487 ᠭᠡᠱᠢᠭᠦᠨ 1540 ᠭᠠᠷᠤᠢ ᠤᠳᠠᠭ᠎ᠠ ᠤᠬᠠᠭᠤᠯᠤᠨ ᠲᠠᠢᠯᠪᠤᠷᠢᠯᠠᠵᠦ᠍ 3.1 ᠲᠦᠮᠡᠨ ᠬᠦᠮᠦᠨ ᠤᠳᠠᠭ᠎ᠠ ᠤᠷᠤᠯᠴᠠᠯ᠎ᠠ —
9 ᠰᠠᠷ᠎ᠠ᠎ᠶ᠋ᠢᠨ 11 ᠤ ᠦᠳᠡ᠎ᠶ᠋ᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠪᠠᠶᠠᠨᠬᠤᠱᠢᠭᠤ ᠪᠠᠯᠭᠠᠰᠤ᠎ᠶ᠋ᠢᠨ ᠱᠢᠷᠡᠳᠤᠪᠤ ᠭᠠᠴᠠᠭᠠᠨ᠎ᠤ ᠨᠠᠮ᠎ᠤᠨ ᠭᠡᠱᠢᠭᠦᠨ ᠪᠠ ᠤᠯᠠᠨ ᠲᠦᠮᠡᠨ᠎ᠳᠤ ᠦᠢᠯᠡᠴᠢᠯᠡᠬᠦ᠌ ᠲᠦᠪ᠎ᠤᠨ ᠬᠦᠷᠢᠶᠡᠨ᠎ᠳᠤ ᠬᠦᠷ ᠬᠦᠭ᠌ᠵᠢᠶᠡᠨ ᠶᠡᠭᠡᠳᠡᠢ᠃ ᠠᠯᠢᠮ᠎ᠠ ᠵᠢᠮᠢᠰ᠎ᠨᠢ ᠪᠤᠯᠪᠠᠰᠤᠷᠠᠭᠠᠳ ᠮᠦᠴᠢᠷ ᠨᠠᠮᠠᠭ᠎ᠠ᠎ᠪᠠᠨ ᠲᠠᠭᠠᠭᠠᠵᠦ᠍ ᠶᠠᠳᠠᠳᠠᠯ᠎ᠠ ᠮᠤᠨᠴᠤᠭ᠍ᠯᠠᠭ᠍ᠰᠠᠨ ᠵᠢᠮᠢᠰ᠎ᠤᠨ ᠮᠤᠳᠤᠨ᠎ᠤ ᠲᠡᠷᠭᠡᠳᠡ ᠬᠦᠮᠦᠰ ᠱᠢᠷᠡᠭᠡ ᠲᠤᠭᠤᠢ᠍ᠢᠯᠠᠨ ᠰᠠᠭᠤᠯᠴᠠᠭᠠᠳ ᠬᠤᠷᠴᠢᠨ ᠠᠷᠠᠳ᠎ᠤᠨ ᠲᠠᠭᠤᠤ᠎ᠪᠠᠨ ᠪᠠᠭ᠍ᠠᠷᠬᠠᠨ ᠰᠤᠨᠤᠰᠴᠠᠭᠠᠨ᠎ᠠ᠃ ᠲᠠᠮᠠᠬᠢ᠎ᠪᠠᠨ ᠳᠠᠳᠠᠴᠢᠬᠠᠵᠠᠢ᠂ ᠵᠢᠮᠢᠰ᠎ᠢᠶᠠᠨ ᠢᠳᠡᠴᠢᠬᠡᠵᠡᠢ᠂ ᠠᠯᠢᠶ᠎ᠠ ᠵᠢᠭᠠᠬᠠᠨ ᠭᠡᠦᠭᠡᠳ᠎ᠨᠢ ᠱᠢᠷᠡᠭᠡ ᠲᠤᠭᠤᠢ᠍ᠢᠯᠠᠭᠠᠳ ᠭᠦᠶᠦᠴᠢᠬᠡᠵᠡᠢ ᠁ ᠠᠯᠳᠠᠨ ᠨᠠᠮᠤᠷ᠎ᠤᠨ ᠱᠢᠷᠭᠠᠯ ᠡᠳᠦᠷ᠎ᠤᠨ ᠬᠦᠳᠡᠭᠡ᠎ᠶ᠋ᠢᠨ ᠪᠤᠷᠤ ᠵᠢᠷᠤᠭ ᠰᠡᠳᠭᠢᠯ᠎ᠳᠤ ᠲᠠᠩᠴᠤ᠌ ᠲᠠᠭᠠᠳᠠᠢᠬᠠᠨ᠃ ᠭᠡᠨ᠎ᠤ ᠲᠠᠷᠢᠶ᠎ᠠ ᠲᠡᠯᠪᠡ ᠲᠦᠷᠦᠵᠡᠢ᠂ ᠬᠡᠨ᠎ᠤ᠎ᠬᠢᠨ ᠦᠭᠡᠷ᠎ᠢᠶᠠᠨ ᠭᠡᠳᠦᠨ ᠲᠦᠮᠡ᠎ᠪᠠᠷ ᠬᠤᠳᠠᠯᠳᠤᠪᠠ ᠭᠡᠳ ᠠᠵᠠ ᠵᠢᠷᠭᠠᠯᠳᠤ ᠠᠮᠢᠳᠤᠷᠠᠯ᠎ᠢᠶᠠᠨ ᠠᠳᠠᠭ᠎ᠠ ᠵᠢᠳᠦᠭᠡ᠎ᠲᠠᠢ ᠱᠢᠬ ᠵᠤᠭᠤᠭ᠍ᠳᠠᠭᠠᠳ ᠰᠠᠭᠤᠬᠤ᠎ᠳᠤ ᠠᠷᠠᠳ᠎ᠤᠨ ᠲᠠᠭᠤᠤ᠎ᠶ᠋ᠢᠨ ᠬᠢᠨᠢ ᠡᠭᠡᠱᠢᠭ ᠡᠭᠡ ᠲᠡᠯᠡᠬᠡᠢ᠎ᠶ᠋ᠢ ᠤᠶᠠᠷᠠᠭᠠᠨ᠎ᠠ᠃

ᠱᠢᠷᠡᠳᠤᠪᠤ ᠭᠠᠴᠠᠭᠠᠨ᠎ᠤ ᠠᠷᠠᠳ ᠼᠠᠢ ᠱᠢᠶᠠ ᠪᠠᠭ᠍ᠰᠢ᠎ᠶ᠋ᠢ ᠬᠦᠷᠢᠶᠡᠯᠡᠵᠤ ᠰᠠᠭᠤᠭᠠᠳ ᠲᠦᠪ᠎ᠤᠨ ᠦᠨᠳᠤᠰᠤᠳᠡᠨ᠎ᠤ ᠠᠵᠢᠯ᠎ᠤᠨ ᠬᠤᠷᠠᠯ᠎ᠤᠨ ᠲᠤᠬᠠᠢ ᠵᠤᠭᠤᠭ ᠲᠠᠯᠬᠡᠨᠠ᠃
