ᠥᠪᠤᠷ ᠮᠤᠩᠭᠤᠯ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠦᠷᠨᠢᠭᠦᠨ ᠬᠦᠭ᠌ᠵᠢᠯᠲᠡ
2021-10-11 09:55:43
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

ᠤᠯᠤᠰ᠎ᠤᠨ ᠲᠠᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠣᠨᠴᠠᠯᠢᠭ᠍ᠲᠤ ᠰᠤᠷᠭᠠᠭᠤᠯᠢ 1286᠂ ᠤᠯᠤᠰ᠎ᠤᠨ ᠲᠠᠰ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠣᠨᠴᠠᠯᠢᠭ᠍ᠲᠤ ᠬᠡᠦᠬᠡᠳ᠎ᠤᠨ ᠴᠡᠴᠡᠷᠯᠢᠭ 369᠂ ᠤᠯᠤᠰ᠎ᠤᠨ ᠲᠠᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠲᠤᠷᠱᠢᠯᠲᠠ᠎ᠶ᠋ᠢᠨ ᠱᠢᠶᠠᠨ (ᠲᠣᠭᠤᠷᠢᠭ) 6᠂ ᠤᠯᠤᠰ᠎ᠤᠨ ᠲᠠᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠪᠣᠯᠪᠠᠰᠤᠷᠠᠯ᠎ᠤᠨ 《ᠣᠳᠣᠨ ᠲᠠᠰ》 ᠎ᠤᠨ ᠰᠠᠭᠤᠷᠢᠨ 4 ᠪᠤᠢ᠃


QQ截图20211011094601.png


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠤᠨ ᠠᠭᠤᠰᠤᠯᠴᠠᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍ ᠥᠪᠥᠷ ᠮᠣᠩᠭᠤᠯ᠎ᠤᠨ ᠬᠥᠯ ᠪᠥᠮᠪᠦᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠎ᠢ ᠲᠦᠷᠦᠭᠦᠭᠡᠨ ᠨᠡᠢᠲᠡᠯᠡᠵᠦ᠍᠂ ᠬᠠᠷᠠᠯᠲᠠ᠎ᠶ᠋ᠢ ᠲᠣᠭ᠍ᠲᠠᠭᠠᠵᠤ᠂ ᠭᠤᠤᠯ ᠡᠭᠦᠷᠭᠡ᠎ᠶ᠋ᠢ ᠴᠢᠩᠭ᠎ᠠ ᠠᠳᠭᠤᠨ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠦᠷᠨᠢᠬᠦᠨ ᠬᠦᠭ᠌ᠵᠢᠯᠳᠡ᠎ᠶ᠋ᠢ ᠲᠠ ᠵᠢᠴᠢᠯᠠᠪᠠ᠃


