ᠪᠤᠭᠤᠲᠤ ᠬᠤᠲᠠ᠎ᠶ᠋ᠢᠨ ᠴᠠᠭ ᠠᠭᠤᠷ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ ᠱᠢᠯᠢᠳᠡᠭ ᠱᠠᠩᠨᠠᠯ ᠭᠥᠷᠳᠡᠪᠡ
2021-10-10 12:39:37
ᠵᠣᠬᠢᠶᠠᠭ᠍ᠴᠢ᠄
ᠭᠤᠤ ᠬᠤᠨᠭ᠌ ᠯᠢᠶᠠᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ 《2021 ᠣᠨ᠎ᠤ ᠴᠠᠭ ᠠᠭᠤᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠯᠠᠭ᠎ᠠ᠎ᠶ᠋ᠢᠨ ᠭᠠᠷᠠᠭ᠎ᠤᠨ ᠱᠢᠯᠢᠳᠡᠭ ᠵᠣᠬᠢᠶᠠᠨ ᠪᠠᠢᠭᠤᠯᠬᠤ ᠨᠢᠭᠡᠴᠢ ᠵᠢᠴᠢ ᠠᠵᠢᠯᠯᠠᠭ᠎ᠠ᠎ᠶ᠋ᠢᠨ ᠦᠵᠡᠰᠭᠦᠯᠡᠩ᠎ᠢ ᠨᠡᠢᠲᠡᠯᠡᠬᠦ᠌ ᠲᠤᠬᠠᠶ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠪᠠ᠃ ᠡᠯ᠎ᠡ ᠨᠢᠭᠡᠴᠢ᠎ᠶ᠋ᠢᠨ ᠴᠠᠭ ᠠᠭᠤᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠯᠠᠭ᠎ᠠ᠎ᠶ᠋ᠢᠨ ᠭᠠᠷᠠᠭ᠎ᠤᠨ ᠵᠣᠬᠢᠶᠠᠨ ᠪᠠᠢᠭᠤᠯᠵᠤ ᠬᠡᠷᠡᠭ᠌ᠵᠢᠭᠦᠯᠦᠭ᠌ᠰᠡᠨ ᠪᠠᠢᠳᠠᠯ᠎ᠳᠤ ᠳ᠋ᠦᠩᠨᠡᠯᠲᠡ ᠬᠢᠵᠤ᠂ ᠬᠢᠨᠠᠨ ᠵᠥᠪᠱᠢᠶᠡᠷᠡᠬᠦ᠌ ᠪᠠ ᠶᠡᠷᠦᠩᠬᠡᠢᠯᠡᠨ ᠦᠨᠡᠯᠡᠭ᠌ᠰᠡᠨ ᠰᠠᠭᠤᠷᠢᠨ ᠳᠡᠭᠡᠷ᠎ᠡ᠂ 21 ᠨᠢᠭᠡᠴᠢ᠎ᠶ᠋ᠢ 2021 ᠣᠨ᠎ᠤ ᠴᠠᠭ ᠠᠭᠤᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠯᠠᠭ᠎ᠠ᠎ᠶ᠋ᠢᠨ ᠭᠠᠷᠠᠭ᠎ᠤᠨ ᠱᠢᠯᠢᠳᠡᠭ ᠵᠣᠬᠢᠶᠠᠨ ᠪᠠᠢᠭᠤᠯᠬᠤ ᠨᠢᠭᠡᠴᠢ᠎ᠪᠠᠷ ᠲᠣᠭ᠍ᠲᠠᠭᠠᠪᠠ᠃ 15 ᠵᠦᠢᠯ᠎ᠤᠨ ᠠᠵᠢᠯᠯᠠᠭ᠎ᠠ᠎ᠶ᠋ᠢ 2021 ᠣᠨ᠎ᠤ ᠴᠠᠭ ᠠᠭᠤᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠯᠠᠭ᠎ᠠ᠎ᠶ᠋ᠢᠨ ᠭᠠᠷᠠᠭ᠎ᠤᠨ ᠱᠢᠯᠢᠳᠡᠭ ᠠᠵᠢᠯᠯᠠᠭ᠎ᠠ᠎ᠪᠠᠷ ᠨᠡᠢᠳᠡᠯᠡᠪᠡ᠃ ᠡᠭᠦᠨ᠎ᠳᠤ᠂ 《ᠪᠤᠭᠤᠲᠤ ᠬᠤᠲᠠ᠎ᠶ᠋ᠢᠨ ᠵᠣᠬᠢᠶᠠᠮᠠᠯ ᠣᠶᠤᠨ᠎ᠤ ᠫᠷᠤᠭ᠌ᠷᠠᠮ ᠨᠠᠢᠷᠠᠭᠤᠯᠬᠤ ᠰᠤᠷᠭᠠᠨ ᠬᠥᠮᠦᠵᠢᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ ᠵᠢᠴᠢ ᠴᠠᠭ ᠠᠭᠤᠷ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ 3D ᠺᠠᠷᠲ᠋ᠣᠨ ᠫᠷᠤᠭ᠌ᠷᠠᠮ ᠨᠠᠢᠷᠠᠭᠤᠯᠬᠤ ᠠᠵᠢᠯᠯᠠᠭ᠎ᠠ》 2021 ᠣᠨ᠎ᠤ ᠪᠥᠬᠦ᠌ ᠤᠯᠤᠰ᠎ᠤᠨ ᠴᠠᠭ ᠠᠭᠤᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠯᠠᠭᠠᠨ᠎ᠤ ᠭᠠᠷᠠᠭ᠎ᠤᠨ ᠱᠢᠯᠢᠳᠡᠭ ᠠᠵᠢᠯᠯᠠᠭ᠎ᠠ᠎ᠶ᠋ᠢᠨ ᠱᠠᠩᠨᠠᠯ᠎ᠢ ᠭᠥᠷᠳᠡᠪᠡ᠃ 