ᠪᠢᠯᠢᠭ᠌ᠲᠦ ᠰᠡᠭᠦᠳᠡᠷᠯᠡᠪᠡ
《ᠵᠠ᠂ ᠤᠳᠤ ᠬᠤᠭᠤᠷᠳᠠᠬᠤ᠎ᠪᠠᠨ ᠵᠤᠭ᠍ᠰᠤ ᠡ! 〈ᠡᠭᠦᠳᠡᠨ ᠡᠮᠦᠨᠡᠬᠢ ᠵᠤᠭᠤᠭ᠎ᠤᠨ ᠪᠦᠯᠬᠦᠮ〉 ᠤᠨ ᠪᠠᠭ᠍ᠰᠢ ᠪᠢᠳᠠᠨ᠎ᠲᠠᠢ ᠵᠤᠭᠤᠭ᠍ᠳᠠᠬᠤᠪᠠᠷ ᠢᠷᠡᠯ᠎ᠡ᠂ ᠡᠨᠡ ᠡᠳᠦᠷ᠎ᠤᠨ ᠵᠤᠭᠤᠭ ᠵᠢᠩᠬᠢᠨᠢ᠎ᠪᠠᠷ ᠡᠬᠢᠯᠡᠨ᠎ᠡ》 ᠭᠡᠵᠦ᠍ ᠱᠢᠷᠡᠳᠤᠪᠤ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠯᠢᠦ ᠬᠠᠢ ᠯᠢᠨ 《ᠵᠠᠷᠯᠢᠬ》 ᠪᠠᠭᠤᠯ᠎ᠠ᠃ ᠡᠨᠡ ᠡᠳᠦᠷ᠎ᠤᠨ ᠵᠤᠭᠤᠭ᠎ᠤᠨ ᠭᠤᠤᠯ ᠠᠭᠤᠯᠭ᠎ᠠ᠎ᠨᠢ ᠬᠠᠷᠢᠨ ᠲᠦᠪ᠎ᠤᠨ ᠦᠨᠳᠦᠰᠦᠳᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢᠨ ᠲᠤᠬᠠᠢ ᠪᠠᠢᠯ᠎ᠠ᠃
ᠪᠠᠶᠠᠨᠬᠤᠱᠢᠭᠤ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠼᠠᠢ ᠱᠢᠶᠠ ᠬᠦᠷᠦᠯᠴᠡᠨ ᠢᠷᠡᠵᠤ ᠨᠡᠢᠰᠯᠡᠯ ᠪᠡᠭᠡᠵᠢᠩ᠎ᠳᠤ ᠬᠤᠷᠠᠯᠳᠤᠭ᠍ᠰᠠᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠤᠯᠠᠨ ᠲᠦᠮᠡᠨ᠎ᠤ ᠤᠢ᠍ᠢᠯᠠᠭᠠᠬᠤ᠎ᠳᠤ ᠳᠦᠭᠦᠮ ᠵᠤᠭᠤᠭ᠎ᠤᠨ ᠬᠡᠯᠪᠡᠷᠢ᠎ᠪᠠᠷ ᠤᠯᠠᠮᠵᠢᠯᠠᠨ ᠶᠠᠷᠢᠵᠦ᠍ ᠭᠠᠷᠤᠯ᠎ᠠ᠃
— ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠳᠤᠷ ᠬᠢᠬᠦ᠌᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠤᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠪᠠᠷ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠱᠢᠵᠢᠮ ᠪᠤᠯᠭᠠᠬᠤ ᠬᠡᠷᠡᠭ᠌ᠲᠡᠢ᠃ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠨᠡᠢᠲᠡᠯᠢᠭ ᠴᠢᠨᠠᠷ᠎ᠢ ᠨᠡᠮᠡᠭ᠌ᠳᠡᠭᠦᠯᠦᠨ᠂ ᠵᠥᠷᠢᠶᠡᠲᠦ ᠴᠢᠨᠠᠷ᠎ᠢ ᠬᠦᠨᠳᠦᠳᠭᠡᠨ ᠪᠠᠭ᠍ᠲᠠᠭᠠᠬᠤ ᠪᠣᠯ ᠦᠨᠳᠦᠰᠦᠲᠡᠨ᠎ᠤ ᠠᠵᠢᠯ᠎ᠤᠨ ᠴᠢᠬᠤᠯᠠ ᠵᠠᠷᠴᠢᠮ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠠ ᠡᠯ᠎ᠡ ᠦᠨᠳᠦᠰᠦᠲᠡᠨ᠎ᠤ ᠤᠬᠠᠮᠰᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠦᠨᠳᠦᠰᠦᠲᠡᠨ᠎ᠨᠦᠭᠦᠳ ᠳᠤᠮᠳᠠᠳᠤ᠎ᠶ᠋ᠢᠨ ᠦᠨᠳᠦᠰᠦᠲᠡᠨ᠎ᠤ ᠠᠱᠢᠭ ᠲᠤᠰᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠬᠦᠳᠦᠯᠦᠨ ᠲᠠᠭᠠᠭᠤᠯᠵᠤ᠂ ᠲᠤᠰ ᠦᠨᠳᠦᠰᠦᠲᠡᠨ᠎ᠤ ᠤᠬᠠᠮᠰᠠᠷ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠳᠠᠭᠠᠬᠤ ᠪᠠ ᠲᠡᠭᠦᠨ᠎ᠳᠤ ᠦᠢᠯᠡᠴᠢᠯᠡᠬᠦ᠌᠎ᠶ᠋ᠢᠨ ᠬᠠᠮᠲᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦ᠋ᠢᠯᠡ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠠᠬᠢᠴᠠ ᠳᠤᠮᠳᠠ ᠡᠯ᠎ᠡ ᠦᠨᠳᠦᠰᠦᠲᠡᠨ᠎ᠤ ᠪᠣᠳᠠᠲᠠᠢ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠬᠡᠷᠡᠭ᠌ᠲᠡᠢ᠂ ᠶᠡᠭᠡ ᠬᠢᠲᠠᠳ ᠦᠨᠳᠦᠰᠦᠲᠡᠨ᠎ᠤ ᠦᠵᠡᠯ ᠪᠠ ᠣᠷᠣᠨ ᠨᠤᠲᠤᠭ᠎ᠤᠨ ᠦᠨᠳᠦᠰᠦᠲᠡᠨ᠎ᠤ ᠦᠵᠡᠯ᠎ᠨᠢ ᠴᠥᠮ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠳᠤ ᠠᠱᠢᠭ ᠦᠭᠡᠢ ᠶᠤᠮ᠃ ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠳᠡᠵᠤ᠂ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠰᠣᠶᠣᠯ ᠪᠣᠯ ᠭᠤᠣᠯ ᠡᠰᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠡᠰᠢ᠎ᠨᠢ ᠪᠦᠳᠦᠭᠦᠨ ᠪᠠᠢᠪᠠᠯ ᠰᠠᠶᠢ ᠰᠠᠯᠠᠭ᠎ᠠ ᠨᠠᠮᠠᠭ᠎ᠠ᠎ᠨᠢ ᠢᠭ᠍ᠴᠤ ᠰᠠᠬᠤᠯᠢᠭ ᠤᠷᠭᠤᠵᠤ ᠴᠢᠳᠠᠨ᠎ᠠ᠃ ᠪᠣᠳᠠᠰ᠎ᠤᠨ ᠪᠠ ᠤᠶᠤᠨ᠎ᠤ ᠬᠠᠷᠢᠴᠠᠭ᠎ᠠ᠎ᠶ᠋ᠢ ᠵᠥᠪ ᠡᠵᠡᠮᠳᠡᠵᠦ᠍᠂ ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠠᠴᠢ ᠬᠤᠯᠪᠣᠭ᠍ᠳᠠᠯ᠂ ᠨᠢᠭᠡᠳᠦᠯ᠎ᠢ ᠬᠠᠮᠠᠭᠠᠯᠠᠬᠤ᠂ ᠬᠠᠭᠠᠴᠡᠭᠤᠯᠬᠤ᠎ᠶ᠋ᠢ ᠡᠰᠡᠷᠭᠦᠴᠡᠬᠦ᠌ ᠠᠴᠢ ᠬᠤᠯᠪᠣᠭ᠍ᠳᠠᠯ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠮᠦᠰ᠎ᠤᠨ ᠰᠡᠳᠭᠢᠯ᠎ᠢ ᠨᠢᠭ᠍ᠲᠠᠷᠠᠭᠤᠯᠬᠤ ᠠᠴᠢ ᠬᠤᠯᠪᠣᠭ᠍ᠳᠠᠯ ᠣᠯᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢ ᠡᠪᠳᠡᠷᠡᠰᠢ ᠦᠭᠡᠢ ᠪᠠᠳᠤ ᠪᠠᠬᠢ ᠪᠤᠯᠭᠠᠬᠤ ᠬᠡᠷᠡᠭ᠌ᠳᠠᠢ ᠭᠡᠬᠦ᠌ ᠮᠡᠲᠦ᠎ᠪᠠᠷ ᠶᠡᠷᠦᠩᠬᠡᠢ ᠱᠦᠵᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠭᠤᠤᠯ ᠱᠢᠵᠢᠮ》᠂ 《ᠠᠷᠪᠠᠨ ᠬᠤᠶᠠᠷ ᠡᠷᠬᠡᠪᠰᠢ》᠂ 《ᠳᠦᠷᠪᠡᠨ ᠬᠠᠷᠢᠴᠠᠭ᠎ᠠ》 ᠶ᠋ᠢ ᠵᠥᠪ ᠡᠵᠡᠮᠲᠡᠬᠦ᠌ ᠵᠡᠷᠭᠡ᠎ᠶ᠋ᠢ ᠳᠤᠷᠠᠳᠤᠭ᠍ᠰᠠᠨ ᠪᠠᠢᠨ᠎ᠠ᠃ ᠪᠢᠳᠡ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠰᠠᠢᠳᠤᠷ ᠰᠤᠷᠤᠯᠴᠠᠨ᠂ ᠬᠠᠮᠳᠤ᠎ᠪᠠᠷ ᠡᠶ᠎ᠡ ᠵᠤᠬᠢᠴᠠᠩᠭᠤᠢ ᠡᠪ ᠪᠦᠯᠬᠦᠮᠳᠡᠯ᠎ᠲᠠᠢ ᠭᠡᠷ ᠤᠷᠤᠨ᠎ᠢ ᠪᠦᠲᠦᠭᠡᠨ ᠪᠠᠢᠭᠤᠯᠬᠤ᠎ᠪᠠᠷ ᠴᠢᠷᠮᠠᠢᠵᠠᠭᠠᠶ᠎ᠠ ᠭᠡᠵᠦ᠍ ᠼᠠᠢ ᠱᠢᠶᠠ ᠪᠠᠭ᠍ᠰᠢ ᠲᠠᠢᠯᠪᠤᠷᠢᠯᠠᠨ ᠶᠠᠷᠢᠬᠤ᠎ᠳᠤ᠂ ᠵᠤᠭᠤᠭ᠎ᠲᠤ ᠲᠤᠷᠠᠳᠠᠢ ᠬᠦᠮᠦᠰ ᠦᠪᠡᠷ᠎ᠤᠨ ᠦᠢᠯᠠᠭᠠᠵᠤ ᠮᠡᠳᠡᠭ᠌ᠰᠡᠨ ᠦᠭᠡᠢ ᠵᠦᠢᠯᠡᠰ᠎ᠢᠶᠠᠨ ᠠᠰᠠᠭᠤᠨ ᠯᠠᠪᠯᠠᠵᠤ᠂ ᠰᠠᠨᠠᠯ ᠪᠤᠳᠤᠯ᠎ᠢᠶᠠᠨ ᠰᠤᠯᠢᠯᠴᠠᠨ᠂ ᠲᠠᠯᠪᠢᠬ᠍ᠰᠠᠨ ᠠᠰᠠᠭᠤᠯᠲᠠ᠎ᠳᠤᠨᠢ ᠼᠠᠢ ᠱᠢᠶᠠ ᠪᠠᠭ᠍ᠰᠢ ᠨᠠᠷᠢᠨ ᠬᠢᠨᠠᠮᠠᠭᠠᠢ ᠲᠠᠢᠯᠪᠤᠷᠢᠯᠠᠯᠲᠠ ᠬᠢᠵᠤ ᠪᠠᠢᠯ᠎ᠠ᠃
