— ᠦᠪᠡᠷᠳᠡᠭᠡᠨ ᠵᠠᠰᠭᠠᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠤ᠎ᠶ᠋ᠢᠨ ᠵᠦᠪᠯᠡᠯ᠎ᠤᠨ ᠡᠷᠬᠢᠯᠡᠭ᠌ᠴᠢ ᠱᠢᠤᠢ ᠬᠤᠩ ᡁᠢ᠎ᠶ᠋ᠢ ᠰᠤᠷᠪᠤᠯᠵᠢᠯᠠᠭ᠍ᠰᠠᠨ᠎ᠨᠢ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ ᠠᠮᠵᠢᠯᠲᠠ᠎ᠲᠠᠢ ᠲᠡᠭᠦᠰᠦᠭ᠌ᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ᠎ᠬᠢᠨ ᠢᠳᠡᠪᠬᠢᠲᠡᠶ ᠵᠣᠬᠢᠶᠠᠨ ᠪᠠᠢᠭᠤᠯᠤᠨ ᠳᠠᠢᠴᠢᠯᠠᠵᠤ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠱᠢᠷᠢᠰ ᠠᠵᠢᠯᠯᠠᠭ᠎ᠠ᠎ᠶ᠋ᠢ ᠭᠦᠨᠵᠡᠭᠡᠶ ᠦᠷᠨᠢᠬᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠠᠵᠢᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠢ ᠤᠶᠠᠯᠳᠤᠭᠤᠯᠵᠤ᠂ ᠪᠥᠬᠦᠳᠡ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ᠎ᠢ ᠣᠨᠣᠪᠴᠢᠲᠠᠶ ᠡᠵᠡᠮᠱᠢᠵᠦ᠍᠂ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠠᠵᠢᠯ᠎ᠤᠨ ᠳᠤᠲᠠᠭᠤᠳᠠᠯ᠎ᠢ ᠱᠢᠶᠳᠪᠦᠷᠢᠯᠡᠵᠦ᠍ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠮᠠᠨ᠎ᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠰᠠᠢᠲᠤᠷ ᠳᠤᠭ᠍ᠳᠠᠭᠠᠬᠤ ᠬᠡᠷᠡᠭ᠌ᠳᠡᠢ ᠬᠡᠵᠦ᠍ ᠱᠠᠭᠠᠷᠳᠠᠭ᠍ᠰᠠᠨ ᠪᠠᠢᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠮᠠᠨ᠎ᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠡᠷᠬᠢᠨ ᠠᠬᠢᠭᠤᠯᠬᠤ᠂ ᠡᠷᠡᠭᠦᠯ ᠡᠩᠬᠡ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠂ ᠪᠥᠬᠦ᠌ ᠣᠷᠣᠨ᠎ᠤ ᠠᠷᠠᠳ ᠲᠦᠮᠡᠨ᠎ᠤ ᠡᠷᠡᠭᠦᠯ ᠮᠡᠨᠳᠦ᠎ᠶ᠋ᠢᠨ ᠲᠦᠪᠱᠢᠨ᠎ᠢ ᠴᠢᠨᠠᠭ᠍ᠰᠢᠳᠠ ᠳᠡᠭᠡᠭ᠌ᠰᠢᠯᠡᠭᠦᠯᠬᠦ᠌ ᠲᠤᠬᠠᠶ ᠲᠦᠷᠦᠬᠦᠬᠡᠨ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ ᠡᠷᠬᠢᠯᠡᠭ᠌ᠴᠢ ᠱᠢᠤᠢ ᠬᠤᠩ ᡁᠢ᠎ᠶ᠋ᠢ ᠰᠤᠷᠪᠤᠯᠵᠢᠯᠠᠪᠠ᠃
《ᠬᠤᠢᠱᠢᠳᠠ᠎ᠶ᠋ᠢᠨ 5 ᠵᠢᠯ᠎ᠳᠠᠬᠢ᠂ ᠮᠠᠨ᠎ᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠶᠡᠷᠦᠩᠬᠡᠶ ᠰᠡᠳᠭᠢᠴᠡ ᠪᠣᠯ ᠠᠷᠠᠳ ᠲᠦᠮᠡᠨ᠎ᠤ ᠡᠷᠡᠭᠦᠯ ᠮᠡᠨᠳᠦ᠎ᠶ᠋ᠢ ᠪᠠᠲᠤᠯᠠᠬᠤ᠎ᠪᠠᠷ ᠭᠤᠤᠯ ᠪᠤᠯᠭᠠᠵᠤ᠂ ᠡᠷᠡᠭᠦᠯ ᠡᠩᠬᠡ ᠥᠪᠥᠷ ᠮᠣᠩᠭᠤᠯ᠎ᠤᠨ ᠠᠵᠢᠯᠯᠠᠭᠠᠨ᠎ᠤ ᠡᠯ᠎ᠡ ᠵᠦᠢᠯ᠎ᠤᠨ ᠡᠭᠦᠷᠭᠡ᠎ᠶ᠋ᠢ ᠭᠦᠨᠵᠡᠭᠡᠶ ᠠᠬᠢᠭᠤᠯᠬᠤ ᠪᠠ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠪᠠᠷ ᠭᠠᠷᠳᠠᠴᠠ ᠪᠤᠯᠭᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠂ ᠡᠷᠡᠭᠦᠯ ᠬᠠᠮᠠᠭᠠᠯᠠᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠢᠭᠤᠯᠤᠯᠲᠠ᠂ ᠡᠷᠡᠭᠦᠯ ᠮᠡᠨᠳᠦ᠎ᠶ᠋ᠢᠨ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠂ ᠡᠷᠡᠭᠦᠯ ᠬᠠᠮᠠᠭᠠᠯᠠᠯ᠎ᠤᠨ ᠪᠡᠯᠡ ᠣᠷᠣᠭᠤᠯᠤᠯᠲᠠ᠎ᠶ᠋ᠢᠨ ᠪᠠᠲᠤᠯᠠᠭ᠎ᠠ᠂ ᠬᠠᠤᠯᠢ ᠳᠦᠷᠢᠮ ᠪᠣᠯᠤᠨ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠂ ᠨᠠᠮ᠎ᠤᠨ ᠰᠤᠷᠲᠠᠯ ᠠᠵᠢᠯ ᠲᠥᠷᠥᠯ᠎ᠤᠨ ᠰᠤᠷᠲᠠᠯ᠎ᠤᠨ ᠪᠠᠢᠭᠤᠯᠤᠯᠲᠠ ᠵᠡᠷᠭᠡ 7 ᠲᠠᠯ᠎ᠠ᠎ᠶ᠋ᠢᠨ ᠬᠥᠭ᠌ᠵᠢᠯᠲᠡ᠎ᠳᠤ ᠲᠤᠯᠭᠠᠭᠤᠷᠢᠯᠠᠵᠤ᠂ ᠬᠦᠴᠦᠷᠬᠡᠭ ᠶᠡᠭᠡ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠶᠯᠡᠴᠢᠯᠡᠭᠡᠨ᠎ᠤ ᠱᠢᠰᠲ᠋ᠧᠮ᠂ ᠪᠠᠴᠢᠮ ᠪᠠᠢᠳᠠᠯ᠎ᠢ ᠠᠷᠭᠠᠴᠠᠭᠠᠨ ᠱᠢᠶᠳᠪᠦᠷᠢᠯᠡᠬᠦ᠌ ᠱᠢᠰᠲ᠋ᠧᠮ᠂ ᠡᠮ ᠡᠮᠨᠡᠯᠭᠡ᠎ᠶ᠋ᠢᠨ ᠠᠪᠤᠷᠠᠨ ᠵᠠᠰᠠᠬᠤ ᠱᠢᠰᠲ᠋ᠧᠮ ᠵᠡᠷᠭᠡ᠎ᠶ᠋ᠢ ᠪᠠᠭ᠍ᠲᠠᠭᠠᠭ᠍ᠰᠠᠨ ᠣᠳᠣᠬᠢᠴᠢᠯᠠᠭ᠍ᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ ᠥᠨᠳᠥᠷ ᠬᠢᠷᠢ ᠲᠦᠪᠱᠢᠨ ᠪᠦᠬᠦᠢ ᠦᠶᠯᠡᠴᠢᠯᠡᠭᠡᠨ᠎ᠤ ᠬᠠᠩᠭᠠᠯᠭ᠎ᠠ᠎ᠪᠠᠷ ᠣᠯᠠᠨ ᠲᠦᠮᠡᠨ᠎ᠤ ᠲᠠᠰᠤᠷᠠᠯᠲᠠ ᠦᠭᠡᠢ ᠨᠡᠮᠡᠭ᠌ᠳᠡᠵᠦ᠍ ᠪᠠᠢᠶᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠬᠡᠷᠡᠭ᠌ᠴᠡᠭᠡ᠎ᠶ᠋ᠢ ᠬᠠᠩᠭᠠᠬᠤ ᠪᠤᠯᠤᠨ᠎ᠠ᠃ ᠱᠢᠤᠢ ᠬᠤᠩ ᡁᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠡᠷᠬᠡᠪᠰᠢ ᠠᠭᠤᠰᠤᠯᠴᠠᠯ᠎ᠤᠨ ᠱᠢᠨ᠎ᠡ᠎ᠶ᠋ᠢ ᠡᠭᠦᠳᠴᠦ᠍᠂ ᠲᠦᠷᠪᠡ᠎ᠶ᠋ᠢ ᠪᠠᠷᠢᠮᠲᠠᠯᠠᠵᠤ᠂ ᠭᠤᠷᠪᠠ᠎ᠶ᠋ᠢ ᠬᠤᠪᠢᠷᠠᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠶ ᠬᠡᠵᠦ᠍ ᠢᠯᠡᠷᠭᠡᠢᠯᠡᠪᠡ᠃
ᠠᠭᠤᠰᠤᠯᠴᠠᠬᠤ ᠭᠡᠳᠡᠭ᠎ᠨᠢ ᠣᠷᠣᠨ ᠪᠦᠰᠡ᠎ᠶ᠋ᠢᠨ ᠬᠠᠮᠵᠢᠯᠴᠠᠨ ᠬᠥᠭ᠌ᠵᠢᠬᠦ᠌᠎ᠳᠤ ᠠᠭᠤᠰᠤᠯᠴᠠᠬᠤ᠎ᠶ᠋ᠢ ᠬᠡᠯᠡᠵᠦ᠍ ᠪᠠᠢᠨ᠎ᠠ᠃ ᠱᠢᠤᠢ ᠬᠤᠩ ᡁᠢ᠂ 《ᠠᠷᠪᠠᠨ ᠳᠥᠷᠪᠡᠳᠦᠭᠡᠷ ᠲᠠᠪᠤᠨ ᠵᠢᠯ》 ᠳᠤ᠂ ᠠᠭᠤᠰᠤᠯᠴᠠᠯ᠎ᠤᠨ ᠱᠢᠨ᠎ᠡ᠎ᠶ᠋ᠢ ᠡᠭᠦᠳᠬᠦ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠳᠠᠯ᠎ᠠ᠎ᠪᠠᠷ᠂ ᠬᠥᠮᠦᠨ ᠲᠥᠷᠥᠯᠬᠢᠲᠡᠨ ᠬᠤᠪᠢ ᠵᠠᠶᠠᠭ᠎ᠠ᠎ᠪᠠᠨ ᠬᠠᠮᠲᠤᠳᠭᠠᠬᠤ᠂ ᠬᠥᠭ᠌ᠵᠢᠯᠲᠡ᠎ᠶ᠋ᠢᠨ ᠴᠢᠨᠠᠷ ᠰᠠᠢᠲᠠᠶ ᠪᠠᠢᠬᠤ ᠶᠡᠭᠡ ᠬᠠᠨᠳᠤᠰᠢ᠎ᠶ᠋ᠢ ᠳᠣᠪᠤᠢᠯᠭᠠᠬᠤ᠎ᠶ᠋ᠢ ᠴᠢᠬᠤᠯᠠᠴᠢᠯᠠᠬᠤ ᠪᠤᠯᠤᠨ᠎ᠠ᠂ ᠲᠡᠢᠮᠦᠷᠬᠦᠤ ᠤᠯᠠᠮᠵᠢᠯᠠᠯᠲᠤ ᠬᠠᠷᠢᠴᠠᠩᠭᠤᠶ᠎ᠪᠠᠷ ᠪᠡᠶ᠎ᠡ᠎ᠪᠠᠨ ᠳᠠᠭᠠᠭᠠᠭ᠍ᠰᠠᠨ᠂ ᠨᠢᠭ᠍ᠲᠠ ᠪᠢᠲᠡᠭᠦᠮᠵᠢᠯᠡᠭ᠌ᠰᠡᠨ ᠲᠥᠯᠥᠪᠵᠢᠭᠦᠯᠭᠡ᠎ᠶ᠋ᠢᠨ ᠱᠢᠰᠲ᠋ᠧᠮ ᠨᠢᠭᠡᠨᠲᠡ ᠴᠠᠭ ᠦᠶᠡᠯᠦᠭᠡ ᠵᠣᠬᠢᠴᠠᠬᠤ ᠥᠬᠡᠶ ᠪᠤᠯᠪᠠ᠂ ᠡᠬᠦᠨ᠎ᠳᠤ ᠣᠷᠣᠨ ᠪᠦᠰᠡ᠎ᠶ᠋ᠢᠨ ᠬᠠᠮᠵᠢᠯᠴᠠᠨ ᠬᠥᠭ᠌ᠵᠢᠬᠦ᠌᠎ᠲᠠᠢ ᠡᠷᠬᠡᠪᠰᠢ ᠢᠳᠡᠪᠬᠢᠳᠡᠢ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠢ ᠵᠤᠯᠭᠠᠯᠴᠠᠭᠤᠯᠬᠤ ᠬᠡᠷᠡᠭ᠌ᠳᠡᠢ ᠬᠡᠵᠦ᠍ ᠭᠡᠯᠡᠪᠡ᠃
ᠱᠢᠨ᠎ᠡ᠎ᠶ᠋ᠢ ᠡᠭᠦᠳᠬᠦ᠌ ᠭᠡᠳᠡᠭ᠎ᠨᠢ ᠡᠩ ᠲᠡᠷᠢᠭᠦᠨ᠎ᠳᠤ ᠱᠢᠰᠲ᠋ᠧᠮ ᠪᠠ ᠳᠦᠷᠢᠮ᠎ᠤᠨ ᠲᠠᠯ᠎ᠠ᠎ᠪᠠᠷ ᠱᠢᠨ᠎ᠡ᠎ᠶ᠋ᠢ ᠡᠭᠦᠳᠬᠦ᠂ ᠳᠠᠷᠠᠭ᠎ᠠ᠎ᠳᠤ᠎ᠨᠢ ᠬᠠᠮᠢᠶᠠᠷᠤᠯᠲᠠ ᠪᠠ ᠲᠣᠭ᠍ᠲᠠᠴᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠬᠦ᠂ ᠭᠤᠷᠪᠠᠳᠤᠭᠠᠷ᠎ᠲᠤ ᠮᠡᠷᠭᠡᠵᠢᠯ ᠪᠠ ᠬᠡᠷᠡᠭ᠌ᠯᠡᠭᠡᠨ᠎ᠤ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠵᠢᠭᠠᠵᠤ ᠪᠠᠢᠨ᠎ᠠ᠃ ᠱᠢᠰᠲ᠋ᠧᠮ᠎ᠤᠨ ᠪᠠᠢᠭᠤᠯᠤᠯᠲᠠ᠎ᠪᠠᠷ ᠵᠢᠱ᠌ᠢᠶᠡᠯᠡᠬᠦ᠌᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠳᠤ᠂ ᠬᠤᠲᠠ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠭᠤᠣᠯᠳᠠᠯᠭ᠎ᠠ᠎ᠶ᠋ᠢ 《ᠡᠵᠡᠮᠳᠡᠬᠦ᠌》 ᠳᠡᠭᠡᠷ᠎ᠡ ᠲᠠᠯᠪᠢᠵᠤ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠲᠠᠩ ᠴᠣᠭ᠍ᠴᠠ᠎ᠶ᠋ᠢᠨ ᠬᠡᠪᠴᠢᠶ᠎ᠡ ᠪᠠ ᠡᠮᠬᠢ ᠵᠢᠷᠤᠮ ᠥᠬᠡᠶ᠎ᠪᠠᠷ ᠥᠷᠭᠡᠳᠭᠡᠬᠦ᠌᠎ᠶ᠋ᠢ ᠴᠢᠩᠭ᠎ᠠ ᠬᠢᠵᠠᠭᠠᠷᠯᠠᠵᠤ᠂ ᠦᠢᠯᠡᠴᠢᠯᠡᠬᠦ᠌ ᠬᠥᠮᠦᠨ ᠠᠮᠠ᠂ ᠬᠤᠶᠠᠷ ᠭᠠᠷᠠᠭ᠎ᠲᠤ ᠡᠪᠡᠳᠴᠢᠯᠡᠬᠦ᠌ ᠨᠣᠷᠮ᠎ᠠ᠂ ᠡᠪᠡᠳᠴᠢᠲᠡᠨ᠎ᠤ ᠣᠷᠣ᠎ᠶ᠋ᠢᠨ ᠬᠡᠷᠡᠭ᠌ᠯᠡᠬᠦ᠌ ᠨᠣᠷᠮ᠎ᠠ ᠵᠡᠷᠭᠡ ᠵᠢᠭᠠᠯᠳᠠ ᠲᠤᠭ᠎ᠠ᠎ᠶ᠋ᠢ ᠦᠨᠳᠦᠰᠦᠯᠡᠵᠦ᠍ ᠶᠡᠷᠦᠩᠬᠡᠢᠯᠡᠨ ᠰᠤᠳᠤᠯᠤᠨ ᠮᠠᠭᠠᠳᠯᠠᠵᠤ᠂ ᠨᠢᠭᠡᠳᠦᠯᠲᠡᠶ ᠲᠦᠯᠦᠪᠵᠢᠬᠦᠯᠦᠨ᠎ᠡ᠃ ᠬᠥᠳᠡᠭᠡ ᠲᠣᠰᠭᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠭᠤᠣᠯᠳᠠᠯᠭ᠎ᠠ᠎ᠶ᠋ᠢ 《ᠲᠣᠬᠢᠷᠠᠭᠤᠯᠬᠤ》 ᠳᠡᠭᠡᠷ᠎ᠡ ᠲᠠᠯᠪᠢᠵᠤ᠂ ᠦᠢᠯᠡᠴᠢᠯᠡᠭᠡ᠎ᠶ᠋ᠢ ᠪᠠᠲᠤᠯᠠᠵᠤ ᠳᠡᠢᠯᠬᠦ᠌ ᠤᠷᠢᠲᠠᠯ ᠳᠣᠤᠷ᠎ᠠ᠂ ᠲᠣᠤᠷ ᠰᠦᠯᠵᠢᠶ᠎ᠡ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠪᠤᠢᠳᠠ ᠪᠥᠭ᠌ᠯᠡᠭᠦᠤ ᠮᠠᠯᠵᠢᠬᠤ ᠣᠷᠣᠨ᠎ᠢ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠭ᠍ᠰᠠᠨ ᠲᠤᠷᠱᠢᠯᠲᠠ᠎ᠶ᠋ᠢᠨ ᠠᠵᠢᠯ᠎ᠢ ᠠᠬᠢᠭᠤᠯᠬᠤ᠎ᠳᠤ ᠬᠠᠮᠵᠢᠯᠴᠠᠭᠤᠯᠵᠤ᠂ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠱᠢᠨ᠎ᠡ᠎ᠶ᠋ᠢ ᠡᠭᠦᠳᠴᠦ᠍᠂ ᠬᠤᠶᠠᠳᠤᠭᠠᠷ ᠳᠡᠰ᠎ᠤᠨ ᠲᠣᠤᠷ ᠰᠦᠯᠵᠢᠶ᠎ᠡ + ᠨᠡᠭᠦᠳᠡᠯ ᠨᠥᠬᠦᠪᠥᠷᠢᠯᠡᠯᠲᠡᠶ᠋ᠢᠨ ᠵᠠᠭ᠍ᠪᠤᠷ᠎ᠢ ᠰᠦᠪᠡᠭ᠌ᠴᠢᠯᠡᠨ᠎ᠡ᠃

ᠲᠦᠷᠪᠡ᠎ᠶ᠋ᠢ ᠪᠠᠷᠢᠮᠲᠠᠯᠠᠨ᠎ᠠ᠂ ᠳᠤᠬᠠᠢᠯᠠᠪᠠᠯ ᠠᠷᠠᠳ ᠲᠦᠮᠡᠨ᠎ᠢ ᠳᠡᠭᠡᠳᠦᠯᠡᠬᠦ᠂ ᠨᠢᠭᠡᠳᠦᠯᠲᠡᠶ ᠲᠥᠯᠥᠪᠯᠡᠨ ᠨᠡᠢᠲᠡ᠎ᠳᠤᠨᠢ ᠬᠠᠷᠠᠭᠠᠯᠵᠠᠬᠤ᠂ ᠥᠭᠡᠷᠡᠴᠢᠯᠡᠯᠲᠡ᠎ᠪᠠᠷ ᠬᠥᠲᠥᠯᠥᠨ ᠳᠠᠭᠠᠭᠤᠯᠬᠤ᠂ ᠲᠥᠪ ᠭᠤᠤᠯᠴᠢ ᠪᠠᠢᠬᠤ᠎ᠶ᠋ᠢ ᠪᠠᠷᠢᠮᠲᠠᠯᠠᠨ᠎ᠠ᠃