QQ截图20211011094640.png


ᠥᠪᠥᠷ ᠮᠣᠩᠭᠤᠯ᠎ᠤᠨ ᠰᠤᠷᠭᠠᠨ ᠬᠥᠮᠦᠵᠢᠯ᠎ᠤᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠤᠭ᠍ᠰᠠᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠵᠠᠯᠠᠭᠤᠴᠤᠳ᠎ᠤᠨ ᠪᠣᠯᠪᠠᠰᠤᠷᠠᠯ᠎ᠤᠨ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠭᠤᠷᠪᠠᠨ ᠳᠡᠰ᠎ᠤᠨ ᠵᠠᠯᠠᠭᠤᠴᠤᠳ᠎ᠤᠨ ᠬᠥᠯ ᠪᠥᠮᠪᠦᠭᠡ᠎ᠶ᠋ᠢᠨ ᠪᠣᠯᠪᠠᠰᠤᠷᠠᠯ᠎ᠤᠨ ᠲᠤᠭ᠍ᠳᠠᠴᠠ᠎ᠶ᠋ᠢ ᠪᠠ ᠵᠢᠭᠤᠯᠤᠨ ᠲᠡᠭᠦᠯᠳᠡᠷᠵᠢᠭᠦᠯᠵᠦ᠍᠂ ᠬᠤᠱᠢᠭᠤ ᠱᠢᠶᠠᠨ᠎ᠳᠤ ᠰᠠᠭᠤᠷᠢᠯᠠᠵᠤ᠂ ᠠᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠢ ᠨᠢᠭᠡ ᠴᠣᠭ᠍ᠴᠠᠵᠢᠭᠤᠯᠬᠤ ᠪᠦᠲᠦᠭᠡᠨ ᠪᠠᠢᠭᠤᠯᠤᠯᠲᠠ᠎ᠶ᠋ᠢᠨ ᠰᠡᠳᠭᠢᠴᠡ᠎ᠪᠠᠷ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ᠍᠂ ᠪᠦᠬᠦᠯᠢ ᠴᠣᠭ᠍ᠴᠠ᠎ᠪᠠᠷ ᠠᠬᠢᠭᠤᠯᠬᠤ᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠵᠠᠯᠠᠭᠤᠴᠤᠳ᠎ᠤᠨ ᠪᠣᠯᠪᠠᠰᠤᠷᠠᠯ᠎ᠤᠨ ᠴᠢᠳᠠᠪᠤᠷᠢᠲᠠᠨ᠎ᠢ ᠰᠣᠩᠭᠤᠬᠤ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠤᠯᠠᠨ ᠠᠷᠭ᠎ᠠ ᠵᠠᠮ᠎ᠢᠶᠠᠷ ᠥᠪᠥᠷ ᠮᠣᠩᠭᠤᠯ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠵᠠᠯᠠᠭᠤᠴᠤᠳ᠎ᠤᠨ ᠪᠣᠯᠪᠠᠰᠤᠷᠠᠯ᠎ᠤᠨ ᠠᠵᠢᠯ᠎ᠢ ᠪᠥᠬᠦ᠌ ᠲᠠᠯ᠎ᠠ᠎ᠪᠠᠷ ᠲᠠᠰ ᠳᠡᠪᠱᠢᠬᠦᠯᠪᠡ᠃ ᠤᠳᠤᠬᠠᠨ 12 ᠠᠢᠮᠠᠭ ᠬᠤᠲᠠ᠎ᠳᠤ ᠪᠦᠷ ᠠᠢᠮᠠᠭ ᠬᠤᠲᠠ᠎ᠶ᠋ᠢᠨ ᠲᠡᠰ᠎ᠤᠨ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠰᠠᠭᠤᠷᠢᠨ᠎ᠢ ᠪᠥᠲᠥᠭᠡᠨ ᠪᠠ ᠵᠢᠭᠤᠯᠪᠠ᠃ 

ᠬᠦᠬᠡᠬᠤᠲᠠ᠎ᠶ᠋ᠢᠨ ᠰᠠᠢᠬᠠᠨ ᠲᠣᠭᠤᠷᠢᠭ᠎ᠤᠨ ᠦᠨᠳᠦᠰᠦᠲᠡᠨ᠎ᠤ ᠪᠠᠭ᠎ᠠ ᠰᠤᠷᠭᠠᠭᠤᠯᠢ 2015 ᠣᠨ᠎ᠳᠤ ᠤᠯᠤᠰ᠎ᠤᠨ ᠲᠠᠰ᠎ᠤᠨ ᠬᠥᠯ ᠪᠥᠮᠪᠦᠭᠡ᠎ᠶ᠋ᠢᠨ ᠣᠨᠴᠠᠯᠢᠭ᠍ᠲᠤ ᠰᠤᠷᠭᠠᠭᠤᠯᠢ ᠪᠣᠯᠤᠭ᠍ᠰᠠᠨ᠎ᠠᠴᠠ ᠨᠠᠭᠠᠰᠢ᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢ ᠲᠠᠰᠤᠷᠠᠯᠲᠠ ᠥᠬᠡᠶ ᠬᠦᠭ᠌ᠵᠢᠭᠦᠯᠵᠦ᠍᠂ ᠦᠳᠭᠡᠨ ᠵᠤᠵᠠᠭᠠᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠠᠭᠤᠷ ᠠᠮᠢᠰᠭᠤᠯ᠎ᠢ ᠪᠣᠶ ᠪᠣᠯᠭᠠᠪᠠ᠃ ᠳᠠᠰᠭᠠᠯᠵᠢᠭᠤᠯᠤᠭ᠍ᠴᠢ ᠰᠦᠨ ᠴᠤᠸᠠᠨ᠄ 《ᠠᠮᠠᠷᠠᠯᠲᠠ᠎ᠶ᠋ᠢᠨ ᠬᠤᠭᠤᠴᠠᠭᠠᠨ᠎ᠳᠤ᠂ ᠡᠳᠦᠷ ᠪᠦᠷᠢ ᠬᠦ᠍ᠯ ᠪᠥᠮᠪᠦᠭᠡ᠎ᠶ᠋ᠢᠨ ᠪᠣᠯᠪᠠᠰᠤᠷᠠᠯ ᠬᠢᠨ᠎ᠡ᠂ ᠢᠩᠭᠢᠪᠡᠯ ᠲᠠᠮᠢᠷᠴᠢᠳ᠎ᠤᠨ ᠰᠤᠷᠤᠯᠭ᠎ᠠ᠎ᠶ᠋ᠢ ᠰᠠᠭᠠᠲᠠᠭᠠᠬᠤ ᠦᠭᠡᠢ ᠮᠥᠷᠲᠡᠭᠡᠨ ᠬᠥᠯ ᠪᠥᠮᠪᠦᠭᠡ᠎ᠶ᠋ᠢᠨ ᠪᠣᠯᠪᠠᠰᠤᠷᠠᠯ᠎ᠤᠨ ᠬᠡᠪ᠎ᠢᠶᠠᠷ ᠶᠠᠪᠤᠭ᠍ᠳᠠᠬᠤ᠎ᠶ᠋ᠢ ᠪᠠᠲᠤᠯᠠᠵᠤ ᠴᠢᠳᠠᠨ᠎ᠠ》 ᠭᠡᠵᠦ᠍ ᠶᠠᠷᠢᠵᠦ᠍ ᠪᠠ ᠵᠢᠯ᠎ᠠ᠃ ᠰᠠᠢᠬᠠᠨ ᠲᠣᠭᠤᠷᠢᠭ᠎ᠤᠨ ᠦᠨᠳᠦᠰᠦᠲᠡᠨ᠎ᠤ ᠪᠠᠭ᠎ᠠ ᠰᠤᠷᠭᠠᠭᠤᠯᠢ ᠪᠣᠯ ᠥᠪᠥᠷ ᠮᠣᠩᠭᠤᠯ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠦᠯ ᠪᠥᠮᠪᠦᠭᠡ᠎ᠶ᠋ᠢᠨ ᠤᠨᠴᠠᠯᠢᠬ᠍ᠳᠤ 1000 ᠭᠠᠷᠤᠢ ᠰᠤᠷᠭᠠᠭᠤᠯᠢ᠎ᠶ᠋ᠢᠨ ᠬᠤᠷᠢᠶᠠᠩᠭᠤᠢ ᠳᠦᠷᠢ ᠪᠣᠯᠤᠨ᠎ᠠ᠃ ᠤᠳᠤᠬᠠᠨ ᠪᠤᠯᠳᠠᠯ᠎ᠠ᠂ ᠥᠪᠥᠷ ᠮᠣᠩᠭᠤᠯ᠎ᠳᠤ ᠨᠡᠢᠲᠡ 1286 ᠤᠯᠤᠰ᠎ᠤᠨ ᠲᠠᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠣᠨᠴᠠᠯᠢᠭ᠍ᠲᠤ ᠰᠤᠷᠭᠠᠭᠤᠯᠢ᠂ 369 ᠤᠯᠤᠰ᠎ᠤᠨ ᠲᠠᠰ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠣᠨᠴᠠᠯᠢᠭ᠍ᠲᠤ ᠬᠡᠦᠬᠡᠳ᠎ᠤᠨ ᠴᠡᠴᠡᠷᠯᠢᠭ᠂ 6 ᠤᠯᠤᠰ᠎ᠤᠨ ᠲᠠᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠲᠤᠷᠱᠢᠯᠲᠠ᠎ᠶ᠋ᠢᠨ ᠱᠢᠶᠠᠨ (ᠲᠣᠭᠤᠷᠢᠭ)᠂ 4 ᠤᠯᠤᠰ᠎ᠤᠨ ᠲᠠᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠪᠣᠯᠪᠠᠰᠤᠷᠠᠯ᠎ᠤᠨ 《ᠣᠳᠣᠨ ᠲᠠᠰ》 ᠎ᠤᠨ ᠰᠠᠭᠤᠷᠢᠨ ᠪᠠ ᠵᠢᠨ᠎ᠠ᠃

ᠬᠦᠬᠡᠬᠤᠲᠠ᠎ᠶ᠋ᠢᠨ ᠰᠠ ᠵᠢᠬᠠᠨ ᠲᠤᠭᠤᠷᠢᠭ᠎ᠤᠨ ᠴᠢᠶᠣᠤ ᠬᠤᠸᠠ ᠰᠤᠷᠭᠠᠭᠤᠯᠢ ᠰᠤᠷᠤᠭ᠍ᠴᠢᠳ᠎ᠤᠨ ᠬᠥᠯ ᠪᠥᠮᠪᠦᠭᠡ᠎ᠶ᠋ᠢᠨ ᠳᠤᠷ᠎ᠠ ᠰᠣᠨᠢᠷᠬᠠᠯ᠎ᠤᠨ ᠣᠨᠴᠠ ᠴᠢᠳᠠᠪᠤᠷᠢ᠎ᠶ᠋ᠢ ᠬᠥᠮᠦᠵᠢᠭᠦᠯᠬᠦ᠌᠎ᠶ᠋ᠢ ᠮᠠᠰᠢ ᠴᠢᠬᠤᠯᠠᠴᠢᠯᠠᠵᠤ᠂ ᠬᠥᠯ ᠪᠥᠮᠪᠦᠭᠡ᠎ᠶ᠋ᠢᠨ ᠬᠢᠴᠢᠶᠡᠯ᠎ᠤᠨ ᠵᠢᠭᠠᠨ ᠰᠤᠷᠭᠠᠯᠲᠠ᠎ᠶ᠋ᠢ ᠣᠷᠳᠣ ᠬᠤᠭᠤᠴᠠᠭ᠎ᠠ᠎ᠪᠠᠷ ᠨᠡᠭᠡᠭᠡᠨ᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠤᠷᠤᠯᠳᠤᠭᠠᠨ᠎ᠢ ᠢᠳᠡᠪᠬᠢᠲᠡᠶ ᠥᠷᠨᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠎ᠶ᠋ᠢᠨ ᠰᠣᠶᠣᠯ᠎ᠢ ᠴᠢᠷᠮᠠᠢᠨ ᠡᠭᠦᠳᠴᠦ᠍᠂ ᠰᠤᠷᠭᠠᠭᠤᠯᠢ᠎ᠶ᠋ᠢᠨ ᠬᠥᠯ ᠪᠥᠮᠪᠦᠭᠡ᠎ᠶ᠋ᠢᠨ ᠬᠥᠮᠦᠵᠢᠯ᠎ᠢ ᠤᠷᠢᠳ ᠡᠮᠦᠨ᠎ᠡ ᠪᠠᠢᠭ᠎ᠠ ᠥᠬᠡᠶ ᠬᠥᠭ᠌ᠵᠢᠯᠲᠡ᠎ᠲᠠᠢ ᠪᠣᠯᠭᠠᠵᠤ᠂ ᠬᠥᠯ ᠪᠥᠮᠪᠦᠭᠡ᠎ᠶ᠋ᠢᠨ ᠪᠣᠯᠪᠠᠰᠤᠷᠠᠯ ᠢᠯᠡᠳᠲᠡ ᠦᠷ᠎ᠡ ᠪᠦᠲᠦᠮᠵᠢ ᠤᠯᠤᠭ᠍ᠰᠠᠨ ᠪᠢᠯᠡ᠃ 

ᠳᠠᠰᠭᠠᠯᠵᠢᠭᠤᠯᠤᠭ᠍ᠴᠢᠳ᠎ᠤᠨ ᠨᠠᠷᠢᠨ ᠨᠢᠮᠪᠠᠶ ᠵᠢᠯᠣᠭᠤᠳᠤᠯᠭ᠎ᠠ᠂ ᠲᠠᠮᠢᠷᠴᠢᠳ᠎ᠤᠨ ᠱᠢᠷᠭᠠᠭᠤ ᠬᠠᠲᠠᠭᠤᠵᠢᠯᠲᠠᠶ ᠪᠣᠯᠪᠠᠰᠤᠷᠠᠯ᠎ᠨᠢ ᠬᠥᠯ ᠪᠥᠮᠪᠦᠭᠡ᠎ᠶ᠋ᠢᠨ ᠮᠡᠷᠭᠡᠵᠢᠯ᠎ᠳᠤ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠶᠤᠮ᠃ ᠬᠦᠬᠡᠬᠤᠲᠠ᠎ᠶ᠋ᠢᠨ ᠰᠠ ᠵᠢᠬᠠᠨ ᠲᠤᠭᠤᠷᠢᠭ᠎ᠤᠨ ᠴᠢᠶᠣᠤ ᠬᠤᠸᠠ ᠰᠤᠷᠭᠠᠭᠤᠯᠢ 2012 ᠣᠨ᠎ᠳᠤ ᠰᠤᠷᠭᠠᠭᠤᠯᠢ᠎ᠶ᠋ᠢᠨ ᠬᠥᠯ ᠪᠥᠮᠪᠦᠭᠡ᠎ᠶ᠋ᠢᠨ ᠠᠩᠭᠢ᠎ᠶ᠋ᠢ ᠪᠠᠢᠭᠤᠯᠤᠭ᠍ᠰᠠᠨ᠎ᠠᠴᠠ ᠨᠠᠭᠠᠰᠢ᠂ ᠣᠷᠣᠨ᠎ᠤ ᠲᠠᠰ᠂ ᠬᠤᠲᠠ᠎ᠶ᠋ᠢᠨ ᠲᠠᠰ᠂ ᠲᠣᠭᠤᠷᠢᠭ᠎ᠤᠨ ᠲᠠᠰ᠎ᠤᠨ ᠬᠥᠯ ᠪᠥᠮᠪᠦᠭᠡ᠎ᠶ᠋ᠢᠨ ᠤᠷᠤᠯᠳᠤᠭᠠᠨ᠎ᠳᠤ ᠲᠣᠪᠤᠢᠮ᠎ᠠ ᠬᠢᠷᠢ ᠪᠦᠲᠦᠮᠵᠢ ᠣᠯᠵᠠᠶ᠃ 2015 ᠤᠨ᠂ 2017 