ᠵᠤᠭᠤᠭ᠎ᠤᠨ ᠲᠤᠮᠳᠠ ᠪᠠᠢᠨ ᠳᠠᠬᠢᠨ ᠲᠤᠯᠤᠭᠠᠢ ᠳᠤᠬᠢᠨ ᠰᠠᠭᠤᠭ᠍ᠰᠠᠨ ᠤᠯᠠᠨ ᠲᠦᠮᠡᠨ᠎ᠤ ᠳᠤᠮᠳᠠ᠎ᠠᠴᠠ ᠱᠢᠷᠠᠳᠤᠪᠤ ᠭᠠᠴᠠᠭᠠᠨ᠎ᠤ ᠠᠬᠠᠮᠠᠳ ᠨᠠᠮ᠎ᠤᠨ ᠭᠡᠱᠢᠭᠦᠨ ᠵᠠᠯᠠᠭᠠᠨᠵᠠᠪ ᠲᠤᠭ᠍ᠳᠤᠯᠤᠭ᠍ᠰᠠᠨ ᠰᠡᠳᠭᠢᠯᠭᠡ᠎ᠪᠠᠨ ᠳᠠᠷᠤᠵᠤ ᠶᠠᠳᠠᠨ ᠠᠷᠠᠯᠲᠤ ᠬᠤᠭᠤᠷ᠎ᠢᠶᠠᠨ ᠠᠳᠭᠤᠨ᠄
— ᠪᠠᠭ᠍ᠰᠢ᠎ᠶ᠋ᠢᠨ ᠶᠠᠷᠢᠶ᠎ᠠ᠎ᠶ᠋ᠢ ᠰᠤᠨᠤᠰᠤᠭᠠᠳ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠦᠨᠡᠨ ᠮᠦᠨᠢᠶᠠᠷᠨᠢ ᠤᠢ᠍ᠢᠯᠠᠭᠠᠵᠠᠢ᠃ ᠦᠨᠳᠦᠰᠦᠲᠡᠨ᠎ᠨᠦᠭᠦᠳ ᠪᠦᠯᠬᠦᠮᠳᠡᠵᠦ᠍᠂ 《ᠳᠤᠤᠭᠠᠷᠪᠠᠯ ᠳᠠᠭᠤᠨ ᠨᠢᠭᠡᠲᠡᠢ᠂ ᠳᠤᠭ᠍ᠲᠤᠷᠪᠠᠯ ᠬᠦᠴᠦᠨ ᠨᠢᠭᠡᠲᠡᠢ》 ᠪᠠᠢᠪᠠᠯ ᠰᠠᠶᠢ ᠤᠯᠤᠰ ᠦᠨᠳᠦᠰᠦᠲᠡᠨ ᠬᠦᠭ᠌ᠵᠢᠨ ᠬᠦᠴᠦᠷᠭᠡᠭ᠌ᠵᠢᠵᠦ᠍ ᠴᠢᠳᠠᠨ᠎ᠠ᠃ ᠤᠯᠤᠰ ᠦᠨᠳᠦᠰᠦᠲᠡᠨ ᠬᠦᠭ᠌ᠵᠢᠨ ᠬᠦᠴᠦᠷᠬᠡᠭ᠌ᠵᠢᠪᠡᠯ ᠦᠢ ᠲᠦᠮᠡᠨ ᠢᠷᠭᠡᠳ ᠰᠠᠶᠢ ᠠᠮᠤᠷ ᠲᠦᠪᠱᠢᠨ᠂ ᠪᠠᠶᠠᠨ ᠴᠢᠨᠡᠭᠡᠯᠢᠭ ᠠᠮᠢᠳᠤᠷᠠᠵᠦ᠍ ᠳᠡᠢᠯᠦᠨ᠎ᠡ᠃ ᠲᠦᠷᠦ᠍ ᠲᠦᠪᠱᠢᠨ ᠪᠤᠯᠪᠠᠰᠤ ᠲᠦᠮᠡᠨ ᠠᠮᠤᠭᠤᠯᠠᠩ᠃ ᠡᠨᠡ ᠪᠤᠯ ᠳᠠᠷᠤᠢ ᠡᠪ ᠬᠠᠮᠲᠤ ᠨᠠᠮ᠎ᠤᠨ ᠨᠢᠭᠡᠲᠦᠯᠲᠡᠢ ᠤᠳᠤᠷᠢᠳᠤᠯᠭ᠎ᠠ᠂ ᠡᠯ᠎ᠡ ᠦᠨᠳᠦᠰᠦᠳᠡᠨ᠎ᠤ ᠪᠦᠯᠬᠦᠮᠳᠡᠯ᠎ᠤᠨ ᠬᠦᠴᠦᠨ ᠶᠤᠮ ᠭᠡᠵᠦ᠍ ᠬᠤᠭᠤᠷ᠎ᠢᠶᠠᠨ ᠬᠦᠭ᠌ᠯᠡᠭᠦᠯᠵᠦ᠍ ᠬᠤᠯᠪᠤᠭ᠎ᠠ᠎ᠪᠠᠨ ᠭᠡᠯᠡᠵᠦ᠍ ᠭᠠᠷᠤᠯ᠎ᠠ᠃
— ᠦᠨᠳᠦᠰᠦᠳᠡᠨ ᠪᠦᠬᠦᠨ ᠪᠦᠯᠬᠦᠮᠳᠡᠭ᠌ᠰᠡᠨ᠎ᠢᠶᠠᠷ ᠦᠨᠦᠳᠦᠷ᠎ᠤᠨ ᠠᠮᠢᠳᠤᠷᠠᠯ ᠴᠢᠨᠡᠭᠡᠯᠢᠭ ᠪᠦᠭᠡᠳ ᠵᠢᠷᠭᠠᠯ᠎ᠲᠠᠢ᠃ ᠢᠳᠡᠬᠦ᠌ ᠡᠮᠦᠰᠭᠦ᠎ᠳᠡᠭᠡᠨ ᠵᠦᠪ ᠦᠭᠡᠢ ᠪᠠᠢᠭ᠍ᠰᠠᠨ ᠮᠠᠨ᠎ᠤ ᠭᠠᠴᠠᠭ᠎ᠠ᠎ᠪᠠᠷ ᠵᠢᠱ᠌ᠢᠶᠡᠯᠡᠬᠦ᠌᠎ᠳᠤ᠂ ᠤᠳᠤ 200 ᠲᠦᠮᠡᠨ ᠲᠦᠭᠦᠷᠢᠭ᠎ᠠᠴᠠ ᠲᠡᠭᠡᠭ᠌ᠰᠢ ᠬᠠᠳᠠᠭᠠᠯᠠᠮᠵᠢ᠎ᠲᠠᠢ ᠡᠷᠦᠭᠡ ᠬᠤᠷᠢᠭᠠᠳ᠂ 100 ᠲᠦᠮᠡ᠎ᠠᠴᠠ ᠲᠡᠭᠡᠭ᠌ᠰᠢ ᠬᠠᠳᠠᠭᠠᠯᠠᠮᠵᠢ᠎ᠲᠠᠢ ᠡᠷᠦᠭᠡ ᠪᠠᠰᠠ ᠭᠤᠴᠢ ᠭᠠᠷᠤᠢ ᠪᠤᠯᠵᠠᠢ᠃ ᠦᠷᠢ᠎ᠲᠠᠢ ᠡᠷᠦᠭᠡ ᠭᠡᠵᠦ᠍ ᠪᠠᠢᠬᠤ ᠦᠭᠡᠢ ᠪᠤᠯᠤᠭ᠍ᠰᠠᠨ ᠱᠢᠦ᠃ ᠡᠨᠡ ᠪᠦᠷ ᠨᠠᠮ ᠵᠠᠰᠠᠭ᠎ᠤᠨ ᠰᠠᠢᠨ᠂ ᠡᠶ᠎ᠡ ᠪᠦᠯᠬᠦᠮᠳᠡᠯ᠎ᠲᠠᠢ ᠪᠠᠢᠮᠠᠨ ᠡᠷᠦᠭᠡ ᠭᠡᠷ᠂ ᠴᠢᠨᠠᠭ᠍ᠰᠢᠯᠠᠭᠠᠳ ᠤᠯᠤᠰ ᠦᠨᠳᠦᠰᠦᠳᠡᠨ ᠰᠠᠶᠢ ᠬᠦᠭ᠌ᠵᠢᠵᠦ᠍ ᠴᠢᠳᠠᠨ᠎ᠠ ᠱᠢᠦ ᠬᠡᠵᠤ ᠯᠢᠦ ᠬᠠᠢ ᠯᠢᠨ ᠦᠭᠡ ᠡᠯᠭᠦᠨ ᠤᠴᠢᠷᠯᠠᠨ᠎ᠠ᠃
ᠲᠤᠰ ᠤᠳᠠᠭ᠎ᠠ᠎ᠶ᠋ᠢᠨ ᠵᠤᠭᠤᠭ᠎ᠢᠶᠠᠷ ᠳᠠᠮᠵᠢᠨ ᠭᠠᠴᠠᠭᠠᠨ᠎ᠤ ᠨᠠᠮ᠎ᠤᠨ ᠭᠡᠱᠢᠭᠦᠨ ᠺᠠᠳ᠋ᠷᠴᠤᠳ ᠠᠷᠠᠳ ᠲᠦᠮᠡᠨ᠎ᠳᠡᠭᠡᠨ ᠲᠦᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠱᠢᠰᠲ᠋ᠧᠮ᠎ᠲᠠᠢ ᠡᠵᠡᠮᠱᠢᠭᠦᠯᠵᠦ᠍᠂ ᠪᠦᠯᠬᠦᠮᠳᠡᠯ ᠨᠢᠭ᠍ᠲᠠᠷᠠᠯ᠎ᠤᠨ ᠴᠢᠬᠤᠯᠠ ᠴᠢᠨᠠᠷ᠎ᠢ ᠭᠦᠨᠵᠡᠭᠡᠢ ᠤᠢ᠍ᠢᠯᠠᠭᠠᠭᠤᠯᠵᠦ᠍᠂ ᠡᠯ᠎ᠡ ᠦᠨᠳᠦᠰᠦᠳᠡᠨ ᠬᠠᠮᠲᠤ᠎ᠪᠠᠷ ᠬᠦᠴᠢᠷ᠎ᠢ ᠲᠤᠭᠤᠯᠵᠦ᠍᠂ ᠪᠠᠶᠠᠨ ᠴᠢᠨᠡᠭᠡᠯᠢᠭ ᠭᠡᠷ ᠤᠷᠤᠨ᠎ᠢᠶᠠᠨ ᠪᠦᠲᠦᠭᠡᠨ ᠪᠠᠢᠭᠤᠯᠬᠤ ᠡᠷᠴᠢ ᠵᠤᠷᠢᠭ᠎ᠢ ᠤᠯᠠᠮ ᠬᠦᠭ᠌ᠵᠢᠬᠡᠭ᠌ᠰᠡᠨᠨᠢ ᠢᠯᠡᠬᠡᠨ᠃
— ᠪᠠᠭ᠎ᠠ ᠭᠡᠷ ᠪᠦᠯᠢ ᠪᠦᠯᠬᠦᠮᠳᠡᠯ᠎ᠲᠠᠢ ᠪᠣᠯ ᠶᠡᠭᠡ ᠭᠡᠷ ᠪᠦᠯᠢ ᠰᠠᠶᠢ ᠪᠦᠯᠬᠦᠮᠳᠡᠯ᠎ᠲᠠᠢ ᠪᠠᠢᠵᠤ ᠴᠢᠳᠠᠨ᠎ᠠ᠃ ᠪᠢᠳᠡ ᠦᠪᠡᠷ᠎ᠤᠨ ᠨᠤᠲᠤᠭ ᠤᠰᠤᠨ᠎ᠤ᠎ᠪᠠᠨ ᠡᠨᠡ ᠬᠦ᠌ ᠪᠦᠯᠬᠦᠮᠳᠡᠯ᠎ᠤᠨ ᠬᠦᠴᠦᠨ᠎ᠢᠶᠠᠨ ᠦᠪᠡᠷᠲᠡᠭᠡᠨ ᠵᠠᠰᠠᠬᠤ ᠤᠷᠤᠨ ᠨᠡᠩ ᠴᠢᠨᠠᠭ᠍ᠰᠢᠲᠠ ᠤᠯᠤᠰ ᠭᠡᠷ᠎ᠤᠨ ᠬᠡᠪᠴᠢᠶᠡᠨ᠎ᠳᠤ ᠬᠦᠷᠲᠡᠯ᠎ᠡ ᠳᠠᠮᠵᠢᠭᠤᠯᠵᠤ᠂ ᠨᠡᠩ ᠤᠯᠠᠨ ᠬᠦᠮᠦᠨ᠂ ᠨᠡᠩ ᠣᠯᠠᠨ ᠭᠠᠴᠠᠭ᠎ᠠ ᠲᠤᠰᠭᠤᠨ᠎ᠳᠤ ᠮᠡᠳᠡᠷᠡᠬᠦᠯᠦᠨ᠎ᠠ ᠭᠡᠵᠦ᠍ ᠯᠢᠦ ᠬᠠᠢ ᠯᠢᠨ ᠢᠲᠡᠭᠡᠯ ᠲᠡᠭᠦᠯᠳᠡᠷ ᠶᠠᠷᠢᠬᠤ᠎ᠳᠤ ᠪᠦᠭᠦᠳᠡᠭᠡᠷ ᠠᠯᠠᠭ᠎ᠠ ᠲᠠᠱᠢᠵᠠᠭᠠᠯᠠ᠃