《ᠪᠤᠭᠤᠲᠤ ᠬᠤᠲᠠ᠎ᠶ᠋ᠢᠨ ᠵᠣᠬᠢᠶᠠᠮᠠᠯ ᠣᠶᠤᠨ᠎ᠤ ᠫᠷᠤᠭ᠌ᠷᠠᠮ ᠨᠠᠢᠷᠠᠭᠤᠯᠬᠤ ᠰᠤᠷᠭᠠᠨ ᠬᠥᠮᠦᠵᠢᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ ᠵᠢᠴᠢ ᠴᠠᠭ ᠠᠭᠤᠷ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ 3D ᠺᠠᠷᠲ᠋ᠣᠨ ᠫᠷᠤᠭ᠌ᠷᠠᠮ ᠨᠠᠢᠷᠠᠭᠤᠯᠬᠤ ᠠᠵᠢᠯᠯᠠᠭ᠎ᠠ》 ᠎ᠶ᠋ᠢ ᠪᠤᠭᠤᠲᠤ ᠬᠤᠲᠠ᠎ᠶ᠋ᠢᠨ ᠴᠠᠭ ᠠᠭᠤᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠪᠤᠭᠤᠲᠤ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ ᠪᠠ ᠪᠤᠭᠤᠲᠤ ᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ ᠬᠠᠮᠵᠢᠯᠴᠠᠨ ᠡᠷᠭᠢᠯᠡᠪᠡ᠃ ᠲᠣᠰ ᠤᠳᠠᠭᠠᠨ᠎ᠤ ᠠᠵᠢᠯᠯᠠᠭ᠎ᠠ 《ᠴᠠᠭ ᠠᠭᠤᠷ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠠ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠮᠡᠳᠡᠯᠭᠡ᠎ᠶ᠋ᠢ ᠤᠬᠠᠭᠤᠯᠬᠤ》 ᠎ᠪᠠᠷ ᠭᠤᠤᠯ ᠰᠡᠳᠦᠪ ᠪᠣᠯᠭᠠᠵᠤ᠂ ᠪᠥᠬᠦ᠌ ᠬᠤᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠬᠠᠨᠳᠤᠭᠤᠯᠤᠨ ᠥᠷᠨᠢᠭᠦᠯᠵᠦ᠍᠂ 3D ᠺᠠᠷᠲ᠋ᠣᠨ ᠫᠷᠤᠭ᠌ᠷᠠᠮ ᠨᠠᠢᠷᠠᠭᠤᠯᠬᠤ ᠪᠠᠭᠠᠵᠢ᠎ᠪᠠᠷ ᠳᠠᠮᠵᠢᠭᠤᠯᠤᠨ ᠫᠷᠤᠭ᠌ᠷᠠᠮ ᠨᠠᠢᠷᠠᠭᠤᠯᠵᠤ ᠵᠣᠬᠢᠶᠠᠨ ᠪᠦᠲᠦᠭᠡᠬᠦ᠌᠎ᠶ᠋ᠢ ᠱᠠᠭᠠᠷᠳᠠᠪᠠ᠃ ᠥᠷᠭᠡᠨ ᠣᠯᠠᠨ ᠵᠠᠯᠠᠭᠤᠴᠤᠳ ᠪᠠᠭᠠᠴᠤᠳ᠎ᠲᠤ ᠴᠠᠭ ᠠᠭᠤᠷ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠠ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠮᠡᠳᠡᠯᠭᠡ᠎ᠶ᠋ᠢ ᠳᠡᠯᠭᠡᠷᠡᠭᠦᠯᠬᠦ᠌᠎ᠶ᠋ᠢᠨ ᠬᠠᠮᠲᠤ ᠵᠠᠯᠠᠭᠤᠴᠤᠳ ᠪᠠᠭᠠᠴᠤᠳ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠠ ᠫᠷᠤᠭ᠌ᠷᠠᠮ ᠨᠠᠢᠷᠠᠭᠤᠯᠬᠤ ᠮᠡᠳᠡᠯᠭᠡ᠎ᠶ᠋ᠢᠨ ᠳᠤᠷ᠎ᠠ ᠰᠣᠨᠢᠷᠬᠠᠯ᠎ᠢ ᠬᠥᠭ᠌ᠵᠢᠭᠡᠵᠦ᠍᠂ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠶ᠋ᠢ ᠬᠥᠮᠦᠵᠢᠭᠦᠯᠬᠦ᠌᠎ᠶ᠋ᠢ ᠵᠤᠷᠢᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号