ᠠᠷᠠᠳ ᠲᠦᠮᠡᠨ᠎ᠢ ᠳᠡᠭᠡᠳᠦᠯᠡᠵᠤ᠂ ᠡᠷᠡᠭᠦᠯ ᠮᠡᠨᠳᠦ᠎ᠶ᠋ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠨ᠎ᠠ᠃ ᠰᠠᠭᠤᠭᠠᠯᠢ ᠠᠷᠠᠳ᠎ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠠᠷᠠᠳ ᠣᠯᠠᠨ᠎ᠤ ᠡᠷᠡᠭᠦᠯ ᠮᠡᠨᠳᠦ᠎ᠶ᠋ᠢᠨ ᠡᠷᠬᠡ ᠠᠱᠢᠭ᠎ᠢ ᠬᠠᠮᠠᠭᠠᠯᠠᠬᠤ ᠪᠠ ᠠᠷᠠᠳ ᠣᠯᠠᠨ᠎ᠤ ᠡᠷᠡᠭᠦᠯ ᠮᠡᠨᠳᠦ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠦᠨᠳᠦᠰᠦᠨ ᠵᠣᠷᠢᠯᠲᠠ ᠪᠠ ᠲᠤᠰᠤᠯᠲᠠ ᠪᠣᠯᠭᠠᠵᠤ᠂ 《ᠡᠷᠡᠭᠦᠯ ᠮᠡᠨᠳᠦ᠎ᠶ᠋ᠢ ᠪᠣᠶ ᠪᠥᠬᠦᠶ ᠲᠥᠷᠥ᠎ᠶ᠋ᠢᠨ ᠪᠣᠳᠣᠯᠭ᠎ᠠ᠎ᠳᠤ ᠠᠭᠤᠰᠤᠯᠴᠠᠭᠤᠯᠬᠤ》 ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃
ᠨᠢᠭᠡᠳᠦᠯᠲᠡᠶ ᠲᠥᠯᠥᠪᠵᠢᠬᠦᠯᠵᠦ᠍ ᠨᠡᠢᠲᠡ᠎ᠳᠤᠨᠢ ᠬᠠᠷᠠᠭᠠᠯᠵᠠᠵᠤ᠂ ᠵᠣᠬᠢᠴᠠᠩᠭᠤᠶ᠎ᠪᠠᠷ ᠬᠥᠭ᠌ᠵᠢᠭᠦᠯᠬᠦ᠌᠎ᠶ᠋ᠢ ᠪᠠᠷᠢᠮᠲᠠᠯᠠᠨ᠎ᠠ᠃ ᠬᠤᠲᠠ ᠬᠥᠳᠡᠭᠡ᠂ ᠣᠷᠣᠨ ᠪᠦᠰᠡ᠂ ᠳᠡᠰ ᠳᠠᠪᠬᠤᠷᠭ᠎ᠠ᠎ᠶ᠋ᠢᠨ ᠡᠮᠴᠢᠯᠡᠭᠡ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠎ᠤᠨ ᠪᠠᠢᠷᠢᠱᠢᠭᠤᠯᠤᠯ ᠪᠣᠯᠤᠨ ᠡᠷᠡᠭᠦᠯ ᠮᠡᠨᠳᠦ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠬᠦᠯᠵᠦ᠍᠂ ᠭᠤᠷᠪᠠᠨ ᠡᠮᠨᠡᠯᠭᠡ ᠬᠠᠮᠲᠤᠷᠠᠨ ᠬᠥᠳᠡᠯᠦᠯᠴᠡᠬᠦ᠌᠎ᠶ᠋ᠢ ᠵᠣᠬᠢᠴᠠᠭᠤᠯᠤᠨ ᠠᠬᠢᠭᠤᠯᠵᠤ᠂ ᠰᠡᠷᠭᠡᠢᠯᠡᠬᠦ᠌᠎ᠪᠠᠷ ᠭᠤᠣᠯ ᠪᠣᠯᠭᠠᠨ᠂ ᠦᠨᠳᠦᠰᠦᠨ ᠱᠠᠲᠤ᠎ᠪᠠᠷ ᠭᠤᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠨ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠂ ᠮᠠᠯᠵᠢᠬᠤ ᠲᠠᠷᠢᠶᠠᠯᠠᠬᠤ ᠣᠷᠣᠨ᠎ᠤ ᠡᠷᠡᠭᠦᠯ ᠬᠠᠮᠠᠭᠠᠯᠠᠯ᠂ ᠬᠤᠲᠠ᠎ᠶ᠋ᠢᠨ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ᠂ ᠬᠢᠲᠠᠳ ᠮᠣᠩᠭᠤᠯ ᠡᠮᠨᠡᠯᠭᠡ᠎ᠶ᠋ᠢᠨ ᠦᠢᠯᠡᠰ ᠪᠣᠯᠤᠨ ᠭᠡᠨᠡᠳᠲᠡ ᠡᠭᠦᠰᠭᠦ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠵᠣᠬᠢᠴᠠᠩᠭᠤᠶ ᠬᠦᠭ᠌ᠵᠢᠯᠳᠡ᠎ᠶ᠋ᠢ ᠠᠬᠢᠭᠤᠯᠤᠨ᠎ᠠ᠃
ᠥᠭᠡᠷᠡᠴᠢᠯᠡᠯᠲᠡ᠎ᠪᠠᠷ ᠬᠥᠲᠥᠯᠥᠨ ᠳᠠᠭᠠᠭᠤᠯᠵᠤ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠨ᠎ᠠ᠃ ᠡᠷᠡᠭᠦᠯ ᠬᠠᠮᠠᠭᠠᠯᠠᠯ᠎ᠢ ᠴᠢᠬᠤᠯᠠᠴᠢᠯᠠᠬᠤ᠂ ᠡᠷᠡᠭᠦᠯ ᠮᠡᠨᠳᠦ᠎ᠶ᠋ᠢ ᠴᠢᠬᠤᠯᠠᠴᠢᠯᠠᠬᠤ ᠦᠵᠡᠯᠲᠡ᠎ᠶ᠋ᠢ ᠪᠣᠶ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢ ᠬᠥᠲᠥᠯᠦᠨ ᠳᠠᠭᠠᠭᠤᠯᠬᠤ ᠪᠠ ᠠᠬᠢᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠪᠣᠯᠭᠠᠬᠤ᠎ᠶ᠋ᠢᠨ ᠬᠠᠮᠲᠤ ᠬᠥᠭ᠌ᠵᠢᠯᠲᠡ᠎ᠶ᠋ᠢᠨ ᠪᠥᠬᠦ᠌ ᠶᠠᠪᠤᠴᠠ ᠪᠠ ᠡᠯ᠎ᠡ ᠬᠦᠷᠢᠶᠡᠨ᠎ᠳᠤ ᠲᠤᠭᠤᠱᠢᠯᠠᠭᠤᠯᠵᠥ᠍᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠬᠥᠭ᠌ᠵᠢᠯᠲᠡ ᠪᠠ ᠬᠠᠩᠭᠠᠯᠭ᠎ᠠ᠎ᠶ᠋ᠢᠨ ᠵᠠᠭ᠍ᠪᠤᠷ᠎ᠤᠨ ᠪᠦᠲᠦᠮᠵᠢᠲᠡᠶ ᠬᠤᠪᠢᠷᠠᠯᠲᠠ᠎ᠶ᠋ᠢ ᠠᠬᠢᠭᠤᠯᠤᠨ᠎ᠠ᠃ ᠡᠷᠬᠡ ᠲᠡᠭ᠌ᠰᠢ ᠲᠥᠪ ᠭᠤᠤᠯᠴᠢ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠨ᠎ᠠ᠃ ᠵᠠᠰᠠᠭ᠎ᠤᠨ ᠣᠷᠳᠣᠨ᠎ᠤ ᠬᠠᠷᠢᠭᠤᠴᠠᠯᠭ᠎ᠠ᠎ᠶ᠋ᠢ ᠴᠢᠩᠭᠠᠷᠠᠭᠤᠯᠵᠤ᠂ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠵᠤ ᠬᠥᠲᠥᠯᠥᠨ ᠵᠢᠯᠣᠭᠤᠳᠭᠤ ᠦᠢᠯᠡᠳᠦᠯ᠎ᠢ ᠪᠠᠳᠠᠷᠠᠭᠤᠯᠵᠤ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢ ᠬᠠᠮᠠᠭᠠᠯᠠᠵᠤ᠂ ᠬᠤᠲᠠ ᠬᠥᠳᠡᠭᠡ᠂ ᠭᠠᠵᠠᠷ ᠣᠷᠣᠨ᠂ ᠬᠥᠮᠦᠰ᠎ᠤᠨ ᠬᠤᠭᠤᠷᠣᠨᠳᠣᠬᠢ ᠦᠨᠳᠦᠰᠦᠨ ᠡᠷᠡᠭᠦᠯ ᠡᠩᠬᠡ᠎ᠶ᠋ᠢᠨ ᠦᠢᠯᠡᠴᠢᠯᠡᠭᠡᠨ ᠪᠠ ᠡᠷᠡᠭᠦᠯ ᠡᠩᠬᠡ᠎ᠶ᠋ᠢᠨ ᠬᠢᠷᠢ ᠬᠡᠮᠵᠢᠶ᠎ᠡ᠎ᠶ᠋ᠢᠨ ᠵᠥᠷᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠨ᠂ ᠦᠨᠳᠦᠰᠦᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨᠢ ᠳᠡᠩᠴᠡᠬᠦᠷᠢᠱᠢᠬᠦᠯᠬᠦ᠌ᠶ᠋ᠢ ᠠᠬᠢᠭᠤᠯᠵᠤ᠂ ᠡᠷᠡᠭᠦᠯ ᠡᠩᠬᠡ᠎ᠶ᠋ᠢᠨ ᠦᠢᠯᠡᠴᠢᠯᠡᠭᠡᠨ᠎ᠳᠤ ᠡᠷᠬᠡ ᠲᠡᠭ᠌ᠰᠢ ᠪᠥᠭᠡᠳ ᠬᠦᠷᠦᠯᠴᠡᠬᠦ᠋ᠢᠴᠡ ᠪᠠᠢᠬᠤ᠎ᠶ᠋ᠢ ᠠᠬᠢᠭᠤᠯᠤᠨ᠎ᠠ᠃
ᠭᠤᠷᠪᠠᠨ ᠲᠠᠯ᠎ᠠ᠎ᠶ᠋ᠢ ᠬᠤᠪᠢᠷᠠᠭᠤᠯᠬᠤ ᠭᠡᠳᠡᠭ ᠪᠣᠯ ᠳᠠᠷᠤᠢ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠂ ᠬᠥᠭ᠌ᠵᠢᠯᠲᠡ᠎ᠶ᠋ᠢᠨ ᠠᠷᠭ᠎ᠠ ᠪᠤᠳᠤᠯᠭ᠎ᠠ᠂ ᠬᠥᠭ᠌ᠵᠢᠯᠲᠡ᠎ᠶ᠋ᠢᠨ ᠭᠤᠣᠯ ᠰᠡᠳᠦᠪ᠎ᠤᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠶᠠᠪᠤᠳᠠᠯ ᠪᠣᠯᠤᠨ᠎ᠠ᠃
ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠠᠯ᠎ᠠ᠎ᠪᠠᠷ᠂ ᠡᠪᠡᠳᠴᠢᠨ ᠡᠮᠭᠡᠭ᠎ᠢᠶᠠᠷ ᠭᠤᠤᠯ ᠪᠣᠯᠭᠠᠵᠤ ᠪᠠᠢᠭ᠍ᠰᠠᠨ᠎ᠠᠴᠠ ᠡᠷᠡᠭᠦᠯ ᠮᠡᠨᠳᠦ᠎ᠪᠠᠷ ᠭᠤᠤᠯ ᠪᠣᠯᠭᠠᠬᠤ ᠳᠠᠢᠰᠢ ᠬᠤᠪᠢᠷᠠᠭᠤᠯᠤᠨ᠎ᠠ᠃ ᠲᠤᠰᠠᠭᠠᠷ ᠪᠣᠳᠠᠭᠠᠯᠢ ᠪᠡᠶ᠎ᠡ᠎ᠶ᠋ᠢᠨ ᠬᠠᠯᠠᠮᠵᠢᠯᠠᠨ ᠠᠩᠬᠠᠷᠴᠤ᠌ ᠪᠠᠢᠭ᠎ᠠ ᠠᠮᠢᠳᠤᠷᠠᠯ᠎ᠤᠨ ᠦᠶᠯᠡ ᠠᠵᠢᠯᠯᠠᠭᠠᠨ᠎ᠤ ᠠᠷᠭ᠎ᠠ ᠬᠡᠯᠪᠡᠷᠢ᠂ ᠦᠢᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠤᠷᠢᠨ ᠪᠠ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠮᠦᠨ ᠨᠢᠭᠡᠪᠦᠷᠢ᠎ᠶ᠋ᠢᠨ ᠠᠳᠠᠯᠢ ᠪᠤᠰᠤ ᠠᠮᠢ ᠨᠠᠰᠤᠨ᠎ᠤ ᠦᠶᠡᠯᠡᠯ᠎ᠳᠤ ᠲᠤᠯᠭᠠᠷᠠᠵᠤ ᠪᠥᠬᠦᠢ ᠡᠷᠡᠭᠦᠯ ᠮᠡᠨᠳᠦ᠎ᠶ᠋ᠢᠨ ᠲᠣᠪᠤᠢᠮ᠎ᠠ ᠠᠰᠠᠭᠤᠳᠠᠯ᠎ᠳᠤ ᠴᠢᠭ᠌ᠯᠡᠭᠦᠯᠦᠨ᠂ ᠱᠢᠰᠲ᠋ᠧᠮ᠎ᠲᠠᠢ᠂ ᠨᠠᠷᠢᠨ ᠨᠢᠭ᠍ᠲᠠ ᠲᠣᠬᠢᠷᠠᠭᠤᠯᠤᠯᠲᠠ ᠬᠢᠨ᠎ᠠ᠃
ᠬᠥᠭ᠌ᠵᠢᠯᠲᠡ᠎ᠶ᠋ᠢᠨ ᠠᠷᠭ᠎ᠠ ᠪᠣᠳᠣᠯᠭ᠎ᠠ᠎ᠶ᠋ᠢᠨ ᠲᠠᠯ᠎ᠠ᠎ᠪᠠᠷ᠂ 《ᠨᠢᠭᠡᠨᠲᠡ ᠡᠪᠡᠳᠴᠢᠯᠡᠭ᠌ᠰᠡᠨᠢ ᠡᠮᠴᠢᠯᠡᠨ ᠵᠠᠰᠠᠬᠤ》 ᠶ᠋ᠢ ᠴᠢᠬᠤᠯᠠᠴᠢᠯᠠᠵᠤ ᠪᠠᠢᠭ᠍ᠰᠠᠨ᠎ᠠᠴᠠ 《ᠡᠪᠡᠳᠴᠢᠯᠡᠬᠦ᠌᠎ᠠᠴᠠ ᠡᠮᠦᠨ᠎ᠡ ᠰᠡᠷᠭᠡᠢᠯᠡᠨ ᠵᠠᠰᠠᠬᠤ》 ᠶ᠋ᠢ ᠴᠢᠬᠤᠯᠠᠴᠢᠯᠠᠬᠤ ᠪᠣᠯᠭᠠᠨ ᠬᠤᠪᠢᠷᠠᠭᠤᠯᠤᠨ᠎ᠠ᠃ ᠠᠳᠠᠯᠢ ᠪᠤᠰᠤ ᠬᠥᠮᠦᠰ᠎ᠤᠨ ᠣᠨᠴᠠᠯᠢᠭ᠎ᠢ ᠦᠨᠳᠦᠰᠦᠯᠡᠨ ᠡᠷᠡᠭᠦᠯ ᠮᠠᠨᠳᠣ᠎ᠶ᠋ᠢ ᠠᠬᠢᠭᠤᠯᠬᠤ ᠪᠠ ᠰᠤᠷᠭᠠᠨ ᠬᠥᠮᠦᠵᠢᠯ᠎ᠢ ᠬᠠᠨᠳᠤᠯᠭᠠᠲᠤ ᠴᠢᠨᠠᠷᠲᠠᠢ᠎ᠪᠠᠷ ᠰᠠᠢᠲᠤᠷ ᠬᠢᠬᠦ᠌᠎ᠶ᠋ᠢ ᠴᠢᠬᠤᠯᠠᠴᠢᠯᠠᠵᠤ᠂ ᠬᠤᠪᠢ ᠬᠥᠮᠦᠨ᠎ᠤ ᠪᠡᠶ᠎ᠡ᠎ᠪᠠᠨ ᠳᠠᠭᠠᠭᠠᠵᠤ ᠪᠡᠶ᠎ᠡ᠎ᠪᠠᠨ ᠵᠢᠷᠤᠮᠵᠢᠭᠤᠯᠬᠤ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠪᠣᠢ ᠪᠣᠯᠭᠠᠵᠤ᠂ 《ᠬᠥᠮᠦᠨ ᠨᠢᠭᠡ ᠪᠦᠷᠢ ᠡᠷᠡᠭᠦᠯ ᠮᠠᠨᠳᠣᠶ᠋ᠢᠨᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ》 ᠣᠢᠯᠠᠭᠠᠭ᠍ᠳᠠᠬᠤᠨ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠣᠯᠠᠨ ᠲᠦᠮᠡᠨ ᠡᠪᠡᠳᠴᠢᠨ ᠡᠮᠭᠡᠭ ᠦᠭᠡᠢ ᠪᠠᠢᠬᠤ ᠪᠤᠶᠤ ᠲᠠᠮᠠᠢ ᠡᠪᠡᠳᠴᠢᠯᠡᠬᠦ᠌ ᠦᠭᠡᠢ ᠪᠠᠢᠯᠭᠠᠨ᠎ᠠ᠃
ᠬᠥᠭ᠌ᠵᠢᠯᠲᠡ᠎ᠶ᠋ᠢᠨ ᠪᠡᠶᠡᠴᠢ ᠴᠣᠭ᠍ᠴᠠ᠎ᠶ᠋ᠢᠨ ᠲᠠᠯ᠎ᠠ᠎ᠪᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠱᠢᠰᠲ᠋ᠧᠮ᠎ᠳᠤ ᠲᠦᠱᠢᠭ᠌ᠯᠡᠵᠦ᠍ ᠪᠠᠢᠭ᠍ᠰᠠᠨ᠎ᠠᠴᠠ ᠨᠡᠢᠭᠡᠮ᠎ᠤᠨ ᠪᠦᠬᠦᠯᠢ ᠴᠣᠭ᠍ᠴᠠ᠎ᠶ᠋ᠢᠨ ᠬᠤᠯᠪᠣᠯᠳᠤᠨ ᠬᠥᠳᠡᠯᠦᠯᠴᠡᠬᠦ᠌ ᠲᠡᠢᠰᠢ ᠬᠤᠪᠢᠷᠠᠭᠤᠯᠤᠨ᠎ᠠ᠃ 《ᠡᠷᠡᠭᠦᠯ ᠬᠠᠮᠠᠭᠠᠯᠠᠯ᠎ᠢ ᠴᠢᠬᠤᠯᠠᠴᠢᠯᠠᠬᠤ᠂ ᠡᠷᠡᠭᠦᠯ ᠮᠡᠨᠳᠦ᠎ᠶ᠋ᠢ ᠴᠢᠬᠤᠯᠠᠴᠢᠯᠠᠬᠤ》 ᠣᠨᠣᠯᠵᠢᠭᠤᠨᠢ ᠪᠠᠷᠢᠮᠲᠠᠯᠠᠵᠤ᠂ ᠬᠠᠩᠭᠠᠯᠭ᠎ᠠ᠎ᠶ᠋ᠢᠨ ᠲᠠᠯ᠎ᠠ ᠪᠠ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠠᠯ᠎ᠠ᠎ᠶ᠋ᠢᠨ ᠬᠤᠶᠠᠷ ᠲᠠᠯ᠎ᠠ᠎ᠠᠴᠠ ᠬᠦᠴᠦᠯᠡᠵᠦ᠍᠂ ᠵᠠᠰᠠᠭ᠎ᠤᠨ ᠣᠷᠳᠣᠨ ᠲᠦᠷᠦᠭᠦᠯᠡᠨ ᠬᠠᠷᠢᠭᠤᠴᠠᠬᠤ᠂ ᠨᠡᠢᠭᠡᠮ ᠨᠡᠢᠳᠡ᠎ᠪᠠᠷ᠎ᠢᠶᠠᠨ ᠢᠳᠡᠪᠬᠢᠲᠡᠶ ᠣᠷᠣᠯᠴᠠᠬᠤ᠂ ᠬᠤᠪᠢ ᠬᠥᠮᠦᠨ ᠡᠷᠡᠭᠦᠯ ᠮᠡᠨᠳᠦ᠎ᠶ᠋ᠢᠨ ᠬᠠᠷᠢᠭᠤᠴᠠᠯᠭ᠎ᠠ᠎ᠶ᠋ᠢ ᠢᠯᠡᠷᠡᠭᠦᠯᠬᠦ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠭᠥᠷᠳᠡᠬᠦ᠌᠎ᠶ᠋ᠢ ᠪᠡᠶᠡᠯᠡᠭᠦᠯᠵᠦ᠍᠂ ᠡᠷᠡᠭᠦᠯ ᠮᠡᠨᠳᠦ᠎ᠶ᠋ᠢ ᠪᠣᠶ ᠪᠥᠬᠦᠶ ᠲᠥᠷᠥ᠎ᠶ᠋ᠢᠨ ᠪᠣᠳᠣᠯᠭ᠎ᠠ᠎ᠳᠤ ᠠᠭᠤᠰᠤᠯᠴᠠᠭᠤᠯᠤᠨ᠎ᠠ᠃
ᠱᠢᠤᠢ ᠬᠤᠩ ᡁᠢ᠂ ᠬᠤᠢᠱᠢᠳᠠ᠎ᠶ᠋ᠢᠨ 5 ᠵᠢᠯ᠎ᠳᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭᠤᠷᠢᠨ᠎ᠳᠤ᠂ ᠪᠦᠬᠦ᠌ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠠᠵᠢᠯ᠎ᠳᠤ 7 ᠶᠡᠭᠡ ᠢᠨᠵᠧᠨᠧᠷᠢᠩ᠎ᠤᠨ ᠲᠦᠷᠦᠯ ᠵᠦᠢᠯ᠎ᠢ ᠭᠤᠣᠯᠳᠠᠯᠭ᠎ᠠ᠎ᠲᠠᠢ ᠠᠬᠢᠭᠤᠯᠬᠤ ᠴᠢᠬᠤᠯᠠᠲᠠᠢ ᠭᠡᠵᠦ᠍ ᠦᠵᠡᠵᠦ᠍ ᠪᠤᠢ᠃
ᠨᠢᠭᠡ᠎ᠳᠤ᠂ ᠣᠷᠣᠨ ᠪᠦᠰᠡ᠎ᠶ᠋ᠢᠨ ᠡᠮᠴᠢᠯᠡᠭᠡᠨ᠎ᠤ ᠲᠥᠪ᠎ᠢ ᠲᠥᠯᠥᠪᠵᠢᠭᠦᠯᠦᠨ ᠪᠥᠲᠥᠭᠡᠨ ᠪᠠᠢᠭᠤᠯᠬᠤ ᠭᠡᠷᠡᠭ᠌ᠳᠠᠢ᠃ ᠵᠡᠭᠦᠨ᠂ ᠳᠤᠮᠳᠠ᠂ ᠪᠠᠷᠠᠭᠤᠨ ᠭᠡᠰᠡᠭ᠎ᠤᠨ ᠣᠷᠣᠨ ᠪᠦᠰᠡ᠎ᠶ᠋ᠢᠨ ᠡᠮᠴᠢᠯᠡᠭᠡᠨ᠎ᠤ ᠲᠥᠪ᠎ᠢ ᠲᠥᠯᠥᠪᠵᠢᠭᠦᠯᠦᠨ ᠪᠠᠢᠭᠤᠯᠵᠤ᠂ ᠴᠢᠨᠠᠷ ᠰᠠᠢᠲᠠᠶ ᠡᠮᠴᠢᠯᠡᠭᠡᠨ᠎ᠤ ᠡᠬᠢ ᠪᠠᠶᠠᠯᠢᠭ ᠪᠠ ᠰᠠᠭᠤᠭᠠᠯᠢ ᠠᠷᠠᠳ᠎ᠤᠨ ᠡᠪᠡᠳᠴᠢᠨ ᠦᠵᠡᠭᠦᠯᠬᠦ᠌ 《ᠬᠤᠶᠠᠷ᠎ᠢ ᠳᠣᠷᠣᠭ᠍ᠰᠢ ᠪᠠᠭᠤᠯᠭᠠᠬᠤ》 ᠶ᠋ᠢ ᠠᠬᠢᠭᠤᠯᠵᠤ᠂ ᠣᠷᠣᠨ ᠪᠦᠰᠡ᠎ᠶ᠋ᠢᠨ ᠳᠣᠲᠣᠷᠠᠬᠢ ᠭᠤᠣᠯᠳᠠᠯᠭ᠎ᠠ᠎ᠲᠠᠢ ᠡᠪᠡᠳᠴᠢᠨ ᠡᠮᠭᠡᠭ᠎ᠢ ᠣᠨᠣᠱᠢᠯᠠᠨ ᠡᠮᠨᠡᠬᠦ᠌ ᠴᠢᠳᠠᠪᠤᠷᠢ᠎ᠶ᠋ᠢ ᠴᠢᠷᠮᠠᠢᠨ ᠳᠡᠭᠡᠭ᠌ᠰᠢᠯᠡᠭᠦᠯᠵᠦ᠍᠂ ᠰᠠᠭᠤᠭᠠᠯᠢ ᠠᠷᠠᠳ᠎ᠤᠨ ᠡᠪᠡᠳᠴᠢᠨ ᠦᠵᠡᠭᠦᠯᠬᠦ᠌᠎ᠳᠤ ᠲᠥᠬᠦᠮ ᠪᠤᠯᠭᠠᠬᠤ ᠪᠠ ᠡᠪᠡᠳᠴᠢᠨ ᠦᠵᠡᠭᠦᠯᠬᠦ᠌ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭ᠌ᠰᠢᠯᠡᠭᠦᠯᠬᠦ᠌ ᠭᠡᠷᠡᠭ᠌ᠳᠠᠢ᠃
ᠬᠤᠶᠠᠷ᠎ᠲᠤ᠌᠂ ᠴᠢᠬᠤᠯᠠ ᠶᠡᠭᠡ ᠬᠢᠵᠢᠭ᠎ᠤᠨ ᠪᠠᠢᠳᠠᠯ᠎ᠢ ᠠᠪᠤᠷᠠᠨ ᠡᠮᠨᠡᠬᠦ᠌ ᠰᠠᠭᠤᠷᠢᠨ ᠭᠠᠵᠠᠷ᠎ᠢ ᠪᠠᠢᠭᠤᠯᠬᠤ ᠭᠡᠷᠡᠭ᠌ᠳᠠᠢ᠃ 1 — 2 ᠵᠢᠯ᠎ᠤᠨ ᠳᠣᠲᠣᠷ᠎ᠠ᠂ ᠭᠤᠷᠪᠠᠳᠤᠭᠠᠷ ᠳᠡᠰ᠎ᠤᠨ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠤᠷᠢᠶ᠎ᠠ᠎ᠳᠤ ᠲᠦᠱᠢᠭ᠌ᠯᠡᠨ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠬᠢᠵᠢᠭ᠎ᠤᠨ ᠪᠠᠢᠳᠠᠯ᠎ᠢ ᠠᠪᠤᠷᠠᠨ ᠵᠠᠰᠠᠬᠤ ᠰᠠᠭᠤᠷᠢᠨ᠎ᠢ 1 — 3 ᠪᠠᠢᠭᠤᠯᠵᠤ᠂ ᠡᠮ ᠡᠮᠨᠡᠯᠭᠡ᠎ᠶ᠋ᠢᠨ ᠬᠠᠶᠠᠭ᠍ᠳᠠᠮᠠᠯ ᠪᠣᠳᠠᠰ᠎ᠢ ᠱᠢᠢᠳᠪᠦᠷᠢᠯᠡᠬᠦ᠌ ᠴᠢᠳᠠᠪᠤᠷᠢ᠎ᠶ᠋ᠢ ᠵᠡᠷᠭᠡ᠎ᠪᠠᠷ ᠳᠡᠭᠡᠭ᠌ᠰᠢᠯᠡᠭᠦᠯᠬᠦ᠌᠎ᠶ᠋ᠢᠨ ᠬᠠᠮᠲᠤ ᠪᠠᠴᠢᠮ ᠪᠠᠢᠳᠠᠯ᠎ᠢ ᠠᠷᠭᠠᠴᠠᠭᠠᠬᠤ ᠡᠮᠴᠢᠯᠡᠭᠡᠨ᠎ᠤ ᠡᠳ᠋ ᠪᠣᠳᠠᠰ᠎ᠤᠨ ᠪᠠᠲᠤᠯᠠᠭ᠎ᠠ᠎ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠬᠦ᠌ ᠭᠡᠷᠡᠭ᠌ᠳᠠᠢ᠃
ᠭᠤᠷᠪᠠ᠎ᠳᠤ᠂ ᠱᠢᠶᠠᠨ᠎ᠤ ᠬᠡᠪᠴᠢᠶᠡᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠦᠶᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠭᠡᠷᠡᠭ᠌ᠳᠠᠢ᠃ ᠨᠥᠬᠦᠵᠦ᠍ ᠭᠦᠢᠴᠡᠳᠭᠡᠬᠦ᠌ ᠵᠠᠷᠴᠢᠮ ᠶᠣᠰᠣᠭᠠᠷ᠂ ᠭᠡᠷ ᠪᠠᠢᠱᠢᠩ᠂ ᠲᠤᠨᠤᠬ ᠲᠥᠬᠦᠭᠡᠷᠦᠮᠵᠢ᠂ ᠴᠢᠳᠠᠪᠤᠷᠢᠲᠠᠨ᠂ ᠮᠡᠷᠭᠡᠵᠢᠯ ᠪᠣᠯᠤᠨ ᠬᠠᠮᠢᠶᠠᠷᠤᠯᠲᠠ᠎ᠶ᠋ᠢᠨ ᠢᠵᠢ ᠪᠦᠷᠢᠳᠦᠭᠦᠯᠬᠦ᠌ ᠪᠦᠲᠦᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠵᠦ᠍᠂ ᠬᠤᠱᠢᠭᠤ ᠱᠢᠶᠠᠨ᠎ᠤ ᠡᠮᠨᠡᠯᠭᠡ᠎ᠶ᠋ᠢᠨ ᠬᠤᠷᠢᠶ᠎ᠠ᠎ᠶ᠋ᠢ ᠬᠤᠶᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶᠠᠨ᠎ᠤ ᠦᠢᠯᠡᠴᠢᠯᠡᠭᠡᠨ᠎ᠤ ᠴᠢᠳᠠᠪᠤᠷᠢ᠎ᠲᠠᠢ ᠪᠤᠯᠭᠠᠵᠦ᠍᠂ ᠱᠢᠶᠠᠨ᠎ᠤ ᠬᠡᠪᠴᠢᠶᠡᠨ᠎ᠤ ᠳᠣᠲᠣᠷᠠᠬᠢ ᠴᠢᠨᠠᠷ ᠰᠠᠢᠲᠠᠶ ᠡᠬᠢ ᠪᠠᠶᠠᠯᠢᠭ᠎ᠢ ᠪᠤᠶ ᠪᠦᠬᠦᠢ ᠬᠥᠮᠦᠰ᠎ᠲᠤ ᠪᠥᠷᠬᠦᠭᠦᠯᠬᠦ᠌᠎ᠶ᠋ᠢ ᠦᠨᠡᠨ ᠬᠦ᠌ ᠪᠠᠲᠤᠯᠠᠬᠤ ᠭᠡᠷᠡᠭ᠌ᠳᠠᠢ᠃
ᠲᠦᠷᠪᠡ᠎ᠳᠤ᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠭᠡᠷᠡᠭ᠌ᠳᠠᠢ᠃ ᠥᠪᠡᠷᠲᠡᠭᠡᠨ ᠵᠠᠰᠠᠬᠤ ᠣᠷᠣᠨ P3 ᠲᠤᠷᠱᠢᠯᠲᠠ᠎ᠶ᠋ᠢᠨ ᠲᠠᠰᠤᠭ᠎ᠢ ᠠᠳᠠᠭ᠎ᠲᠠᠭᠠᠨ ᠨᠢᠭᠡ ᠪᠠᠢᠭᠤᠯᠵᠤ᠂ ᠠᠢᠮᠠᠭ ᠬᠤᠲᠠ P2 ᠲᠤᠷᠱᠢᠯᠲᠠ᠎ᠶ᠋ᠢᠨ ᠲᠠᠰᠤᠭ᠎ᠢ ᠨᠠᠭᠠᠳᠤ ᠵᠠᠬ᠎ᠠ᠎ᠳᠠᠭᠠᠨ ᠨᠢᠭᠡ ᠪᠠᠢᠭᠤᠯᠵᠤ᠂ ᠬᠠᠯᠳᠠᠪᠤᠷᠢᠲᠤ ᠡᠪᠡᠳᠴᠢᠨ᠎ᠤ ᠡᠩ᠎ᠤᠨ ᠱᠢᠯᠭᠠᠨ ᠪᠠᠢᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠬᠠᠯᠳᠠᠪᠤᠷᠢᠲᠤ ᠡᠪᠡᠳᠴᠢᠨ᠎ᠤ ᠡᠮᠨᠡᠯᠭᠡ᠎ᠶ᠋ᠢᠨ ᠬᠤᠷᠢᠶ᠎ᠠ (ᠲᠣᠭᠤᠷᠢᠭ) ᠳᠤ ᠴᠥᠮ ᠪᠥᠭᠡᠮ ᠬᠦᠴᠢᠯ᠎ᠢ ᠱᠢᠯᠭᠠᠨ ᠪᠠᠢᠴᠠᠭᠠᠬᠤ ᠴᠢᠳᠠᠪᠤᠷᠢ᠎ᠶ᠋ᠢ ᠪᠦᠷᠢᠯᠳᠦᠭᠦᠯᠬᠦ᠌ ᠬᠡᠷᠡᠭ᠌ᠲᠡᠢ᠃