ᠵᠤᠭᠤᠭ᠎ᠤᠨ ᠠᠭᠤᠯᠭ᠎ᠠ ᠲᠡᠯᠡᠷᠡᠨ ᠦᠶ᠎ᠡ ᠦᠶ᠎ᠡ ᠲᠦᠩᠬᠢᠨᠡᠳᠡᠯᠡ ᠢᠨᠢᠶᠡᠯᠴᠡᠭᠡᠳ᠂ ᠬᠠᠪᠢ ᠰᠠᠬᠠᠭᠠᠯᠳᠠ᠎ᠶ᠋ᠢᠨ ᠬᠦᠮᠦᠰ ᠴᠤᠬ᠍ᠯᠠᠷᠠᠭ᠍ᠰᠠᠭᠠᠷ ᠪᠠᠢᠯ᠎ᠠ᠃ ᠼᠠᠢ ᠱᠢᠶᠠ ᠪᠠᠭ᠍ᠰᠢ ᠵᠤᠭᠤᠭ᠎ᠤᠨ ᠲᠡᠭᠦᠰᠭᠡᠯ᠎ᠳᠡᠭᠡᠨ ᠶᠡᠷᠦᠩᠬᠡᠢ ᠱᠦᠵᠢ᠎ᠶ᠋ᠢᠨ ᠦᠭᠡ᠎ᠠᠴᠠ ᠡᠱᠢᠯᠡᠨ᠂
— ᠪᠢᠳᠠ ᠨᠢᠳᠦᠨ ᠴᠡᠴᠡᠬᠡᠢ᠎ᠪᠠᠨ ᠬᠠᠢᠷᠠᠯᠠᠬᠤ ᠱᠢᠭ᠋ ᠦᠨᠳᠦᠰᠦᠲᠡᠨ᠎ᠤ ᠪᠦᠯᠬᠦᠮᠳᠡᠯ᠎ᠢ ᠬᠠᠢᠷᠠᠯᠠᠵᠤ᠂ ᠠᠮᠢ ᠨᠠᠰᠤ᠎ᠪᠠᠨ ᠨᠠᠨᠳᠢᠩᠨᠠᠬᠤ ᠱᠢᠭ᠋ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠤᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠤᠭ᠍ᠴᠠᠯᠠᠵᠤ᠂ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠬᠠᠮᠤᠭ᠎ᠤᠨ ᠶᠡᠭᠡ ᠬᠡᠮᠵᠢᠶ᠎ᠡ᠎ᠪᠠᠷ ᠨᠢᠭ᠍ᠲᠠᠷᠠᠭᠤᠯᠤᠨ᠂ ᠦᠵᠡᠰᠭᠦᠯᠡᠩᠳᠤ ᠰᠠᠢᠬᠠᠨ ᠬᠦᠳᠡᠭᠡ ᠨᠤᠲᠤᠭ᠎ᠢᠶᠠᠨ ᠴᠤᠭ᠍ᠴᠠᠯᠠᠨ ᠪᠠᠢᠭᠤᠯᠤᠶ᠎ᠠ ᠬᠡᠵᠦ᠍ ᠤᠷᠢᠶᠠᠯᠠᠬᠤ᠎ᠳᠤ ᠬᠦᠮᠦᠰ ᠨᠢᠵᠢᠬᠢᠨᠡᠳᠡᠯ᠎ᠡ ᠠᠯᠠᠭ᠎ᠠ ᠲᠠᠱᠢᠵᠠᠭᠠᠯᠠ᠃
《ᠡᠭᠦᠳᠡᠨ ᠡᠮᠦᠨᠡᠬᠢ ᠵᠤᠭᠤᠭ᠎ᠤᠨ ᠪᠦᠯᠬᠦᠮ》 ᠪᠤᠯ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠭᠡᠯᠳᠡᠰ᠎ᠠᠴᠠ ᠤᠷᠤᠨ ᠨᠤᠲᠤᠭ᠎ᠤᠨ᠎ᠢᠶᠠᠨ ᠪᠤᠳᠠᠳᠤ ᠪᠠᠢᠳᠠᠯ᠎ᠢ ᠦᠨᠳᠦᠰᠦᠯᠡᠨ ᠰᠠᠨᠠᠭᠠᠴᠢᠯᠠᠨ ᠪᠠᠢᠭᠤᠯᠤᠭ᠍ᠰᠠᠨ᠂ ᠨᠠᠮ᠎ᠤᠨ ᠱᠤᠭᠤᠮ ᠴᠢᠭ᠌ᠯᠡᠯᠳᠡ ᠲᠦᠷᠦ᠎ᠶ᠋ᠢᠨ ᠪᠤᠳᠤᠯᠭ᠎ᠠ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠴᠠᠭ ᠲᠤᠬᠠᠢᠳᠤᠨᠢ ᠦᠨᠳᠦᠰᠦᠨ ᠱᠠᠲᠤᠨ᠎ᠳᠤ ᠬᠦᠷᠭᠡᠨ ᠤᠬᠠᠭᠤᠯᠬᠤ 《ᠡᠴᠦᠰ᠎ᠤᠨ ᠨᠢᠭᠡ ᠺᠢᠯᠤᠮᠧᠲᠷ》 ᠢ ᠰᠠᠭᠠᠳ ᠦᠭᠡᠢ ᠨᠡᠪᠲᠡᠷᠡᠭᠦᠯᠬᠦ᠌ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠪᠦᠯᠬᠦᠮ ᠪᠤᠯᠤᠨ᠎ᠠ᠃ ᠡᠨᠡ ᠵᠢᠯ᠎ᠤᠨ 5 ᠰᠠᠷ᠎ᠠ᠎ᠶ᠋ᠢᠨ ᠰᠡᠭᠦᠯᠴᠢ᠎ᠪᠠᠷ ᠪᠠᠢᠭᠤᠯᠤᠭ᠍ᠳᠠᠭ᠍ᠰᠠᠨ ᠲᠤᠰ ᠪᠦᠯᠬᠦᠮ᠎ᠨᠢ ᠤᠳᠤ ᠭᠠᠴᠠᠭᠠᠨ᠎ᠤ ᠨᠠᠮ᠎ᠤᠨ ᠡᠭᠦᠷ᠎ᠤᠨ ᠱᠦᠵᠢ᠂ ᠲᠤᠰᠭᠤᠨ᠎ᠳᠤ ᠰᠠᠭᠤᠭ᠎ᠠ ᠨᠢᠭᠡᠳᠦᠭᠡᠷ ᠱᠦᠵᠢ ᠵᠢᠴᠢ ᠬᠤᠱᠢᠭᠤᠨ᠎ᠤ ᠠᠯᠪᠠᠨ ᠪᠠᠢᠭᠤᠯᠭ᠎ᠠ᠎ᠶ᠋ᠢᠨ ᠠᠵᠢᠯᠲᠠᠨ᠂ ᠶᠤᠰᠤ ᠰᠤᠷᠲᠠᠬᠤᠨ᠎ᠤ ᠵᠢᠱ᠌ᠢᠶᠠᠴᠢ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠲᠡᠷᠢᠭᠦᠨ᠎ᠤ ᠬᠤᠪᠢ ᠬᠦᠮᠦᠨ᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ ᠪᠠ ᠰᠤᠳᠤᠯᠬᠤ ᠰᠤᠷᠤᠭ᠍ᠴᠢ ᠵᠡᠷᠭᠡ᠎ᠶ᠋ᠢ ᠪᠠᠭ᠍ᠳᠠᠭᠠᠭ᠍ᠰᠠᠨ 487 ᠭᠡᠱᠢᠭᠦᠨ᠎ᠲᠠᠢ ᠪᠤᠯᠵᠦ᠍᠂ 1540 ᠭᠠᠷᠤᠢ ᠤᠳᠠᠭ᠎ᠠ ᠤᠬᠠᠭᠤᠯᠤᠨ ᠲᠠᠢᠯᠪᠤᠷᠢᠯᠠᠬ᠍ᠰᠡᠨᠳᠤ 3.1 ᠲᠦᠮᠡᠨ ᠬᠦᠮᠦᠨ ᠤᠳᠠᠭ᠎ᠠ ᠤᠷᠤᠯᠴᠠᠵᠤ᠂ ᠨᠤᠲᠤᠭ ᠤᠰᠤᠨ᠎ᠤ ᠤᠯᠠᠨ ᠲᠦᠮᠡᠨ᠎ᠤ᠎ᠪᠠᠨ ᠬᠠᠯᠠᠭᠤᠨ ᠬᠦᠷᠢᠶᠡᠯᠡᠯ᠎ᠢ ᠤᠯᠤᠭ᠍ᠰᠠᠨ ᠪᠦᠭᠡᠳ ᠤᠬᠠᠭᠤᠯᠭ᠎ᠠ᠎ᠶ᠋ᠢᠨ ᠦᠷ᠎ᠡ ᠪᠦᠲᠦᠮᠵᠢ᠎ᠶ᠋ᠢ ᠶᠡᠭᠡ᠎ᠪᠠᠷ ᠲᠡᠭᠡᠭ᠌ᠰᠢᠯᠡᠭᠦᠯᠵᠦ᠍ ᠴᠢᠳᠠᠭ᠍ᠰᠠᠨ ᠪᠠᠢᠨ᠎ᠠ᠃
ᠦᠳᠡ᠎ᠶ᠋ᠢᠨ ᠨᠠᠷᠠᠨ ᠵᠤᠯᠠᠢ ᠲᠡᠭᠡᠷ᠎ᠡ ᠲᠦᠭᠡᠨᠡᠬᠦ᠌ᠳᠤ ᠵᠤᠭᠤᠭ᠎ᠲᠤ ᠠᠮᠳᠠᠱᠢᠬ᠍ᠰᠠᠨ ᠬᠦᠮᠦᠰ ᠭᠡᠷ ᠭᠡᠷ ᠦᠭᠡᠳᠡ᠎ᠪᠠᠨ ᠰᠠᠯᠵᠦ᠍ ᠶᠠᠳᠠᠨ ᠶᠠᠪᠤᠵᠠᠭᠠᠬᠤ᠎ᠳᠠᠭᠠᠨ ᠲᠠᠷᠠᠭ᠎ᠠ ᠤᠳᠠᠭ᠎ᠠ᠎ᠶ᠋ᠢᠨ ᠵᠤᠭᠤᠭᠢ ᠬᠠᠮᠢᠭ᠎ᠠ ᠶᠠᠮᠠᠷ ᠠᠭᠤᠯᠭ᠎ᠠ᠎ᠪᠠᠷ ᠶᠠᠪᠤᠭ᠍ᠳᠠᠭᠤᠯᠬᠤ ᠲᠤᠬᠠᠢ ᠠᠰᠠᠭᠤᠨ ᠰᠤᠷᠠᠵᠠᠭᠠᠨᠠ᠃