ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠮᠠᠨ᠎ᠤ ᠤᠷᠤᠨ ᠡᠨᠡ ᠵᠢᠯ ᠲᠥᠪᠯᠡᠷᠡᠩᠭᠦᠶ ᠮᠠᠶᠢᠭ᠎ᠤᠨ ᠰᠠᠯᠬᠢᠨ ᠬᠦᠴᠦᠨ᠎ᠢᠶᠠᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠎ᠢ 1000 ᠲᠦᠮᠡᠨ ᠺᠢᠯᠦᠸᠠᠲ ᠱᠢᠨ᠎ᠡ᠎ᠪᠠᠷ ᠲᠣᠬᠢᠷᠠᠭᠤᠯᠬᠤ᠎ᠪᠠᠷ ᠲᠥᠯᠥᠪᠯᠡᠵᠦ᠍ ᠪᠣᠶ᠃ ᠲᠦᠷᠦᠭᠦᠬᠡᠨ ᠳᠠᠷᠤᠮᠠᠯᠯᠠᠨ ᠲᠠᠷᠬᠠᠭᠠᠭ᠍ᠰᠠᠨ 《ᠥᠪᠥᠷ ᠮᠣᠩᠭᠤᠯ᠎ᠤᠨ ᠡᠨᠧᠷᠭᠢ᠎ᠶ᠋ᠢᠨ ᠲᠣᠪᠴᠢᠶ᠎ᠠ᠎ᠶ᠋ᠢᠨ 2021 ᠣᠨ᠎ᠤ ᠰᠠᠯᠬᠢᠨ ᠬᠦᠴᠦᠨ᠎ᠢᠶᠠᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠨᠡᠭᠡᠭᠡᠨ ᠬᠥᠭ᠌ᠵᠢᠭᠦᠯᠬᠦ᠌ ᠪᠥᠲᠥᠭᠡᠨ ᠪᠠᠢᠭᠤᠯᠤᠯᠲᠠ᠎ᠶ᠋ᠢᠨ ᠬᠤᠯᠪᠣᠭ᠍ᠳᠠᠯ ᠪᠥᠬᠦᠶ ᠵᠦᠶᠯᠡᠰ᠎ᠤᠨ ᠲᠤᠬᠠᠶ ᠮᠡᠳᠡᠭ᠌ᠳᠡᠯ》 ᠤᠨ ᠱᠠᠭᠠᠷᠳᠠᠯᠭ᠎ᠠ ᠶᠣᠰᠣᠭᠠᠷ᠂ ᠮᠠᠨ᠎ᠤ ᠣᠷᠣᠨ ᠡᠯᠪᠡᠭ ᠪᠠᠶᠠᠯᠢᠭ ᠰᠠᠯᠬᠢᠨ᠎ᠤ ᠡᠨᠧᠷᠭᠢ᠂ ᠨᠡᠷᠡᠨ᠎ᠤ ᠡᠨᠧᠷᠭᠢ᠎ᠶ᠋ᠢᠨ ᠡᠬᠢ ᠪᠠᠶᠠᠯᠢᠭ᠎ᠲᠤ ᠰᠠᠭᠤᠷᠢᠯᠠᠨ᠂ ᠨᠢᠭᠡ ᠪᠦᠯᠦᠭ ᠲᠥᠪᠯᠡᠷᠡᠩᠭᠦᠶ ᠮᠠᠶᠢᠭ᠎ᠤᠨ ᠰᠠᠯᠬᠢᠨ ᠬᠦᠴᠦᠨ᠎ᠢᠶᠠᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠪᠠᠲᠤᠯᠠᠭ᠎ᠠ᠎ᠶ᠋ᠢᠨ ᠴᠢᠨᠠᠷᠲᠠᠶ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠪᠠᠷ ᠪᠠᠢᠨ᠎ᠠ᠃ ᠴᠥᠯᠯᠡᠷᠬᠡᠭ ᠭᠠᠵᠠᠷ ᠣᠷᠣᠨ᠂ ᠬᠢᠯᠢ ᠳᠠᠭᠠᠤ ᠤᠷᠤᠨ᠂ ᠨᠡᠭᠦᠷᠡᠰᠦ ᠮᠠᠯᠲᠠᠭ᠍ᠰᠠᠨ᠎ᠠᠴᠠ ᠪᠣᠯᠵᠤ ᠳᠣᠷᠣᠭ᠍ᠰᠢ ᠰᠠᠭᠤᠭ᠍ᠰᠠᠨ ᠣᠷᠣᠨ᠂ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠱᠢᠷᠣᠶ ᠭᠠᠳᠠᠭ᠍ᠰᠢᠯᠠᠭᠤᠯᠬᠤ ᠲᠠᠯᠠᠪᠠᠶ ᠵᠡᠷᠭᠡ ᠭᠠᠵᠠᠷ᠎ᠲᠤ ᠭᠤᠣᠯᠳᠠᠯᠭ᠎ᠠ᠎ᠲᠠᠢ ᠨᠢᠭᠡᠳᠦᠯᠲᠡᠶ ᠲᠥᠯᠥᠪᠵᠢᠭᠦᠯᠦᠨ᠂ ᠡᠮᠬᠢ ᠵᠢᠷᠤᠮ᠎ᠲᠠᠢ᠂ ᠠᠯᠬᠤᠮ ᠬᠤᠪᠢᠶᠠᠨ ᠶᠠᠪᠤᠭ᠍ᠳᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠳᠤ ᠨᠡᠢᠴᠡᠬᠦ᠌ ᠲᠥᠪᠯᠡᠷᠡᠩᠭᠦᠢ ᠨᠡᠭᠡᠭᠡᠨ ᠬᠥᠭ᠌ᠵᠢᠭᠦᠯᠬᠦ᠌ ᠲᠥᠷᠥᠯ ᠵᠦᠢᠯ᠎ᠢ ᠳᠡᠮᠵᠢᠵᠦ᠍᠂ ᠰᠠᠯᠬᠢᠨ᠂ ᠨᠠᠷᠠᠨ᠎ᠤ ᠭᠡᠷᠡᠯ᠎ᠤᠨ ᠡᠬᠢ ᠪᠠᠶᠠᠯᠢᠭ᠂ ᠭᠠᠵᠠᠷ᠎ᠤᠨ ᠪᠠᠢᠴᠠ᠎ᠶ᠋ᠢᠨ ᠨᠥᠬᠦᠴᠡᠯ ᠪᠠ ᠪᠦᠲᠦᠭᠡᠨ ᠪᠠᠢᠭᠤᠯᠬᠤ ᠨᠥᠬᠦᠴᠡᠯ᠎ᠢᠶᠠᠷ ᠰᠠᠢᠨ᠂ ᠠᠢᠮᠠᠭ ᠬᠤᠲᠠ᠎ᠶ᠋ᠢᠨ ᠳᠡᠮᠵᠢᠯᠭᠡ᠎ᠶ᠋ᠢ ᠨᠡᠯᠢᠶᠡᠳ ᠶᠡᠭᠡ ᠡᠷᠴᠢᠮᠵᠢᠭᠦᠯᠦᠭ᠌ᠰᠡᠨ ᠪᠠ ᠲᠥᠪᠯᠡᠷᠡᠭ᠌ᠰᠡᠨ ᠨᠡᠭᠡᠭᠡᠨ ᠬᠥᠭ᠌ᠵᠢᠭᠦᠯᠬᠦ᠌ ᠲᠥᠷᠥᠯ ᠵᠦᠢᠯ᠎ᠢ ᠤᠷᠢᠳ᠎ᠢᠶᠠᠷ ᠲᠣᠬᠢᠷᠠᠭᠤᠯᠬᠤ ᠪᠤᠯᠤᠨ᠎ᠠ᠃
2021 ᠣᠨ᠎ᠳᠤ 380 ᠲᠦᠮᠡᠨ ᠺᠢᠯᠦᠸᠠᠲ᠎ᠤᠨ ᠲᠥᠪᠯᠡᠷᠡᠩᠬᠦᠢ ᠮᠠᠶᠢᠭ᠎ᠤᠨ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠎ᠢ ᠱᠢᠨ᠎ᠡ᠎ᠪᠠᠷ ᠲᠣᠬᠢᠷᠠᠭᠤᠯᠤᠨ᠎ᠠ᠃ ᠡᠭᠦᠨ᠎ᠳᠤ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠳᠤ 330 ᠲᠦᠮᠡᠨ ᠺᠢᠯᠦᠸᠠᠲ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠳᠤ 50 ᠲᠦᠮᠡᠨ ᠺᠢᠯᠦᠸᠠᠲ ᠲᠤᠬᠢᠷᠠᠭᠤᠯᠤᠨ᠎ᠠ᠃ 620 ᠲᠦᠮᠡᠨ ᠺᠢᠯᠦᠸᠠᠲ᠎ᠤᠨ ᠲᠥᠪᠯᠡᠷᠡᠩᠭᠦᠶ ᠮᠠᠶᠢᠭ᠎ᠤᠨ ᠰᠠᠯᠬᠢᠨ ᠬᠦᠴᠦᠨ᠎ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠎ᠢ ᠱᠢᠨ᠎ᠡ᠎ᠪᠠᠷ ᠲᠣᠬᠢᠷᠠᠭᠤᠯᠵᠤ᠂ ᠡᠭᠦᠨ᠎ᠳᠤ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠳᠤ 440 ᠲᠦᠮᠡᠨ ᠺᠢᠯᠦᠸᠠᠲ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠳᠤ 180 ᠲᠦᠮᠡᠨ ᠺᠢᠯᠦᠸᠠᠲ ᠲᠤᠬᠢᠷᠠᠭᠤᠯᠬᠤ᠎ᠪᠠᠷ ᠪᠤᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号