ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠭᠤ ᠳᠤᠭᠤᠢᠯᠠᠩ 《ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢᠴᠢᠨ ᠪᠠᠬᠢᠯᠡᠯᠲᠡ᠎ᠶ᠋ᠢᠨ ᠦᠢᠯᠡᠳᠦᠯ ᠪᠣᠯᠤᠨ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 〈ᠤᠯᠠᠨ ᠲᠦᠮᠡᠨ᠎ᠳᠤ ᠪᠣᠳᠠᠳᠤ ᠶᠠᠪᠤᠳᠠᠯ ᠬᠢᠵᠦ᠍ ᠦᠭ᠌ᠬᠦ〉 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠤᠯᠠᠮ ᠴᠢᠨᠠᠭ᠍ᠰᠢᠲᠠ ᠭᠦᠨᠵᠡᠭᠡᠢᠷᠡᠭᠦᠯᠬᠦ᠌ ᠲᠤᠬᠠᠢ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠪᠠ
2021-10-11 10:32:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠭᠤ ᠳᠤᠭᠤᠢᠯᠠᠩ 《ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ᠎ᠶ᠋ᠢᠨ ᠦᠢᠯᠡᠳᠦᠯ ᠪᠠ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 〈ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠬᠦ〉  ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠤᠯᠠᠮ ᠴᠢᠨᠠᠭ᠍ᠰᠢᠲᠠ ᠭᠦᠨᠵᠡᠭᠡᠢᠷᠡᠭᠦᠯᠬᠦ᠌ ᠲᠤᠬᠠᠶ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ᠎ᠶ᠋ᠢᠨ ᠦᠢᠯᠡᠳᠦᠯ ᠪᠠ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ  ᠭᠦᠢᠴᠡᠳ ᠪᠠᠳᠠᠷᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠬᠦ》  ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠤᠯᠠᠮ ᠴᠢᠨᠠᠭ᠍ᠰᠢᠲᠠ ᠭᠦᠨᠵᠡᠭᠡᠢᠷᠡᠭᠦᠯᠬᠦ᠌ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃

ᠮᠡᠳᠡᠭ᠌ᠳᠡᠯ᠎ᠳᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ ᠲᠦᠮᠡᠨ᠎ᠢᠶᠠᠷ ᠭᠤᠤᠯ ᠪᠣᠯᠭᠠᠬᠤ ᠲᠤᠬᠠᠶ ᠴᠢᠬᠤᠯᠠ ᠥᠭᠦᠯᠡᠯᠲᠡ ᠪᠠ ᠨᠠᠮ᠎ᠤᠨ ᠲᠥᠪ ᠬᠤᠷᠢᠶᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠤᠯᠠᠮ ᠴᠢᠨᠠᠭ᠍ᠰᠢᠲᠠ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》  ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢᠴᠢᠨ ᠪᠠᠬᠢᠯᠡᠯᠲᠡ᠎ᠶ᠋ᠢᠨ ᠦᠢᠯᠡᠳᠦᠯ ᠪᠠ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠰᠠᠢᠲᠤᠷ ᠪᠠᠳᠠᠷᠠᠭᠤᠯᠬᠤ ᠬᠡᠷᠡᠭ᠌ᠲᠡᠢ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ᠎ᠢ ᠵᠤᠷᠢᠬ᠍ᠵᠢᠭᠤᠯᠵᠤ᠂ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠦᠨᠳᠦᠰᠦᠨ ᠱᠠᠲᠤᠨ᠎ᠤ ᠬᠦᠴᠢᠷ ᠠᠰᠠᠭᠤᠳᠠᠯ᠂ ᠣᠯᠠᠨ ᠲᠦᠮᠡᠨ᠎ᠤ ᠰᠡᠳᠭᠢᠯ ᠵᠤᠪᠠᠨᠢᠵᠤ ᠪᠠᠢᠭ᠎ᠠ ᠶᠠᠪᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠠᠢ᠎ᠪᠠᠷ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠂ ᠨᠠᠮ ᠪᠣᠯᠤᠨ ᠠᠷᠠᠳ ᠣᠯᠠᠨ᠎ᠤ ᠴᠢᠰᠤ ᠮᠢᠬᠠᠨ᠎ᠤ ᠬᠠᠷᠢᠴᠠᠭ᠎ᠠ᠎ᠶ᠋ᠢ ᠨᠢᠭ᠍ᠲᠠᠷᠠᠭᠤᠯᠵᠤ᠂ ᠪᠣᠳᠠᠲᠤ ᠶᠠᠪᠤᠳᠠᠯ ᠬᠢᠵᠦ᠍ ᠦᠭ᠌ᠬᠦ᠂ ᠱᠢᠨ᠎ᠡ ᠪᠠᠢᠳᠠᠯ᠎ᠢ ᠨᠡᠭᠡᠭᠡᠬᠦ᠌ ᠲᠠᠯ᠎ᠠ᠎ᠪᠠᠷ ᠦᠨᠡᠨ ᠬᠦ᠌ ᠢᠯᠡᠳᠲᠡ ᠦᠷ᠎ᠡ ᠪᠦᠲᠦᠮᠵᠢ ᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠮᠡᠳᠡᠭ᠌ᠳᠡᠯ᠎ᠳᠤ᠂ 《ᠨᠠᠮ᠎ᠤᠨ ᠲᠤᠭ᠎ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠥᠨᠳᠥᠷ ᠨᠠᠮᠢᠷᠠᠭᠤᠯᠬᠤ》 ᠠᠵᠢᠯᠯᠠᠭ᠎ᠠ᠎ᠲᠠᠢ ᠨᠢᠭ᠍ᠲᠠ ᠤᠶᠠᠯᠳᠤᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠵᠣᠷᠢᠯᠲᠠ᠎ᠶ᠋ᠢ ᠤᠬᠠᠭᠤᠯᠬᠤ᠂ ᠨᠠᠮ᠎ᠤᠨ ᠲᠣᠭ᠍ᠲᠠᠭᠠᠯ᠎ᠢ ᠲᠤᠭᠤᠱᠢᠯᠠᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠤᠳᠤᠷᠢᠳᠭᠤ᠂ ᠤᠯᠠᠨ ᠲᠦᠮᠡᠨ᠎ᠢ ᠪᠦᠯᠬᠦᠮᠳᠡᠭᠦᠯᠦᠨ ᠳᠠᠢᠴᠢᠯᠠᠬᠤ᠂ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ ᠪᠠᠲᠤ ᠴᠢᠩᠭ᠎ᠠ ᠲᠠᠢᠴᠢᠨ ᠪᠠᠬᠢᠯᠡᠯᠲᠡ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠬᠤ᠎ᠶ᠋ᠢ ᠠᠬᠢᠭᠤᠯᠵᠤ᠂ ᠬᠠᠮᠤᠭ᠎ᠤᠨ ᠬᠦᠴᠢᠷᠳᠡᠯᠲᠡᠢ ᠤᠯᠠᠨ ᠲᠦᠮᠡᠨ᠎ᠠᠴᠠ ᠭᠠᠷᠳᠠᠵᠦ᠍᠂ ᠬᠠᠮᠤᠭ᠎ᠤᠨ ᠲᠤᠪᠤᠢᠮ᠎ᠠ ᠠᠰᠠᠭᠤᠳᠠᠯ᠎ᠠᠴᠠ ᠡᠬᠢᠯᠡᠨ ᠠᠳᠭᠤᠵᠤ᠂ ᠬᠠᠮᠤᠭ᠎ᠤᠨ ᠪᠣᠳᠠᠲᠠᠢ ᠠᠱᠢᠭ ᠲᠤᠰᠠ᠎ᠠᠴᠠ ᠡᠭᠦᠰᠴᠦ᠍᠂ 《ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠦᠨᠡᠨ ᠬᠦ᠌ ᠨᠡᠮᠡᠭ᠌ᠳᠡᠭᠦᠯᠬᠦ᠌ ᠬᠡᠷᠡᠭ᠌ᠲᠡᠢ᠃ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠤᠯᠠᠮ ᠴᠢᠨᠠᠭ᠍ᠰᠢᠳᠠ ᠪᠠᠳᠠᠷᠠᠭᠤᠯᠵᠤ᠂ ᠲᠡᠷᠢᠭᠦᠨ᠎ᠤ᠎ᠬᠢ᠎ᠪᠠᠷ ᠬᠥᠲᠥᠯᠥᠨ ᠳᠠᠭᠠᠭᠤᠯᠬᠤ᠂ ᠨᠡᠢᠲᠡᠯᠢᠭ ᠵᠢᠱ᠌ᠢᠶ᠎ᠡ᠎ᠪᠠᠷ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠥᠷᠭᠡᠨ ᠣᠯᠠᠨ ᠨᠠᠮ᠎ᠤᠨ ᠭᠡᠱᠢᠭᠦᠨ ᠢᠯᠠᠩᠭᠤᠶ᠎ᠠ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ᠎ᠢ ᠬᠥᠮᠦᠵᠢᠭᠦᠯᠦᠨ ᠵᠢᠯᠣᠭᠤᠳᠴᠤ᠌᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠠᠯᠪᠠᠨ ᠵᠠᠷᠤᠴᠠ᠎ᠶ᠋ᠢᠨ ᠤᠬᠠᠮᠰᠠᠷ ᠪᠠ ᠠᠷᠠᠳ᠎ᠤᠨ ᠲᠥᠯᠥᠭᠡ ᠪᠠᠢᠬᠤ᠎ᠶ᠋ᠢ ᠴᠢᠩᠭᠠᠳᠭᠠᠵᠤ᠂ ᠠᠷᠠᠳ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠪᠠᠢᠴᠠᠭᠠᠨ ᠰᠤᠷᠪᠤᠯᠵᠢᠯᠠᠵᠤ᠂ ᠦᠨᠳᠦᠰᠦᠨ ᠱᠠᠳᠤ ᠪᠠ ᠤᠯᠠᠨ ᠲᠦᠮᠡᠨ᠎ᠤ ᠪᠠᠴᠢᠮᠳᠠᠵᠦ᠍ ᠬᠦᠴᠢᠷᠳᠡᠵᠦ᠍ ᠵᠣᠪᠠᠨᠢᠵᠦ᠍ ᠬᠦᠰᠡᠵᠦ᠍ ᠪᠠᠢᠭ᠎ᠠ ᠠᠰᠠᠭᠤᠳᠠᠯ᠎ᠢ ᠣᠨᠣᠪᠴᠢᠲᠠᠶ ᠡᠷᠢᠨ ᠣᠯᠵᠤ᠂ ᠨᠡᠩ ᠣᠨᠣᠪᠴᠢᠲᠠᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠭᠡᠬᠦᠳᠡᠭ ᠳᠦᠭᠦᠷᠡᠩ ᠬᠠᠯᠠᠭᠤᠨ ᠰᠡᠳᠭᠢᠯᠭᠡ᠎ᠪᠠᠷ ᠠᠷᠠᠳ ᠤᠯᠠᠨ᠎ᠤ ᠰᠠᠨᠠᠭᠠᠱᠢᠷᠠᠵᠤ ᠪᠠᠢᠭ᠎ᠠ ᠶᠠᠪᠤᠳᠠᠯ᠂ ᠲᠦᠪᠡᠭ᠌ᠰᠢᠶᠡᠵᠦ᠍ ᠪᠠᠢᠭ᠎ᠠ ᠶᠠᠪᠤᠳᠠᠯ᠂ ᠵᠤᠪᠠᠨᠢᠵᠤ ᠪᠠᠢᠭ᠎ᠠ ᠶᠠᠪᠤᠳᠠᠯ᠎ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠃ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠭᠠᠪᠢᠶ᠎ᠠ ᠪᠠᠢᠭᠤᠯᠵᠤ᠂ ᠳᠡᠷᠭᠡᠳᠡᠬᠢ ᠬᠥᠮᠦᠰ ᠳᠡᠷᠭᠡᠳᠡᠬᠢ ᠶᠠᠪᠤᠳᠠᠯ᠎ᠢ ᠠᠩᠬᠠᠷᠴᠤ᠌᠂ ᠢᠳᠡᠪᠬᠢᠲᠡᠢ᠎ᠪᠠᠷ ᠤᠯᠠᠨ ᠲᠦᠮᠡᠨ᠎ᠳᠤ ᠪᠤᠳᠡᠳᠤ ᠠᠵᠢᠯ ᠬᠢᠵᠦ᠍ ᠦᠭ᠌ᠬᠦᠨ᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠨ ᠦᠭ᠌ᠴᠦ᠂ ᠤᠯᠠᠨ ᠲᠦᠮᠡᠨ᠎ᠳᠤ ᠨᠠᠮ᠎ᠤᠨ ᠬᠠᠯᠠᠭᠤᠨ ᠲᠤᠯᠠᠭᠠᠨ ᠪᠠ ᠬᠠᠢᠷ᠎ᠠ ᠬᠠᠯᠠᠮᠵᠢ᠎ᠶ᠋ᠢ ᠬᠦᠷᠲᠡᠭᠡᠬᠦ᠌ ᠬᠡᠷᠡᠭ᠌ᠲᠡᠢ᠃ ᠨᠠᠮ᠎ᠤᠨ ᠭᠡᠱᠢᠭᠦᠨ ᠨᠠᠮ᠎ᠤᠨ ᠰᠦᠯᠳᠡ ᠲᠡᠮᠳᠡᠭ᠎ᠢᠶᠠᠨ ᠵᠡᠭᠦᠬᠦ᠂ ᠨᠠᠮ᠎ᠤᠨ ᠭᠡᠱᠢᠭᠦᠨ᠎ᠤ ᠭᠠᠷᠤᠯ᠎ᠢᠶᠠᠨ ᠢᠯᠡᠷᠡᠬᠦᠯᠬᠦ᠂ ᠬᠤᠱᠢᠭᠤᠴᠢ ᠵᠢᠱ᠌ᠢᠶᠡᠴᠢ ᠪᠤᠯᠬᠤ᠎ᠶ᠋ᠢ ᠰᠠᠨᠠᠭᠠᠴᠢᠯᠠᠵᠤ᠂ ᠨᠠᠮ᠎ᠤᠨ ᠭᠡᠱᠢᠭᠦᠨ᠎ᠢ ᠬᠥᠲᠥᠯᠥᠨ ᠵᠢᠯᠣᠭᠤᠳᠴᠤ᠌᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠂ ᠠᠶᠤᠯ᠎ᠠᠴᠠ ᠠᠪᠤᠷᠠᠵᠤ ᠭᠠᠮᠱᠢᠭ᠎ᠠᠴᠠ ᠠᠪᠤᠷᠠᠬᠤ᠂ ᠨᠡᠢᠭᠡᠮ᠎ᠤᠨ ᠠᠪᠤᠷᠠᠨ ᠲᠤᠰᠠᠯᠠᠮᠵᠢ᠂ ᠠᠶᠤᠯ ᠲᠦᠭ᠌ᠰᠢᠭᠦᠷᠢ᠎ᠲᠠᠢ᠎ᠶ᠋ᠢ ᠲᠡᠳᠬᠦᠨ ᠬᠦᠴᠢᠷᠳᠡᠯᠲᠡᠶ᠎ᠶ᠋ᠢ ᠬᠠᠪᠰᠤᠷᠬᠤ ᠵᠡᠷᠭᠡ ᠬᠡᠷᠡᠭ᠌ᠴᠡᠭᠡ᠎ᠶ᠋ᠢᠨ ᠲᠣᠭᠤᠷᠢᠨ᠎ᠳᠤ ᠪᠣᠳᠠᠲᠠᠢ ᠪᠠᠢᠳᠠᠯ᠎ᠲᠠᠢ᠎ᠪᠠᠨ ᠤᠶᠠᠯᠳᠤᠭᠤᠯᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠳᠤ ᠣᠷᠣᠯᠴᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ ᠬᠠᠷᠢᠭᠤᠴᠠᠯᠭ᠎ᠠ᠎ᠪᠠᠨ ᠡᠬᠦᠷᠭᠡᠯᠡᠨ ᠡᠮᠦᠨ᠎ᠡ᠎ᠨᠢ ᠬᠤᠱᠢᠭᠤᠷᠠᠵᠤ᠂ ᠦᠯᠢᠭᠡᠷ ᠳᠠᠭᠤᠷᠢᠶᠠᠯ ᠪᠤᠯᠵᠤ᠂ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠠᠷᠠᠳ᠎ᠤᠨ ᠰᠠᠨᠠᠯ᠎ᠢ ᠰᠣᠨᠣᠰᠴᠤ᠌᠂ ᠲᠦᠷᠦᠭᠦᠯᠡᠨ ᠤᠯᠠᠨ ᠲᠦᠮᠡᠨ᠎ᠢ ᠬᠠᠪᠰᠤᠷᠤᠨ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠦ᠍᠂ ᠰᠠᠢᠨ ᠶᠠᠪᠤᠳᠠᠯ ᠬᠢᠬᠦ᠌ ᠬᠡᠷᠡᠭ᠌ᠲᠡᠶ ᠭᠡᠵᠦ᠍ ᠴᠢᠬᠤᠯᠠᠴᠢᠯᠠᠭ᠍ᠰᠠᠨ ᠪᠠᠢᠨ᠎ᠠ᠃

ᠮᠡᠳᠡᠭ᠌ᠳᠡᠯ᠎ᠳᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠭ᠌ᠵᠢᠯᠲᠡ᠎ᠶ᠋ᠢᠨ ᠶᠡᠭᠡ ᠲᠠᠯ᠎ᠠ᠎ᠶ᠋ᠢᠨ ᠲᠣᠭᠤᠷᠢᠨ᠎ᠳᠤ᠂ ᠭᠤᠤᠯᠳᠠᠯᠭ᠎ᠠ᠎ᠲᠠᠢ ᠬᠠᠮᠳᠤ ᠤᠯᠠᠨ᠎ᠢ ᠳᠣᠪᠤᠢᠯᠭᠠᠨ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠤ ᠪᠠᠴᠢᠮᠳᠠᠵᠦ᠍ ᠬᠦᠴᠢᠷᠳᠡᠵᠦ᠍ ᠵᠣᠪᠠᠨᠢᠵᠦ᠍ ᠬᠦᠰᠡᠵᠦ᠍ ᠪᠠᠢᠭ᠎ᠠ ᠶᠠᠪᠤᠳᠠᠯ᠎ᠠᠴᠠ ᠡᠭᠦᠰᠴᠦ᠍᠂ ᠣᠯᠠᠨ ᠲᠦᠮᠡᠨ᠎ᠳᠤ ᠪᠤᠳᠡᠳᠤ ᠠᠵᠢᠯ ᠬᠢᠵᠦ᠍ ᠦᠭ᠌ᠬᠦ ᠶᠠᠰᠤ ᠴᠢᠨᠠᠷ ᠬᠢᠷᠢ ᠲᠦᠪᠱᠢᠨ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ 《ᠣᠯᠠᠨ ᠲᠦᠮᠡᠨ᠎ᠳᠤ ᠪᠤᠳᠡᠳᠤ ᠠᠵᠢᠯ ᠬᠢᠵᠦ᠍ ᠦᠭ᠌ᠬᠦ》 ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠢᠳᠡᠭ ᠢᠳᠡᠭ᠎ᠢᠶᠠᠷ ᠰᠦᠪᠡᠭ᠌ᠴᠢᠯᠡᠨ ᠪᠠᠢᠭᠤᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠎ᠢ ᠨᠡᠩ ᠨᠡᠮᠡᠭ᠌ᠳᠡᠬᠦᠯᠬᠦ᠌ ᠬᠡᠷᠡᠭ᠌ᠳᠡᠢ᠃ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠤᠯᠠᠮ ᠴᠢᠨᠠᠭ᠍ᠰᠢᠳᠠ ᠴᠢᠩᠭᠠᠳᠭᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠲᠤᠳᠭᠠᠨ᠂ ᠱᠠᠲᠤ ᠱᠠᠲᠤ᠎ᠪᠠᠷ ᠳᠠᠷᠤᠯᠲᠠ ᠥᠭ᠌ᠴᠦ᠂ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ 《ᠣᠯᠠᠨ ᠲᠦᠮᠡᠨ᠎ᠳᠤ ᠪᠤᠳᠡᠳᠤ ᠠᠵᠢᠯ ᠬᠢᠵᠦ᠍ ᠦᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠡᠯ᠎ᠡ ᠵᠦᠢᠯ᠎ᠤᠨ ᠡᠭᠦᠷᠭᠡ ᠪᠠ ᠱᠠᠭᠠᠷᠳᠠᠯᠭ᠎ᠠ᠎ᠶ᠋ᠢ ᠦᠨᠡᠨ ᠬᠦ᠌ ᠦᠨᠳᠦᠰᠦᠨ ᠱᠠᠲᠤᠨ᠎ᠳᠤ ᠲᠤᠭᠤᠱᠢᠯᠠᠭᠤᠯᠵᠤ᠂ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ᠃ 《ᠣᠯᠠᠨ ᠲᠦᠮᠡᠨ᠎ᠳᠤ ᠪᠤᠳᠡᠳᠤ ᠶᠠᠪᠤᠳᠠᠯ ᠬᠢᠵᠦ᠍ ᠦᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠺᠠᠳ᠋ᠷ᠎ᠢ ᠳᠠᠪᠲᠠᠨ ᠪᠣᠯᠪᠠᠰᠤᠷᠠᠭᠤᠯᠬᠤ᠂ ᠱᠢᠯᠭᠠᠨ ᠪᠠᠢᠴᠠᠭᠠᠵᠤ ᠢᠯᠭᠠᠨ ᠲᠠᠨᠢᠬᠤ ᠴᠢᠬᠤᠯᠠ ᠠᠷᠭ᠎ᠠ ᠵᠠᠮ ᠪᠣᠯᠭᠠᠵᠤ᠂ 《ᠣᠯᠠᠨ ᠲᠦᠮᠡᠨ᠎ᠳᠤ ᠪᠤᠳᠡᠳᠤ ᠠᠵᠢᠯ ᠬᠢᠵᠦ᠍ ᠦᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠦᠷ᠎ᠡ ᠪᠦᠲᠦᠮᠵᠢ᠎ᠶ᠋ᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢᠶᠠᠨ ᠪᠠᠳᠠᠷᠠᠭᠤᠯᠬᠤ ᠴᠢᠬᠤᠯᠠ ᠪᠠᠷᠢᠮᠵᠢᠶ᠎ᠠ ᠪᠣᠯᠭᠠᠬᠤ ᠬᠡᠷᠡᠭ᠌ᠲᠡᠶ᠃ ᠤᠬᠠᠭᠤᠯᠵᠤ ᠬᠦᠳᠦᠯᠦᠨ ᠵᠢᠯᠣᠭᠤᠳᠭᠤ᠎ᠶ᠋ᠢ ᠴᠢᠩᠭᠠᠳᠭᠠᠵᠤ᠂ ᠪᠦᠬᠦ᠌ ᠨᠡᠢᠭᠡᠮ᠎ᠳᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠦᠴᠦᠨ᠎ᠢᠶᠠᠨ ᠲᠥᠪᠯᠡᠷᠡᠭᠦᠯᠦᠨ ᠤᠯᠠᠨ ᠲᠦᠮᠡᠨ᠎ᠤ ᠪᠠᠴᠢᠮᠳᠠᠵᠦ᠍ ᠬᠦᠴᠢᠷᠳᠡᠵᠦ᠍ ᠵᠣᠪᠠᠨᠢᠵᠦ᠍ ᠬᠦᠰᠡᠵᠦ᠍ ᠪᠠᠢᠭ᠎ᠠ ᠠᠰᠠᠭᠤᠳᠠᠯ᠎ᠢ ᠱᠢᠢᠳᠪᠦᠷᠢᠯᠡᠵᠦ᠍᠂ ᠥᠷᠭᠡᠨ ᠤᠯᠠᠨ ᠨᠠᠮ᠎ᠤᠨ ᠭᠡᠱᠢᠭᠦᠨ ᠢᠳᠡᠪᠬᠢᠲᠡᠢ᠎ᠪᠠᠷ ᠠᠷᠠᠳ ᠲᠦᠮᠡᠨ᠎ᠳᠤ ᠦᠢᠯᠡᠴᠢᠯᠡᠬᠦ᠌ ᠰᠠᠢᠨ ᠰᠠᠢᠬᠠᠨ ᠪᠠᠢᠳᠠᠯ᠎ᠢ ᠢᠳᠡᠪᠬᠢᠲᠡᠢ ᠪᠤᠢ ᠪᠣᠯᠭᠠᠬᠤ ᠬᠡᠷᠡᠭ᠌ᠲᠡᠢ᠃ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠴᠢᠩᠭ᠎ᠠ ᠴᠡᠭᠡᠷᠯᠡᠵᠦ᠍᠂ ᠦᠩᠭᠡᠨ ᠲᠠᠯ᠎ᠠ᠎ᠶ᠋ᠢᠨ᠂ ᠶᠣᠰᠣᠨ ᠲᠡᠳᠦᠶ ᠶᠠᠪᠤᠳᠠᠯ᠎ᠢ ᠬᠢᠬᠦ᠌ ᠦᠭᠡᠢ ᠪᠠᠢᠬᠤ ᠬᠡᠷᠡᠭ᠌ᠳᠡᠢ ᠬᠡᠵᠦ᠍ ᠱᠠᠭᠠᠷᠳᠠᠪᠠ᠃

  (ᠱᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ᠎ᠶ᠋ᠢᠨ 8 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号