ᠲᠠᠪᠤ᠎ᠳᠤ᠂ ᠠᠭᠠᠷ᠎ᠤᠨ ᠠᠶᠠᠯᠠᠯ᠎ᠤᠨ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠱᠢᠰᠲ᠋ᠧᠮ᠎ᠢ ᠪᠠᠢᠭᠤᠯᠬᠤ ᠭᠡᠷᠡᠭ᠌ᠳᠠᠢ᠃ ᠠᠢᠮᠠᠭ ᠬᠤᠲᠠ᠎ᠶ᠋ᠢᠨ ᠪᠠᠢᠭ᠎ᠠ ᠭᠠᠵᠠᠷ᠎ᠲᠤ ᠠᠪᠤᠷᠠᠨ ᠲᠤᠰᠠᠯᠠᠬᠤ ᠡᠭ᠌ᠴᠡ ᠨᠢᠰᠭᠡᠯ ᠳᠣᠭᠢᠷᠠᠭᠤᠯᠵᠤ᠂ ᠣᠷᠣᠨ ᠪᠦᠰᠡ᠎ᠶ᠋ᠢᠨ ᠡᠮᠴᠢᠯᠡᠭᠡᠨ᠎ᠤ ᠲᠥᠪ᠎ᠤᠨ ᠪᠥᠲᠥᠭᠡᠨ ᠪᠠᠢᠭᠤᠯᠤᠯᠲᠠ᠎ᠲᠠᠢ ᠤᠶᠠᠯᠳᠤᠭᠤᠯᠤᠨ ᠠᠢᠮᠠᠭ ᠬᠤᠲᠠ ᠠᠯᠤᠰᠯᠠᠭ᠍ᠰᠠᠨ ᠠᠯᠤᠰ ᠵᠠᠶ᠎ᠶ᠋ᠢᠨ ᠡᠮᠴᠢᠯᠡᠭᠡᠨ᠎ᠤ ᠠᠪᠤᠷᠠᠨ ᠲᠤᠰᠠᠯᠠᠬᠤ᠎ᠶ᠋ᠢ ᠥᠷᠨᠢᠭᠦᠯᠵᠦ᠍᠂ ᠠᠭᠠᠷ᠎ᠤᠨ ᠠᠶᠠᠯᠠᠯ᠎ᠤᠨ ᠡᠮᠴᠢᠯᠡᠭᠡᠨ᠎ᠤ ᠠᠪᠤᠷᠠᠨ ᠲᠤᠰᠠᠯᠠᠬᠤ ᠲᠣᠤᠷ ᠰᠦᠯᠵᠢᠶ᠎ᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠯᠳᠦᠭᠦᠯᠦᠨ᠂ ᠮᠠᠨ᠎ᠤ ᠣᠷᠣᠨ᠎ᠤ ᠡᠮᠴᠢᠯᠡᠭᠡᠨ᠎ᠤ ᠪᠠᠴᠢᠮ ᠪᠠᠢᠳᠠᠯ᠎ᠢ ᠠᠷᠭᠠᠴᠠᠭᠠᠠ ᠠᠪᠤᠷᠠᠨ ᠵᠠᠰᠠᠬᠤ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠭᠡᠷᠡᠭ᠌ᠳᠠᠢ᠃
ᠵᠢᠷᠭᠤᠭ᠎ᠠ᠎ᠳᠤ᠂ ᠲᠤᠭ᠍ᠲᠠᠮᠠᠯ ᠪᠠ ᠨᠡᠭᠦᠳᠡᠯ᠎ᠢ ᠤᠶᠠᠯᠳᠤᠭᠤᠯᠤᠭ᠍ᠰᠠᠨ ᠮᠠᠯᠵᠢᠬᠤ ᠣᠷᠣᠨ᠎ᠤ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠬᠡᠷᠡᠭ᠌ᠲᠡᠶ᠃ ᠵᠢᠵᠢᠭ ᠡᠮ᠎ᠤᠨ ᠬᠠᠢᠷᠴᠠᠭ᠎ᠤᠨ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠨᠡᠭᠦᠳᠡᠯ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠥᠷᠲᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠡᠮᠴᠢᠯᠡᠭᠡᠨ᠎ᠤ ᠪᠠᠢᠭᠤᠯᠤᠮᠵᠢ᠎ᠠᠴᠠ ᠨᠡᠯᠢᠶᠡᠳ ᠬᠤᠯᠠ ᠪᠠᠢᠭ᠎ᠠ ᠮᠠᠯᠵᠢᠬᠤ ᠲᠠᠷᠢᠶᠠᠯᠠᠬᠤ ᠡᠷᠦᠬᠡ᠎ᠶ᠋ᠢᠨ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠠᠰᠠᠭᠤᠳᠠᠯ᠎ᠢ ᠱᠢᠢᠳᠪᠦᠷᠢᠯᠡᠬᠦ᠌ ᠭᠡᠷᠡᠭ᠌ᠳᠠᠢ᠃
ᠳᠣᠯᠤᠭ᠎ᠠ᠎ᠳᠤ᠂ ᠪᠥᠬᠦ᠌ ᠠᠷᠠᠳ᠎ᠤᠨ ᠡᠷᠡᠭᠦᠯ ᠮᠡᠨᠳᠦ᠎ᠶ᠋ᠢᠨ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠭᠡᠷᠡᠭ᠌ᠳᠠᠢ᠃ ᠪᠥᠬᠦ᠌ ᠠᠷᠠᠳ᠎ᠤᠨ ᠡᠷᠡᠭᠦᠯ ᠮᠡᠨᠳᠦ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠪᠴᠠᠩ᠂ ᠤᠯᠤᠰ᠎ᠤᠨ ᠲᠠᠪᠴᠠᠩ ᠪᠣᠯᠤᠨ 12 ᠠᠢᠮᠠᠭ ᠬᠤᠲᠠ᠎ᠶ᠋ᠢᠨ ᠲᠠᠪᠴᠠᠩ᠎ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠪᠡᠶᠡᠯᠡᠭᠦᠯᠵᠦ᠍᠂ ᠲᠠᠪᠴᠠᠩ᠎ᠤᠨ ᠴᠢᠳᠠᠮᠵᠢ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠤᠨ᠂ ᠬᠡᠷᠡᠭ᠌ᠯᠡᠭᠡᠨ᠎ᠤ ᠬᠡᠪᠴᠢᠶ᠎ᠡ᠎ᠶ᠋ᠢ ᠥᠷᠭᠡᠳᠭᠡᠬᠦ᠌ ᠬᠡᠷᠡᠭ᠌ᠲᠡᠶ᠃