ᠤᠨ᠂ 2018 ᠤᠨ᠎ᠳᠤ ᠲᠤᠰ ᠲᠤᠰ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠲᠡᠷᠢᠭᠦᠯᠡᠭ᠌ᠴᠢ ᠬᠤᠨᠳᠠᠭᠠᠲᠤ ᠠᠩᠬ᠎ᠠ ᠳᠤᠮᠳᠠᠳᠤ᠎ᠶ᠋ᠢᠨ ᠳᠤᠭᠤᠢᠯᠠᠩ᠎ᠤᠨ ᠮᠠᠩᠯᠠᠶ ᠪᠣᠯᠪᠠ᠃

《ᠡᠨᠡ ᠵᠢᠯ᠎ᠤᠨ ᠵᠤᠨ᠎ᠤ ᠠᠮᠠᠷᠠᠯᠲᠠ᠎ᠶ᠋ᠢᠨ ᠲᠥᠪᠯᠡᠷᠡᠭᠦᠯᠦᠨ ᠪᠣᠯᠪᠠᠰᠤᠷᠠᠭᠤᠯᠬᠤ᠎ᠳᠤ ᠪᠡᠶ᠎ᠡ ᠮᠠᠬᠠᠪᠣᠳ᠎ᠤᠨ ᠠᠵᠢᠯᠯᠠᠭᠠᠨ᠎ᠤ ᠴᠢᠳᠠᠪᠤᠷᠢ᠎ᠶ᠋ᠢᠨ ᠪᠣᠯᠪᠠᠰᠤᠷᠠᠯ᠂ ᠬᠥᠯ ᠪᠥᠮᠪᠦᠭᠡ᠎ᠶ᠋ᠢᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠬᠦᠯᠬᠦ᠂ ᠤᠷᠤᠯᠳᠤᠭᠠᠨ᠎ᠤ ᠠᠷᠭ᠎ᠠ ᠪᠠᠷᠢᠯ᠎ᠢ ᠰᠠ ᠵᠢᠵᠢᠷᠠᠭᠤᠯᠬᠤ ᠵᠡᠷᠭᠡ ᠡᠯᠪᠡᠭ ᠪᠠᠶᠠᠯᠢᠭ ᠪᠣᠯᠪᠠᠰᠤᠷᠠᠯ᠎ᠤᠨ ᠠᠭᠤᠯᠭ᠎ᠠ ᠲᠣᠬᠢᠷᠠᠭᠤᠯᠵᠤ᠂ 9 ᠰᠠᠷ᠎ᠠ᠎ᠳᠤ ᠶᠠᠪᠤᠭ᠍ᠳᠠᠬᠤ 〈ᠬᠤᠲᠠ᠎ᠶ᠋ᠢᠨ ᠳᠠᠷᠤᠭ᠎ᠠ ᠬᠤᠨᠳᠠᠭᠠᠲᠤ〉 ᠤᠷᠤᠯᠳᠤᠭᠠᠨ᠎ᠳᠤ ᠭᠦᠢᠴᠡᠳ ᠪᠡᠯᠡᠳᠭᠡᠯ ᠬᠢᠭᠦ᠎ᠶ᠋ᠢᠨ ᠲᠠᠭᠠᠤ᠂ ᠬᠡᠦᠬᠡᠳ᠎ᠤᠳ᠎ᠤᠨ ᠪᠡᠶ᠎ᠡ ᠮᠠᠬᠠᠪᠣᠳ᠎ᠢ ᠲᠠᠪᠳᠠᠨ ᠪᠣᠯᠪᠠᠰᠤᠷᠠᠭᠤᠯᠵᠤ᠂ ᠬᠥᠯ ᠪᠥᠮᠪᠦᠭᠡ᠎ᠶ᠋ᠢᠨ ᠤᠷ᠎ᠠ ᠴᠢᠳᠠᠪᠤᠷᠢ᠎ᠶ᠋ᠢ᠎ᠨᠢ ᠲᠡᠭᠡᠭ᠌ᠰᠢᠯᠡᠬᠦᠯᠦᠭ᠌ᠰᠡᠨ ᠲᠡᠳᠦᠢ ᠦᠭᠡᠢ᠂ ᠭᠡᠦᠭᠡᠳ᠎ᠤᠳ᠎ᠲᠤ ᠬᠥᠯ ᠪᠥᠮᠪᠦᠭᠡ᠎ᠠᠴᠠ ᠬᠦᠷᠳᠡᠬᠦ᠌ ᠪᠠᠶᠠᠷ ᠪᠠᠶᠠᠰᠤᠯ᠎ᠢ ᠮᠡᠳᠡᠷᠡᠬᠦᠯᠵᠦ᠍᠂ ᠢᠳᠡᠪᠬᠢᠲᠡᠶ ᠥᠭᠡᠳᠡᠯᠡᠨ ᠳᠠᠪᠱᠢᠬᠤ ᠪᠠᠶᠠᠰᠤᠩᠭᠤᠶ ᠰᠡᠳᠭᠢᠴᠡ᠎ᠶ᠋ᠢ ᠬᠥᠮᠦᠵᠢᠭᠦᠯᠦᠨ᠎ᠡ》 ᠭᠡᠵᠦ᠍ ᠴᠢᠶᠣᠤ ᠬᠤᠸᠠ ᠰᠤᠷᠭᠠᠭᠤᠯᠢ᠎ᠶ᠋ᠢᠨ ᠬᠦᠯ ᠪᠦᠮᠪᠦᠭᠡ᠎ᠶ᠋ᠢᠨ ᠳᠠᠰᠭᠠᠯᠵᠢᠭᠤᠯᠤᠭ᠍ᠴᠢ ᠱᠢᠶᠧ ᠬᠤᠩ ᠢᠦᠶ ᠤᠴᠢᠷᠯᠠᠨ᠎ᠠ᠃

ᠮᠠᠨ᠎ᠤ ᠤᠷᠤᠨ ᠪᠥᠬᠦ᠌ ᠨᠡᠢᠭᠡᠮ᠎ᠤᠨ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠳᠠᠢᠴᠢᠯᠠᠨ᠂ ᠤᠷᠤᠯᠳᠤᠭᠠᠨ᠎ᠤ ᠲᠤᠭ᠍ᠳᠠᠴᠠ᠎ᠶ᠋ᠢ ᠲᠡᠭᠦᠯᠳᠡᠷᠵᠢᠭᠦᠯᠦᠨ ᠱᠢᠯᠢᠳᠡᠭ᠌ᠵᠢᠭᠦᠯᠵᠦ᠍᠂ ᠵᠠᠯᠠᠭᠤᠴᠤᠳ ᠪᠠᠭᠠᠴᠤᠳ᠎ᠤᠨ ᠬᠥᠯ ᠪᠥᠮᠪᠦᠭᠡ᠎ᠶ᠋ᠢᠨ ᠴᠢᠳᠠᠪᠤᠷᠢᠲᠠᠨ᠎ᠤ ᠦᠰᠦᠨ ᠪᠤᠢᠵᠢᠬᠤ ᠠᠷᠭ᠎ᠠ ᠵᠠᠮ᠎ᠢ ᠱᠢᠯᠤᠭᠤᠳᠭᠠᠵᠤ᠂ ᠤᠷᠤᠯᠳᠤᠭᠠᠨ᠎ᠤ ᠱᠢᠰᠲ᠋ᠧᠮ᠂ ᠤᠷᠮᠠᠱᠢᠭᠤᠯᠬᠤ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ ᠵᠢᠴᠢ ᠬᠥᠯ ᠪᠥᠮᠪᠦᠭᠡ᠎ᠶ᠋ᠢᠨ ᠰᠠᠭᠤᠷᠢ ᠲᠥᠬᠦᠭᠡᠷᠦᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠭ᠌ᠰᠡᠨ᠎ᠠᠴᠠ ᠰᠤᠷᠭᠠᠭᠤᠯᠢ᠎ᠶ᠋ᠢᠨ ᠬᠥᠯ ᠪᠥᠮᠪᠦᠭᠡ ᠡᠷᠡᠭᠦᠯ ᠪᠥᠭᠡᠳ ᠡᠮᠬᠢ ᠵᠢᠷᠤᠮ᠎ᠲᠠᠢ ᠬᠥᠭ᠌ᠵᠢᠵᠦ᠍᠂ ᠲᠠᠯ᠎ᠠ ᠨᠤᠲᠤᠭ᠎ᠤᠨ ᠬᠡᠪ ᠨᠠᠮᠪᠠ᠎ᠲᠠᠢ ᠬᠥᠯ ᠪᠥᠮᠪᠦᠭᠡ᠎ᠶ᠋ᠢᠨ ᠰᠣᠶᠣᠯ᠎ᠤᠨ ᠠᠭᠤᠷ ᠠᠮᠢᠰᠭᠤᠯ ᠡᠳᠦᠷ ᠢᠷᠡᠬᠦᠶ᠎ᠡ ᠥᠳᠭᠡᠷᠡᠵᠦ᠍᠂ 《ᠦᠵᠡᠰᠭᠦᠯᠡᠩᠲᠦ ᠰᠠᠢᠬᠠᠨ ᠦᠪᠦᠷ ᠮᠤᠩᠭᠤᠯ》 ᠎ᠢ ᠪᠥᠲᠥᠭᠡᠨ ᠪᠠᠢᠭᠤᠯᠬᠤ᠎ᠳᠤ ᠠᠮᠢᠵᠢᠷᠠᠯ᠎ᠤᠨ ᠬᠦᠴᠦᠨ ᠪᠠ ᠬᠥᠳᠡᠯᠭᠡᠬᠦ᠌ ᠬᠦᠴᠦᠨ ᠨᠡᠮᠡᠷᠢᠯᠡᠨ᠎ᠡ᠃

(ᠬᠡᠷᠡᠯ ᠵᠢᠷᠤᠭ ᠎ᠤᠳ ᠎ᠢ ᠱᠢᠨᠬᠤᠸᠨ ᠰᠥᠯᠵᠢᠶ᠎ᠠ᠎ᠠᠴᠠ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号