ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ ᠰᠤᠪᠢᠯᠠᠯᠳᠠ᠎ᠶ᠋ᠢᠨ ᠰᠤᠶᠤᠯ ᠤᠯᠠᠨ ᠲᠦᠮᠡᠨ᠎ᠳᠤ ᠲᠠᠭᠠᠱᠢᠶᠠᠭ᠍ᠳᠠᠨ᠎ᠠ
2021-10-11 09:56:12
ᠵᠣᠬᠢᠶᠠᠭ᠍ᠴᠢ᠄
​ ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆


ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ ᠪᠡᠶ᠎ᠡ ᠮᠠᠬᠠᠪᠣᠳ᠎ᠤᠨ ᠬᠡᠪ ᠪᠤᠯᠪᠠᠰᠤᠷᠠᠯ᠎ᠢ ᠰᠠ ᠵᠢᠵᠢᠷᠠᠭᠤᠯᠵᠤ᠂ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠬᠦ᠌᠎ᠶ᠋ᠢᠨ ᠲᠥᠯᠥᠭᠡ᠂ ᠤ ᠵᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠤ ᠲᠥᠪ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠶ᠋ᠯ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠳᠤ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠬᠦᠳᠡᠯᠭᠡᠭᠡᠨ᠎ᠤ ᠵᠢᠭᠠᠨ ᠰᠤᠷᠭᠠᠯᠲᠠ᠎ᠶ᠋ᠢᠨ ᠠᠵᠢᠯᠯᠠᠭ᠎ᠠ ᠥᠷᠨᠢᠭᠦᠯᠵᠦ᠍᠂ 50 ᠭᠠᠷᠤᠶ ᠠᠵᠢᠯᠲᠠᠨ ᠠᠵᠢᠯᠴᠢᠳ᠎ᠲᠤ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠲᠤᠬᠠᠢ ᠵᠢᠭᠠᠨ ᠵᠢᠯᠣᠭᠤᠳᠣᠯᠭ᠎ᠠ ᠬᠢᠪᠠ᠃

ᠤ ᠵᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠵᠢᠭᠠᠨ ᠵᠢᠯᠣᠭᠤᠳᠭᠤ ᠠᠵᠢᠯᠯᠠᠭ᠎ᠠ᠎ᠳᠤ ᠤᠷᠤᠯᠴᠠᠭ᠍ᠰᠠᠳ ᠪᠤᠯ 5 ᠰᠠᠷ᠎ᠠ᠎ᠶ᠋ᠢᠨ ᠰᠡᠭᠦᠯᠴᠢ᠎ᠪᠠᠷ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠤ ᠲᠥᠪ᠎ᠤᠨ ᠡᠷᠭᠢᠯᠡᠭ᠌ᠰᠡᠨ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠡᠢᠭᠡᠮ᠎ᠤᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠤᠳᠣᠭ᠍ᠴᠢ᠎ᠶ᠋ᠢᠨ ᠪᠣᠯᠪᠠᠰᠤᠷᠠᠯ᠎ᠤᠨ ᠠᠩᠭᠢ᠎ᠳᠤ ᠣᠷᠣᠯᠴᠠᠭ᠍ᠰᠠᠨ᠎ᠤ ᠳᠠᠷᠠᠭ᠎ᠠ᠂ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠬᠦᠳᠡᠯᠭᠡᠭᠡᠨ᠎ᠳᠤ ᠲᠦᠢᠯ᠎ᠤᠨ ᠶᠡᠭᠡ ᠳᠤᠷ᠎ᠠ ᠰᠤᠨᠢᠷᠬᠠᠯ᠎ᠲᠠᠢ ᠪᠤᠯᠤᠭ᠍ᠰᠠᠨ ᠠᠵᠢᠯᠲᠠᠨ ᠠᠵᠢᠯᠴᠢᠳ ᠪᠠ ᠵᠢᠵᠤ᠂ ᠳᠤᠮᠳᠠᠳᠤ᠎ᠶ᠋ᠢᠨ ᠤᠯᠠᠮᠵᠢᠯᠠᠯᠲᠤ ᠪᠡᠶ᠎ᠡ ᠰᠤᠪᠢᠯᠠᠬᠤ ᠰᠣᠶᠣᠯ ᠪᠠ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠬᠤ᠎ᠶ᠋ᠢ ᠵᠤᠷᠢᠵᠤ ᠰᠤᠷᠤᠯᠴᠠᠵᠤ ᠪᠠ ᠵᠢᠳᠠᠭ᠃

ᠵᠢᠭᠠᠨ ᠵᠢᠯᠤᠭᠤᠳᠤᠭ᠍ᠴᠢ ᠪᠠᠭ᠍ᠰᠢ᠎ᠶ᠋ᠢᠨ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠵᠦ᠍ ᠵᠢᠱ᠌ᠢᠶ᠎ᠡ ᠦᠵᠡᠭᠦᠯᠬᠦ᠌᠎ᠪᠠᠷ ᠳᠠᠮᠵᠢᠭᠤᠯᠤᠨ᠂ ᠪᠣᠯᠪᠠᠰᠤᠷᠠᠯ᠎ᠳᠤ ᠣᠷᠣᠯᠴᠠᠭ᠍ᠰᠠᠳ ᠨᠠᠷᠢᠨ ᠬᠢᠨᠠᠮᠠᠭᠠᠶ ᠰᠤᠷᠤᠯᠴᠠᠵᠤ᠂ ᠪᠡᠶ᠎ᠡ ᠴᠢᠬᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠠᠭᠤᠯᠤᠭ᠍ᠳᠠᠬᠤᠨ᠎ᠢ ᠰᠠ ᠵᠢᠲᠤᠷ ᠤᠬᠠᠵᠤ᠂ ᠮᠠᠰᠢ ᠶᠡᠭᠡ ᠣᠯᠤᠯᠲᠠ᠎ᠲᠠᠢ ᠪᠤᠯᠵᠤ᠂ ᠠᠮᠢᠰᠭᠤᠯ᠎ᠤᠨ ᠲᠠᠮᠢᠷ᠎ᠤᠨ ᠬᠦᠳᠡᠯᠭᠡᠭᠡᠨ᠎ᠤ ᠠᠷᠭ᠎ᠠ ᠳᠠᠮ᠎ᠢ ᠠᠩᠬ᠎ᠠ ᠠᠯᠬᠤᠮ ᠡᠵᠡᠮᠱᠢᠵᠦ᠍᠂ ᠪᠡᠶ᠎ᠡ ᠴᠢᠭᠢᠷᠠᠭ᠍ᠵᠢᠭᠤᠯᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号