨ ᠺᠣᠮᠫᠢᠦ᠋ᠲ᠋ᠧᠷ᠎ᠤᠨ ᠡᠩᠨᠡᠭᠡᠨ᠎ᠳᠤ ᠣᠷᠣᠵᠠᠶ᠃ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶᠠᠨ᠎ᠤ ᠶᠠᠰᠤᠨ᠎ᠤ ᠰᠠᠯᠠᠭ᠎ᠠ᠎ᠶ᠋ᠢᠨ ᠮᠡᠰᠡ ᠵᠠᠰᠠᠯ᠎ᠤᠨ ᠮᠠᠱᠢᠨ ᠬᠥᠮᠦᠨ 《AIOOR》 ᠠᠵᠢᠯ ᠲᠥᠷᠥᠯ᠎ᠢᠶᠠᠷ᠎ᠢᠶᠠᠨ ᠲᠦᠷᠦᠭᠦᠯᠡᠭ᠌ᠰᠡᠨ ᠲᠣᠭᠠᠴᠢᠯᠠᠭ᠍ᠰᠠᠨ ᠶᠠᠰᠤᠨ᠎ᠤ ᠰᠠᠯᠠᠭ᠎ᠠ᠎ᠶ᠋ᠢᠨ ᠡᠮᠴᠢᠯᠡᠭᠡᠨ᠎ᠤ ᠪᠠᠭᠠᠵᠢ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠶᠠᠰᠤᠨ᠎ᠤ ᠰᠠᠯᠠᠭ᠎ᠠ᠎ᠶ᠋ᠢᠨ ᠮᠡᠰᠡ ᠵᠠᠰᠠᠯ᠎ᠤᠨ ᠮᠠᠱᠢᠨ ᠬᠥᠮᠦᠨ ᠪᠠᠢᠵᠤ᠂ ᠮᠠᠨ᠎ᠤ ᠣᠷᠣᠨ᠎ᠤ ᠶᠠᠰᠤᠨ᠎ᠤ ᠰᠠᠯᠠᠭ᠎ᠠ᠎ᠶ᠋ᠢᠨ ᠡᠮᠴᠢᠯᠡᠭᠡ᠎ᠶ᠋ᠢ ᠱᠢᠨ᠎ᠡ ᠬᠥᠭ᠌ᠵᠢᠯᠲᠡ᠎ᠶ᠋ᠢᠨ ᠵᠠᠮ᠎ᠳᠤ ᠣᠷᠣᠭᠤᠯᠪᠠ᠃
2020 ᠤᠨ᠎ᠳᠤ ᠮᠠᠨ᠎ᠤ ᠤᠷᠤᠨ᠎ᠤ ᠳᠡᠭᠡᠳᠦ ᠱᠢᠨ᠎ᠡ ᠠᠵᠤ ᠠᠬᠤᠢᠯᠠᠯ ᠴᠦ᠍ ᠢᠯᠠᠭᠤᠮᠠ ᠬᠢᠷᠢ ᠪᠦᠲᠦᠮᠵᠢ ᠤᠯᠤᠬ᠍ᠰᠠᠨ ᠪᠠᠢᠨ᠎ᠠ᠃ ᠮᠠᠨ᠎ᠤ ᠤᠯᠤᠰ᠎ᠤᠨ ᠠᠩᠬᠠᠳᠠᠭ᠍ᠴᠢ ᠬᠠᠲᠠᠭᠤ ᠪᠡᠶᠡᠲᠦ ᠲᠡᠢᠷᠦᠯᠲᠦ ᠰᠤᠮᠤ᠎ᠶ᠋ᠢᠨ ᠬᠥᠳᠡᠯᠭᠡᠭᠦᠷ᠎ᠢ ᠰᠤᠳᠤᠯᠤᠨ ᠦᠢᠯᠡᠳᠬᠦ᠌ ᠦᠢᠯᠡᠳᠪᠦᠷᠢᠯᠡᠯ᠎ᠤᠨ ᠰᠠᠭᠤᠷᠢᠨ᠂ ᠪᠣᠬᠢᠷᠲᠤᠯ ᠥᠬᠡᠶ ᠣᠷᠴᠢᠨ ᠲᠤᠭᠤᠷᠢᠨ᠎ᠢ ᠬᠠᠮᠠᠭᠠᠯᠠᠬᠤ ᠬᠤᠭ ᠨᠣᠪᠰᠢ᠎ᠶ᠋ᠢᠨ ᠳᠣᠤᠷ᠎ᠠ ᠳᠤᠯᠠᠭᠠᠨ᠎ᠳᠤ ᠢᠯᠴᠢ ᠵᠠᠳᠠᠷᠠᠭᠤᠯᠬᠤ ᠲᠥᠬᠦᠭᠡᠷᠦᠮᠵᠢ᠎ᠠᠴᠠ ᠠᠪᠤᠭᠠᠳ ᠠᠷᠠᠳ ᠣᠯᠠᠨ᠎ᠳᠤ ᠲᠥᠬᠦᠮ ᠦᠵᠡᠭᠦᠯᠬᠦ᠌ ᠤᠶᠤᠨᠲᠤ ᠳᠤᠯᠠᠭᠠᠯᠠᠭ᠎ᠠ᠎ᠶ᠋ᠢᠨ ᠱᠢᠰᠲ᠋ᠧᠮ᠂ ᠴᠡᠷᠢᠭ᠎ᠤᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯᠤᠨᠬᠢᠨᠤ ᠰᠠᠨᠰᠠᠷ᠎ᠤᠨ ᠠᠶᠠᠯᠠᠯ᠎ᠤᠨ ᠮᠡᠷᠭᠡᠵᠢᠯ᠎ᠤᠨ ᠳᠠᠪᠠᠭᠤᠯᠢᠭ᠎ᠢ ᠭᠦᠢᠴᠡᠳ ᠠᠱᠢᠬ᠍ᠯᠠᠨ ᠦᠢᠯᠡᠳᠦᠭ᠌ᠰᠡᠨ ᠦᠶᠯᠡᠳᠬᠦᠨ᠎ᠨᠢ ᠨᠢᠭᠡᠨᠲᠡ ᠡᠭᠡᠯ ᠠᠷᠠᠳ᠎ᠤᠨ ᠠᠮᠢᠳᠤᠷᠠᠯ᠎ᠳᠤ ᠢᠳᠡᠭ ᠢᠳᠡᠭ᠎ᠢᠶᠠᠷ ᠣᠷᠣᠵᠤ ᠢᠷᠡᠵᠡᠶ᠃
ᠡᠭᠦᠨ᠎ᠠᠴᠠ ᠭᠠᠳᠠᠨ᠎ᠠ᠂ ᠪᠠᠰᠠ ᠠᠯᠢ ᠤᠯᠠᠨ ᠠᠵᠤ ᠦᠢᠯᠡᠰ᠎ᠤᠨ ᠬᠦᠷᠢᠶᠡᠨ᠎ᠤ ᠱᠢᠨ᠎ᠡ ᠡᠭᠦᠳᠦᠯᠳᠡᠨᠦᠭᠦᠳ ᠬᠤᠷ᠎ᠠ᠎ᠶ᠋ᠢᠨ ᠳᠠᠷᠠᠭᠠᠬᠢ ᠬᠤᠯᠤᠰᠤᠨ ᠰᠦᠶ᠎ᠡ ᠮᠡᠳᠦ ᠪᠤᠢ ᠪᠤᠯᠤᠭ᠍ᠰᠠᠨ ᠶᠤᠮ᠃ ᠨᠢᠳᠤᠨᠤᠨ᠎ᠤ ᠵᠢᠯ᠎ᠤᠨ ᠰᠡᠭᠦᠯᠴᠢ᠎ᠪᠠᠷ ᠡᠵᠡᠩᠨᠡᠯᠲᠡ᠎ᠪᠠᠨ ᠡᠬᠢᠯᠡᠭᠦᠯᠦᠭ᠌ᠰᠡᠨ ᠬᠥᠬᠡᠬᠤᠲᠠ᠎ᠶ᠋ᠢᠨ ᠭᠠᠵᠠᠷ ᠳᠣᠣᠷᠠᠬᠢ ᠵᠢᠮᠳᠤ ᠵᠠᠮ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠤᠯᠠᠨ ᠱᠤᠭᠤᠮ᠂ ᠤᠯᠠᠨ ᠲᠤᠬᠠᠢᠯᠠᠭ᠍ᠰᠠᠨ ᠠᠵᠢᠯ᠎ᠤᠨ ᠬᠤᠳᠠ᠎ᠶ᠋ᠢᠨ ᠵᠢᠮᠳᠤ ᠡᠭᠦᠯᠡᠨ ᠲᠠᠪᠴᠠᠩ᠎ᠢ ᠱᠢᠨ᠎ᠡ᠎ᠪᠠᠷ ᠡᠭᠦᠳᠦᠨ ᠪᠠᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠬᠤᠳᠠ᠎ᠶ᠋ᠢᠨ ᠵᠢᠮᠳᠤ ᠡᠭᠦᠯᠡᠨ ᠣᠶᠤᠨᠴᠢ ᠭᠠᠵᠠᠷ ᠳᠣᠣᠷᠠᠬᠢ ᠵᠢᠮᠳᠤ ᠵᠠᠮ᠎ᠤᠨ ᠦᠯᠢᠬᠡᠷ ᠵᠢᠱ᠌ᠢᠶ᠎ᠡ ᠬᠡᠮᠡᠭ᠌ᠳᠡᠪᠡ᠃ 10 ᠵᠢᠯ ᠱᠢᠬᠠᠮ᠎ᠤᠨ ᠴᠥᠬᠦᠷᠡᠰᠢ ᠥᠬᠡᠶ ᠴᠢᠷᠮᠠᠢᠯᠭ᠎ᠠ᠎ᠪᠠᠷ ᠳᠤᠮᠳᠠᠳᠤ ᠮᠣᠩᠭᠤᠯ ᠬᠤᠶᠠᠷ ᠤᠯᠤᠰ᠎ᠤᠨ ᠮᠠᠯ᠎ᠤᠨ ᠡᠮ ᠰᠤᠳᠤᠯᠬᠤ ᠲᠠᠰᠤᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠤᠨ᠎ᠬᠢᠨ ᠨᠢᠶᠠᠨ ᠳᠠᠷᠤᠭ᠍ᠴᠢ᠎ᠶ᠋ᠢ ᠪᠦᠲᠦᠮᠵᠢᠲᠡᠶ ᠣᠷᠣᠯᠠᠵᠤ ᠳᠡᠢᠯᠬᠦ᠌ ᠠᠯᠢ ᠣᠯᠠᠨ ᠪᠣᠬᠢᠷᠲᠤᠯ ᠥᠬᠡᠶ ᠬᠢᠲᠠᠳ ᠮᠣᠩᠭᠤᠯ ᠡᠮ᠎ᠤᠨ ᠱᠢᠨ᠎ᠡ ᠦᠢᠯᠡᠳᠬᠦᠨ ᠵᠢᠴᠢ ᠬᠢᠲᠠᠳ ᠮᠣᠩᠭᠤᠯ ᠮᠠᠯ᠎ᠤᠨ ᠡᠮ᠎ᠤᠨ ᠲᠡᠵᠢᠭᠡᠯ ᠪᠣᠷᠳᠣᠭᠠᠨ᠎ᠤ ᠨᠡᠮᠡᠯᠲᠡ ᠡᠳ᠋᠎ᠤᠨ ᠱᠢᠷᠢᠰ ᠦᠢᠯᠡᠳᠬᠦᠨ᠎ᠢ ᠰᠤᠳᠤᠯᠤᠨ ᠨᠡᠭᠡᠭᠡᠭ᠌ᠰᠡᠨ ᠪᠥᠭᠡᠳ ᠰᠤᠳᠤᠯᠭᠠᠨ᠎ᠤ ᠦᠷ᠎ᠡ ᠪᠦᠲᠦᠭᠡᠯ᠎ᠢ ᠦᠢᠯᠡᠳᠪᠦᠷᠢᠯᠡᠯ᠎ᠤᠨ ᠪᠣᠳᠠᠲᠤ ᠪᠠᠢᠳᠠᠯ᠎ᠳᠤ ᠳᠡᠯᠭᠡᠷᠡᠭᠦᠯᠦᠨ ᠬᠡᠷᠡᠭ᠌ᠯᠡᠪᠡ᠃ ᠣᠢᠷ᠎ᠠ᠎ᠶ᠋ᠢᠨ ᠵᠢᠯ᠎ᠠᠴᠠ ᠮᠠᠨ᠎ᠤ ᠣᠷᠣᠨ ᠪᠠᠰᠠ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠢ ᠢᠳᠡᠪᠬᠢᠲᠡᠶ ᠪᠤᠢᠵᠢᠭᠤᠯᠤᠨ ᠬᠥᠭ᠌ᠵᠢᠭᠦᠯᠵᠦ᠍᠂ ᠣᠳᠣᠬᠠᠨ᠎ᠳᠤ ᠵᠣᠬᠢᠶᠠᠮᠠᠯ ᠣᠶᠤᠨ ᠴᠢᠳᠠᠪᠤᠷᠢ ᠨᠢᠭᠡᠨᠲᠡ ᠵᠠᠷᠢᠮ ᠬᠦᠷᠢᠶᠡᠨ᠎ᠳᠤ ᠨᠤᠲᠤᠭ᠍ᠰᠢᠵᠤ᠂ ᠮᠠᠱᠢᠨ ᠬᠥᠮᠦᠨ᠎ᠢᠶᠠᠷ ᠬᠥᠮᠦᠨ᠎ᠤ ᠬᠦᠴᠦ᠎ᠶ᠋ᠢ ᠣᠷᠣᠯᠠᠬᠤ᠎ᠨᠢ ᠨᠢᠭᠡᠨᠲᠡ ᠵᠠᠢᠯᠠᠰᠢ ᠦᠭᠡᠢ ᠬᠠᠨᠳᠤᠰᠢ ᠪᠣᠯᠵᠠᠢ᠃