ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠄ 《ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ᠎ᠢ ᠲᠠᠰᠤᠷᠠᠯᠳᠠ ᠦᠭᠡᠢ ᠠᠬᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠲᠡᠦᠬᠡᠨ ᠠᠶᠠᠨ ᠵᠠᠮ᠎ᠳᠤ᠂ ᠴᠢᠨᠠᠷ ᠰᠠᠢᠲᠠᠶ᠎ᠪᠠᠷ ᠨᠠᠮ ᠪᠠᠢᠭᠤᠯᠬᠤ ᠲᠤᠬᠠᠶ ᠴᠥᠬᠦᠷᠡᠰᠢ ᠥᠬᠡᠶ ᠬᠠᠢᠨ ᠰᠥᠪᠡᠭ᠌ᠴᠢᠯᠡᠯᠲᠡ ᠬᠢᠵᠦ᠍᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠡᠷᠬᠢᠮ ᠨᠠᠨᠳᠢᠨ ᠲᠤᠷᠱᠢᠯᠭ᠎ᠠ ᠬᠤᠷᠠᠮᠳᠤᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠨᠠᠷ ᠰᠠᠢᠲᠠᠶ᠎ᠪᠠᠷ ᠨᠠᠮ ᠪᠠᠢᠭᠤᠯᠤᠭ᠍ᠰᠠᠨ ᠵᠠᠭᠤᠨ ᠵᠢᠯ᠎ᠤᠨ ᠥᠩᠭᠡᠷᠡᠯᠲᠡ ᠪᠠ ᠦᠢᠯᠡᠳᠣᠯᠭᠡ᠎ᠶ᠋ᠢᠨ ᠲᠤᠷᠱᠢᠯᠭ᠎ᠠ᠎ᠶ᠋ᠢ ᠡᠷᠭᠢᠴᠡᠭᠦᠯᠦᠨ ᠳ᠋ᠦᠩᠨᠡᠬᠦ᠌ ᠪᠣᠯ ᠲᠥᠷᠥ᠍ ᠪᠠᠷᠢᠭ᠍ᠴᠢ ᠨᠠᠮ᠎ᠤᠨ ᠨᠠᠮ᠎ᠤᠨ ᠪᠠᠢᠭᠤᠯᠤᠯᠲᠠ᠎ᠶ᠋ᠢᠨ ᠵᠢᠮ᠎ᠡ ᠶᠣᠰᠣ᠎ᠶ᠋ᠢ ᠲᠠᠰᠤᠷᠠᠯᠲᠠ ᠥᠬᠡᠶ ᠭᠦᠨᠵᠡᠭᠡᠶ ᠲᠠᠨᠢᠬᠤ᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠮᠥᠨ᠂ ᠪᠠᠰᠠ ᠴᠤ᠌ ᠱᠢᠨ᠎ᠡ ᠴᠠᠭ ᠦᠶ᠎ᠡ᠎ᠳᠤ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠭᠦᠨᠵᠡᠭᠡᠶ ᠠᠬᠢᠭᠤᠯᠬᠤ᠎ᠶ᠋ᠢᠨ ᠪᠣᠳᠠᠲᠤ ᠬᠡᠷᠡᠭ᠌ᠴᠡᠭᠡ ᠮᠥᠨ᠃
ᠶᠠᠰᠤ ᠴᠢᠨᠠᠷ᠎ᠤᠨ ᠤᠬᠠᠮᠰᠠᠷ᠎ᠢ ᠴᠢᠩᠭᠠᠳᠭᠠᠵᠤ᠂ ᠶᠠᠰᠤ ᠴᠢᠨᠠᠷ᠎ᠤᠨ ᠣᠢᠯᠠᠭᠠᠭ᠍ᠳᠠᠬᠤᠨ᠎ᠢ ᠪᠠᠲᠦ ᠪᠤᠢ ᠪᠤᠯᠭᠠᠬᠤ ᠬᠡᠷᠡᠭ᠌ᠲᠡᠢ᠃ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠨᠢ ᠨᠠᠮ᠎ᠤᠨ ᠠᠮᠢ ᠨᠠᠰᠤᠲᠠᠢ ᠬᠤᠯᠪᠣᠭ᠍ᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠬᠡᠳᠦᠢ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠲᠤᠳᠤᠮ ᠴᠢᠨᠠᠷ ᠰᠠᠢᠲᠠᠢ᠎ᠪᠠᠷ ᠨᠠᠮ ᠪᠠᠢᠭᠤᠯᠬᠤ᠎ᠶ᠋ᠢ ᠲᠡᠳᠦᠢ ᠴᠢᠬᠤᠯᠠᠴᠢᠯᠠᠬᠤ ᠬᠡᠷᠡᠭ᠌ᠲᠡᠢ᠃ ᠦᠵᠡᠯ ᠰᠠᠨᠠᠭ᠎ᠠ᠎ᠪᠠᠷ ᠨᠠᠮ ᠪᠠᠢᠭᠤᠯᠬᠤ᠂ ᠲᠦᠷᠢᠮ᠎ᠢᠶᠠᠷ ᠨᠠᠮ᠎ᠢ ᠵᠠᠰᠠᠬᠤ ᠵᠠᠷᠴᠢᠮ᠎ᠢ ᠲᠣᠭ᠍ᠲᠠᠭᠠᠭ᠍ᠰᠠᠨ᠎ᠠᠴᠠ ᠬᠤᠶᠠᠭᠤᠯᠠ᠎ᠶ᠋ᠢ ᠵᠡᠷᠭᠡ᠎ᠪᠠᠷ ᠬᠦᠴᠦᠯᠡᠬᠦ᠌ ᠬᠦᠷᠲᠡᠯ᠎ᠡ; ᠨᠠᠮ᠎ᠤᠨ ᠪᠠᠢᠭᠤᠯᠤᠯᠲᠠ᠎ᠶ᠋ᠢᠨ 《ᠠᠭᠤᠤ ᠶᠡᠭᠡ ᠢᠨᠵᠧᠨᠧᠷᠢᠩ》 ᠢ ᠳᠤᠷᠠᠳᠴᠤ᠌ ᠪᠠᠬᠢᠵᠢᠭᠦᠯᠦᠭ᠌ᠰᠡᠨᠠᠴᠠ ᠨᠠᠮ᠎ᠤᠨ ᠪᠠᠢᠭᠤᠯᠤᠯᠲᠠ᠎ᠶ᠋ᠢᠨ 《ᠱᠢᠨ᠎ᠡ ᠠᠭᠤᠤ ᠶᠡᠭᠡ ᠢᠨᠵᠧᠨᠧᠷᠢᠩ》 ᠢ ᠬᠥᠭ᠌ᠵᠢᠭᠦᠯᠵᠦ᠍ ᠭᠦᠨᠵᠡᠭᠡᠢᠷᠡᠭᠦᠯᠦᠭ᠌ᠰᠡᠨ ᠬᠦᠷᠲᠡᠯ᠎ᠡ; ᠨᠠᠮ᠎ᠢ ᠴᠢᠩᠭ᠎ᠠ ᠵᠠᠰᠠᠬᠤ ᠴᠢᠭ᠌ᠯᠡᠯᠲᠡ᠎ᠶ᠋ᠢ ᠲᠣᠳᠣᠷᠬᠠᠢᠯᠠᠭ᠍ᠰᠠᠨ᠎ᠠᠴᠠ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠠᠬᠢᠭᠤᠯᠤᠭ᠍ᠰᠠᠨ ᠬᠦᠷᠲᠡᠯ᠎ᠡ᠂ ᠵᠠᠭᠤᠨ ᠵᠢᠯ᠎ᠤᠨ ᠲᠤᠷᠰᠢ᠂ ᠨᠠᠮ᠎ᠤᠨ ᠪᠠᠢᠭᠤᠯᠤᠯᠲᠠ᠎ᠶ᠋ᠢᠨ ᠪᠠᠢᠷᠢᠯᠠᠭᠤᠯᠤᠯᠲᠠ᠎ᠶ᠋ᠢ ᠪᠦᠬᠦᠯᠢ ᠴᠣᠭ᠍ᠴᠠ᠎ᠪᠠᠷ ᠲᠥᠯᠥᠪᠯᠡᠭ᠌ᠰᠡᠨ ᠴᠦ᠍ ᠲᠡᠷᠡ᠂ ᠨᠠᠮ᠎ᠤᠨ ᠪᠠᠢᠭᠤᠯᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠠᠯᠬᠤᠮ ᠬᠤᠪᠢᠶᠠᠨ ᠬᠡᠷᠡᠭ᠌ᠵᠢᠭᠦᠯᠦᠭ᠌ᠰᠡᠨ ᠴᠦ᠍ ᠲᠡᠷᠡ᠂ ᠮᠠᠨ᠎ᠤ ᠨᠠᠮ ᠴᠥᠮ ᠶᠠᠰᠤ ᠴᠢᠨᠠᠷ᠎ᠤᠨ ᠣᠢᠯᠠᠭᠠᠭ᠍ᠳᠠᠬᠤᠨ᠎ᠢ ᠨᠠᠮ᠎ᠤᠨ ᠪᠠᠢᠭᠤᠯᠤᠯᠲᠠ᠎ᠶ᠋ᠢᠨ ᠠᠮᠢᠳᠤᠯᠢᠭ ᠦᠢᠯᠡᠳᠣᠯᠭᠡ᠎ᠶ᠋ᠢᠨ ᠳᠤᠮᠳᠠ ᠠᠭᠤᠰᠭᠠᠨ ᠪᠣᠯᠪᠠᠰᠤᠷᠠᠭᠤᠯᠵᠤ᠂ ᠮᠠᠷᠺᠰ᠎ᠤᠨ ᠦᠵᠡᠯ᠎ᠤᠨ ᠲᠥᠷᠥ᠎ᠶ᠋ᠢᠨ ᠨᠠᠮ᠎ᠤᠨ ᠲᠡᠷᠢᠭᠦᠨ᠂ ᠴᠡᠪᠡᠷ ᠠᠷᠢᠭᠤᠨ ᠤᠯᠤᠰ ᠲᠥᠷᠥ᠎ᠶ᠋ᠢᠨ ᠮᠥᠨ ᠴᠢᠨᠠᠷ᠎ᠢ ᠡᠭᠦᠷᠢᠳᠡ ᠬᠠᠳᠠᠭᠠᠯᠠᠵᠤ᠂ ᠢᠯᠡ ᠲᠣᠳᠣ ᠶᠠᠰᠤ ᠴᠢᠨᠠᠷ᠎ᠤᠨ ᠤᠳᠤᠷᠢᠳᠤᠮᠵᠢ ᠪᠠ ᠴᠥᠬᠦᠷᠡᠰᠢ ᠥᠬᠡᠶ ᠶᠠᠰᠤ ᠴᠢᠨᠠᠷ᠎ᠤᠨ ᠬᠥᠭᠡᠭᠡᠴᠡᠯᠳᠦᠯ᠎ᠢ ᠪᠣᠶ ᠪᠣᠯᠭᠠᠪᠠ᠃
ᠤᠯᠤᠰ ᠲᠥᠷᠥ᠎ᠪᠠᠷ ᠶᠡᠷᠦᠩᠬᠡᠢᠯᠡᠨ ᠵᠠᠬᠢᠷᠬᠤ᠎ᠶ᠋ᠢ ᠴᠢᠩᠭ᠎ᠠ ᠠᠳᠭᠤᠵᠤ᠂ ᠵᠥᠪ ᠴᠢᠭ᠌ᠯᠡᠯ᠎ᠢ ᠪᠠᠲᠤᠳᠭᠠᠬᠤ ᠬᠡᠷᠡᠭ᠌ᠲᠡᠢ᠃ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠨᠢ ᠨᠠᠮ᠎ᠤᠨ ᠦᠨᠳᠦᠰᠦᠨ ᠴᠢᠨᠠᠷᠲᠠᠶ ᠪᠠᠢᠭᠤᠯᠤᠯᠲᠠ ᠪᠤᠯᠤᠬ᠍ᠰᠠᠨ᠎ᠤ ᠬᠤᠪᠢ᠎ᠳᠤ ᠲᠡᠷᠢᠭᠦᠨ ᠴᠢᠬᠤᠯᠠ ᠡᠭᠦᠷᠭᠡ᠎ᠨᠢ 《ᠪᠥᠬᠦ᠌ ᠨᠠᠮ᠎ᠢᠶᠠᠷ᠎ᠢᠶᠠᠨ ᠲᠥᠪ ᠬᠤᠷᠢᠶ᠎ᠠ᠎ᠶ᠋ᠢ ᠳᠠᠭᠠᠬᠤ᠎ᠶ᠋ᠢ ᠪᠠᠲᠤᠯᠠᠵᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠬᠤ ᠶᠠᠪᠤᠳᠠᠯ ᠪᠣᠯᠤᠨ᠎ᠠ》᠃ ᠴᠢᠨᠠᠷ ᠰᠠᠢᠲᠠᠢ᠎ᠪᠠᠷ ᠨᠠᠮ ᠪᠠᠢᠭᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠥᠬᠦᠷᠡᠰᠢ ᠦᠭᠡᠢ ᠰᠦᠪᠡᠭ᠌ᠴᠢᠯᠡᠬᠦ᠌ ᠴᠢᠬᠤᠯᠠᠲᠠᠢ ᠴᠢᠬᠤᠯᠠ ᠶᠡᠭᠡ ᠰᠡᠳᠦᠪ ᠪᠠ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠮᠥᠨ᠂ ᠭᠠᠭ᠍ᠴᠠ ᠬᠦ᠌ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢ ᠴᠢᠩᠭ᠎ᠠ ᠠᠳᠭᠤᠵᠤ᠂ ᠵᠥᠪ ᠤᠯᠤᠰ ᠲᠦᠷᠦ᠎ᠶ᠋ᠢᠨ ᠴᠢᠭ᠌ᠯᠡᠯ᠎ᠢ ᠦᠨᠡᠨ ᠬᠦ᠌ ᠪᠠᠲᠤᠯᠠᠪᠠᠯ ᠰᠠᠶᠢ ᠰᠠᠢᠨ ᠦᠷ᠎ᠡ ᠪᠦᠲᠦᠮᠵᠢ ᠣᠯᠵᠤ ᠴᠢᠳᠠᠨ᠎ᠠ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠠᠷᠠᠭ᠎ᠠ᠂ ᠮᠠᠨ᠎ᠤ ᠨᠠᠮ ᠨᠠᠮ᠎ᠤᠨ ᠳᠣᠲᠣᠭᠠᠳᠤᠬᠢ ᠠᠷᠠᠳᠴᠢᠯᠠᠯ ᠪᠠ ᠬᠠᠮᠲᠤ᠎ᠶ᠋ᠢᠨ ᠤᠳᠤᠷᠢᠳᠤᠯᠭ᠎ᠠ᠎ᠶ᠋ᠢᠨ ᠠᠰᠠᠭᠤᠳᠠᠯ᠎ᠢ ᠨᠡᠩ ᠲᠤᠪᠤᠢᠯᠭᠠᠵᠤ᠂ ᠨᠠᠮ᠎ᠤᠨ ᠳᠣᠲᠣᠭᠠᠳᠤ᠎ᠳᠤ ᠨᠠᠮ᠎ᠤᠨ ᠤᠯᠤᠰ ᠲᠦᠷᠦ᠎ᠶ᠋ᠢᠨ ᠱᠤᠭᠤᠮ ᠪᠠ ᠵᠣᠬᠢᠶᠠᠨ ᠪᠠᠢᠭᠤᠯᠤᠯᠲᠠ᠎ᠶ᠋ᠢᠨ ᠵᠠᠷᠴᠢᠮ᠎ᠢ ᠵᠥᠷᠢᠴᠡᠭ᠌ᠰᠡᠨ ᠦᠢᠯᠡ ᠠᠵᠢᠯᠯᠠᠭ᠎ᠠ ᠪᠠᠢᠬᠤ᠎ᠶ᠋ᠢ ᠵᠥᠪᠱᠢᠶᠡᠷᠡᠬᠦ᠌ ᠦᠭᠡᠢ ᠪᠠᠢᠬᠤ᠎ᠶ᠋ᠢ ᠴᠢᠩᠭ᠎ᠠ ᠱᠠᠭᠠᠷᠳᠠᠪᠠ᠃ ᠨᠠᠮ᠎ᠤᠨ ᠨᠠᠢ᠍ᠮᠠᠳᠤᠭᠠᠷ ᠶᠡᠭᠡ ᠬᠤᠷᠠᠯ᠎ᠤᠨ ᠨᠠᠮ᠎ᠤᠨ ᠲᠦᠷᠢᠮ᠎ᠳᠤ ᠨᠠᠮ᠎ᠤᠨ ᠠᠷᠠᠳᠴᠢᠯᠠᠯ ᠲᠥᠪᠯᠡᠷᠡᠯ᠎ᠤᠨ ᠶᠣᠰᠣᠨ᠎ᠤ ᠦᠨᠳᠦᠰᠦᠨ ᠵᠠᠷᠴᠢᠮ᠎ᠢ ᠲᠤᠭᠤᠱᠢᠯᠠᠭᠤᠯᠬᠤ ᠲᠤᠬᠠᠶ ᠮᠠᠰᠢ ᠤᠯᠠᠨ ᠱᠢᠨ᠎ᠡ ᠲᠣᠭ᠍ᠲᠠᠭᠠᠯ ᠭᠠᠷᠭᠠᠵᠤ᠂ ᠨᠠᠮ᠎ᠤᠨ ᠲᠦᠷᠦ᠍ ᠪᠠᠷᠢᠭ᠍ᠴᠢ ᠨᠠᠮ᠎ᠤᠨ ᠪᠠᠢᠷᠢ ᠰᠠᠭᠤᠷᠢ᠎ᠶ᠋ᠢᠨ ᠪᠠᠢᠳᠠᠯ᠎ᠳᠤ ᠴᠢᠭ᠌ᠯᠡᠭᠦᠯᠦᠨ᠂ 《ᠨᠠᠮ᠎ᠤᠨ ᠠᠵᠢᠯ᠎ᠤᠨ ᠳᠤᠮᠳᠠᠬᠢ ᠤᠯᠠᠨ ᠲᠦᠮᠡᠨᠴᠢ ᠱᠤᠭᠤᠮ᠎ᠤᠨ ᠤᠯᠠᠮᠵᠢᠯᠠᠯ᠎ᠢ ᠡᠷᠬᠡᠪᠰᠢ ᠲᠠᠰᠤᠷᠠᠯᠳᠠ ᠦᠭᠡᠢ ᠪᠠᠳᠠᠷᠠᠭᠤᠯᠬᠤ ᠬᠡᠷᠡᠭ᠌ᠲᠡᠶ》 ᠭᠡᠵᠦ᠍ ᠴᠢᠬᠤᠯᠠᠴᠢᠯᠠᠵᠤ᠂ ᠨᠠᠮ᠎ᠤᠨ ᠪᠠᠢᠭᠤᠯᠤᠯᠲᠠ᠎ᠶ᠋ᠢᠨ ᠱᠢᠨᠵᠢᠯᠡᠬᠦ᠌ ᠤᠬᠠᠭᠠᠨᠴᠢᠯᠠᠯᠲᠠ᠂ ᠳᠦᠷᠢᠮᠵᠢᠯᠲᠡ᠂ ᠵᠢᠷᠤᠮᠵᠢᠯᠲᠠ᠎ᠶ᠋ᠢ ᠶᠡᠭᠡ᠎ᠪᠠᠷ ᠲᠦᠯᠬᠢᠨ ᠠᠬᠢᠭᠤᠯᠪᠠ᠃
ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠬ᠍ᠰᠠᠨ ᠬᠤᠢᠨ᠎ᠠ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠤᠯᠭᠠᠬ᠍ᠰᠠᠨ ᠨᠠᠮ᠎ᠤᠨ ᠲᠥᠪ ᠬᠤᠷᠢᠶ᠎ᠠ ᠨᠠᠮ᠎ᠤᠨ ᠳᠣᠲᠣᠭᠠᠳᠤᠬᠢ ᠡᠯ᠎ᠡ ᠵᠦᠢᠯ᠎ᠤᠨ ᠠᠰᠠᠭᠤᠳᠠᠯ᠎ᠢ ᠱᠢᠢᠳᠪᠦᠷᠢᠯᠡᠬᠦ᠌ ᠶᠠᠪᠤᠳᠠᠯ᠎ᠢ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ ᠳᠡᠭᠡᠷ᠎ᠡ ᠳᠡᠭᠡᠳᠦ ᠬᠡᠮᠵᠢᠶ᠎ᠡ᠎ᠪᠠᠷ ᠬᠤᠷᠢᠶᠠᠩᠭᠤᠢᠯᠠᠵᠤ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ᠎ᠲᠤ ᠣᠷᠣᠱᠢᠵᠤ ᠪᠠᠢᠭ᠎ᠠ ᠨᠠᠮ᠎ᠤᠨ ᠤᠳᠤᠷᠢᠳᠤᠯᠭ᠎ᠠ ᠰᠤᠯᠠᠷᠠᠬᠤ᠂ ᠨᠠᠮ᠎ᠤᠨ ᠪᠠᠢᠭᠤᠯᠤᠯᠲᠠ ᠳᠤᠲᠠᠭ᠍ᠳᠠᠬᠤ᠂ ᠨᠠᠮ᠎ᠤᠨ ᠵᠣᠬᠢᠶᠠᠨ ᠪᠠᠢᠭᠤᠯᠤᠯᠲᠠ ᠰᠤᠯᠠ ᠵᠠᠳᠠᠭᠠᠢ ᠪᠠᠢᠬᠤ ᠦᠵᠡᠭ᠌ᠳᠡᠯ᠎ᠢ ᠬᠤᠪᠢᠷᠠᠭᠤᠯᠵᠤ᠂ ᠪᠦᠬᠦ᠌ ᠨᠠᠮ᠎ᠤᠨ ᠦᠵᠡᠯ ᠰᠠᠨᠠᠭᠠᠨ᠎ᠤ ᠲᠠᠯ᠎ᠠ᠎ᠪᠠᠷ ᠨᠢᠭᠡᠳᠦᠯᠲᠡᠢ ᠪᠠᠢᠬᠤ᠂ ᠤᠯᠤᠰ ᠲᠦᠷᠦ᠎ᠶ᠋ᠢᠨ ᠲᠠᠯ᠎ᠠ᠎ᠪᠠᠷ ᠪᠦᠯᠬᠦᠮᠳᠡᠯ᠎ᠲᠠᠢ ᠪᠠᠢᠬᠤ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠨᠢᠭᠡᠳᠦᠯᠲᠡᠢ ᠪᠠᠢᠬᠤ᠎ᠶ᠋ᠢ ᠪᠡᠶᠡᠯᠡᠭᠦᠯᠵᠦ᠍᠂ ᠨᠠᠮ᠎ᠤᠨ ᠤᠳᠤᠷᠢᠳᠭᠤ ᠬᠦᠴᠦᠨ᠂ ᠨᠢᠭ᠍ᠲᠠᠷᠠᠭᠤᠯᠬᠤ ᠬᠦᠴᠦᠨ ᠪᠠ ᠲᠠᠢᠴᠢᠨ ᠬᠦᠴᠦᠨ᠎ᠢ ᠲᠦᠢᠯ᠎ᠤᠨ ᠶᠡᠭᠡ᠎ᠪᠠᠷ ᠴᠢᠩᠭᠠᠷᠠᠭᠤᠯᠪᠠ᠃
ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ 《ᠲᠡᠮᠦᠷ ᠳᠠᠪᠲᠠᠬᠤ᠎ᠳᠤ ᠥᠪᠡᠷ᠎ᠢᠶᠠᠨ ᠵᠠᠪᠠᠯ ᠬᠠᠲᠠᠭᠤ ᠪᠠᠢᠬᠤ》᠂ 《ᠮᠢᠩᠭ᠎ᠠ ᠲᠦᠮᠡᠨ ᠬᠥᠮᠦᠨ᠎ᠲᠠᠢ ᠮᠠᠭᠤᠳᠠᠯᠴᠠᠭ᠍ᠰᠠᠨ ᠴᠤ᠌᠂ ᠠᠷᠪᠠᠨ ᠭᠤᠷᠪᠠᠨ ᠳ᠋ᠦᠩᠱᠢᠭᠤᠷ ᠬᠥᠮᠦᠨ᠎ᠢ ᠬᠥᠰᠡᠷᠳᠡᠭᠦᠯᠬᠦ᠌ ᠦᠭᠡᠢ》 ᠢᠯᠵᠠᠷᠡᠯ᠎ᠢ ᠡᠰᠡᠷᠭᠦᠴᠡᠬᠦ᠌ ᠡᠷᠡᠰ ᠵᠣᠷᠢᠭ᠎ᠢ ᠭᠦᠨᠵᠡᠭᠡᠢ ᠲᠠᠨᠢᠬᠤ ᠬᠡᠷᠡᠭ᠌ᠲᠡᠢ᠃ ᠵᠠᠭᠤᠨ ᠵᠢᠯ᠎ᠤᠨ ᠨᠠᠮ᠎ᠤᠨ ᠲᠡᠦᠬᠡ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ᠍ᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠂ ᠵᠣᠷᠢᠭ᠍ᠲᠠᠢ᠎ᠪᠠᠷ ᠶᠠᠰᠤ᠎ᠪᠠᠨ ᠬᠤᠰᠤᠵᠤ ᠬᠤᠣᠷ᠎ᠢᠶᠠᠨ ᠠᠷᠢᠯᠭᠠᠬᠤ ᠤᠯᠤᠰ ᠲᠦᠷᠦ᠎ᠶ᠋ᠢᠨ ᠤᠬᠠᠮᠰᠠᠷ ᠪᠣᠯᠤᠨ ᠲᠡᠦᠬᠡ᠎ᠶ᠋ᠢᠨ ᠡᠭᠦᠷᠭᠡᠯᠡᠯ᠎ᠢ ᠭᠡᠷᠡᠴᠢᠯᠡᠵᠦ᠍᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ᠍ᠲᠠᠢ᠎ᠪᠠᠷ ᠬᠢᠳᠤᠭᠠᠨ ᠢᠷ᠎ᠢᠶᠠᠨ ᠳᠣᠲᠣᠭ᠍ᠰᠢ ᠬᠠᠨᠳᠤᠭᠤᠯᠬᠤ ᠵᠤᠷᠢᠭ ᠰᠠᠨᠠᠭ᠎ᠠ᠂ ᠬᠤᠪᠢᠰᠭᠠᠯ᠎ᠤᠨ ᠭᠧᠨ ᠪᠣᠯᠤᠨ ᠬᠤᠪᠢᠰᠭᠠᠯ᠎ᠤᠨ ᠰᠤᠳᠠᠰᠤ᠎ᠶ᠋ᠢ ᠱᠤᠭᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠥᠬᠡᠨ ᠡᠭᠦᠷᠭᠡᠲᠦ ᠮᠠᠶᠢᠭ᠎ᠤᠨ ᠲᠦᠷᠦ᠎ᠶ᠋ᠢᠨ ᠨᠠᠮ᠎ᠤᠨ ᠢᠯᠡ ᠲᠣᠳᠣ ᠰᠠᠭᠤᠷᠢ᠎ᠶ᠋ᠢ ᠴᠣᠭ᠍ᠴᠠᠯᠠᠭ᠍ᠰᠠᠨ ᠪᠠᠢᠨ᠎ᠠ᠃
ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠠᠶᠤᠯ ᠲᠦᠭ᠌ᠰᠢᠭᠦᠷᠢ᠎ᠲᠠᠢ ᠦᠶ᠎ᠡ᠎ᠳᠤ ᠮᠥᠬᠦᠯ᠎ᠠᠴᠠ ᠮᠤᠯᠲᠤᠷᠠᠵᠤ᠂ ᠨᠤᠭᠤᠷᠠᠯ ᠪᠦᠳᠦᠷᠢᠯ᠎ᠤᠨ ᠳᠠᠷᠠᠭ᠎ᠠ ᠡᠷᠡᠰ ᠱᠢᠭᠤᠷᠬᠠᠶ᠎ᠪᠠᠷ ᠪᠣᠰᠤᠨ ᠵᠤᠬ᠍ᠰᠤᠵᠦ᠍᠂ ᠠᠯᠳᠠᠰᠢ ᠭᠠᠷᠭᠠᠭ᠍ᠰᠠᠨ᠎ᠤ ᠲᠠᠷᠠᠭ᠎ᠠ ᠰᠠᠮᠠᠭᠤᠷᠠᠯ᠎ᠢ ᠵᠦᠭ᠌ᠰᠢᠷᠡᠭᠦᠯᠵᠦ᠍᠂ ᠲᠠᠰᠤᠷᠠᠯᠲᠠ ᠦᠭᠡᠢ ᠬᠥᠭ᠌ᠵᠢᠨ ᠪᠤᠵᠠᠭᠠᠢᠷᠠᠬ᠍ᠰᠠᠨᠨᠢ ᠠᠯᠳᠠᠭ᠎ᠠ ᠭᠠᠷᠭᠠᠬᠤ ᠦᠭᠡᠢ᠎ᠳᠤ ᠪᠠᠢᠬᠤ ᠪᠢᠰᠢ᠂ ᠬᠠᠷᠢᠨ ᠬᠡᠵᠢᠶᠡᠳᠡ ᠨᠡᠢᠭᠡᠮ᠎ᠤᠨ ᠬᠤᠪᠢᠰᠭᠠᠯ᠎ᠢ ᠠᠬᠢᠭᠤᠯᠬᠤ᠎ᠶ᠋ᠢᠨ ᠬᠠᠮᠲᠤ᠌᠂ ᠵᠣᠷᠢᠭ᠍ᠲᠠᠶ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠭ᠌ᠰᠡᠨ᠎ᠳᠤ ᠤᠷᠤᠱᠢᠨᠡ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠬ᠍ᠰᠠᠨᠤ ᠳᠠᠷᠠᠭ᠎ᠠ ᠮᠠᠨ᠎ᠤ ᠨᠠᠮ ᠶᠠᠰᠤ᠎ᠶ᠋ᠢ ᠬᠤᠰᠤᠵᠤ ᠬᠤᠤᠷ᠎ᠢ ᠵᠠᠰᠠᠬᠤ ᠤᠯᠤᠰ ᠲᠥᠷᠥ᠎ᠶ᠋ᠢᠨ ᠰᠥᠰᠥ᠍ ᠵᠣᠷᠢᠭ᠎ᠢᠶᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠭᠦᠨᠵᠡᠭᠡᠶ ᠠᠬᠢᠭᠤᠯᠤᠬ᠍ᠰᠠᠨ᠎ᠢᠶᠠᠷ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ ᠢᠯᠡᠳᠲᠡ ᠳᠡᠭᠡᠭ᠌ᠰᠢᠯᠡᠵᠦ᠍᠂ ᠪᠦᠬᠦ᠌ ᠤᠯᠤᠰ᠎ᠤᠨ ᠠᠷᠠᠳ ᠲᠦᠮᠡᠨ᠎ᠤ ᠳᠡᠭᠡᠳᠦ ᠬᠡᠮᠵᠢᠶᠠᠨ᠎ᠤ ᠦᠨᠡᠯᠡᠯᠢ ᠤᠯᠵᠠᠢ᠃ ᠭᠡᠪᠡᠴᠦ᠍ ᠶᠠᠭᠠᠬᠢᠭ᠍ᠰᠠᠨ ᠴᠤ᠌ ᠵᠣᠭ᠍ᠰᠣᠩᠭᠤᠢ᠍ᠢᠷᠠᠬᠤ ᠪᠤᠳᠤᠯ᠂ ᠲᠦᠷ ᠠᠮᠤᠰᠭᠢᠬᠦ᠌ ᠪᠣᠳᠣᠯ ᠤᠷᠤᠵᠦ᠍ ᠪᠤᠯᠬᠤ ᠦᠬᠡᠢ᠃ ᠨᠠᠮ᠎ᠤᠨ ᠱᠢᠨᠵᠢ ᠴᠢᠨᠠᠷ ᠵᠣᠷᠢᠯᠲᠠ᠂ ᠬᠦᠰᠡᠯᠡᠩ ᠢᠲᠡᠭᠡᠯ ᠪᠢᠱᠢᠷᠡᠯ᠂ ᠲᠡᠮᠡᠴᠡᠬᠦ᠌ ᠬᠠᠷᠠᠯᠲᠠ᠎ᠶ᠋ᠢᠨ ᠲᠥᠪᠯᠡᠷᠡᠩᠭᠦᠢ ᠢᠯᠡᠷᠡᠯ ᠪᠣᠯᠤᠭ᠍ᠰᠠᠨ᠎ᠤ ᠬᠤᠪᠢ᠎ᠳᠤ᠂ ᠨᠠᠮ᠎ᠤᠨ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠢ ᠵᠣᠷᠢᠭ᠍ᠵᠢᠭᠤᠯᠤᠨ ᠲᠠᠰᠤᠷᠠᠯᠳᠠ ᠦᠬᠡᠢ ᠡᠮᠦᠨᠡᠬᠢ᠎ᠨᠢ ᠤᠨᠠᠲᠠᠯ᠎ᠠ ᠬᠤᠢᠨᠠᠬᠢ᠎ᠨᠢ ᠵᠠᠯᠭᠠᠮᠵᠢᠯᠠᠬᠤ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠌ ᠦᠨᠳᠦᠰᠦᠨ ᠬᠥᠳᠡᠯᠭᠡᠬᠦ᠌ ᠬᠦᠴᠦᠨ ᠮᠥᠨ᠃
ᠱᠢᠨ᠎ᠡ ᠠᠶᠠᠨ᠎ᠳᠤ᠂ ᠮᠠᠨ᠎ᠤ ᠨᠠᠮ ᠭᠠᠭ᠍ᠴᠠ ᠬᠦ᠌ ᠤᠬ ᠰᠠᠨᠠᠭ᠎ᠠ᠎ᠪᠠᠨ ᠪᠠᠲᠤ ᠴᠢᠩᠭ᠎ᠠ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ᠌ ᠬᠠᠷᠢᠭᠤᠴᠠᠯᠭᠠᠲᠤ ᠰᠡᠳᠭᠢᠯᠭᠡ᠂ ᠡᠭᠦᠷᠢᠳᠡ ᠦᠯᠦ᠍ ᠴᠠᠯᠠᠭᠠᠢᠷᠠᠬᠤ ᠬᠤᠪᠢᠰᠭᠠᠯᠲᠤ ᠲᠡᠮᠡᠴᠡᠯ᠎ᠤᠨ ᠵᠣᠷᠢᠭ᠎ᠢᠶᠠᠷ᠂ ᠨᠠᠮ᠎ᠤᠨ ᠲᠡᠷᠢᠭᠦᠨ᠎ᠤ ᠴᠢᠨᠠᠷ᠂ ᠴᠡᠪᠡᠷ ᠠᠷᠢᠭᠤᠨ ᠴᠢᠨᠠᠷ᠎ᠢ ᠰᠤᠯᠠᠷᠠᠭᠤᠯᠬᠤ ᠪᠠ ᠬᠤᠬᠢᠷᠠᠭᠤᠯᠬᠤ ᠡᠯ᠎ᠡ ᠵᠦᠢᠯ᠎ᠤᠨ ᠬᠦᠴᠦᠨ ᠵᠦᠢᠯ᠎ᠢ ᠡᠷᠡᠰ ᠠᠷᠢᠯᠭᠠᠪᠠᠯ ᠰᠠᠶᠢ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ 《ᠪᠠᠲᠤᠯᠠᠭ᠎ᠠ》 ᠪᠤᠯᠵᠦ᠍ ᠴᠢᠳᠠᠨ᠎ᠠ᠃
(《ᠨᠠᠮ᠎ᠤᠨ ᠪᠠᠢᠭᠤᠯᠤᠯᠲᠠ᠎ᠶ᠋ᠢᠨ ᠰᠡᠳᠬᠦᠯ》 ᠠᠴᠠ ᠰᠠᠴᠤᠷᠠᠯ ᠤᠷᠴᠢᠭᠤᠯᠪᠠ )